ᠪᠥᠬᠥ ᠬᠣᠲᠠ ᠶ᠋ᠢᠨ ᠰᠢᠭᠦᠬᠦ ᠬᠣᠷᠢᠶ᠎ᠠ ᠭᠦᠢᠴᠡᠳᠭᠡᠬᠦ《 110 》 ᠶ᠋ᠢ ᠡᠬᠢᠯᠡᠭᠦᠯᠪᠡ
2023.07.04 ᠲᠣᠰ ᠥᠷᠲᠡᠭᠡᠨ᠎ᠦ ᠨᠠᠢᠷᠠᠭᠤᠯᠤᠭᠴᠢ

    ᠭᠦᠢᠴᠡᠳᠬᠡᠬᠦ ᠠᠵᠢᠯ ᠤ᠋ᠨ ᠬᠣᠯᠪᠣᠭᠠᠯᠠᠨ ᠬᠥᠳᠡᠯᠦᠯᠴᠡᠬᠦ ᠠᠵᠢᠯ ᠤ᠋ᠨ ᠪᠦᠬᠦᠯᠢ ᠴᠣᠭᠴᠠ ᠶ᠋ᠢᠨ ᠨᠡᠢᠯᠡᠮᠡᠯ ᠬᠦᠴᠦᠨ ᠢ᠋ ᠪᠦᠲᠦᠮᠵᠢᠲᠡᠢ ᠪᠣᠢ ᠪᠣᠯᠭᠠᠵᠤ ᠂ ᠭᠦᠢᠴᠡᠳᠬᠡᠬᠦ ᠨᠣᠷᠮ᠎ᠠ ᠶ᠋ᠢ ᠴᠢᠷᠮᠠᠢᠨ ᠳᠡᠭᠡᠭᠰᠢᠯᠡᠭᠦᠯᠵᠦ ᠂ ᠠᠷᠠᠳ ᠣᠯᠠᠨ ᠤ᠋ ᠬᠠᠤᠯᠢ ᠴᠠᠭᠠᠵᠠ ᠶ᠋ᠢᠨ ᠬᠦᠷᠲᠡᠭᠡᠯ ᠦ᠋ᠨ ᠰᠡᠳᠬᠢᠯᠭᠡ ᠶ᠋ᠢ ᠦᠨᠡᠨᠬᠦ ᠳᠡᠭᠡᠭᠰᠢᠯᠡᠭᠦᠯᠬᠦ ᠶ᠋ᠢᠨ ᠲᠥᠯᠥᠭᠡ ᠂ 6 ᠰᠠᠷ᠎ᠠ ᠶ᠋ᠢᠨ 15 ᠤ᠋ ᠦᠳᠡ ᠶ᠋ᠢᠨ ᠬᠣᠢᠨ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠭᠡᠬᠦ《 110 》ᠶ᠋ᠢ ᠡᠬᠢᠯᠡᠭᠦᠯᠬᠦ ᠶᠣᠰᠣᠯᠠᠯ ᠶᠠᠪᠤᠭᠤᠯᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠢ᠋ ᠡᠷᠬᠢᠯᠡᠪᠡ ᠃

 

 

    ᠡᠬᠢᠯᠡᠯᠲᠡ ᠶ᠋ᠢᠨ ᠶᠣᠰᠣᠯᠠᠯ ᠳᠡᠭᠡᠷ᠎ᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠭᠦᠢᠴᠡᠳᠬᠡᠨ ᠵᠢᠯᠣᠭᠣᠳᠬᠤ ᠲᠥᠪ ᠦ᠋ᠨ ᠲᠠᠪᠴᠠᠩ ᠢ᠋ᠶ᠋ᠠᠷ ᠳᠠᠮᠵᠢᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠢᠴᠢ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶᠠᠨ ᠤ᠋ ᠠᠵᠢᠯᠯᠠᠭᠠᠨ ᠤ᠋ ᠳᠤᠭᠤᠢᠯᠠᠩ ᠤ᠋ᠨ ᠪᠡᠯᠡᠳᠬᠡᠯ ᠪᠠᠢᠳᠠᠯ ᠢ᠋ ᠪᠠᠢᠴᠠᠭᠠᠨ ᠦᠵᠡᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠭᠡᠬᠦ 《 110 》 ᠶ᠋ᠢ ᠵᠢᠩᠬᠢᠨᠢ ᠪᠠᠷ ᠡᠬᠢᠯᠡᠭᠦᠯᠦᠭᠰᠡᠨ ᠢ ᠵᠠᠷᠯᠠᠵᠠᠢ ᠃

 

 

    ᠳᠠᠷᠠᠭ᠎ᠠ ᠠᠯᠬᠤᠮ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠭᠦᠢᠴᠡᠳᠭᠡᠬᠦ 《 110 》 ᠠᠵᠢᠯ ᠤ᠋ᠨ ᠲᠣᠭᠲᠠᠴᠠ ᠶ᠋ᠢ ᠲᠦᠰᠢᠭᠯᠡᠵᠦ ᠂ ᠭᠦᠢᠴᠡᠳᠭᠡᠬᠦ ᠶᠢ ᠵᠢᠯᠣᠭᠣᠳᠬᠤ ᠲᠥᠪ ᠂ ᠣᠶᠤᠨᠴᠢ ᠭᠦᠢᠴᠡᠳᠭᠡᠬᠦ app ᠵᠡᠷᠭᠡ ᠣᠳᠣᠬᠢᠴᠢᠯᠠᠭᠰᠠᠨ ᠠᠷᠭ᠎ᠠ ᠪᠠᠷᠢᠯ ᠢ᠋ ᠶᠡᠷᠦᠩᠬᠡᠢᠯᠡᠨ ᠠᠰᠢᠭᠯᠠᠵᠤ ᠂ ᠡᠬᠢ ᠪᠠᠶᠠᠯᠢᠭ ᠢ᠋ ᠨᠢᠭᠡᠳᠭᠡᠨ ᠂ ᠬᠦᠴᠦᠨ ᠴᠢᠳᠠᠯ ᠢ᠋ ᠬᠠᠮᠲᠤᠷᠠᠭᠤᠯᠵᠤ ᠂ ᠠᠷᠭ᠎ᠠ ᠪᠠᠷᠢᠯ ᠢ᠋ ᠶᠡᠷᠦᠩᠬᠡᠢᠯᠡᠨ ᠂ ᠬᠥᠮᠦᠨ ᠬᠠᠢᠵᠤ ᠶᠠᠭᠤᠮ᠎ᠠ ᠡᠷᠢᠬᠦ ᠶ᠋ᠢ ᠲᠠᠰᠤᠷᠠᠯᠲᠠ ᠦᠭᠡᠢ ᠠᠬᠢᠭᠤᠯᠵᠤ ᠂ ᠭᠦᠢᠴᠡᠳᠬᠡᠬᠦ ᠴᠢᠨᠠᠷ ᠴᠢᠨᠰᠠᠭ᠎ᠠ ᠶ᠋ᠢ ᠦᠨᠡᠨᠬᠦ ᠳᠡᠭᠡᠭᠰᠢᠯᠡᠭᠦᠯᠵᠦ ᠂ ᠵᠠᠷᠭᠤ ᠢᠯᠠᠭᠰᠠᠨ ᠲᠤᠬᠠᠢ ᠶ᠋ᠢᠨ ᠬᠥᠮᠦᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠦᠨᠡᠨᠬᠦ ᠬᠠᠮᠠᠭᠠᠯᠠᠨ᠎ᠠ ᠃

    ᠡᠬᠢᠯᠡᠯᠲᠡ ᠶ᠋ᠢᠨ ᠶᠣᠰᠣᠯᠠᠯ ᠳ᠋ᠤ ᠪᠠᠰᠠ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠭᠦᠢᠴᠡᠳᠭᠡᠬᠦ 《 110 》  ᠶᠢᠨ ᠰᠦᠪᠡᠭᠴᠢ ᠢᠯᠡᠴᠢᠯᠡᠨ ᠮᠡᠳᠡᠭᠦᠯᠬᠦ ᠤᠲᠠᠰᠤ ᠶ᠋ᠢ ᠲᠤᠩᠬᠠᠭᠯᠠᠵᠠᠢ ᠄

 1. ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ ᠠ

 ᠢᠯᠡᠴᠢᠯᠡᠨ ᠮᠡᠳᠡᠭᠦᠯᠬᠦ ᠤᠲᠠᠰᠤ ᠄ 0477-8585110

 2. ᠳ᠋ᠦᠩᠱᠧᠩ ᠲᠣᠭᠣᠷᠢᠭ ᠤ᠋ᠨ ᠠᠷᠠᠳ ᠶ᠋ᠢᠨ ᠰᠢᠭᠦᠬᠦ ᠬᠣᠷᠢᠶ ᠠ

 ᠢᠯᠡᠴᠢᠯᠡᠨ ᠮᠡᠳᠡᠭᠦᠯᠬᠦ ᠤᠲᠠᠰᠤ ᠄ 0477-8370110

 3. ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ ᠠ

 ᠢᠯᠡᠴᠢᠯᠡᠨ ᠮᠡᠳᠡᠭᠦᠯᠬᠦ ᠤᠲᠠᠰᠤ ᠄ 0477-8567110     17604774110

 4. ᠳᠠᠯᠠᠳ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ

 ᠢᠯᠡᠴᠢᠯᠡᠨ ᠮᠡᠳᠡᠭᠦᠯᠬᠦ ᠤᠲᠠᠰᠤ ᠄ 0477-5225110

 5. ᠵᠡᠭᠦᠨᠭᠠᠷ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ

 ᠢᠯᠡᠴᠢᠯᠡᠨ ᠮᠡᠳᠡᠭᠦᠯᠬᠦ ᠤᠲᠠᠰᠤ ᠄ 0477-4700110           17684876110

 6. ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ ᠠ

 ᠢᠯᠡᠴᠢᠯᠡᠨ ᠮᠡᠳᠡᠭᠦᠯᠬᠦ ᠤᠲᠠᠰᠤ ᠄ 0477-8683110

 7. ᠬᠠᠩᠭᠢᠨ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ

 ᠢᠯᠡᠴᠢᠯᠡᠨ ᠮᠡᠳᠡᠭᠦᠯᠬᠦ ᠤᠲᠠᠰᠤ ᠄ 0477-6623110

 8. ᠦᠦᠰᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ ᠠ

 ᠢᠯᠡᠴᠢᠯᠡᠨ ᠮᠡᠳᠡᠭᠦᠯᠬᠦ ᠤᠲᠠᠰᠤ ᠄ 0477-7222110

 9. ᠣᠲᠣᠭ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ

 ᠢᠯᠡᠴᠢᠯᠡᠨ ᠮᠡᠳᠡᠭᠦᠯᠬᠦ ᠤᠲᠠᠰᠤ ᠄ 0477-6212010

 10. ᠣᠲᠣᠭ ᠤ᠋ᠨ ᠡᠮᠦᠨᠡᠲᠦ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ ᠠ

 ᠢᠯᠡᠴᠢᠯᠡᠨ ᠮᠡᠳᠡᠭᠦᠯᠬᠦ ᠤᠲᠠᠰᠤ ᠄ 0477-7626110

    ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠴᠢᠩᠭ᠎ᠠ ᠱᠠᠭᠠᠷᠳᠠᠭᠰᠠᠨ ᠨᠢ ᠄ ᠬᠠᠤᠯᠢ ᠳ᠋ᠤ᠌ ᠲᠣᠭᠲᠠᠭᠰᠠᠨ ᠡᠭᠦᠷᠭᠡ ᠪᠡᠨ ᠭᠦᠢᠴᠡᠳᠭᠡᠬᠦ ᠶᠣᠰᠣᠲᠠᠢ ᠪᠠᠢᠲᠠᠯ᠎ᠠ ᠭᠦᠢᠴᠡᠳᠬᠡᠭᠰᠡᠨ ᠦᠭᠡᠢ ( ᠪᠦᠷᠢᠮᠦᠰᠦᠨ ᠭᠦᠢᠴᠡᠳᠬᠡᠭᠰᠡᠨ ᠦᠭᠡᠢ ) ᠪᠦᠬᠦ ᠭᠦᠢᠴᠡᠳᠬᠡᠭᠳᠡᠭᠴᠢ ᠰᠠᠨᠠᠭᠠᠴᠢᠯᠠᠭ᠎ᠠ ᠠ᠋ᠴᠠ ᠪᠠᠨ ᠬᠦᠴᠦᠨ ᠲᠡᠢ ᠪᠣᠯᠤᠭᠰᠠᠨ ᠬᠠᠤᠯᠢ ᠴᠠᠭᠠᠵᠠ ᠶ᠋ᠢᠨ ᠪᠢᠴᠢᠭ᠌ ᠮᠠᠲ᠋ᠧᠷᠢᠶᠠᠯ ᠳ᠋ᠤ᠌ ᠲᠣᠭᠲᠠᠭᠠᠭᠰᠠᠨ ᠡᠭᠦᠷᠭᠡ ᠪᠡᠨ ᠭᠦᠢᠴᠡᠳᠬᠡᠬᠦ ᠬᠡᠷᠡᠭᠲᠡᠢ ᠂ ᠬᠡᠷᠪᠡ ᠭᠦᠢᠴᠡᠳᠬᠡᠬᠦ ᠦᠭᠡᠢ ᠪᠤᠶᠤ ᠭᠦᠢᠴᠡᠳᠬᠡᠬᠦ ᠡᠴᠡ ᠵᠠᠢᠯᠠᠭᠰᠠᠨ ᠪᠠᠢᠪᠠᠯ ᠬᠠᠤᠯᠢ ᠶᠣᠰᠣᠭᠠᠷ ᠰᠢᠢᠳᠪᠦᠷᠢᠯᠡᠨ᠎ᠡ ︕

     ᠥᠷᠭᠡᠨ ᠣᠯᠠᠨ ᠲᠦᠮᠡᠨ ᠭᠦᠢᠴᠡᠳᠬᠡᠬᠦ ᠰᠢᠭᠦᠬᠦ ᠬᠣᠷᠢᠶᠠᠨ ᠳ᠋ᠤ᠌ ᠭᠦᠢᠴᠡᠳᠬᠡᠭᠳᠡᠭᠴᠢ ᠶ᠋ᠢᠨ ᠡᠳ᠋ ᠬᠥᠷᠥᠩᠭᠡ ᠶ᠋ᠢᠨ ᠰᠦᠪᠡᠭᠴᠢ ᠪᠠ ᠭᠦᠢᠴᠡᠳᠬᠡᠭᠳᠡᠭᠴᠢ ᠶ᠋ᠢ ᠢᠯᠡᠴᠢᠯᠡᠨ ᠮᠡᠳᠡᠭᠦᠯᠬᠦ ᠶ᠋ᠢ ᠪᠠᠶᠠᠷᠯᠠᠨ ᠤᠭᠲᠤᠵᠤ ᠪᠠᠢᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )