6 ᠳ᠋ᠤᠭᠠᠷ ᠰᠠᠷ ᠠ ᠶ᠋ᠢᠨ 14 ᠦ᠌ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤᠨ ( ᠥᠷᠭᠡᠳᠬᠡᠭᠰᠡᠨ ) ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ᠌ ᠰᠢᠨᠵᠢᠯᠡᠨ ᠪᠠᠢᠴᠠᠭᠠᠬᠤ ᠦᠶ ᠡ ᠶ᠋ᠢᠨ ᠴᠢᠬᠤᠯᠠ ᠵᠢᠭᠠᠪᠤᠷᠢ ᠪᠣᠯᠤᠨ ᠴᠥᠯᠡᠷᠬᠡᠭᠵᠢᠯ ᠢ᠋ ᠶᠡᠷᠦᠩᠬᠡᠢᠯᠡᠨ ᠰᠡᠷᠭᠡᠢᠯᠡᠨ ᠵᠠᠰᠠᠬᠤ ᠶ᠋ᠢ ᠴᠢᠩᠭᠠᠳᠬᠠᠬᠤ ᠪᠠ 《 ᠭᠤᠷᠪᠠᠨ ᠤᠮᠠᠷᠠᠲᠤ 》 ᠵᠡᠷᠭᠡ ᠭᠣᠣᠯᠳᠠᠯᠭ ᠠ ᠲᠠᠢ ᠠᠮᠢ ᠠᠬᠤᠢ ᠶ᠋ᠢᠨ ᠢᠨᠵᠧᠨᠧᠷᠢᠩ ᠦ᠋ᠨ ᠪᠦᠲᠦᠭᠡᠨ ᠪᠠᠢᠭᠤᠯᠤᠯᠲᠠ ᠶ᠋ᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ ᠠ ᠶ᠋ᠢ ᠲᠤᠰᠬᠠᠢ ᠰᠡᠳᠦᠪ ᠢ᠋ᠶ᠋ᠡᠷ ᠤᠯᠠᠮᠵᠢᠯᠠᠨ ᠰᠤᠷᠤᠯᠴᠠᠵᠤ ᠂ ᠲᠤᠤᠱᠯᠠᠭᠤᠯᠤᠨ ᠨᠠᠢᠳᠠᠪᠤᠷᠢᠵᠢᠭᠤᠯᠬᠤ ᠠᠵᠢᠯ ᠢ᠋ ᠲᠣᠬᠢᠷᠠᠭᠤᠯᠤᠨ ᠪᠠᠢᠷᠢᠯᠠᠭᠤᠯᠵᠠᠢ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠭᠰᠠᠨ ᠪᠠᠢᠨ᠎ᠠ ᠃
ᠬᠤᠷᠠᠯ ᠠ᠋ᠴᠠ ᠵᠢᠭᠠᠵᠤ ᠭᠠᠷᠭᠠᠭᠰᠠᠨ ᠨᠢ
ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ ᠠ ᠶ᠋ᠢ ᠪᠥᠬᠥ ᠲᠠᠯ ᠠ ᠪᠠᠷ ᠰᠤᠷᠤᠯᠴᠠᠨ ᠲᠤᠤᠱᠯᠠᠭᠤᠯᠬᠤ ᠡᠬᠢᠯᠡᠯᠲᠡ ᠶ᠋ᠢᠨ ᠵᠢᠯ ᠳ᠋ᠦ᠍ ᠂ ᠰᠢ ᠵᠢᠨ ᠫᠢᠩ ᠦ᠋ᠨ ᠰᠢᠨ᠎ᠡ ᠴᠠᠭ ᠦᠶ ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠭᠣᠣᠯ ᠰᠡᠳᠦᠪᠲᠦ ᠬᠥᠮᠦᠵᠢᠯ ᠢ᠋ ᠭᠦᠨᠵᠡᠭᠡᠢ ᠰᠤᠷᠤᠯᠴᠠᠨ ᠲᠤᠤᠱᠯᠠᠭᠤᠯᠬᠤ ᠂ ᠨᠡᠢᠭᠡᠮ ᠵᠢᠷᠤᠮ ᠤ᠋ᠨ ᠣᠳᠣᠬᠢᠴᠢᠯᠠᠭᠰᠠᠨ ᠤᠯᠤᠰ ᠢ᠋ ᠪᠥᠬᠥ ᠲᠠᠯ ᠠ ᠪᠠᠷ ᠪᠦᠲᠦᠭᠡᠨ ᠪᠠᠢᠭᠤᠯᠬᠤ ᠡᠬᠢᠯᠡᠯᠲᠡ ᠶ᠋ᠢᠨ ᠵᠠᠩᠭᠢᠯᠠᠭ ᠠ ᠶ᠋ᠢᠨ ᠴᠠᠭ ᠦᠶ ᠡ ᠳ᠋ᠦ᠍ ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠳ᠋ᠤ᠌ ᠳᠠᠬᠢᠨᠲᠠ ᠥᠪᠡᠷ ᠤᠨ ᠪᠡᠶ ᠡ ᠪᠡᠷ ᠢᠶᠡᠨ ᠢᠷᠡᠵᠦ ᠰᠢᠨᠵᠢᠯᠡᠨ ᠪᠠᠢᠴᠠᠭᠠᠯᠲᠠ ᠬᠢᠭᠰᠡᠨ ᠨᠢ ᠂ ᠥᠪᠥᠷ ᠮᠣᠩᠭᠣᠯ ᠤ᠋ᠨ ᠦᠨᠳᠦᠰᠦᠲᠡᠨ ᠨᠦ᠍ᠭᠦᠳ ᠦ᠋ᠨ ᠠᠷᠠᠳ ᠲᠦᠮᠡᠨ ᠦ᠌ ᠤᠯᠤᠰ ᠲᠥᠷᠥ ᠶ᠋ᠢᠨ ᠠᠮᠢᠳᠤᠷᠠᠯ ᠳ᠋ᠠᠬᠢ ᠶᠡᠬᠡ ᠶᠠᠪᠤᠳᠠᠯ ᠮᠥᠨ ᠂ ᠮᠥᠨᠴᠥ ᠥᠪᠥᠷ ᠮᠣᠩᠭᠣᠯ ᠤ᠋ᠨ ᠬᠥᠭᠵᠢᠯᠲᠡ ᠶ᠋ᠢᠨ ᠶᠠᠪᠤᠴᠠ ᠳ᠋ᠠᠬᠢ ᠬᠦᠰᠢᠶ᠎ᠠ ᠳᠤᠷᠠᠰᠬᠠᠯ ᠤᠨ ᠪᠡᠯᠭᠡ ᠲᠡᠮᠳᠡᠭ ᠦ᠋ᠨ ᠠᠴᠢ ᠬᠣᠯᠪᠣᠭᠳᠠᠯ ᠲᠠᠢ ᠶᠡᠬᠡ ᠶᠠᠪᠤᠳᠠᠯ ᠪᠣᠯᠤᠨ᠎ᠠ ᠃ ᠶᠡᠷᠦᠩᠬᠡᠢ ᠱᠦᠵᠢ ᠰᠢ ᠵᠢᠨ ᠫᠢᠩ ᠦ᠋ᠨ ᠵᠢᠭᠠᠨ ᠭᠠᠷᠭᠠᠭᠰᠠᠨ ᠴᠢᠬᠤᠯᠠ ᠵᠢᠭᠠᠪᠤᠷᠢ ᠂ ᠨᠡᠢᠲᠡᠯᠡᠭᠰᠡᠨ ᠴᠢᠬᠤᠯᠠ ᠶᠠᠷᠢᠶ᠎ᠠ ᠨᠢ ᠤᠷᠤᠭᠤ ᠤᠷᠤᠰᠬᠤ ᠤᠰᠤ ᠮᠡᠲᠦ ᠂ ᠬᠠᠷᠠᠭ᠎ᠠ ᠨᠢ ᠠᠭᠤᠤ ᠶᠡᠬᠡ ᠂ ᠦᠵᠡᠯ ᠰᠠᠨᠠᠭ᠎ᠠ ᠨᠢ ᠭᠦᠨ ᠭᠦᠨᠵᠡᠭᠡᠢ ᠂ ᠳᠣᠲᠣᠭᠠᠳᠤ ᠠᠭᠤᠯᠬᠤᠨ ᠡᠯᠪᠡᠭ ᠪᠠᠢᠵᠤ ᠂ ᠰᠢᠨ᠎ᠡ ᠠᠶᠠᠨ ᠵᠠᠮ ᠳ᠋ᠤ᠌ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠳ᠋ᠤ᠌ ᠴᠢᠭᠯᠡᠯ ᠢ᠋ ᠵᠢᠭᠠᠨ ᠥᠭᠴᠦ ᠂ ᠵᠢᠷᠤᠮᠯᠠᠯ ᠬᠠᠩᠭᠠᠭᠰᠠᠨ ᠪᠠᠢᠨ᠎ᠠ ᠃
ᠪᠥᠬᠥ ᠬᠣᠲᠠ ᠶ᠋ᠢᠨ ᠰᠢᠭᠦᠬᠦ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠢ᠋ ᠰᠢᠨᠵᠢᠯᠡᠨ ᠪᠠᠢᠴᠠᠭᠠᠬᠤ ᠳ᠋ᠠᠭᠠᠨ ᠲᠠᠯᠪᠢᠭᠰᠠᠨ ᠴᠢᠬᠤᠯᠠ ᠶᠠᠷᠢᠶ ᠠ ᠶ᠋ᠢᠨ ᠵᠣᠷᠢᠭ ᠰᠠᠨᠠᠭ ᠠ ᠶ᠋ᠢ ᠰᠤᠷᠤᠯᠴᠠᠨ ᠤᠬᠠᠭᠤᠯᠤᠨ ᠲᠤᠤᠱᠯᠠᠭᠤᠯᠬᠤ ᠶ᠋ᠢ ᠣᠳᠣᠬᠠᠨ ᠤ᠋ ᠪᠠ ᠬᠣᠢᠰᠢᠳᠠ ᠶ᠋ᠢᠨ ᠨᠢᠭᠡ ᠬᠤᠭᠤᠴᠠᠭᠠᠨ ᠤ᠋ ᠲᠡᠷᠢᠭᠦᠨ ᠴᠢᠬᠤᠯᠠ ᠶᠡᠬᠡ ᠶᠠᠪᠤᠳᠠᠯ ᠪᠠ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠵᠤ ᠂ ᠪᠥᠬᠥ ᠲᠠᠯ ᠠ ᠪᠠᠷ ᠰᠤᠷᠤᠯᠴᠠᠨ ᠂ ᠰᠢᠰᠲ᠋ᠧᠮ ᠲᠡᠢ ᠣᠢᠯᠠᠭᠠᠵᠤ ᠂ ᠭᠦᠨᠵᠡᠭᠡᠢ ᠡᠵᠡᠮᠳᠡᠨ ᠂ ᠦᠵᠡᠯ ᠰᠠᠨᠠᠭ᠎ᠠ ᠪᠠ ᠦᠢᠯᠡ ᠠᠵᠢᠯᠯᠠᠭ ᠠ ᠪᠠᠨ ᠶᠡᠷᠦᠩᠬᠡᠢ ᠱᠦᠵᠢ ᠰᠢ ᠵᠢᠨ ᠫᠢᠩ ᠦ᠋ᠨ ᠠᠯᠢ ᠣᠯᠠᠨ ᠴᠢᠬᠤᠯᠠ ᠶᠠᠷᠢᠶ ᠠ ᠶ᠋ᠢᠨ ᠵᠣᠷᠢᠭ ᠰᠠᠨᠠᠭ᠎ᠠ ᠪᠠ ᠲᠥᠪ ᠦ᠋ᠨ ᠰᠢᠢᠳᠪᠦᠷᠢᠲᠦ ᠪᠣᠳᠣᠯᠭ ᠠ ᠶ᠋ᠢᠨ ᠪᠠᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ ᠂ ᠶᠡᠷᠦᠩᠬᠡᠢ ᠱᠦᠵᠢ ᠶ᠋ᠢ ᠰᠠᠯᠤᠯ ᠦᠭᠡᠢ ᠳᠠᠭᠠᠵᠤ ᠂ ᠰᠢᠨ᠎ᠡ ᠠᠶᠠᠨ ᠵᠠᠮ ᠳ᠋ᠤ᠌ ᠮᠡᠷᠡᠢᠨ ᠣᠷᠣᠵᠤ ᠂ ᠰᠢᠨ᠎ᠡ ᠴᠠᠭ ᠦᠶ ᠡ ᠳ᠋ᠦ᠍ ᠭᠠᠪᠢᠶ᠎ᠠ ᠪᠠᠢᠭᠤᠯᠬᠤ ᠦᠵᠡᠯ ᠰᠠᠨᠠᠭᠠᠨ ᠤ᠋ ᠤᠬᠠᠮᠰᠠᠷ ᠂ ᠤᠯᠤᠰ ᠲᠥᠷᠥ ᠶ᠋ᠢᠨ ᠤᠬᠠᠮᠰᠠᠷ ᠂ ᠠᠵᠢᠯᠯᠠᠭ ᠠ ᠶ᠋ᠢᠨ ᠤᠬᠠᠮᠰᠠᠷ ᠢ᠋ᠶ᠋ᠠᠨ ᠤᠯᠠᠮ ᠴᠢᠩᠭᠠᠳᠬᠠᠵᠤ ᠂ 《 ᠬᠣᠶᠠᠷ ᠢ᠋ ᠲᠣᠭᠲᠠᠭᠠᠬᠤ 》 《 ᠬᠣᠶᠠᠷ ᠢ᠋ ᠬᠠᠮᠠᠭᠠᠯᠠᠬᠤ 》 ᠶ᠋ᠢ ᠰᠢᠭᠦᠬᠦ ᠬᠣᠷᠢᠶᠠᠨ ᠤ᠋ ᠠᠵᠢᠯ ᠤ᠋ᠨ ᠪᠥᠬᠥ ᠶᠠᠪᠤᠴᠠ ᠶ᠋ᠢᠨ ᠡᠯ᠎ᠡ ᠲᠠᠯ ᠠ ᠳ᠋ᠤ᠌ ᠡᠷᠡᠰ ᠨᠠᠢᠳᠠᠪᠤᠷᠢᠵᠢᠭᠤᠯᠤᠶᠠ ᠭᠡᠰᠡᠨ ᠪᠠᠢᠨ᠎ᠠ ᠃
ᠬᠤᠷᠠᠯ ᠠ᠋ᠴᠠ ᠱᠠᠭᠠᠷᠳᠠᠭᠰᠠᠨ ᠨᠢ
ᠨᠢᠭᠡ ᠳ᠋ᠦ᠍ ᠳᠡᠭᠡᠳᠦ ᠬᠡᠮᠵᠢᠶᠡᠨ ᠦ᠌ ᠤᠯᠤᠰ ᠲᠥᠷᠥ ᠶ᠋ᠢᠨ ᠬᠠᠷᠢᠭᠤᠴᠠᠯᠭᠠᠲᠤ ᠰᠡᠳᠬᠢᠯᠭᠡ ᠪᠡᠷ 《 ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ᠋ ᠵᠣᠷᠢᠭ ᠰᠠᠨᠠᠭ ᠠ ᠶ᠋ᠢ ᠰᠤᠷᠤᠯᠴᠠᠨ ᠤᠬᠠᠭᠤᠯᠵᠤ ᠲᠤᠤᠱᠯᠠᠭᠤᠯᠬᠤ 》 ᠡᠨᠡᠬᠦ ᠬᠠᠲᠠᠭᠤ ᠡᠭᠦᠷᠭᠡ ᠶ᠋ᠢ ᠪᠤᠳᠠᠲᠠᠢ ᠠᠳᠬᠤᠬᠤ ᠬᠡᠷᠡᠭᠲᠡᠢ ᠃ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠢ᠋ ᠰᠢᠨᠵᠢᠯᠡᠨ ᠪᠠᠢᠴᠠᠭᠠᠬᠤ ᠳ᠋ᠠᠭᠠᠨ ᠶᠠᠷᠢᠭᠰᠠᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ᠋ ᠵᠣᠷᠢᠭ ᠰᠠᠨᠠᠭ ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠶ᠋ᠢ ᠶᠡᠷᠦᠩᠬᠡᠢ ᠱᠦᠵᠢ ᠰᠢ ᠵᠢᠨ ᠫᠢᠩ ᠦ᠋ᠨ ᠰᠢᠨ᠎ᠡ ᠴᠠᠭ ᠦᠶ ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠣᠯᠤᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ ᠠ ᠶ᠋ᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ ᠂ ᠶᠡᠷᠦᠩᠬᠡᠢ ᠱᠦᠵᠢ ᠶ᠋ᠢᠨ ᠴᠢᠬᠤᠯᠠ ᠶᠠᠷᠢᠶ ᠠ ᠶ᠋ᠢᠨ ᠵᠣᠷᠢᠭ ᠰᠠᠨᠠᠭᠠᠨ ᠤ᠋ ᠮᠥᠨ ᠴᠢᠨᠠᠷ ᠂ ᠡᠯᠪᠡᠭ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶ᠋ᠢᠨ ᠱᠠᠭᠠᠷᠳᠠᠯᠭ ᠠ ᠶ᠋ᠢ ᠪᠠᠲᠤ ᠡᠵᠡᠮᠳᠡᠵᠦ ᠂ ᠰᠤᠷᠤᠯᠴᠠᠯᠭ ᠠ ᠪᠠᠷ ᠬᠢᠨᠠᠯᠲᠠ ᠶ᠋ᠢ ᠠᠬᠢᠭᠤᠯᠵᠤ ᠂ ᠦᠢᠯᠡᠳᠦᠯᠭᠡ ᠪᠡᠷ ᠰᠤᠷᠤᠯᠴᠠᠵᠤ ᠂ ᠡᠭᠦᠷᠭᠡ ᠬᠠᠷᠢᠭᠤᠴᠠᠯᠭ ᠠ ᠪᠠᠨ ᠭᠦᠢᠴᠡᠳᠬᠡᠬᠦ ᠴᠢᠳᠠᠪᠤᠷᠢ ᠪᠣᠯᠤᠨ ᠬᠢᠷᠢ ᠲᠦᠪᠰᠢᠨ ᠢ᠋ᠶ᠋ᠡᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃
ᠬᠣᠶᠠᠷ ᠲᠤ᠌ ᠴᠠᠭ ᠪᠢᠳᠡᠨ ᠢ᠋ ᠬᠦᠯᠢᠶᠡᠬᠦ ᠦᠭᠡᠢ ᠭᠡᠬᠦ ᠪᠠᠴᠢᠮ ᠲᠤᠯᠭᠠᠮ᠎ᠠ ᠰᠡᠳᠬᠢᠯᠭᠡ ᠪᠡᠷ 《 ᠪᠦᠬᠦ ᠲᠠᠯ ᠠ ᠳ᠋ᠤ᠌ ᠦᠢᠯᠡᠴᠢᠯᠡᠬᠦ 》ᠡᠨᠡᠬᠦ ᠶᠡᠬᠡ ᠶᠠᠪᠤᠳᠠᠯ ᠢ᠋ ᠰᠠᠢᠲᠤᠷ ᠬᠢᠬᠦ ᠬᠡᠷᠡᠭᠲᠡᠢ ᠃ 《 ᠤᠯᠤᠰ ᠤ᠋ᠨ ᠶᠡᠬᠡ ᠶᠠᠪᠤᠳᠠᠯ 》 ᠢ᠋ ᠬᠡᠵᠢᠶᠡᠳᠡ ᠥᠷᠦᠴᠡ ᠴᠡᠭᠡᠵᠢᠨ ᠳ᠋ᠡᠭᠡᠨ ᠡᠪᠦᠷᠯᠡᠵᠦ ᠂ ᠰᠢᠭᠦᠬᠦ ᠬᠣᠷᠢᠶᠠᠨ ᠤ᠋ ᠠᠵᠢᠯ ᠢ᠋ ᠶᠡᠬᠡ ᠲᠠᠯ ᠠ ᠳ᠋ᠤ᠌ ᠦᠢᠯᠡᠴᠢᠯᠡᠬᠦ ᠶᠠᠪᠤᠴᠠ ᠳ᠋ᠤ᠌ ᠢᠳᠡᠪᠬᠢᠲᠡᠢ ᠠᠭᠤᠰᠬᠠᠨ ᠣᠷᠣᠭᠤᠯᠵᠤ ᠂ ᠴᠢᠨᠠᠷ ᠰᠠᠢᠲᠠᠢ ᠬᠥᠭᠵᠢᠯᠲᠡ ᠳ᠋ᠦ᠍ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠥᠪᠡᠷᠲᠡᠭᠡᠨ ᠵᠠᠰᠠᠬᠤ ᠣᠷᠣᠨ ᠤ᠋ 《 ᠬᠣᠶᠠᠷ ᠶᠡᠬᠡ ᠶᠠᠪᠤᠳᠠᠯ 》 ᠵᠢᠴᠢ ᠣᠷᠳᠣᠰ ᠤ᠋ᠨ 《 ᠭᠤᠷᠪᠠᠨ ᠳᠥᠷᠪᠡ 》 ᠶᠢᠨ ᠬᠠᠷᠠᠯᠲᠠ ᠶ᠋ᠢᠨ ᠡᠭᠦᠷᠭᠡ ᠶ᠋ᠢ ᠨᠠᠢᠳᠠᠪᠤᠷᠢᠵᠢᠭᠤᠯᠤᠨ ᠲᠤᠤᠱᠯᠠᠭᠤᠯᠬᠤ ᠳ᠋ᠤ᠌ ᠪᠠᠲᠤ ᠴᠢᠩᠭ᠎ᠠ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ ᠃ ᠠᠮᠢ ᠠᠬᠤᠢ ᠶ᠋ᠢᠨ ᠣᠷᠴᠢᠨ ᠲᠣᠭᠣᠷᠢᠨ ᠢ᠋ ᠰᠢᠭᠦᠨ ᠲᠠᠰᠤᠯᠬᠤ ᠡᠭᠦᠷᠭᠡ ᠴᠢᠳᠠᠪᠬᠢ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠤᠯᠢ ᠴᠠᠭᠠᠵᠠ ᠪᠠᠷ ᠬᠠᠮᠠᠭᠠᠯᠠᠬᠤ ᠬᠦᠴᠦᠯᠡᠴᠡ ᠪᠡᠨ ᠪᠥᠬᠥ ᠲᠠᠯ ᠠ ᠪᠠᠷ ᠴᠢᠩᠭᠠᠳᠬᠠᠵᠤ ᠂ ᠬᠠᠤᠯᠢ ᠴᠠᠭᠠᠵᠠ ᠶ᠋ᠢᠨ ᠬᠦᠴᠦᠨ ᠢ᠋ᠶ᠋ᠡᠷ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠰᠢᠨ ᠦ᠌ ᠬᠠᠯᠬᠠᠪᠴᠢ ᠶ᠋ᠢ ᠪᠡᠬᠢᠵᠢᠭᠦᠯᠦᠶ᠎ᠡ ᠭᠡᠵᠠᠢ ᠃
ᠭᠤᠷᠪᠠ ᠳ᠋ᠤ᠌ ᠴᠠᠭ ᠢᠮᠠᠭᠲᠠ ᠰᠠᠨᠠᠭ᠎ᠠ ᠠᠮᠤᠷ ᠦᠭᠡᠢ ᠡᠭᠦᠷᠭᠡ ᠬᠠᠷᠢᠭᠤᠴᠠᠯᠭᠠᠲᠤ ᠰᠡᠳᠬᠢᠯᠭᠡ ᠪᠡᠷ 《 ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ 》 ᠡᠨᠡᠬᠦ ᠵᠠᠪᠠᠯ ᠬᠠᠷᠢᠭᠤᠯᠬᠤ ᠰᠡᠳᠦᠪ ᠢ᠋ ᠰᠠᠢᠲᠤᠷ ᠬᠠᠷᠢᠭᠤᠯᠬᠤ ᠬᠡᠷᠡᠭᠲᠡᠢ ᠃ 《 ᠠᠷᠠᠳ ᠤ᠋ᠨ ᠲᠥᠯᠥᠭᠡ ᠬᠠᠤᠯᠢ ᠪᠠᠷᠢᠵᠤ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ 》 ᠳ᠋ᠤ᠌ ᠦᠢᠯᠡᠴᠢᠯᠡᠬᠦ ᠵᠣᠷᠢᠯᠲᠠ ᠶ᠋ᠢ ᠭᠦᠨᠵᠡᠭᠡᠢ ᠦᠢᠯᠡᠳᠦᠯᠭᠡᠵᠢᠭᠦᠯᠵᠦ ᠂ ᠣᠯᠠᠨ ᠲᠦᠮᠡᠨ ᠦ᠌ 《 ᠪᠠᠴᠢᠮ ᠂ ᠬᠦᠴᠢᠷ ᠂ ᠬᠦᠰᠡᠯ 》 ᠳ᠋ᠦ᠍ ᠠᠩᠬᠠᠷᠤᠯ ᠢ᠋ᠶ᠋ᠠᠨ ᠲᠥᠪᠯᠡᠷᠡᠭᠦᠯᠦᠨ ᠂ ᠣᠯᠠᠨ ᠲᠦᠮᠡᠨ ᠦ᠌ ᠳᠡᠷᠭᠡᠳᠡᠬᠢ 《 ᠵᠢᠵᠢᠭ᠌ ᠬᠡᠷᠡᠭ 》 ᠢ᠋ ᠰᠠᠢᠲᠤᠷ ᠭᠦᠢᠴᠡᠳᠬᠡᠬᠦ ᠬᠡᠷᠡᠭᠲᠡᠢ ᠃ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠪᠠᠲᠤ ᠪᠡᠬᠢ ᠪᠣᠢ ᠪᠣᠯᠭᠠᠵᠤ ᠂ ᠡᠯ᠎ᠡ ᠦᠨᠳᠦᠰᠦᠲᠡᠨ ᠦ᠌ ᠣᠯᠠᠨ ᠲᠦᠮᠡᠨ ᠦ᠌ ᠣᠯᠠᠨ ᠡᠰᠢᠵᠢᠭᠰᠡᠨ ᠬᠠᠤᠯᠢ ᠴᠠᠭᠠᠵᠠ ᠶ᠋ᠢᠨ ᠬᠡᠷᠡᠭᠴᠡᠭᠡ ᠱᠠᠭᠠᠷᠳᠠᠯᠭ ᠠ ᠶ᠋ᠢ ᠳᠡᠭᠡᠳᠦ ᠬᠡᠮᠵᠢᠶ ᠡ ᠪᠡᠷ ᠠᠩᠬᠠᠷᠴᠤ ᠂ ᠬᠠᠤᠯᠢ ᠶᠣᠰᠣᠨ ᠤ᠋ ᠡᠷᠬᠡ ᠠᠰᠢᠭ ᠢ᠋ ᠬᠠᠤᠯᠢ ᠶᠣᠰᠣᠭᠠᠷ ᠪᠠᠲᠤᠯᠠᠬᠤ ᠬᠡᠷᠡᠭᠲᠡᠢ ᠃ 《 ᠲᠥᠪ ᠭᠣᠣᠯᠴᠢ ᠬᠢᠭᠡᠳ ᠦᠷ᠎ᠡ ᠠᠰᠢᠭ 》 ᠢ᠋ ᠪᠥᠬᠥ ᠬᠦᠴᠦᠨ ᠢ᠋ᠶ᠋ᠡᠷ ᠢ᠋ᠶ᠋ᠡᠨ ᠠᠳᠬᠤᠵᠤ ᠂ ᠬᠡᠷᠡᠭ ᠰᠢᠢᠳᠪᠦᠷᠢᠯᠡᠬᠦ ᠴᠢᠨᠠᠷ ᠪᠦᠲᠦᠮᠵᠢ ᠪᠡᠨ ᠬᠦᠴᠦ ᠲᠠᠯᠪᠢᠨ ᠳᠡᠭᠡᠭᠰᠢᠯᠡᠭᠦᠯᠵᠦ ᠂ ᠬᠡᠷᠡᠭ ᠢ᠋ ᠰᠢᠢᠳᠪᠦᠷᠢᠯᠡᠬᠦ ᠤᠯᠤᠰ ᠲᠥᠷᠥ ᠶ᠋ᠢᠨ ᠦᠷ᠎ᠡ ᠪᠦᠲᠦᠮᠵᠢ ᠂ ᠨᠡᠢᠭᠡᠮ ᠦ᠋ᠨ ᠦᠷ᠎ᠡ ᠪᠦᠲᠦᠮᠵᠢ ᠪᠠ ᠬᠠᠤᠯᠢ ᠴᠠᠭᠠᠵᠠ ᠶ᠋ᠢᠨ ᠦᠷ᠎ᠡ ᠠᠰᠢᠭ ᠤ᠋ᠨ ᠬᠠᠷᠢᠯᠴᠠᠨ ᠨᠢᠭᠡᠳᠦᠯᠲᠡᠢ ᠪᠠᠢᠬᠤ ᠶ᠋ᠢ ᠴᠢᠷᠮᠠᠢᠨ ᠪᠡᠶᠡᠯᠡᠭᠦᠯᠬᠦ ᠬᠡᠷᠡᠭᠲᠡᠢ ᠃
ᠳᠥᠷᠪᠡ ᠳ᠋ᠦ᠍ ᠂ ᠨᠢᠮᠭᠡᠨ ᠮᠥᠰᠦᠨ ᠳᠡᠭᠡᠷ᠎ᠡ ᠬᠢᠰᠬᠢᠬᠦ ᠮᠡᠲᠦ ᠲᠦᠭᠰᠢᠭᠦᠷᠢᠲᠦ ᠰᠡᠳᠬᠢᠯᠭᠡ ᠪᠡᠷ 《 ᠡᠩᠨᠡᠭᠡᠨ ᠦ᠌ ᠪᠠᠢᠭᠤᠯᠤᠯᠲᠠ ᠬᠢᠬᠦ 》 ᠭᠡᠬᠦ ᠪᠠᠷᠢᠮᠵᠢᠶᠠᠲᠦ ᠤᠳᠤ ᠢ ᠰᠠᠢᠲᠤᠷ ᠠᠳᠬᠤᠬᠤ ᠬᠡᠷᠡᠭᠲᠡᠢ ᠃ ᠶᠡᠷᠦᠩᠬᠡᠢ ᠱᠦᠵᠢ ᠶ᠋ᠢᠨ 《 ᠲᠥᠪ ᠰᠤᠷᠲᠠᠯ ᠢ᠋ ᠰᠤᠷᠤᠯᠴᠠᠬᠤ 》 ᠴᠢᠬᠤᠯᠠ ᠱᠠᠭᠠᠷᠳᠠᠯᠭ ᠠ ᠶ᠋ᠢ ᠰᠠᠢᠲᠤᠷ ᠨᠠᠢᠳᠠᠪᠤᠷᠢᠵᠢᠭᠤᠯᠵᠤ ᠂ ᠪᠥᠬᠦ ᠬᠤᠷᠢᠶᠠᠨ ᠤ ᠪᠤᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠥᠷᠨᠢᠭᠦᠯᠵᠦ ᠂ ᠠᠷᠢᠭᠤᠨ ᠴᠢᠭᠡᠴᠢ ᠰᠤᠷᠲᠠᠯ ᠢ ᠪᠠᠳᠠᠷᠠᠭᠤᠯᠵᠦ ᠂ ᠠᠷᠪᠢᠴᠢ ᠪᠤᠷᠤᠭᠵᠢᠭᠤᠨ ᠰᠤᠷᠲᠠᠯ ᠢ ᠪᠤᠢ ᠪᠣᠯᠭᠠᠵᠦ ᠂ ᠪᠣᠳᠠᠲᠠᠢ ᠪᠠᠢᠳᠠᠯ ᠢ ᠪᠠᠢᠴᠠᠭᠠᠬᠤ ᠪᠡᠷ ᠬᠦᠴᠦᠯᠡᠨ ᠴᠢᠷᠮᠠᠢᠵᠦ ᠂ ᠪᠤᠳᠠᠲᠠᠢ ᠠᠷᠭ᠎ᠠ ᠭᠠᠷᠭᠠᠨ᠂ ᠪᠤᠳᠠᠳᠠᠢ ᠦᠷ᠎ᠡ ᠪᠥᠳᠦᠮᠵᠢ ᠶᠢ ᠡᠷᠬᠢᠮᠯᠡᠬᠦ ᠳᠡᠭᠡᠷ᠎ᠡ ᠬᠦᠴᠦ ᠲᠠᠯᠪᠢᠵᠦ ᠂ ᠡᠯ᠎ᠡ ᠲᠥᠷᠦᠯ ᠤᠨ ᠠᠵᠢᠯ ᠤᠨ ᠪᠤᠳᠠᠲᠠᠢ ᠶᠢ ᠡᠷᠡᠰ ᠠᠳᠬᠤᠬᠤ ᠂ ᠰᠠᠭᠤᠷᠢ ᠶᠢ ᠪᠠᠳᠤᠳᠬᠠᠵᠦ ᠂ ᠠᠯᠬᠤᠮ ᠢᠶᠡᠨ ᠯᠠᠪᠳᠠᠭᠤᠨ ᠪᠤᠯᠭᠠᠬᠤ ᠬᠡᠷᠡᠭᠲᠡᠢ᠃ ᠨᠠᠮ ᠢ᠋ ᠴᠢᠩᠭ᠎ᠠ ᠵᠠᠰᠠᠬᠤ ᠂ ᠬᠣᠷᠢᠶ ᠠ ᠶ᠋ᠢ ᠴᠢᠩᠭ᠎ᠠ ᠵᠠᠰᠠᠬᠤ ᠂ ᠴᠠᠭᠳᠠᠭ ᠠ ᠶ᠋ᠢ ᠴᠢᠩᠭ᠎ᠠ ᠵᠠᠰᠠᠬᠤ ᠱᠠᠭᠠᠷᠳᠠᠯᠭ ᠠ ᠶ᠋ᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠵᠤ ᠂ ᠲᠥᠪ ᠬᠤᠷᠢᠶᠠᠨ ᠤ ᠨᠠᠢ᠍ᠮᠠᠨ ᠵᠦᠢᠯ ᠦ᠋ᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠦ᠋ᠨ ᠵᠣᠷᠢᠭ ᠰᠠᠨᠠᠭ ᠠ ᠶ᠋ᠢ ᠴᠢᠩᠭ᠎ᠠ ᠨᠠᠢᠳᠠᠪᠤᠷᠢᠵᠢᠭᠤᠯᠵᠤ ᠂ ᠺᠠᠲᠷ ᠴᠠᠭᠳᠠᠭ ᠠ ᠶ᠋ᠢ ᠰᠢᠮᠳᠠᠭᠤᠯᠤᠨ ᠥᠪᠡᠷ ᠢ᠋ ᠪᠡᠨ ᠴᠢᠩᠭ᠎ᠠ ᠱᠠᠭᠠᠷᠳᠠᠨ ᠂ ᠬᠠᠷᠢᠭᠤᠴᠠᠯᠭ ᠠ ᠶ᠋ᠢ ᠴᠢᠩᠭ᠎ᠠ ᠬᠠᠷᠢᠭᠤᠴᠠᠵᠤ ᠂ ᠭᠡᠷ ᠣᠷᠣᠨ ᠢ᠋ᠶ᠋ᠠᠨ ᠴᠢᠩᠭ᠎ᠠ ᠵᠠᠰᠠᠨ᠎ᠠ ᠃ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠤᠯᠤᠰ ᠲᠥᠷᠥ ᠶ᠋ᠢᠨ ᠬᠡᠪ ᠴᠢᠨᠠᠷ ᠂ ᠲᠤᠬᠠᠢᠯᠠᠭᠰᠠᠨ ᠠᠵᠢᠯ ᠤ᠋ᠨ ᠬᠡᠪ ᠴᠢᠨᠠᠷ ᠂ ᠠᠵᠢᠯ ᠮᠡᠷᠭᠡᠵᠢᠯ ᠦ᠋ᠨ ᠶᠣᠰᠣ ᠮᠣᠷᠠᠯ ᠤ᠋ᠨ ᠬᠡᠪ ᠴᠢᠨᠠᠷ ᠤ᠋ᠨ ᠪᠠᠢᠭᠤᠯᠤᠯᠲᠠ ᠶ᠋ᠢ ᠨᠢᠭᠡ ᠴᠣᠭᠴᠠᠵᠢᠭᠤᠯᠤᠨ ᠠᠬᠢᠭᠤᠯᠵᠤ ᠂ ᠪᠥᠬᠦ ᠬᠦᠴᠦᠨ ᠢᠶᠡᠷ ᠬᠦᠨᠳᠦ ᠡᠭᠦᠷᠭᠡ ᠶᠢ ᠡᠭᠦᠷᠭᠡᠯᠡᠵᠦ ᠳᠡᠢᠯᠬᠦ ᠥᠨᠳᠥᠷ ᠬᠡᠪ ᠴᠢᠨᠠᠷ ᠪᠦᠬᠦᠢ ᠣᠷᠳᠣᠰ ᠤ᠋ᠨ ᠰᠢᠭᠦᠬᠦ ᠬᠣᠷᠢᠶᠠᠨ ᠤ᠋ ᠲᠡᠮᠦᠷ ᠴᠡᠷᠢᠭ ᠢ᠋ ᠪᠦᠬᠦ ᠬᠦᠴᠦ ᠪᠡᠷ ᠳᠠᠪᠲᠠᠨ ᠬᠥᠮᠦᠵᠢᠭᠦᠯᠵᠦ ᠂ ᠣᠳᠣᠬᠢᠴᠢᠯᠠᠭᠰᠠᠨ ᠣᠷᠳᠣᠰ ᠢ᠋ ᠪᠦᠲᠦᠭᠡᠨ ᠪᠠᠢᠭᠤᠯᠬᠤ ᠳ᠋ᠤ᠌ ᠬᠠᠤᠯᠢ ᠴᠠᠭᠠᠵᠠ ᠶ᠋ᠢᠨ ᠣᠶᠤᠨ ᠤᠬᠠᠭᠠᠨ ᠪᠠ ᠬᠠᠤᠯᠢ ᠴᠠᠭᠠᠵᠠ ᠶ᠋ᠢᠨ ᠬᠦᠴᠦᠨ ᠤ ᠬᠤᠪᠢ ᠨᠡᠮᠡᠷᠢ ᠦᠵᠡᠭᠦᠯᠦᠶ᠎ᠡ ᠭᠡᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ