ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢᠭᠡᠨ ᠭᠡᠷ ᠰᠤᠯᠠᠯᠠᠬᠤ ᠬᠡᠷᠡᠭ ᠢ᠋ ᠭᠦᠢᠴᠡᠳᠬᠡᠬᠦ ᠶᠠᠪᠤᠴᠠ ᠳ᠋ᠤ᠌ ᠂ ᠠᠯᠪᠠᠳᠠᠯᠭ᠎ᠠ ᠪᠠᠷ ᠭᠦᠢᠴᠡᠳᠬᠡᠬᠦ ᠪᠠ ᠰᠠᠢᠨ ᠰᠠᠨᠠᠭ᠎ᠠ ᠪᠠᠷ ᠭᠦᠢᠴᠡᠳᠬᠡᠬᠦ ᠶ᠋ᠢ ᠤᠶᠠᠯᠳᠤᠭᠤᠯᠬᠤ ᠶ᠋ᠢ ᠪᠠᠷᠢᠮᠲᠠᠯᠠᠵᠤ ᠂ 《 ᠠᠯᠪᠠᠳᠠᠯᠭ᠎ᠠ ᠪᠠᠷ ᠭᠡᠷ ᠰᠤᠯᠠᠯᠠᠬᠤ 》 ᠶ᠋ᠢ ᠡᠶᠡᠳᠡᠭᠦᠯᠦᠨ ᠭᠦᠢᠴᠡᠳᠭᠡᠬᠦ ᠪᠣᠯᠭᠠᠨ ᠬᠤᠪᠢᠷᠠᠭᠤᠯᠵᠤ ᠂ ᠬᠠᠤᠯᠢ ᠴᠠᠭᠠᠵᠠ ᠶ᠋ᠢᠨ ᠬᠠᠯᠠᠭᠤᠮᠰᠤᠭ ᠢ᠋ ᠢᠯᠡᠷᠡᠭᠦᠯᠬᠦ ᠶ᠋ᠢᠨ ᠬᠠᠮᠲᠤ ᠲᠤᠬᠠᠢ ᠶ᠋ᠢᠨ ᠬᠥᠮᠦᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠪᠦᠲᠦᠮᠵᠢᠲᠡᠢ ᠪᠠᠲᠤᠯᠠᠪᠠ ᠃
ᠭᠦᠢᠴᠡᠳᠭᠡᠬᠦ ᠶᠢ ᠭᠤᠶᠤᠴᠢᠯᠠᠭᠴᠢ ᠬᠢᠶ᠎ᠡ ᠪᠠᠭᠰᠢ ᠲᠣᠭᠣᠷᠢᠭ ᠤ᠋ᠨ ᠨᠢᠭᠡᠨ ᠲᠣᠪᠴᠢᠶ᠎ᠠ ᠬᠢᠭᠡᠳ ᠭᠦᠢᠴᠡᠳᠬᠡᠭᠳᠡᠭᠴᠢ ᠸᠧᠢ ᠣᠪᠣᠭᠲᠤ ᠶ᠋ᠢᠨ ᠤᠯᠤᠰ ᠤ᠋ᠨ ᠳᠣᠲᠣᠭᠠᠳᠤ ᠳ᠋ᠤ᠌ ᠭᠠᠳᠠᠭᠠᠳᠤ ᠲᠠᠢ ᠬᠣᠯᠪᠣᠭᠳᠠᠬᠤ ᠦᠭᠡᠢ ᠬᠥᠨᠳᠡᠯᠡᠨ ᠡᠴᠡ ᠲᠠᠰᠤᠯᠤᠭᠰᠠᠨ ᠬᠡᠷᠡᠭ ᠤ᠋ᠨ ᠲᠠᠰᠤᠯᠤᠯᠲᠠ ᠳ᠋ᠤ ᠰᠤᠯᠠᠯᠠᠨ ᠪᠤᠴᠠᠭᠠᠬᠤ ᠭᠡᠷ ᠪᠠᠢᠰᠢᠩ ᠪᠠ ᠥᠷᠢᠲᠦᠭᠰᠡᠨ ᠰᠦᠢᠳᠬᠡᠯ ᠢ᠋ᠶ᠋ᠡᠨ ᠲᠤᠰᠢᠶᠠᠬᠤ ᠬᠣᠶᠠᠷ ᠵᠦᠢᠯ ᠤ᠋ᠨ ᠭᠦᠢᠴᠡᠳᠬᠡᠬᠦ ᠠᠭᠤᠯᠭ᠎ᠠ ᠬᠣᠯᠪᠣᠭᠳᠠᠵᠤ ᠪᠠᠢᠨ᠎ᠠ ᠃ ᠲᠤᠰ ᠬᠡᠷᠡᠭ ᠢ᠋ ᠭᠦᠢᠴᠡᠳᠬᠡᠬᠦ ᠶᠠᠪᠤᠴᠠ ᠳ᠋ᠤ᠌ ᠂ ᠳᠠᠭᠠᠭᠠᠨ ᠰᠢᠢᠳᠪᠦᠷᠢᠯᠡᠬᠦ ᠰᠢᠭᠦᠭᠴᠢ ᠣᠯᠠᠨ ᠤᠳᠠᠭ᠎ᠠ ᠭᠦᠢᠴᠡᠳᠬᠡᠭᠳᠡᠭᠴᠢ ᠶ᠋ᠢᠨ ᠰᠠᠭᠤᠭ᠎ᠠ ᠨᠡᠢᠭᠡᠮ ᠲᠣᠭᠣᠷᠢᠭ ᠪᠠ ᠲᠡᠭᠦᠨ ᠦ᠌ ᠭᠡᠷ ᠲᠦ᠍ ᠬᠦᠷᠴᠦ ᠬᠡᠷᠡᠭ ᠤ᠋ᠨ ᠪᠠᠢᠳᠠᠯ ᠢ᠋ ᠣᠢᠯᠠᠭᠠᠵᠤ ᠂ ᠭᠦᠢᠴᠡᠳᠬᠡᠭᠳᠡᠭᠴᠢ ᠸᠧᠢ ᠣᠪᠣᠭᠲᠤ ᠡᠷ᠎ᠡ ᠡᠮ᠎ᠡ ᠬᠣᠶᠠᠭᠤᠯᠠ ᠪᠠᠨ ᠪᠦᠷ ᠵᠡᠮᠳᠡᠭᠴᠦᠳ ᠪᠠᠢᠵᠤ ᠂ ᠣᠷᠣᠯᠭ᠎ᠠ ᠶ᠋ᠢᠨ ᠢᠷᠡᠯᠲᠡ ᠦᠭᠡᠢ ᠂ ᠠᠮᠢᠳᠤᠷᠠᠯ ᠨᠢ ᠬᠦᠴᠢᠷᠲᠡᠢ ᠂ ᠬᠡᠷᠪᠡ ᠭᠡᠷ ᠢ᠋ᠶ᠋ᠡᠨ ᠰᠤᠯᠠᠯᠠᠨ ᠪᠤᠴᠠᠭᠠᠬᠤ ᠳ᠋ᠦ᠍ ᠬᠦᠷᠪᠡᠯ ᠂ ᠡᠷ᠎ᠡ ᠡᠮ᠎ᠡ ᠬᠣᠶᠠᠭᠤᠯᠠ ᠰᠠᠭᠤᠬᠤ ᠭᠠᠵᠠᠷ ᠦᠭᠡᠢ ᠂ ᠣᠳᠣ ᠶ᠋ᠢᠨ ᠰᠠᠭᠤᠭ᠎ᠠ ᠭᠠᠵᠠᠷ ᠲᠠᠭᠠᠨ ᠦᠷᠭᠦᠯᠵᠢᠯᠡᠨ ᠰᠠᠭᠤᠬᠤ ᠶ᠋ᠢ ᠬᠦᠰᠡᠵᠦ ᠂ ᠡᠭᠦᠨ ᠡᠴᠡ ᠡᠮᠦᠨᠡᠬᠢ ᠥᠷᠢᠲᠦᠵᠦ ᠪᠠᠢᠭᠰᠠᠨ ᠵᠠᠷᠤᠳᠠᠯ ᠢ᠋ᠶ᠋ᠠᠨ ᠬᠤᠭᠤᠴᠠᠭ᠎ᠠ ᠬᠤᠪᠢᠶᠠᠨ ᠲᠤᠰᠢᠶᠠᠨ᠎ᠠ ᠭᠡᠵᠦ ᠢᠯᠡᠳᠬᠡᠪᠡ ᠃ ᠰᠢᠭᠦᠭᠴᠢ ᠬᠡᠷᠡᠭ ᠤ᠋ᠨ ᠪᠠᠢᠳᠠᠯ ᠢ᠋ ᠭᠦᠢᠴᠡᠳ ᠣᠢᠯᠠᠭᠠᠭᠰᠠᠨ ᠤ᠋ ᠳᠠᠷᠠᠭ᠎ᠠ ᠨᠡᠢᠭᠡᠮ ᠲᠣᠭᠣᠷᠢᠭ ᠵᠢᠴᠢ ᠠᠳᠠᠯ ᠠᠬᠤᠢ ᠡᠴᠡ ᠭᠡᠷᠡᠴᠢᠯᠡᠯ ᠡᠷᠢᠵᠦ ᠂ ᠭᠦᠢᠴᠡᠳᠬᠡᠭᠳᠡᠭᠴᠢ ᠸᠧᠢ ᠣᠪᠣᠭᠲᠤ ᠶ᠋ᠢᠨ ᠬᠡᠯᠡᠭᠰᠡᠨ ᠨᠢ ᠦᠨᠡᠨ ᠭᠡᠳᠡᠭ ᠢ᠋ ᠭᠡᠷᠡᠴᠢᠯᠡᠪᠡ ᠃ ᠳᠠᠭᠠᠭᠠᠨ ᠰᠢᠢᠳᠪᠦᠷᠢᠯᠡᠬᠦ ᠰᠢᠭᠦᠭᠴᠢ ᠨᠢ ᠭᠦᠢᠴᠡᠳᠭᠡᠬᠦ ᠶᠢ ᠭᠤᠶᠤᠴᠢᠯᠠᠭᠴᠢ ᠶ᠋ᠢᠨ ᠰᠠᠨᠠᠯ ᠢ᠋ ᠠᠪᠤᠭᠰᠠᠨ ᠤ᠋ ᠳᠠᠷᠠᠭ᠎ᠠ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠢ᠋ ᠡᠶᠡᠳᠡᠭᠦᠯᠦᠨ ᠭᠦᠢᠴᠡᠳᠭᠡᠬᠦ ᠬᠡᠯᠡᠯᠴᠡᠭᠡᠷ ᠲᠣᠭᠲᠠᠬᠤ ᠶ᠋ᠢ ᠠᠬᠢᠭᠤᠯᠵᠤ ᠂ ᠭᠦᠢᠴᠡᠳᠬᠡᠭᠳᠡᠭᠴᠢ ᠸᠧᠢ ᠣᠪᠣᠭᠲᠤ ᠤᠷᠢᠳᠠᠪᠠᠷ ᠭᠤᠷᠪᠠᠨ ᠤ᠋ ᠨᠢᠭᠡ ᠶ᠋ᠢᠨ ᠥᠷᠢᠲᠦᠵᠦ ᠪᠠᠢᠬᠤ ᠵᠣᠭᠣᠰ ᠢ᠋ ᠲᠤᠰᠢᠶᠠᠵᠤ ᠂ ᠬᠣᠶᠠᠷ ᠲᠠᠯ᠎ᠠ ᠪᠠᠷ ᠢ᠋ᠶ᠋ᠠᠨ ᠭᠡᠷ ᠪᠠᠢᠰᠢᠩ ᠤ᠋ᠨ ᠲᠦᠷᠢᠶᠡᠰᠦᠯᠡᠯ ᠤ᠋ᠨ ᠭᠡᠷ᠎ᠡ ᠶ᠋ᠢ ᠳᠠᠬᠢᠨ ᠲᠣᠭᠲᠠᠵᠤ ᠂ ᠦᠯᠡᠳᠡᠭᠰᠡᠨ ᠥᠷᠢᠲᠦᠵᠦ ᠪᠠᠢᠭ᠎ᠠ ᠰᠦᠢᠳᠬᠡᠯ ᠪᠣᠯᠤᠨ ᠰᠢᠨ᠎ᠡ ᠰᠦᠢᠳᠬᠡᠯ ᠢ᠋ ᠭᠦᠢᠴᠡᠳᠬᠡᠭᠳᠡᠭᠴᠢ ᠸᠧᠢ ᠣᠪᠣᠭᠲᠤ ᠬᠤᠭᠤᠴᠠᠭ᠎ᠠ ᠬᠤᠪᠢᠶᠠᠨ ᠲᠤᠰᠢᠶᠠᠵᠤ ᠂ ᠲᠤᠰ ᠬᠡᠷᠡᠭ ᠢ᠋ ᠭᠦᠢᠴᠡᠳᠬᠡᠵᠦ ᠳᠠᠭᠤᠰᠭᠠᠪᠠ ᠃
ᠡᠨᠡ ᠪᠣᠯ ᠵᠡᠮᠳᠡᠭᠴᠦᠳ ᠤ᠋ᠨ ᠡᠷᠬᠡ ᠠᠰᠢᠭ ᠢ᠋ ᠬᠠᠮᠠᠭᠠᠯᠠᠬᠤ ᠳ᠋ᠤ᠌ ᠬᠣᠯᠪᠣᠭᠳᠠᠭᠰᠠᠨ ᠨᠡᠢᠲᠡᠯᠢᠭ ᠬᠡᠷᠡᠭ ᠪᠣᠯᠤᠨ᠎ᠠ ᠃ ᠭᠦᠢᠴᠡᠳᠬᠡᠬᠦ ᠶᠠᠪᠤᠴᠠ ᠳ᠋ᠤ᠌ ᠂ ᠳᠠᠭᠠᠭᠠᠨ ᠰᠢᠢᠳᠪᠦᠷᠢᠯᠡᠬᠦ ᠰᠢᠭᠦᠭᠴᠢ ᠶ᠋ᠢᠨ ᠬᠠᠤᠯᠢ ᠳᠦᠷᠢᠮ ᠶᠣᠰᠣᠭᠠᠷ ᠠᠯᠪᠠᠳᠠᠯᠭ᠎ᠠ ᠶ᠋ᠢᠨ ᠠᠷᠭ᠎ᠠ ᠬᠡᠮᠵᠢᠶ᠎ᠡ ᠠᠪᠬᠤ ᠶ᠋ᠢᠨ ᠬᠠᠮᠲᠤ ᠂ ᠭᠦᠢᠴᠡᠳᠬᠡᠭᠳᠡᠭᠴᠢ ᠶ᠋ᠢᠨ ᠵᠡᠮᠳᠡᠭ ᠤ᠋ᠨ ᠪᠠᠢᠳᠠᠯ ᠢ᠋ ᠭᠦᠢᠴᠡᠳ ᠪᠣᠳᠣᠯᠬᠢᠯᠠᠵᠤ ᠂ ᠡᠶᠡᠳᠡᠭᠦᠯᠬᠦ ᠠᠷᠭ᠎ᠠ ᠪᠠᠷᠢᠯ ᠢ᠋ ᠢᠳᠡᠪᠬᠢᠲᠡᠢ ᠬᠡᠷᠡᠭᠯᠡᠵᠦ ᠂ ᠬᠠᠮᠤᠭ ᠡᠴᠦᠰ ᠲᠦ᠍ ᠬᠣᠶᠠᠷ ᠲᠠᠯ᠎ᠠ ᠪᠠᠷ ᠢ᠋ᠶ᠋ᠠᠨ ᠭᠠᠷ ᠠᠳᠬᠤᠨ ᠡᠶᠡᠳᠡᠵᠦ ᠂ ᠰᠠᠢᠨ ᠰᠠᠢᠬᠠᠨ ᠭᠦᠢᠴᠡᠳᠬᠡᠬᠦ ᠦᠷ᠎ᠡ ᠪᠦᠲᠦᠮᠵᠢ ᠶ᠋ᠢ ᠣᠯᠵᠠᠢ ᠃
ᠦᠨᠡᠯᠡᠬᠦ 0ᠦᠨᠡᠯᠡᠯᠲᠡ᠎ᠲᠠᠢ