ᠲᠥᠯᠥᠭᠡᠯᠡᠭᠴᠢ ᠭᠡᠰᠢᠭᠦᠳ ᠤᠨ ᠬᠠᠷᠢᠯᠴᠠᠬᠤ ᠠᠵᠢᠯ ᠪᠣᠯ ᠠᠷᠠᠳ ᠤ᠋ᠨ ᠰᠢᠭᠦᠬᠦ ᠬᠣᠷᠢᠶ ᠠ ᠠ᠋ᠴᠠ ᠠᠷᠠᠳ ᠤ᠋ᠨ ᠰᠠᠨᠠᠭ ᠠ ᠶ᠋ᠢ ᠥᠷᠭᠡᠨ ᠢ᠋ᠶ᠋ᠡᠷ ᠰᠣᠨᠣᠰᠴᠤ ᠂ ᠤᠬᠠᠮᠰᠠᠷ ᠠ᠋ᠴᠠ ᠪᠠᠨ ᠬᠢᠨᠠᠯᠲᠠ ᠶ᠋ᠢ ᠬᠦᠯᠢᠶᠡᠵᠦ ᠂ ᠡᠯ᠎ᠡ ᠡᠲᠡᠭᠡᠳ ᠦ᠋ᠨ ᠳᠡᠮᠵᠢᠯᠭᠡ ᠶ᠋ᠢ ᠣᠯᠬᠤ ᠴᠢᠬᠤᠯᠠ ᠠᠷᠭ᠎ᠠ ᠵᠠᠮ ᠮᠥᠨ ᠃ ᠣᠢᠷ ᠠ ᠶ᠋ᠢᠨ ᠵᠢᠯ ᠡᠴᠡ ᠨᠡᠰᠢ ᠂ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ 《 ᠬᠢᠨᠠᠯᠲᠠ ᠲᠠᠯᠪᠢᠬᠤ ᠪᠣᠯ ᠳᠠᠷᠤᠢ ᠬᠠᠢᠷ᠎ᠠ ᠬᠠᠯᠠᠮᠵᠢ ᠂ ᠬᠢᠨᠠᠯᠲᠠ ᠲᠠᠯᠪᠢᠬᠤ ᠪᠣᠯ ᠳᠠᠷᠤᠢ ᠳᠡᠮᠵᠢᠯᠭᠡ ᠂ ᠬᠢᠨᠠᠯᠲᠠ ᠲᠠᠯᠪᠢᠬᠤ ᠪᠣᠯ ᠳᠠᠷᠤᠢ ᠬᠠᠪᠰᠤᠷᠤᠯᠭ᠎ᠠ ᠂ ᠬᠢᠨᠠᠯᠲᠠ ᠲᠠᠯᠪᠢᠬᠤ ᠪᠣᠯ ᠳᠠᠷᠤᠢ ᠵᠢᠯᠣᠭᠣᠳᠤᠯᠭ᠎ᠠ ᠮᠥᠨ 》 ᠭᠡᠬᠦ ᠣᠢᠯᠠᠭᠠᠭᠳᠠᠬᠤᠨ ᠢ᠋ ᠪᠠᠲᠤ ᠪᠣᠢ ᠪᠣᠯᠭᠠᠵᠤ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠬᠠᠤᠯᠢ ᠶᠣᠰᠣᠨ ᠤ᠋ ᠬᠢᠨᠠᠯᠲᠠ ᠂ ᠤᠯᠤᠰ ᠲᠥᠷᠥ ᠶ᠋ᠢᠨ ᠵᠥᠪᠯᠡᠯᠭᠡᠨ ᠦ᠌ ᠠᠷᠠᠳᠴᠢᠯᠠᠭᠰᠠᠨ ᠬᠢᠨᠠᠯᠲᠠ ᠂ ᠨᠡᠢᠭᠡᠮ ᠦ᠋ᠨ ᠡᠯ᠎ᠡ ᠡᠲᠡᠭᠡᠳ ᠦ᠋ᠨ ᠣᠯᠠᠨ ᠲᠦᠮᠡᠨ ᠦ᠌ ᠬᠢᠨᠠᠯᠲᠠ ᠶ᠋ᠢ ᠰᠠᠨᠠᠭᠠᠴᠢᠯᠠᠭ᠎ᠠ ᠠ᠋ᠴᠠ ᠪᠠᠨ ᠬᠦᠯᠢᠶᠡᠬᠦ ᠶ᠋ᠢ ᠳᠦᠷᠢᠮᠵᠢᠭᠰᠡᠨ ᠂ ᠵᠢᠷᠤᠮᠵᠢᠭᠰᠠᠨ ᠂ ᠪᠠᠢᠩᠭᠤᠵᠢᠭᠰᠠᠨ ᠵᠠᠮ ᠳ᠋ᠤ᠌ ᠣᠷᠣᠭᠤᠯᠵᠤ ᠂ ᠲᠢᠩᠬᠢᠮ ᠦ᠋ᠨ ᠰᠢᠭᠦᠯᠲᠡ ᠶ᠋ᠢ ᠰᠤᠯᠠ ᠰᠣᠨᠣᠰᠬᠤ ᠂ ᠭᠡᠷᠡᠴᠢ ᠶ᠋ᠢ ᠭᠡᠷᠡᠴᠢᠯᠡᠬᠦ ᠂ ᠬᠠᠤᠯᠢ ᠬᠡᠷᠡᠭᠵᠢᠭᠦᠯᠬᠦ ᠵᠡᠷᠭᠡ ᠠᠵᠢᠯᠯᠠᠭ᠎ᠠ ᠶ᠋ᠢ ᠵᠣᠬᠢᠶᠠᠨ ᠪᠠᠢᠭᠤᠯᠬᠤ ᠪᠠᠷ ᠳᠠᠮᠵᠢᠨ ᠂ ᠣᠯᠠᠨ ᠲᠦᠮᠡᠨ ᠦ᠌ ᠥᠨᠳᠥᠷ ᠬᠡᠪ ᠴᠢᠨᠠᠷ ᠤ᠋ᠨ ᠱᠠᠭᠠᠷᠳᠠᠯᠭ᠎ᠠ ᠳ᠋ᠤ᠌ ᠨᠡᠩ ᠰᠠᠢᠨ ᠬᠠᠷᠢᠭᠤᠯᠲᠠ ᠥᠭᠴᠦ ᠂ ᠬᠠᠤᠯᠢ ᠴᠠᠭᠠᠵᠠ ᠶ᠋ᠢᠨ ᠢᠯᠡ ᠲᠣᠳᠣ ᠶᠠᠪᠤᠭᠳᠠᠬᠤ ᠶ᠋ᠢ ᠪᠠᠲᠤᠯᠠᠶᠡ ᠭᠡᠰᠡᠨ ᠪᠠᠢᠨ᠎ᠠ ᠃
ᠢᠵᠢᠯ ᠳᠠᠪᠲᠠᠮᠵᠢ ᠪᠠᠷ ᠬᠠᠮᠲᠤ ᠬᠡᠯᠪᠡᠯᠵᠢᠵᠦ ᠂ ᠳᠤᠭᠲᠠᠭᠰᠠᠨ ᠴᠢᠭᠯᠡᠯ ᠢᠶᠠᠷ ᠬᠣᠷᠰᠢᠯᠴᠠᠨ ᠬᠤᠯᠪᠤᠭᠠᠯᠠᠬᠤ ᠠᠵᠢᠯ ᠤᠨ ᠳᠦᠷᠢᠮᠵᠢᠯᠡᠯᠲᠡ ᠶᠢ ᠪᠡᠶᠡᠯᠡᠭᠦᠯᠦᠨ᠎ᠡ ᠃ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠴᠢᠬᠤᠯᠠ ᠶᠡᠬᠡ ᠬᠡᠷᠡᠭ ᠤᠴᠢᠷ ᠢ᠋ ᠮᠡᠳᠡᠭᠦᠯᠬᠦ ᠂ ᠲᠣᠭᠲᠠᠭᠰᠠᠨ ᠬᠤᠭᠤᠴᠠᠭ᠎ᠠ ᠲᠠᠢ ᠪᠠᠷ ᠰᠤᠷᠪᠤᠯᠵᠢᠯᠠᠬᠤ ᠂ ᠤᠲᠠᠰᠤ ᠪᠠᠷ ᠬᠠᠷᠢᠯᠴᠠᠬᠤ ᠂ ᠲᠤᠰᠬᠠᠢ ᠰᠡᠳᠦᠪ ᠢ᠋ᠶ᠋ᠡᠷ ᠬᠠᠷᠢᠭᠤ ᠮᠡᠳᠡᠭᠦᠯᠬᠦ ᠂ ᠰᠠᠨᠠᠯ ᠬᠤᠷᠢᠶᠠᠵᠤ ᠬᠠᠷᠢᠭᠤ ᠲᠤᠰᠬᠠᠬᠤ ᠵᠡᠷᠭᠡ ᠠᠵᠢᠯ ᠤ᠋ᠨ ᠳᠦᠷᠢᠮ ᠢ᠋ ᠪᠠᠢᠭᠤᠯᠤᠨ ᠵᠢᠷᠤᠮᠵᠢᠭᠤᠯᠵᠤ ᠂ ᠣᠢᠯᠠᠭᠠᠯᠴᠠᠭ᠎ᠠ ᠶ᠋ᠢ ᠰᠢᠯᠤᠭᠤᠳᠬᠠᠵᠤ ᠂ ᠮᠡᠳᠡᠭᠡ ᠵᠠᠩᠭᠢ ᠶ᠋ᠢ ᠬᠠᠮᠲᠤᠪᠠᠷ ᠡᠳ᠋ᠯᠡᠬᠦ ᠂ ᠬᠠᠮᠲᠤᠷᠠᠨ ᠠᠬᠢᠭᠤᠯᠵᠤ ᠪᠦᠬᠦᠢ ᠲᠥᠯᠥᠭᠡᠯᠡᠭᠴᠢ ᠭᠡᠰᠢᠭᠦᠳ ᠦ᠋ᠨ ᠬᠠᠷᠢᠯᠴᠠᠬᠤ ᠢ ᠪᠠᠢᠨᠭᠭᠤᠵᠢᠭᠰᠠᠨ ᠂ ᠳᠦᠷᠢᠮᠵᠢᠭᠰᠡᠨ ᠠᠵᠢᠯ ᠤ᠋ᠨ ᠲᠣᠭᠲᠠᠴᠠ ᠶ᠋ᠢ ᠢᠳᠡᠪᠬᠢᠲᠡᠢ ᠠᠬᠢᠭᠤᠯᠵᠤ ᠂ ᠬᠢᠨᠠᠯᠲᠠ ᠶ᠋ᠢ ᠰᠠᠨᠠᠭᠠᠴᠢᠯᠠᠭ᠎ᠠ ᠠ᠋ᠴᠠ ᠪᠠᠨ ᠬᠦᠯᠢᠶᠡᠨ ᠠᠪᠴᠦ ᠂ ᠰᠠᠨᠠᠯ ᠢ᠋ ᠳᠠᠷᠤᠤ ᠬᠢᠴᠢᠶᠡᠩᠭᠦᠢ ᠪᠡᠷ ᠰᠣᠨᠣᠰᠪᠠ ᠃ 2023 ᠣᠨ ᠤ᠋ ᠡᠬᠢ ᠪᠡᠷ ᠂ 《 ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠲᠥᠯᠥᠭᠡᠯᠡᠭᠴᠢ ᠭᠡᠰᠢᠭᠦᠨ < ᠳᠥᠷᠪᠡᠨ 100 > ᠢᠨᠵᠸᠨ᠋ᠸᠷᠢᠩ ᠲᠡᠢ ᠬᠠᠷᠢᠯᠴᠠᠬᠤ ᠢ ᠬᠡᠷᠡᠭᠵᠢᠭᠦᠯᠬᠦ ᠲᠥᠰᠦᠯ 》 ᠢ᠋ ᠨᠡᠢᠲᠡᠯᠡᠵᠦ ᠂ ᠬᠠᠷᠢᠯᠴᠠᠭ᠎ᠠ ᠬᠣᠯᠪᠣᠯᠳᠤᠬᠤ ᠬᠠᠷᠢᠭᠤᠴᠠᠯᠭ᠎ᠠ ᠶ᠋ᠢᠨ ᠨᠠᠢᠳᠠᠪᠤᠷᠢᠵᠢᠭᠤᠯᠤᠯᠲᠠ ᠶ᠋ᠢ ᠴᠢᠩᠭᠠᠳᠬᠠᠨ ᠂ ᠲᠥᠯᠥᠭᠡᠯᠡᠭᠴᠢ ᠭᠡᠰᠢᠭᠦᠳ ᠢ᠋ 《 ᠨᠢᠭᠡ ᠨᠢᠭᠡ ᠶ᠋ᠢᠨ ᠬᠠᠷᠢᠴᠠᠭ᠎ᠠ 》 ᠪᠠᠢᠬᠤ ᠨᠠᠷᠢᠯᠢᠭ ᠣᠨᠣᠪᠴᠢᠲᠠᠢ ᠬᠤᠯᠪᠤᠭᠠᠯᠠᠨ ᠬᠠᠷᠢᠯᠴᠠᠬᠤ ᠶ᠋ᠢ ᠪᠠᠲᠤᠯᠠᠵᠤ ᠂ ᠬᠠᠷᠢᠯᠴᠠᠭ᠎ᠠ ᠬᠣᠯᠪᠣᠭᠠᠰᠤ ᠶ᠋ᠢᠨ ᠪᠦᠷᠬᠦᠯᠲᠡ ᠶ᠋ᠢ 100% ᠪᠡᠶᠡᠯᠡᠭᠦᠯᠦᠨ᠎ᠡ ᠭᠡᠰᠡᠨ ᠪᠠᠢᠨ᠎ᠠ ᠃
ᠢᠵᠢᠯ ᠰᠡᠳᠦᠪ ᠢ ᠬᠠᠮᠲᠤᠪᠠᠷ ᠬᠠᠷᠢᠭᠤᠯᠵᠤ ᠂ ᠰᠠᠨᠠᠯ ᠵᠥᠪᠯᠡᠯᠭᠡ ᠶ᠋ᠢ ᠨᠠᠢᠳᠠᠪᠤᠷᠢᠵᠢᠭᠤᠯᠬᠤ ᠠᠵᠢᠯ ᠢ᠋ ᠦᠨᠡᠨ ᠪᠣᠳᠠᠲᠠᠢ ᠪᠣᠯᠭᠠᠬᠤ ᠶ᠋ᠢ ᠠᠬᠢᠭᠤᠯᠤᠨ᠎ᠠ ᠃ ᠲᠥᠯᠥᠭᠡᠯᠡᠭᠴᠢ ᠭᠡᠰᠢᠭᠦᠳ ᠦ᠋ᠨ ᠰᠠᠨᠠᠯ ᠰᠠᠨᠠᠭᠤᠯᠭ᠎ᠠ ᠶ᠋ᠢ ᠨᠡᠩ ᠰᠠᠢᠲᠤᠷ ᠰᠢᠢᠳᠪᠦᠷᠢᠯᠡᠨ ᠬᠠᠷᠢᠭᠤᠯᠲᠠ ᠥᠭᠬᠦ ᠶ᠋ᠢᠨ ᠲᠥᠯᠥᠭᠡ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠨᠢᠭᠡ ᠢᠵᠢ ᠪᠦᠷᠢᠨ ᠪᠦᠲᠦᠨ ᠰᠠᠨᠠᠯ ᠰᠠᠨᠠᠭᠤᠯᠭ᠎ᠠ ᠶ᠋ᠢ ᠭᠦᠢᠴᠡᠳᠬᠡᠬᠦ ᠠᠵᠢᠯ ᠤ᠋ᠨ ᠳᠦᠷᠢᠮ ᠢ᠋ ᠲᠤᠰᠬᠠᠢᠯᠠᠨ ᠲᠣᠭᠲᠠᠭᠠᠵᠤ ᠂ ᠰᠠᠨᠠᠭᠤᠯᠭ᠎ᠠ ᠶ᠋ᠢ ᠰᠢᠢᠳᠪᠦᠷᠢᠯᠡᠬᠦ ᠠᠵᠢᠯ ᠤ᠋ᠨ ᠳᠦᠷᠢᠮᠵᠢᠯᠲᠡ ᠶ᠋ᠢ ᠠᠬᠢᠭᠤᠯᠬᠤ ᠶ᠋ᠢᠨ ᠬᠠᠮᠲᠤ ᠂ ᠡᠯ᠎ᠡ ᠱᠠᠲᠤᠨ ᠤ᠋ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢᠳ ᠦ᠋ᠨ ᠰᠠᠨᠠᠭᠤᠯᠭ᠎ᠠ ᠂ ᠰᠢᠭᠦᠮᠵᠢᠯᠡᠯ ᠪᠠ ᠰᠠᠨᠠᠯ ᠵᠢᠴᠢ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠳ ᠦ᠋ᠨ ᠰᠠᠨᠠᠯ ᠳᠤᠷᠠᠳᠤᠯᠭ᠎ᠠ ᠶ᠋ᠢ ᠰᠢᠢᠳᠪᠦᠷᠢᠯᠡᠭᠰᠡᠨ ᠪᠠᠢᠳᠠᠯ ᠢ᠋ ᠮᠥᠷᠳᠡᠨ᠂ ᠰᠢᠮᠳᠠᠭᠤᠯᠤᠨ ᠰᠢᠢᠳᠪᠦᠷᠢᠯᠡᠬᠦ ᠠᠵᠢᠯ ᠢ᠋ ᠪᠥᠬᠥ ᠲᠠᠯ ᠠ ᠪᠠᠷ ᠴᠢᠩᠭᠠᠳᠬᠠᠵᠤ ᠂ 《 ᠲᠥᠯᠥᠭᠡᠯᠡᠭᠴᠢ ᠭᠡᠰᠢᠭᠦᠳ ᠦ᠋ᠨ ᠨᠡᠪᠲᠡᠷᠡᠬᠦ ᠵᠠᠮ 》 ᠢ᠋ ᠨᠡᠪᠲᠡᠷᠡᠭᠦᠯᠵᠦ ᠂ 《 ᠡᠬᠡ ᠳᠠᠩᠰᠠ ᠶᠢᠨ ᠬᠡᠯᠪᠡᠷᠢ ᠪᠡᠷ ᠬᠠᠮᠢᠶᠠᠷᠴᠤ᠂ ᠨᠠᠷᠢᠨ ᠳᠠᠩᠰᠠ ᠶᠢᠨ ᠬᠡᠯᠪᠡᠷᠢ ᠪᠡᠷ ᠲᠦᠯᠬᠢᠨ ᠠᠬᠢᠭᠤᠯᠵᠤ᠂ ᠲᠣᠩᠭᠣᠷᠠᠭᠤᠯᠤᠨ ᠵᠢᠭᠰᠠᠭᠠᠭᠰᠠᠨ ᠠᠵᠢᠯ ᠤ᠋ᠨ ᠬᠤᠭᠤᠴᠠᠭ᠎ᠠ ᠶ᠋ᠢ ᠰᠢᠮᠳᠠᠭᠤᠯᠤᠨ ᠭᠦᠢᠴᠡᠳᠬᠡᠬᠦ ᠂ ᠬᠥᠳᠡᠯᠦᠩᠭᠦᠢ ᠬᠡᠯᠪᠡᠷᠢ ᠪᠡᠷ ᠬᠠᠮᠢᠶᠠᠷᠬᠤ 》ᠵᠡᠷᠭᠡ ᠳᠥᠷᠢᠮ ᠶ᠋ᠢ ᠴᠢᠩᠭ᠎ᠠ ᠬᠡᠷᠡᠭᠵᠢᠭᠦᠯᠵᠦ ᠂ ᠴᠠᠭ ᠲᠤᠬᠠᠢ ᠳ᠋ᠤᠨᠢ ᠬᠠᠷᠢᠭᠤ ᠲᠤᠰᠬᠠᠬᠤ ᠶ᠋ᠢ ᠦᠨᠡᠨᠬᠦ ᠪᠠᠲᠤᠯᠠᠨ᠎ᠠ ︔ 《 ᠳᠠᠷᠤᠢᠬᠠᠨ ᠮᠤᠷᠳᠠᠵᠦ ᠲᠦᠷᠭᠡᠨ ᠭᠦᠢᠴᠡᠳᠬᠡᠬᠦ ᠂ ᠳᠠᠷᠤᠢᠬᠠᠨ ᠮᠤᠷᠳᠠᠵᠦ ᠲᠦᠷᠭᠡᠨ ᠥᠭᠡᠷᠡᠴᠢᠯᠡᠬᠦ ᠂ ᠳᠠᠷᠤᠢᠬᠠᠨ ᠮᠤᠷᠳᠠᠵᠦ ᠲᠦᠷᠭᠡᠨ ᠬᠠᠪᠰᠤᠷᠬᠤ 》 ᠠᠵᠢᠯ ᠤ᠋ᠨ ᠵᠣᠬᠢᠴᠠᠮᠵᠢ ᠶ᠋ᠢ ᠴᠢᠩᠭ᠎ᠠ ᠨᠠᠢᠳᠠᠪᠤᠷᠢᠵᠢᠭᠤᠯᠤᠨ ᠂ ᠳᠠᠷᠤᠢᠬᠠᠨ ᠶᠠᠪᠤᠭᠳᠠᠭᠤᠯᠵᠦ ᠳᠠᠷᠤᠢᠬᠠᠨ ᠥᠭᠡᠷᠡᠴᠢᠯᠡᠵᠦ ᠂ ᠴᠢᠩᠭ᠎ᠠ ᠪᠠᠢᠴᠠᠭᠠᠵᠤ ᠴᠢᠩᠭ᠎ᠠ ᠥᠭᠡᠷᠡᠴᠢᠯᠡᠨ ᠂ ᠵᠠᠰᠠᠵᠦ ᠪᠠᠢᠭᠤᠯᠬᠤ ᠶᠢ ᠵᠡᠷᠭᠡ ᠪᠡᠷ ᠠᠳᠬᠤᠬᠤ ᠶᠢ ᠭᠦᠨᠵᠡᠭᠡᠢᠷᠡᠭᠦᠯᠵᠦ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠨᠢᠭᠡᠨᠲᠡ ᠡᠯ᠎ᠡ ᠲᠥᠷᠥᠯ ᠦ᠋ᠨ ᠳᠦᠷᠢᠮ ᠲᠣᠭᠲᠠᠴᠠ ᠶ᠋ᠢ 400 ᠭᠠᠷᠤᠢ ᠲᠥᠷᠥᠯ ᠵᠦᠢᠯ ᠳ᠋ᠦ᠍ ᠲᠣᠭᠲᠠᠭᠠᠨ ᠨᠡᠢᠲᠡᠯᠡᠵᠦ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ ︔ ᠬᠢᠨᠠᠯᠲᠠ ᠲᠠᠯᠪᠢᠬᠤ ᠡᠷᠬᠡ ᠪᠣᠯᠤᠨ ᠰᠢᠭᠦᠨ ᠲᠠᠰᠤᠯᠬᠤ ᠡᠷᠬᠡ ᠶ᠋ᠢᠨ ᠬᠠᠤᠯᠢ ᠶᠣᠰᠣᠭᠠᠷ ᠪᠡᠶ ᠡ ᠪᠡᠨ ᠳᠠᠭᠠᠭᠠᠵᠤ ᠬᠡᠷᠡᠭᠵᠢᠭᠦᠯᠬᠦ ᠶ᠋ᠢ ᠨᠢᠭᠡᠳᠬᠡᠵᠦ ᠂ ᠴᠢᠬᠤᠯᠠ ᠶᠡᠬᠡ ᠬᠡᠷᠡᠭ ( ᠶᠠᠪᠤᠳᠠᠯ ) ᠢ᠋ ᠴᠢᠩᠭ᠎ᠠ《ᠡᠵᠡᠮᠳᠡᠵᠦ 》 ᠂ ᠬᠦᠴᠢᠷ ᠲᠦᠪᠡᠭᠲᠡᠢ ᠲᠦᠪᠡᠭ ᠪᠤᠳᠤᠯᠢᠶᠠᠨᠲᠠᠢ ᠠᠰᠠᠭᠤᠳᠠᠯ ᠳ᠋ᠤ᠌ ᠬᠦᠯᠢᠴᠡᠩᠭᠦᠢ ᠪᠡᠷ ᠨᠠᠷᠢᠨ ᠨᠢᠮᠪᠠᠢ ᠲᠠᠢᠯᠪᠤᠷᠢᠯᠠᠨ ᠵᠠᠳᠠᠯᠵᠤ ᠂ ᠰᠠᠨᠠᠯ ᠰᠠᠨᠠᠭᠤᠯᠭ᠎ᠠ ᠨᠢᠭᠡᠪᠦᠷᠢ ᠶ᠋ᠢ ᠬᠠᠤᠯᠢ ᠶᠣᠰᠣᠭᠠᠷ ᠰᠠᠢᠲᠤᠷ ᠰᠢᠢᠳᠪᠦᠷᠢᠯᠡᠬᠦ ᠪᠡᠷ ᠴᠢᠷᠮᠠᠢᠵᠤ ᠂ ᠲᠥᠯᠥᠭᠡᠯᠡᠭᠴᠢ ᠭᠡᠰᠢᠭᠦᠳ ᠤᠨ ᠬᠠᠨᠤᠮᠵᠢᠲᠠᠢ ᠪᠠᠢᠬᠤ ᠶᠢ ᠴᠢᠷᠮᠠᠢᠨ ᠪᠡᠶᠡᠯᠡᠭᠦᠯᠵᠦ ᠂ ᠠᠷᠠᠳ ᠣᠯᠠᠨ ᠢ᠋ ᠰᠡᠳᠬᠢᠯ ᠬᠠᠨᠤᠮᠵᠢᠲᠠᠢ ᠪᠠᠢᠯᠭᠠᠶ᠎ᠠ ᠃
ᠢᠵᠢᠯ ᠴᠢᠭᠯᠡᠯ ᠢᠶᠡᠷ ᠬᠦᠴᠦ ᠪᠡᠨ ᠬᠠᠮᠳᠤᠳᠬᠠᠨ ᠂ ᠠᠷᠭ᠎ᠠ ᠪᠣᠳᠣᠯᠭ᠎ᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠠᠰᠠᠭᠤᠬᠤ ᠠᠵᠢᠯ ᠤ᠋ᠨ ᠭᠦᠨᠵᠡᠭᠡᠢᠷᠡᠯᠲᠡ ᠶ᠋ᠢ ᠠᠬᠢᠭᠤᠯᠬᠤ ᠬᠡᠷᠡᠭᠲᠡᠢ ᠃ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠰᠦᠯᠵᠢᠶᠡᠨ ᠳᠡᠭᠡᠷ᠎ᠡ ᠠᠭᠤᠯᠵᠠᠬᠤ 》 ᠂ 《 ᠤᠷᠢᠨ ᠣᠷᠣᠭᠤᠯᠬᠤ 》 ᠂ 《 ᠭᠠᠳᠠᠭᠰᠢ ᠭᠠᠷᠬᠤ 》 ᠶ᠋ᠢ ᠬᠠᠷᠢᠯᠴᠠᠨ ᠤᠶᠠᠯᠳᠤᠭᠤᠯᠵᠤ ᠂ 《 ᠲᠥᠯᠥᠭᠡᠯᠡᠭᠴᠢ ᠬᠡᠰᠢᠭᠦᠳ ᠤᠨ ᠵᠣᠴᠢᠯᠠᠬᠤ ᠲᠢᠩᠬᠢᠮ 》 ᠶ᠋ᠢ ᠬᠦᠴᠦᠯᠡᠨ ᠪᠠᠢᠭᠤᠯᠵᠤ ᠂ ᠰᠤᠷᠤᠯᠴᠠᠨ ᠶᠠᠷᠢᠯᠴᠠᠬᠤ ᠂ ᠰᠠᠭᠤᠳᠠᠯ ᠤ᠋ᠨ ᠬᠤᠷᠠᠯ ᠬᠢᠬᠦ ᠂ ᠲᠥᠷᠥ ᠶ᠋ᠢᠨ ᠪᠣᠳᠣᠯᠭ᠎ᠠ ᠶ᠋ᠢ ᠤᠬᠠᠭᠤᠯᠬᠤ ᠵᠡᠷᠭᠡ ᠬᠡᠯᠪᠡᠷᠢ ᠶ᠋ᠢ ᠠᠮᠢᠳᠤᠯᠢᠭ ᠢ᠋ᠶ᠋ᠠᠷ ᠬᠡᠷᠡᠭᠯᠡᠨ ᠂ ᠲᠥᠯᠥᠭᠡᠯᠡᠭᠴᠢ ᠭᠡᠰᠢᠭᠦᠳ ᠲᠡᠢ 《 ᠨᠢᠭᠤᠷᠳᠠᠨ ᠶᠠᠷᠢᠯᠴᠠᠬᠤ 》 ᠶᠠᠷᠢᠯᠴᠠᠭ᠎ᠠ ᠶ᠋ᠢ ᠪᠡᠶᠡᠯᠡᠭᠦᠯᠦᠨ᠎ᠡ ︔ ᠵᠠᠭᠠᠯᠳᠤᠯᠭ᠎ᠠ ᠶ᠋ᠢᠨ ᠡᠬᠢ ᠢᠷᠡᠯᠲᠡ ᠶ᠋ᠢ ᠵᠠᠰᠠᠬᠤ ᠪᠠ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠵᠡᠷᠭᠡ ᠭᠣᠣᠯᠳᠠᠯᠭ᠎ᠠ ᠲᠠᠢ ᠠᠵᠢᠯ ᠢ᠋ ᠰᠠᠢᠲᠤᠷ ᠬᠢᠵᠦ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢᠨ ᠡᠶᠡᠳᠡᠭᠦᠯᠬᠦ ᠶ᠋ᠢ ᠠᠬᠢᠭᠤᠯᠬᠤ ᠠᠵᠢᠯ ᠤ᠋ᠨ ᠬᠡᠯᠪᠡᠷᠢ ᠶ᠋ᠢ ᠪᠥᠬᠥ ᠲᠠᠯ ᠠ ᠪᠠᠷ ᠳᠡᠯᠭᠡᠷᠡᠭᠦᠯᠦᠨ᠎ᠡ ︔ 《 ᠰᠢᠭᠦᠬᠦ ᠬᠣᠷᠢᠶ᠎ᠠ + ᠤᠯᠤᠰ ᠲᠥᠷᠥ ᠶ᠋ᠢᠨ ᠵᠥᠪᠯᠡᠯᠭᠡᠨ 》 ᠤ ᠡᠶᠡᠳᠡᠭᠦᠯᠬᠦ ᠠᠵᠢᠯ ᠤ᠋ᠨ ᠲᠠᠰᠤᠭ ᠢ᠋ ᠪᠠᠢᠭᠤᠯᠵᠤ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠳ ᠢ᠋ ᠪᠠᠭᠲᠠᠭᠠᠭᠰᠠᠨ ᠡᠯ᠎ᠡ ᠠᠵᠢᠯ ᠲᠥᠷᠥᠯ ᠦ᠋ᠨ ᠴᠢᠬᠡᠴᠢ ᠵᠠᠰᠠᠭ ᠤ᠋ᠨ ᠬᠢᠨᠠᠯᠲᠠ ᠲᠠᠯᠪᠢᠭᠴᠢ ᠶ᠋ᠢ ᠤᠷᠢᠨ ᠂ ᠬᠠᠤᠯᠢ ᠴᠠᠭᠠᠵᠠ ᠶ᠋ᠢᠨ ᠡᠷᠬᠡ ᠶ᠋ᠢᠨ ᠵᠢᠷᠤᠮᠵᠢᠭᠰᠠᠨ ᠠᠵᠢᠯᠯᠠᠭᠠᠨ ᠢ᠋ ᠠᠬᠢᠭᠤᠯᠪᠠ ; ᠲᠥᠯᠥᠭᠡᠯᠡᠭᠴᠢ ᠭᠡᠰᠢᠭᠦᠳ ᠢ᠋ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠂ ᠲᠢᠩᠬᠢᠮ ᠦ᠋ᠨ ᠰᠢᠭᠦᠯᠲᠡ ᠶ᠋ᠢ ᠰᠤᠯᠠ ᠰᠣᠨᠣᠰᠬᠤ ᠂ ᠭᠡᠷᠡᠴᠢ ᠦᠵᠡᠵᠦ ᠭᠦᠢᠴᠡᠳᠬᠡᠬᠦ ᠵᠡᠷᠭᠡ ᠵᠠᠩᠭᠢᠯᠠᠭ᠎ᠠ ᠶ᠋ᠢᠨ ᠠᠵᠢᠯ ᠳ᠋ᠤ᠌ ᠢᠳᠡᠪᠬᠡᠢ ᠲᠠᠢ ᠪᠡᠷ ᠤᠷᠢᠨ ᠵᠠᠯᠠᠵᠦ ᠂ ᠣᠯᠠᠨ ᠨᠡᠢᠲᠡ ᠶ᠋ᠢᠨ ᠨᠡᠭᠡᠭᠡᠯᠲᠡ ᠶ᠋ᠢᠨ ᠡᠳᠦᠷ ᠂ ᠴᠢᠬᠤᠯᠠ ᠶᠡᠬᠡ ᠬᠤᠷᠠᠯ ᠂ ᠶᠠᠷᠢᠯᠴᠠᠬᠤ ᠬᠤᠷᠠᠯ ᠂ ᠰᠣᠨᠢᠨ ᠮᠡᠳᠡᠭᠡ ᠨᠡᠢᠲᠡᠯᠡᠬᠦ ᠬᠤᠷᠠᠯ ᠵᠡᠷᠭᠡ ᠴᠢᠬᠤᠯᠠ ᠠᠵᠢᠯᠯᠠᠭ᠎ᠠ ᠳ᠋ᠤ᠌ ᠣᠷᠣᠯᠴᠠᠭᠤᠯᠵᠤ ᠂ ᠲᠥᠯᠥᠭᠡᠯᠡᠭᠴᠢ ᠭᠡᠰᠢᠭᠦᠳ ᠲᠦ᠍ ᠰᠢᠭᠦᠬᠦ ᠬᠣᠷᠢᠶᠠᠨ ᠤ᠋ ᠠᠵᠢᠯ ᠢ᠋ ᠣᠢᠷ᠎ᠠ ᠵᠠᠢ ᠠ᠋ᠴᠠ ᠮᠡᠳᠡᠷᠡᠭᠦᠯᠦᠨ ᠂ ᠰᠢᠭᠦᠬᠦ ᠬᠣᠷᠢᠶᠠᠨ ᠤ᠋ ᠠᠵᠢᠯ ᠢ᠋ ᠦᠨᠡᠨ ᠬᠦ᠌ ᠣᠢᠯᠠᠭᠠᠭᠤᠯᠤᠨ᠎ᠠ ᠃ ᠡᠳᠡᠭᠡᠷ ᠠᠵᠢᠯᠯᠠᠭ᠎ᠠ ᠨᠤᠭᠤᠳ ᠲᠤ᠌ ᠂ ᠲᠥᠯᠥᠭᠡᠯᠡᠭᠴᠢ ᠭᠡᠰᠢᠭᠦᠳ ᠥᠪᠡᠷ ᠦ᠋ᠨ ᠳᠠᠷᠬᠠᠨ ᠬᠢᠨᠠᠯᠲᠠ ᠲᠠᠯᠪᠢᠬᠤ ᠡᠷᠬᠡ ᠪᠡᠨ ᠬᠡᠷᠡᠭᠵᠢᠭᠦᠯᠵᠦ ᠂ ᠰᠢᠭᠦᠬᠦ ᠬᠣᠷᠢᠶᠠᠨ ᠤ᠋ ᠬᠥᠭᠵᠢᠯᠲᠡ ᠶ᠋ᠢ ᠭᠡᠷᠡᠴᠢᠯᠡᠵᠦ ᠂ 《ᠰᠣᠶᠣᠯ ᠢ᠋ᠶ᠋ᠠᠷ ᠳᠠᠮᠵᠢᠨ ᠰᠢᠭᠦᠬᠦ ᠬᠣᠷᠢᠶ᠎ᠠ ᠶ᠋ᠢ ᠦᠵᠡᠬᠦ 》 ᠂ 《ᠵᠢᠪᠦᠯᠲᠦ ᠵᠢᠰᠢᠮᠡᠭ ᠪᠡᠶᠡᠴᠢ ᠣᠢᠯᠠᠭᠠᠯᠲᠠ 》 ᠶᠢᠨ ᠬᠠᠤᠯᠢ ᠴᠠᠭᠠᠵᠠ ᠶ᠋ᠢᠨ ᠦᠢᠯᠡᠴᠢᠯᠡᠭᠡ ᠂ ᠰᠢᠭᠦᠬᠦ ᠬᠣᠷᠢᠶᠠᠨ ᠤ᠋ ᠠᠵᠢᠯ ᠴᠦ ᠨᠢᠭᠡ ᠠᠯᠬᠤᠮ ᠠᠯᠬᠤᠮ ᠢᠶᠠᠷ ᠬᠢᠨᠠᠯᠲᠠ ᠶ᠋ᠢᠨ ᠳᠤᠮᠳᠠ ᠪᠦᠬᠦ ᠲᠠᠯ ᠠ ᠪᠠᠷ ᠳᠡᠭᠡᠭᠰᠢᠯᠡᠨ᠎ᠡ ᠭᠡᠰᠡᠨ ᠪᠠᠢᠨ᠎ᠠ ᠃
ᠲᠡᠦᠬᠡ ᠶ᠋ᠢᠨ ᠵᠢᠷᠤᠭ ᠬᠠᠭᠤᠳᠠᠰᠦ ᠬᠠᠳᠠᠭᠤᠵᠢᠨ ᠤᠷᠤᠭᠰᠢᠯᠠᠬᠤ ᠳᠤᠮᠳᠠ ᠳᠡᠯᠭᠡᠭᠳᠡᠳᠡᠭ; ᠴᠠᠭ ᠦᠶ ᠡ ᠶ᠋ᠢᠨ ᠢᠷᠠᠭᠤ ᠨᠠᠢᠷᠠᠭ ᠦᠷᠭᠦᠯᠵᠢᠯᠡᠨ ᠲᠡᠮᠡᠴᠡᠬᠦ ᠶᠠᠪᠤᠴᠠ ᠳ᠋ᠤ᠌ ᠪᠢᠴᠢᠭᠳᠡᠳᠡᠭ ᠃ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢᠨ ᠰᠢᠨ᠎ᠡ ᠠᠶᠠᠨ ᠵᠠᠮ ᠳ᠋ᠤ᠌ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠦᠷᠭᠦᠯᠵᠢᠯᠡᠨ ᠲᠥᠯᠥᠭᠡᠯᠡᠭᠴᠢ ᠭᠡᠰᠢᠭᠦᠳ ᠲᠡᠢ ᠪᠡᠨ ᠬᠠᠮᠲᠤ ᠂ ᠭᠤᠢᠪᠢᠯᠵᠠᠰᠢ ᠦᠭᠡᠢ ᠪᠠᠲᠤ ᠢᠲᠡᠭᠡᠯ ᠲᠡᠢ ᠂ ᠭᠠᠭᠴᠠ ᠬᠦ᠌ ᠥᠷᠯᠥᠭᠡ ᠦᠳᠡᠰᠢ ᠶ᠋ᠢ ᠲᠡᠮᠡᠴᠡᠨᠡᠮ ᠤᠷᠮ᠎ᠠ ᠵᠤᠷᠢᠭ ᠲᠠᠢ ᠂ ᠰᠢᠨᠲᠠᠷᠠᠰᠢ ᠦᠭᠡᠢ ᠬᠠᠳᠠᠨ ᠵᠣᠷᠢᠭ ᠲᠠᠢ ᠪᠠᠢᠵᠤ ᠂ ᠲᠥᠯᠥᠭᠡᠯᠡᠭᠴᠢ ᠭᠡᠰᠢᠭᠦᠳ ᠢ᠋ ᠬᠠᠷᠢᠯᠴᠠᠬᠤ ᠠᠵᠢᠯ ᠵᠢᠴᠢ ᠰᠢᠭᠦᠨ ᠲᠠᠰᠤᠯᠬᠤ ᠭᠦᠢᠴᠡᠳᠬᠡᠬᠦ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠂ ᠵᠠᠷᠭᠤ ᠶ᠋ᠢᠨ ᠢᠷᠡᠯᠲᠡ ᠶ᠋ᠢ ᠵᠠᠰᠠᠬᠤ ᠵᠡᠷᠭᠡ ᠡᠯ᠎ᠡ ᠵᠦᠢᠯ ᠦ᠋ᠨ ᠠᠵᠢᠯ ᠲᠠᠢ ᠬᠠᠮᠲᠤ ᠳ᠋ᠤᠨᠢ ᠲᠥᠯᠥᠪᠯᠡᠵᠦ ᠂ ᠬᠠᠮᠲᠤ ᠪᠠᠷ ᠪᠠᠢᠷᠢᠯᠠᠭᠤᠯᠵᠤ ᠂ ᠬᠠᠮᠲᠤ ᠳ᠋ᠤᠨᠢ ᠲᠦᠯᠬᠢᠨ ᠠᠬᠢᠭᠤᠯᠬᠤ ᠶ᠋ᠢᠨ ᠬᠠᠮᠲᠤ ᠦᠢᠯᠡᠴᠢᠯᠡᠭᠡᠨ ᠦ᠌ ᠠᠷᠭ᠎ᠠ ᠮᠠᠶᠢᠭ ᠢ᠋ᠶ᠋ᠠᠨ ᠰᠢᠨᠡᠳᠬᠡᠵᠦ ᠂ ᠠᠵᠢᠯᠯᠠᠬᠤ ᠠᠷᠭ᠎ᠠ ᠮᠠᠶᠢᠭ ᠪᠠᠨ ᠪᠠᠶᠠᠯᠢᠭᠵᠢᠭᠤᠯᠵᠤ ᠂ ᠦᠢᠯᠡᠴᠢᠯᠡᠭᠡᠨ ᠦ᠌ ᠲᠥᠯᠦᠭᠡᠯᠡᠭᠴᠢ ᠭᠡᠰᠢᠭᠦᠳ ᠢ ᠰᠢᠭᠦᠬᠦ ᠬᠣᠷᠢᠶᠠᠨ ᠤ᠋ ᠡᠳᠦᠷ ᠲᠤᠲᠤᠮ ᠤ᠋ᠨ ᠠᠵᠢᠯ ᠳ᠋ᠤ᠌ ᠣᠷᠭᠠᠨᠢᠭ ᠢ᠋ᠶ᠋ᠠᠷ ᠠᠭᠤᠰᠤᠯᠴᠠᠭᠤᠯᠵᠤ ᠂ ᠰᠢᠨ᠎ᠡ ᠴᠠᠭ ᠦᠶ ᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠵᠤ ᠂ ᠰᠡᠷᠭᠦᠨ ᠮᠠᠨᠳᠤᠯᠲᠠ ᠶ᠋ᠢᠨ ᠠᠤᠭ᠎ᠠ ᠲᠥᠰᠥᠪ ᠢ᠋ ᠵᠢᠷᠤᠭᠯᠠᠵᠤ ᠂ ᠬᠠᠤᠯᠢ ᠪᠠᠷ ᠵᠠᠰᠠᠭᠰᠠᠨ ᠳᠤᠮᠳᠠᠳᠤ ᠤᠯᠤᠰ ᠤ᠋ᠨ ᠬᠠᠭᠤᠳᠠᠰᠤ ᠶ᠋ᠢ ᠬᠠᠮᠲᠤᠪᠠᠷ ᠪᠢᠴᠢᠭᠯᠡᠶ᠎ᠡ ᠭᠡᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ