ᠴᠢᠩᠬᠤᠸᠠ ᠶᠡᠬᠡ ᠰᠤᠷᠭᠠᠭᠤᠯᠢ ᠶ᠋ᠢᠨ ᠣᠶᠤᠨᠲᠤ ᠨᠡᠢᠭᠡᠮ ᠦ᠋ᠨ ᠲᠤᠷᠰᠢᠯᠲᠠ ᠶ᠋ᠢᠨ ᠰᠠᠭᠤᠷᠢᠨ ᠭᠠᠵᠠᠷ ᠤ᠋ᠨ ᠰᠤᠳᠤᠯᠭᠠᠨ ᠤ᠋ ᠠᠵᠢᠯ ᠤ᠋ᠨ ᠪᠠᠢᠴᠠᠭᠠᠨ ᠰᠤᠳᠤᠯᠬᠤ ᠳᠤᠭᠤᠢᠯᠠᠩ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠲᠣᠭᠣᠷᠢᠨ ᠪᠠᠢᠴᠠᠭᠠᠨ ᠰᠤᠳᠤᠯᠤᠯᠲᠠ ᠬᠢᠪᠡ
2023.07.20 ᠲᠣᠰ ᠥᠷᠲᠡᠭᠡᠨ᠎ᠦ ᠨᠠᠢᠷᠠᠭᠤᠯᠤᠭᠴᠢ

    7 ᠰᠠᠷ ᠠ ᠶ᠋ᠢᠨ 6 ᠤ᠋ ᠡᠳᠦᠷ ᠂ ᠴᠢᠩᠬᠤᠸᠠ ᠶᠡᠬᠡ ᠰᠤᠷᠭᠠᠭᠤᠯᠢ ᠶ᠋ᠢᠨ ᠣᠶᠤᠨᠲᠦ ᠨᠡᠢᠭᠡᠮ ᠦ᠋ᠨ ᠲᠤᠷᠰᠢᠯᠲᠠ ᠶ᠋ᠢᠨ ᠰᠠᠭᠤᠷᠢᠨ ᠭᠠᠵᠠᠷ ᠤ᠋ᠨ ᠰᠤᠳᠤᠯᠭᠠᠨ ᠤ᠋ ᠠᠵᠢᠯ ᠤ᠋ᠨ ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ ᠠ ᠳ᠋ᠤ᠌ ᠬᠦᠷᠴᠦ ᠲᠣᠭᠣᠷᠢᠨ ᠪᠠᠢᠴᠠᠭᠠᠨ ᠰᠤᠳᠤᠯᠤᠯᠲᠠ ᠬᠢᠵᠦ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠤᠳᠤᠯᠬᠤ ᠲᠠᠰᠤᠭ ᠂ ᠬᠡᠷᠡᠭ ᠪᠣᠯᠭᠠᠬᠤ ᠲᠢᠩᠬᠢᠮ ᠂ ᠰᠢᠭᠦᠬᠦ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠂ ᠮᠡᠷᠭᠡᠵᠢᠯ ᠦ᠋ᠨ ᠭᠠᠵᠠᠷ ᠵᠡᠷᠭᠡ ᠰᠠᠯᠠᠭ᠎ᠠ ᠮᠥᠴᠢᠷ ᠦ᠋ᠨ ᠬᠠᠮᠢᠶ᠎ᠠ ᠪᠦᠬᠦᠢ ᠬᠥᠮᠦᠰ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠭᠰᠡᠨ ᠪᠠᠢᠨ᠎ᠠ ᠃

 

 

    ᠪᠠᠢᠴᠠᠭᠠᠨ ᠰᠤᠳᠤᠯᠬᠤ ᠳᠤᠭᠤᠢᠯᠠᠩ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠠᠭᠠᠯᠳᠤᠯᠭ᠎ᠠ ᠶ᠋ᠢ ᠵᠣᠬᠢᠴᠠᠭᠤᠯᠬᠤ ᠲᠥᠪ ᠦ᠋ᠨ ᠪᠠᠢᠭᠤᠯᠤᠯᠲᠠ ᠶ᠋ᠢᠨ ᠪᠠᠢᠳᠠᠯ ᠢ᠋ ᠪᠠᠢᠴᠠᠭᠠᠨ ᠦᠵᠡᠵᠦ ᠂ ᠣᠨᠴᠠᠯᠢᠭᠲᠤ ᠡᠶᠡᠳᠡᠭᠦᠯᠬᠦ ᠠᠵᠢᠯ ᠤ᠋ᠨ ᠲᠠᠰᠤᠭ ᠂ ᠭᠠᠳᠠᠨ᠎ᠠ ᠠ᠋ᠴᠠ ᠣᠨᠴᠠ ᠤᠷᠢᠭᠰᠠᠨ ᠡᠶᠡᠳᠡᠭᠦᠯᠬᠦ ᠵᠣᠬᠢᠶᠠᠨ ᠪᠠᠢᠭᠤᠯᠤᠯᠲᠠ ᠂ ᠪᠠᠢᠭᠤᠯᠤᠭᠰᠠᠨ ᠡᠶᠡᠳᠡᠭᠦᠯᠦᠭᠴᠢ ᠶ᠋ᠢᠨ ᠡᠩᠨᠡᠭᠡᠨ ᠦ᠌ ᠪᠠᠢᠳᠠᠯ ᠵᠢᠴᠢ ᠵᠥᠷᠢᠴᠡᠯ ᠵᠢᠭᠤᠷᠠᠭᠠᠨ ᠢ᠋ ᠵᠠᠷᠭᠤ ᠠ᠋ᠴᠠ ᠡᠮᠦᠨ᠎ᠡ ᠡᠶᠡᠳᠡᠭᠦᠯᠬᠦ ᠠᠵᠢᠯ ᠤ᠋ᠨ ᠲᠣᠭᠲᠠᠴᠠ ᠵᠡᠷᠭᠡ ᠲᠠᠯ ᠠ ᠪᠠᠷ ᠬᠢ ᠬᠠᠮᠢᠶ᠎ᠠ ᠪᠦᠬᠦᠢ ᠠᠵᠢᠯᠲᠠᠳ ᠲᠠᠢ ᠭᠦᠨᠵᠡᠭᠡᠢ ᠰᠥᠪᠡᠭᠴᠢᠯᠡᠨ ᠰᠤᠯᠢᠯᠴᠠᠨ ᠶᠠᠷᠢᠯᠴᠠᠵᠠᠢ᠃ ᠡᠭᠦᠨ ᠦ᠌ ᠬᠠᠮᠲᠤ ᠂ ᠪᠠᠢᠴᠠᠭᠠᠨ ᠰᠤᠳᠤᠯᠬᠤ ᠳᠤᠭᠤᠢᠯᠠᠩ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠦᠯᠵᠢᠶᠡᠨ ᠳᠡᠭᠡᠷᠡᠬᠢ ᠵᠠᠷᠭᠤ ᠶ᠋ᠢᠨ ᠠᠵᠢᠯ ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠂ ᠰᠦᠯᠵᠢᠶᠡᠨ ᠳᠡᠭᠡᠷ᠎ᠡ ᠡᠶᠡᠳᠡᠭᠦᠯᠬᠦ ᠂ ᠰᠦᠯᠵᠢᠶᠡᠨ ᠳᠡᠭᠡᠷ᠎ᠡ ᠲᠢᠩᠬᠢᠮ ᠨᠡᠭᠡᠭᠡᠬᠦ ᠵᠡᠷᠭᠡ ᠪᠠᠢᠳᠠᠯ ᠢ᠋ ᠨᠠᠷᠢᠨ ᠨᠢᠮᠪᠠᠢ ᠣᠢᠯᠠᠭᠠᠵᠤ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠠᠮᠤᠭ ᠤᠷᠢᠳᠠᠪᠡᠷ ᠪᠠᠢᠭᠤᠯᠤᠭᠰᠠᠨ ᠥᠪᠥᠷ ᠮᠣᠩᠭᠣᠯ ᠤ᠋ᠨ ᠰᠢᠭᠦᠬᠦ ᠬᠣᠷᠢᠶᠠᠨ ᠤ᠋ ᠰᠢᠰᠲ᠋ᠧᠮ ᠦ᠋ᠨ ᠠᠩᠬᠠᠳᠠᠭᠴᠢ ᠰᠦᠯᠵᠢᠶ᠎ᠡ ᠠᠯᠤᠰᠯᠠᠭᠰᠠᠨ ᠬᠠᠮᠲᠤᠷᠠᠭᠰᠠᠨ ᠰᠢᠭᠦᠬᠦ ᠲᠢᠩᠬᠢᠮ ᠦ᠋ᠨ ᠰᠢᠰᠲ᠋ᠧᠮ ᠤᠨ ᠠᠬᠤᠢ ᠲᠠᠯᠠᠪᠠᠢ  ᠳᠦ ᠲᠤᠭᠤᠷᠢᠨ ᠦᠵᠡᠭᠰᠡᠨ ᠪᠠᠢᠨ᠎ᠠ ᠃

 

 

 

 

 

    ᠪᠠᠢᠴᠠᠭᠠᠨ ᠰᠤᠳᠤᠯᠬᠤ ᠳᠤᠭᠤᠢᠯᠠᠩ ᠪᠠᠰᠠ ᠣᠷᠳᠣᠰ ᠤ᠋ᠨ ᠰᠢᠭᠦᠬᠦ ᠬᠣᠷᠢᠶᠠᠨ ᠤ᠋ 《ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠭᠠᠯᠳᠤᠯᠭ ᠠ ᠶ᠋ᠢᠨ ᠡᠬᠢ ᠰᠤᠷᠪᠤᠯᠵᠢ ᠶ᠋ᠢ ᠵᠠᠰᠠᠬᠤ ᠬᠡᠪ ᠵᠠᠭᠪᠤᠷ ᠢ᠋ ᠭᠦᠨᠵᠡᠭᠡᠢ ᠣᠢᠯᠠᠭᠠᠵᠤ ᠂ ᠲᠤᠰ ᠬᠡᠪ ᠵᠠᠭᠪᠤᠷ ᠨᠢ 《 ᠡᠮᠦᠨ᠎ᠡ ᠦᠵᠦᠭᠦᠷ ᠨᠢ ᠡᠪᠡᠳᠴᠢᠨ ᠢ ᠰᠡᠷᠭᠡᠢᠯᠡᠬᠦ 》᠂ 《 ᠳᠤᠮᠳᠠ ᠦᠵᠦᠭᠦᠷ ᠨᠢ ᠵᠢᠵᠢᠭ᠌ ᠡᠪᠡᠳᠴᠢᠨ ᠢ᠋ ᠵᠠᠰᠠᠬᠤ 》 ᠂ 《 ᠰᠡᠭᠦᠯ ᠦ᠋ᠨ ᠦᠵᠦᠭᠦᠷ ᠨᠢ ᠡᠪᠡᠳᠴᠢᠯᠡᠭᠰᠡᠨ ᠢ᠋ ᠵᠠᠰᠠᠬᠤ 》ᠭᠡᠬᠦ ᠭᠤᠷᠪᠠᠨ ᠦᠵᠦᠭᠦᠷ  ᠢ ᠨᠠᠷᠢᠨ ᠣᠨᠣᠪᠴᠢᠲᠠᠢ ᠲᠥᠪᠯᠡᠷᠡᠭᠦᠯᠵᠦ ᠂ ᠵᠠᠭᠠᠯᠳᠤᠯᠭ ᠠ ᠶᠢᠨ ᠡᠬᠢ ᠂ ᠵᠠᠭᠠᠯᠳᠤᠬᠤ ᠠ᠋ᠴᠠ ᠡᠮᠦᠨ᠎ᠡ ᠂ ᠵᠠᠭᠠᠯᠳᠤᠬᠤ ᠳᠤᠮᠳᠠ ᠂ ᠰᠢᠭᠦᠨ ᠲᠠᠰᠤᠯᠤᠭᠰᠠᠨ ᠤ᠋ ᠳᠠᠷᠠᠭ᠎ᠠ ᠂ ᠭᠦᠢᠴᠡᠳᠬᠡᠬᠦ ᠶᠢᠨ ᠡᠬᠢ ᠵᠡᠷᠭᠡ《 ᠲᠠᠪᠤᠨ ᠲᠠᠯ ᠠ ᠶ᠋ᠢᠨ ᠰᠡᠷᠭᠡᠢᠯᠡᠯᠲᠡ ᠶ᠋ᠢᠨ ᠱᠤᠭᠤᠮ 》 ᠢ ᠨᠢᠭᠲᠠ ᠨᠡᠭᠡᠵᠦ ᠂ 《 ᠵᠥᠷᠢᠴᠡᠯ ᠢ᠋ ᠵᠠᠷᠭᠤᠯᠳᠤᠬᠤ ᠠ᠋ᠴᠠ ᠡᠮᠦᠨ᠎ᠡ ᠡᠪᠰᠡᠭᠦᠯᠦᠨ ᠂  ᠵᠢᠭᠤᠷᠠᠭᠠᠨ ᠢ᠋ ᠵᠠᠷᠭᠤᠯᠳᠤᠬᠤ ᠶ᠋ᠢᠨ ᠳᠤᠮᠳᠠ ᠨᠠᠮᠳᠠᠭᠤᠯᠬᠤ 》 ᠶᠢ ᠪᠡᠶᠡᠯᠡᠭᠦᠯᠦᠭᠰᠡᠨ ᠣᠯᠠᠨ ᠰᠡᠷᠭᠡᠢᠯᠡᠯᠲᠡ ᠶ᠋ᠢᠨ ᠱᠤᠭᠤᠮ  ᠢ ᠵᠠᠰᠠᠬᠤ ᠬᠠᠷᠠᠯᠲᠠ  ᠳᠦ ᠥᠨᠳᠥᠷ ᠦᠨᠡᠯᠡᠯᠲᠡ ᠥᠭᠴᠡᠢ ᠃

    ᠣᠷᠳᠣᠰ ᠬᠣᠲᠠ ᠨᠢ ᠪᠦᠬᠦ ᠤᠯᠤᠰ ᠤ᠋ᠨ ᠠᠩᠬᠠᠨ ᠤ᠋ ᠤᠯᠤᠰ ᠤᠨ 10 ᠤᠶᠤᠨᠲᠦ ᠨᠡᠢᠭᠡᠮ ᠦ᠋ᠨ ᠵᠠᠰᠠᠯᠲᠠ ᠶ᠋ᠢᠨ ᠲᠤᠷᠰᠢᠯᠲᠠ ᠶ᠋ᠢᠨ ᠴᠣᠭᠴᠠᠯᠠᠪᠤᠷᠢ ᠪᠠᠭᠠᠵᠢ ᠶ᠋ᠢᠨ ᠨᠢᠭᠡ ᠪᠣᠯᠤᠭᠰᠠᠨ ᠤ᠋ ᠬᠤᠪᠢ ᠳ᠋ᠤ᠌ ᠂ ᠵᠠᠮ ᠬᠠᠢᠬᠤ ᠂ ᠦᠯᠢᠭᠡᠷ ᠵᠢᠱ᠌ᠢᠶ᠎ᠡ ᠦᠵᠡᠭᠦᠯᠬᠦ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠪᠠᠢᠨ᠎ᠠ ᠃ ᠡᠨᠡ ᠤᠳᠠᠭ᠎ᠠ ᠶ᠋ᠢᠨ ᠴᠢᠩᠬᠤᠸᠠ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠠᠵᠢᠯ ᠤ᠋ᠨ ᠬᠡᠰᠡᠭ ᠦ᠋ᠨ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ ᠠ ᠳ᠋ᠤ᠌ ᠬᠢᠭᠰᠡᠨ ᠰᠤᠳᠤᠯᠭ᠎ᠠ ᠪᠣᠯ ᠣᠷᠳᠣᠰ ᠤ᠋ᠨ ᠤᠯᠤᠰ ᠤᠨ ᠤᠶᠤᠨᠲᠦ ᠨᠡᠢᠭᠡᠮ ᠦ᠋ᠨ ᠵᠠᠰᠠᠯᠲᠠ ᠶ᠋ᠢᠨ ᠲᠤᠷᠰᠢᠯᠲᠠ ᠶ᠋ᠢᠨ ᠶᠡᠷᠦᠩᠬᠡᠢᠯᠡᠭᠰᠡᠨ ᠪᠠᠭᠠᠵᠢ ᠶ᠋ᠢᠨ ᠪᠦᠲᠦᠭᠡᠨ ᠪᠠᠢᠭᠤᠯᠤᠯᠲᠠ ᠶ᠋ᠢᠨ ᠠᠵᠢᠯ ᠤ᠋ᠨ ᠨᠢᠭᠡᠨ ᠴᠢᠬᠤᠯᠠ ᠡᠭᠦᠷᠭᠡ ᠪᠣᠯᠤᠨ᠎ᠠ ᠃ ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠨᠢ ᠬᠣᠲᠠ ᠶ᠋ᠢᠨ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠤ᠋ ᠠᠵᠢᠯ ᠤ᠋ᠨ ᠪᠠᠢᠷᠢᠯᠠᠭᠤᠯᠤᠯᠲᠠ ᠶ᠋ᠢᠨ ᠲᠣᠭᠣᠷᠢᠨ ᠳ᠋ᠤ᠌ ᠂ ᠰᠢᠭᠦᠬᠦ ᠬᠣᠷᠢᠶᠠᠨ ᠤ᠋ ᠲᠤᠰ ᠪᠡᠶ ᠡ ᠶ᠋ᠢᠨ ᠪᠣᠳᠠᠲᠤ ᠪᠠᠢᠳᠠᠯ ᠲᠠᠢ ᠪᠡᠨ ᠤᠶᠠᠯᠳᠤᠭᠤᠯᠤᠨ ᠂ ᠬᠠᠤᠯᠢ ᠴᠠᠭᠠᠵᠠ ᠶ᠋ᠢᠨ ᠠᠵᠢᠯ ᠪᠣᠯᠤᠨ ᠣᠳᠣ ᠦᠶ ᠡ ᠶ᠋ᠢᠨ ᠰᠢᠨᠵᠢᠯᠡᠬᠦ ᠤᠬᠠᠭᠠᠨ ᠮᠡᠷᠭᠡᠵᠢᠯ ᠦ᠋ᠨ ᠭᠦᠨᠵᠡᠭᠡᠢ ᠠᠭᠤᠰᠤᠯᠴᠠᠯ ᠢ᠋ ᠤᠯᠠᠮ ᠨᠢᠭᠡ ᠠᠯᠬᠤᠮ ᠠᠬᠢᠭᠤᠯᠵᠤ ᠂ 《 ᠵᠠᠷᠭᠤ ᠶᠢᠨ ᠰᠤᠷᠪᠤᠯᠵᠢ ᠶ᠋ᠢ ᠣᠶᠤᠨᠴᠢ ᠵᠠᠰᠠᠬᠤ 》 ᠲᠣᠣᠷ ᠢ᠋ ᠪᠦᠬᠦ ᠲᠠᠯ ᠠ ᠪᠠᠷ ᠪᠦᠷᠬᠦᠭᠦᠯᠵᠦ ᠂ ᠰᠢᠯᠢᠳᠡᠭ ᠴᠢᠨᠠᠷᠲᠠᠢ ᠵᠢᠭᠤᠷᠭᠠᠨ ᠢ ᠰᠡᠢᠳᠪᠥᠷᠢᠯᠡᠭᠰᠡᠨ ᠡᠬᠢ ᠪᠠᠶᠠᠯᠢᠭ ᠢ᠋ 《 ᠡᠭᠦᠯᠡᠨ ᠰᠤᠷᠪᠤᠯᠵᠢ 》 ᠳ᠋ᠤ᠌ ᠲᠥᠪᠯᠡᠷᠡᠭᠦᠯᠦᠨ ᠂ ᠲᠣᠭᠠᠴᠢᠯᠠᠭᠰᠠᠨ ᠴᠢᠳᠠᠪᠬᠢ ᠶ᠋ᠢ ᠦᠨᠡᠨᠬᠦ ᠵᠠᠰᠠᠯᠲᠠ ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠣᠯᠤᠨ᠎ᠠ ᠭᠡᠵᠠᠢ ᠃ ᠡᠭᠦᠨ ᠦ᠌ ᠬᠠᠮᠲᠤ ᠂ ᠣᠶᠤᠨᠴᠢ ᠰᠢᠭᠦᠬᠦ ᠬᠣᠷᠢᠶ ᠠ ᠶ᠋ᠢᠨ ᠪᠥᠲᠦᠭᠡᠨ ᠪᠠᠢᠭᠤᠯᠤᠯᠲᠠ ᠶ᠋ᠢ ᠪᠥᠬᠥ ᠲᠠᠯ ᠠ ᠪᠠᠷ ᠭᠦᠨᠵᠡᠭᠡᠢᠷᠡᠭᠦᠯᠵᠦ ᠂ ᠰᠢᠭᠦᠨ ᠲᠠᠰᠤᠯᠤᠯᠲᠠ ᠶ᠋ᠢᠨ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶ᠋ᠢᠨ ᠣᠳᠣᠬᠢᠴᠢᠯᠠᠯᠲᠠ ᠶ᠋ᠢ ᠠᠬᠢᠭᠤᠯᠵᠤ ᠂ ᠨᠡᠩ ᠥᠨᠳᠥᠷ ᠲᠦᠪᠰᠢᠨ ᠲᠡᠢ ᠲᠤᠭᠠᠴᠢᠯᠠᠭᠰᠠᠨ ᠰᠢᠳᠤᠷᠭᠤ ᠶᠣᠰᠣ ᠶ᠋ᠢ ᠪᠡᠶᠡᠯᠡᠭᠦᠯᠦᠨ ᠂ ᠤᠯᠤᠰ ᠤ᠋ᠨ ᠣᠶᠤᠨᠲᠦ ᠨᠡᠢᠭᠡᠮ ᠦ᠋ᠨ ᠵᠠᠰᠠᠯᠲᠠ ᠶ᠋ᠢᠨ ᠲᠤᠷᠰᠢᠯᠲᠠ ᠶ᠋ᠢᠨ ᠶᠡᠷᠦᠩᠬᠡᠢᠯᠡᠭᠰᠡᠨ ᠰᠠᠭᠤᠷᠢᠨ ᠭᠠᠵᠠᠷ ᠤ᠋ᠨ ᠪᠦᠲᠦᠭᠡᠨ ᠪᠠᠢᠭᠤᠯᠤᠯᠲᠠ ᠳ᠋ᠤ᠌ 《 ᠣᠷᠳᠣᠰ ᠲᠥᠰᠥᠪ 》 ᠢ᠋ ᠬᠠᠢᠨ ᠰᠦᠪᠡᠭᠴᠢᠯᠡᠬᠦ ᠳ᠋ᠦ᠍ ᠰᠢᠭᠦᠬᠦ ᠬᠣᠷᠢᠶᠠᠨ ᠤ᠋ ᠬᠦᠴᠦᠨ ᠴᠢᠳᠠᠯ ᠢ᠋ᠶ᠋ᠠᠨ ᠡᠷᠭᠦᠶ᠎ᠡ ᠭᠡᠰᠡᠨ ᠪᠠᠢᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )