ᠦᠨᠳᠦᠷ ᠪᠠᠷᠢᠮᠵᠢᠶᠠᠲᠤ ᠬᠡᠷᠡᠭᠯᠡᠭᠡ ᠶ᠋ᠢ ᠬᠢᠵᠠᠭᠠᠷᠯᠠᠬᠤ ᠵᠠᠷᠯᠢᠭ ( ᠨᠢᠰᠬᠡᠯ ᠳ᠋ᠦ᠍ ᠰᠠᠭᠤᠬᠤ ᠂ ᠦᠨᠳᠦᠷ ᠬᠤᠷᠳᠤᠴᠠᠲᠤ ᠭᠠᠯᠲᠤ ᠲᠡᠷᠭᠡᠨ ᠳ᠋ᠦ᠍ ᠰᠠᠭᠤᠬᠤ ᠵᠢᠴᠢ ᠪᠤᠰᠤᠳ ᠦᠨᠳᠦᠷ ᠪᠠᠷᠢᠮᠵᠢᠶᠠᠲᠤ ᠬᠡᠷᠡᠭᠯᠡᠭᠡ ᠵᠡᠷᠭᠡ ) ᠵᠦᠷᠢᠴᠡᠭᠰᠡᠨ ᠭᠦᠢᠴᠡᠳᠭᠡᠭᠳᠡᠭᠴᠢ ᠶᠢ ᠲᠣᠭᠲᠠᠭᠰᠠᠨ ᠬᠤᠭᠤᠴᠠᠭᠠᠨ ᠳᠤ ᠬᠤᠪᠢ ᠶᠢᠨ ᠰᠠᠨᠠᠭᠠᠴᠢᠯᠠᠭ᠎ᠠ ᠠ᠋ᠴᠠ ᠪᠠᠨ ᠭᠦᠢᠴᠡᠳᠬᠡᠬᠦ ᠰᠢᠭᠦᠬᠦ ᠬᠣᠷᠢᠶᠠᠨ ᠳ᠋ᠤ᠌ ᠬᠦᠷᠴᠦ ᠪᠠᠢᠳᠠᠯ ᠢᠶᠡᠨ ᠲᠣᠳᠤᠷᠬᠠᠢᠯᠠᠵᠤ ᠡᠭᠦᠷᠭᠡ ᠪᠡᠨ ᠭᠦᠢᠴᠡᠳᠬᠡᠬᠦ ᠶ᠋ᠢ ᠰᠢᠪᠠᠳᠠᠭᠤᠯᠬᠤ ᠲᠤᠬᠠᠢ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠮᠡᠳᠡᠭᠳᠡᠯ
ᠨᠡᠢᠭᠡᠮ ᠦᠨ ᠢᠲᠡᠭᠡᠮᠵᠢ ᠶ᠋ᠢᠨ ᠰᠢᠰᠲ᠋ᠧᠮ ᠤᠨ ᠪᠠᠢᠭᠤᠯᠤᠯᠲᠠ ᠶ᠋ᠢ ᠠᠬᠢᠭᠤᠯᠬᠤ ᠶ᠋ᠢᠨ ᠲᠥᠯᠥᠭᠡ ᠂ ᠭᠦᠢᠴᠡᠳᠬᠡᠭᠳᠡᠭᠴᠢ ᠨᠢ 《ᠪᠢᠯᠧᠲ ᠫᠠᠨᠽᠠᠯᠠᠭᠴᠢ 》 ᠶᠢ ᠳᠠᠮᠵᠢᠬᠤ ᠪᠤᠶᠤ ᠪᠤᠰᠤᠳ ᠠᠷᠭ᠎ᠠ ᠪᠠᠷᠢᠯ ᠢ᠋ᠶ᠋ᠠᠷ ᠦᠨᠳᠦᠷ ᠪᠠᠷᠢᠮᠵᠢᠶᠠᠲᠤ ᠬᠡᠷᠡᠭᠯᠡᠭᠡ ᠶᠢ ᠬᠢᠵᠠᠭᠠᠷᠯᠠᠬᠤ ᠵᠠᠷᠯᠢᠭ ᠡᠴᠡ ᠵᠠᠢᠯᠠᠵᠤᠨᠢᠰᠬᠡᠯ ᠳ᠋ᠦ᠍ ᠰᠠᠭᠤᠬᠤ ᠂ ᠥᠨᠳᠥᠷ ᠬᠤᠷᠳᠤᠴᠠᠲᠤ ᠲᠡᠮᠦᠷ ᠵᠠᠮ ᠵᠢᠴᠢ ᠪᠤᠰᠤᠳ ᠥᠨᠳᠥᠷ ᠪᠠᠷᠢᠮᠵᠢᠶᠠᠲᠤ ᠬᠡᠷᠡᠭᠯᠡᠭᠡ ᠬᠢᠬᠦ ᠵᠡᠷᠭᠡ ᠬᠠᠤᠯᠢ ᠪᠤᠰᠤ ᠠᠵᠢᠯᠯᠠᠭ᠎ᠠ ᠳ᠋ᠤ᠌ ᠴᠣᠬᠢᠯᠲᠠ ᠥᠭᠴᠦ ᠂ ᠭᠦᠢᠴᠡᠳᠬᠡᠭᠳᠡᠭᠴᠢ ᠶ᠋ᠢᠨ ᠢᠲᠡᠭᠡᠮᠵᠢ ᠶ᠋ᠢᠨ ᠵᠠᠯᠬᠠᠭᠠᠨ ᠴᠡᠭᠡᠷᠯᠡᠭᠦᠯᠬᠦ ᠬᠦᠴᠦᠯᠡᠴᠡ ᠪᠡᠨ ᠴᠢᠩᠭᠠᠳᠬᠠᠵᠤ ᠂ ᠦᠨᠡᠨᠴᠢ ᠢᠲᠡᠭᠡᠮᠵᠢ ᠶ᠋ᠢᠨ ᠰᠣᠶᠣᠯ ᠢ᠋ ᠪᠠᠳᠠᠷᠠᠭᠤᠯᠬᠤ ᠶᠢᠨ ᠲᠥᠯᠦᠭᠡ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠲᠤᠰᠬᠠᠢᠯᠠᠨ ᠭᠦᠢᠴᠡᠳᠬᠡᠭᠳᠡᠭᠴᠢ ᠳ᠋ᠦ᠍ ᠳᠣᠣᠷᠠᠬᠢ ᠮᠡᠲᠦ ᠮᠡᠳᠡᠭᠳᠡᠯ ᠨᠡᠢᠲᠡᠯᠡᠪᠡ᠄
2023ᠣᠨ ᠤ6ᠰᠠᠷ᠎ᠠ ᠶᠢᠨ26ᠡᠴᠡ2023ᠣᠨ ᠤ7ᠰᠠᠷ᠎ᠠ ᠶᠢᠨ7 ᠤ ᠡᠳᠦᠷ ᠪᠣᠯᠲᠠᠯ᠎ᠠ᠂ᠦᠨᠳᠦᠷ ᠪᠠᠷᠢᠮᠵᠢᠶᠠᠲᠤ ᠬᠡᠷᠡᠭᠯᠡᠭᠡ ᠨᠢ ᠨᠢᠭᠡᠨᠳᠡ ᠬᠢᠵᠠᠭᠠᠷᠯᠠᠭᠳᠠᠭᠰᠠᠨ ᠭᠦᠢᠴᠡᠳᠭᠡᠭᠳᠡᠭᠴᠢ᠂ᠬᠡᠷᠪᠡ ᠦᠨᠳᠦᠷ ᠪᠠᠷᠢᠮᠵᠢᠶᠠᠲᠤ ᠬᠡᠷᠡᠭᠡᠯᠡᠭᠡ ᠶᠢ ᠬᠢᠵᠠᠭᠠᠷᠯᠠᠬᠤ ᠵᠠᠷᠯᠢᠭ ᠢ ᠵᠦᠷᠢᠴᠡᠨ ᠨᠢᠰᠭᠡᠯ ᠳᠦ ᠰᠠᠭᠤᠬᠤ᠂ ᠦᠨᠳᠦᠷ ᠬᠤᠷᠳᠤᠴᠠᠲᠤ ᠭᠠᠯᠲᠤ ᠲᠡᠷᠭᠡ ᠳᠤ ᠰᠠᠭᠤᠬᠤ᠂ ᠪᠤᠰᠤᠳ ᠦᠨᠳᠦᠷ ᠪᠠᠷᠢᠮᠵᠢᠶᠠᠲᠤ ᠬᠡᠷᠡᠭᠯᠡᠭᠡ ᠵᠡᠷᠭᠡ ᠦᠢᠯᠡ ᠠᠵᠢᠯᠯᠠᠭ᠎ᠠ ᠬᠢᠭᠰᠡᠨ᠂ ᠭᠦᠢᠴᠡᠳᠭᠡᠬᠦ ᠡᠴᠡ ᠵᠠᠢᠯᠠᠰᠭᠢᠭᠰᠡᠨ᠂ ᠨᠠᠵᠠᠭᠠᠢ ᠭᠦᠢᠴᠡᠳᠭᠡᠭᠰᠡᠨ᠂ ᠭᠦᠢᠴᠡᠳᠭᠡᠬᠦ ᠶᠢ ᠡᠰᠡᠷᠭᠦᠴᠡᠭᠰᠡᠨ ᠭᠦᠢᠴᠡᠳᠭᠡᠭᠳᠡᠭᠴᠢ ᠰᠠᠨᠠᠭᠠᠴᠢᠯᠠᠭ᠎ᠠ ᠡᠴᠡ ᠪᠡᠨ ᠭᠦᠢᠴᠡᠳᠭᠡᠬᠦ ᠰᠢᠭᠦᠬᠦ ᠬᠣᠷᠢᠶᠠᠨ ᠳᠤ ᠢᠷᠡᠵᠦ ᠪᠠᠢᠳᠠᠯ ᠢᠶᠠᠨ ᠲᠣᠳᠤᠷᠬᠠᠢᠯᠠᠨ ᠡᠭᠦᠷᠭᠡ ᠪᠡᠨ ᠭᠦᠢᠴᠡᠳᠭᠡᠬᠦ ᠬᠡᠷᠡᠭᠲᠡᠢ᠃ ᠲᠣᠭᠲᠣᠭᠰᠠᠨ ᠬᠤᠭᠤᠴᠠᠭᠠᠨ ᠳᠤ ᠰᠠᠨᠠᠭᠠᠴᠢᠯᠠᠭ᠎ᠠ ᠡᠴᠡ ᠪᠡᠨ ᠪᠠᠢᠳᠠᠯ ᠢᠶᠡᠨ ᠲᠣᠳᠤᠷᠬᠠᠢᠯᠠᠭᠰᠠᠨ ᠦᠭᠡᠢ᠂ ᠡᠭᠦᠷᠭᠡ ᠪᠡᠨ ᠭᠦᠢᠴᠡᠳᠭᠡᠭᠰᠡᠨ ᠦᠭᠡᠢ ᠶᠢ ᠨᠢ ᠢᠯᠡᠴᠢᠯᠡᠪᠡᠯ ᠬᠠᠤᠯᠢ ᠶᠤᠰᠤᠭᠠᠷ ᠬᠦᠨᠳᠦ ᠪᠡᠷ ᠰᠢᠳᠭᠡᠨ᠎ᠡ᠃
1 . ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ ᠠ
ᠤᠲᠠᠰᠤ᠄ 0477 — 8585110.8160234
2. ᠳ᠋ᠦᠩᠱᠧᠩ ᠲᠣᠭᠣᠷᠢᠭ ᠤ᠋ᠨ ᠠᠷᠠᠳ ᠶ᠋ᠢᠨ ᠰᠢᠭᠦᠬᠦ ᠬᠣᠷᠢᠶ ᠠ
ᠤᠲᠠᠰᠤ᠄ 0477 — 8370110
3. ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ ᠠ
ᠤᠲᠠᠰᠤ᠄ 0477 — 8567110
4 . ᠳᠠᠯᠠᠳ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ
ᠤᠲᠠᠰᠤ᠄ 0477 — 5225110
5 . ᠵᠡᠭᠦᠨᠭᠠᠷ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ
ᠤᠲᠠᠰᠤ᠄ 0477 — 4700 110 ᠂ 17684876110
6. ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ ᠠ
ᠤᠲᠠᠰᠤ᠄ 0477 — 8683110
7 . ᠬᠠᠩᠭᠢᠨ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ
ᠤᠲᠠᠰᠤ᠄ 0477 — 6623110
8 . ᠦᠦᠰᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ ᠠ
ᠤᠲᠠᠰᠤ᠄ 0477 — 72221 10
9 . ᠣᠲᠣᠭ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ
ᠤᠲᠠᠰᠤ᠄ 0477 — 621 2010
10.ᠣᠲᠣᠭ ᠤ᠋ᠨ ᠡᠮᠦᠨᠡᠲᠦ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ ᠠ
ᠤᠲᠠᠰᠤ᠄ 0477 — 7626110
ᠡᠨᠳᠡ᠂ ᠪᠢᠳᠡ ᠲᠥᠪ ᠴᠢᠩᠭ᠎ᠠ ᠪᠠᠷ ᠰᠠᠨᠠᠭᠤᠯᠬᠤ ᠨᠢ ᠄ ᠭᠦᠢᠴᠡᠳᠬᠡᠭᠳᠡᠭᠴᠢ ᠬᠦᠴᠦᠨ ᠲᠡᠢ ᠪᠣᠯᠤᠭᠰᠠᠨ ᠬᠠᠤᠯᠢ ᠴᠠᠭᠠᠵᠠ ᠶ᠋ᠢᠨ ᠪᠢᠴᠢᠭ᠌ ᠮᠠᠲ᠋ᠧᠷᠢᠶᠠᠯ ᠳ᠋ᠤ᠌ ᠲᠣᠭᠲᠠᠭᠠᠭᠰᠠᠨ ᠡᠭᠦᠷᠭᠡ ᠶ᠋ᠢ ᠬᠤᠪᠢ ᠶᠢᠨ ᠰᠠᠨᠠᠭᠠᠴᠢᠯᠠᠭ᠎ᠠ ᠠ᠋ᠴᠠ ᠪᠠᠨ ᠭᠦᠢᠴᠡᠳᠬᠡᠬᠦ ᠬᠡᠷᠡᠭᠲᠡᠢ ᠂ ᠬᠡᠷᠪᠡ ᠭᠦᠢᠴᠡᠳᠬᠡᠬᠦ ᠥᠬᠡᠢ ᠂ ᠭᠦᠢᠴᠡᠳᠬᠡᠬᠦ ᠡᠴᠡ ᠵᠠᠢᠯᠠᠰᠬᠢᠪᠡᠯ ᠬᠠᠤᠯᠢ ᠴᠠᠭᠠᠵᠠ ᠶ᠋ᠢᠨ ᠲᠣᠭᠲᠠᠭᠠᠯ ᠢ᠋ ᠴᠢᠩᠭ᠎ᠠ ᠵᠢᠷᠤᠮᠯᠠᠨ ᠬᠦᠨᠳᠦ ᠰᠢᠳᠬᠡᠯ ᠥᠭᠭᠦᠨ᠎ᠡ ᠃
ᠣᠨᠴᠠᠭᠠᠢᠯᠠᠨ ᠵᠠᠷᠯᠠᠪᠠ
ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ
2023 ᠣᠨ ᠤ᠋ 6 ᠰᠠᠷ᠎ᠠ ᠶ᠋ᠢᠨ 26 ᠤ᠋ ᠡᠳᠦᠷ
ᠦᠨᠡᠯᠡᠬᠦ 0ᠦᠨᠡᠯᠡᠯᠲᠡ᠎ᠲᠠᠢ