ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠤᠯᠪᠤᠭᠠᠯᠠᠨ ᠳᠠᠭᠠᠭᠠᠴᠢᠯᠠᠵᠤ ᠲᠤᠰᠬᠤᠨ ᠳᠤ ᠰᠠᠭᠤᠬᠤ ᠠᠵᠢᠯ ᠨᠢ ᠪᠥᠬᠥ ᠬᠣᠲᠠ ᠶ᠋ᠢᠨ ᠬᠥᠬᠢᠭᠦᠯᠦᠯ ᠢ᠋ ᠬᠦᠷᠲᠡᠪᠡ ︕
2023.07.21 ᠲᠣᠰ ᠥᠷᠲᠡᠭᠡᠨ᠎ᠦ ᠨᠠᠢᠷᠠᠭᠤᠯᠤᠭᠴᠢ

    ᠣᠢᠷ᠎ᠠ ᠳ᠋ᠤ᠌ ᠂ 2023 ᠣᠨ ᠤ ᠪᠥᠬᠥ ᠬᠣᠲᠠ ᠶᠢᠨ ᠬᠤᠯᠪᠤᠭᠠᠯᠠᠨ ᠳᠠᠭᠠᠭᠠᠴᠢᠯᠠᠵᠤ ᠲᠤᠰᠬᠤᠨ ᠳᠤ ᠰᠠᠭᠤᠬᠤ ᠠᠵᠢᠯ ᠢ ᠠᠬᠢᠭᠤᠯᠬᠤ ᠬᠤᠷᠠᠯ ᠵᠢᠴᠢ ᠠᠵᠤ ᠠᠬᠤᠢᠯᠠᠯ ᠪᠠ ᠭᠠᠵᠠᠷ ᠣᠷᠣᠨ ᠤ ᠬᠦᠴᠦ ᠪᠡᠨ ᠬᠠᠮᠲᠤᠳᠬᠠᠨ ᠬᠡᠷᠡᠭᠯᠡᠭᠡ ᠶᠢ ᠬᠠᠪᠰᠤᠷᠤᠨ ᠲᠡᠳᠬᠦᠬᠦ ᠭᠡᠷ᠎ᠡ ᠲᠣᠭᠲᠠᠬᠤ ᠶᠡᠬᠡ ᠬᠤᠷᠠᠯ ᠣᠷᠳᠣᠰ ᠤᠨ ᠣᠯᠠᠨ ᠤᠯᠤᠰ ᠤᠨ ᠬᠤᠷᠠᠯ ᠦᠵᠡᠰᠬᠦᠯᠡᠩ ᠦᠨ ᠲᠥᠪ ᠲᠦ ᠬᠤᠷᠠᠯᠳᠤᠵᠠᠢ ᠃ ᠬᠤᠷᠠᠯ ᠠᠴᠠ 2022 ᠣᠨ ᠤ᠋ ᠪᠥᠬᠥ ᠬᠣᠲᠠ ᠶ᠋ᠢᠨ ᠬᠤᠯᠪᠤᠭᠠᠯᠠᠨ ᠳᠠᠭᠠᠭᠠᠴᠢᠯᠠᠵᠤ ᠲᠣᠰᠬᠣᠨ ᠳ᠋ᠤ᠌ ᠰᠠᠭᠤᠭ᠎ᠠ ᠠᠵᠢᠯ ᠤ᠋ᠨ ᠲᠡᠷᠢᠭᠦᠨ ᠦ᠌ ᠬᠠᠮᠲᠤ ᠂ ᠲᠡᠷᠢᠭᠦᠨ ᠦ ᠬᠤᠪᠢ ᠬᠥᠮᠦᠨ᠂ ᠠᠵᠤ ᠠᠬᠤᠢᠯᠠᠯ ᠣᠷᠣᠨ ᠨᠤᠲᠤᠭ ᠤᠨ ᠬᠦᠴᠦ ᠪᠡᠨ ᠬᠠᠮᠲᠤᠳᠬᠠᠨ ᠬᠡᠷᠡᠭᠯᠡᠭᠡ ᠶᠢ ᠬᠠᠪᠰᠤᠷᠤᠨ ᠲᠡᠳᠬᠦᠭᠰᠡᠨ ᠲᠡᠷᠢᠭᠦᠨ ᠦ ᠨᠡᠢᠲᠡᠯᠢᠭ ᠵᠢᠱᠢᠢ᠎ᠡ ᠶᠢ ᠬᠥᠬᠢᠭᠦᠯᠦᠨ ᠰᠠᠢᠰᠢᠶᠠᠵᠤ᠂ ᠤᠷᠳᠤᠰ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠢ᠎ᠠ᠌᠌ ᠌᠌2022 ᠣᠨ ᠤ ᠪᠦᠬᠦ ᠬᠤᠳᠠ ᠶᠢᠨ ᠬᠤᠯᠪᠤᠭᠠᠯᠠᠨ ᠳᠠᠭᠠᠭᠠᠴᠢᠯᠠᠵᠤ ᠲᠣᠰᠬᠣᠨ ᠳᠤ ᠰᠠᠭᠤᠭ᠎ᠠ ᠲᠡᠷᠢᠭᠦᠨ ᠦ ᠬᠤᠯᠪᠤᠭᠠᠯᠠᠨ ᠳᠠᠭᠠᠭᠠᠴᠢᠯᠠᠵᠤ ᠨᠢᠭᠡᠴᠡ ᠵᠢ ᠂ ᠯᠢᠦ ᠵᠢᠶᠠᠨ ᠸᠧᠨ 2022 ᠣᠨ ᠤ ᠪᠦᠬᠦ ᠬᠤᠳᠠ ᠶᠢᠨ ᠬᠤᠯᠪᠤᠭᠠᠯᠠᠨ ᠳᠠᠭᠠᠭᠠᠴᠢᠯᠠᠵᠤ ᠲᠣᠰᠬᠣᠨ ᠳᠤ ᠰᠠᠭᠤᠭ᠎ᠠ ᠰᠢᠯᠢᠳᠡᠭ ᠺᠠᠳ᠋ᠷ᠋ ᠢ ᠬᠦᠷᠳᠡᠵᠤ᠂ ᠵᠠᠩ ᠶᠤᠸᠠᠢ ᠷᠦᠩ 2022 ᠣᠨ ᠤ ᠪᠦᠬᠦ ᠬᠤᠳᠠ ᠶᠢᠨ ᠬᠤᠯᠪᠤᠭᠠᠯᠠᠨ ᠳᠠᠭᠠᠭᠠᠴᠢᠯᠠᠵᠤ ᠲᠣᠰᠬᠣᠨ ᠳᠤ ᠰᠠᠭᠤᠭ᠎ᠠ ᠰᠢᠯᠢᠳᠡᠭ ᠭᠡᠰᠢᠭᠦᠨ ᠶ᠋ᠢ ᠬᠦᠷᠳᠡᠵᠡᠢ᠃

 

 

    2022 ᠣᠨ ᠠᠴᠠ ᠨᠠᠰᠢ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ᠋ ᠲᠣᠰᠬᠣᠨ ᠳᠤ ᠰᠠᠭᠤᠭ᠎ᠠ ᠠᠵᠢᠯᠯᠠᠬᠤ ᠠᠩᠬᠢ ᠠᠷᠠᠳ ᠤᠨ ᠰᠢᠭᠦᠬᠦ ᠬᠣᠷᠢᠢ ᠠ ᠶᠢᠨ ᠣᠨᠴᠠᠯᠢᠭ ᠢ ᠲᠤᠪᠤᠢᠯᠭᠠᠵᠦ᠂ ᠵᠠᠷᠭᠤ ᠶᠢᠨ ᠢᠷᠡᠯᠳᠡ ᠶᠢ ᠵᠠᠰᠠᠬᠤ ᠪᠠᠷ ᠭᠠᠷᠳᠠᠴᠠ ᠪᠣᠯᠭᠠᠵᠤ᠂ ᠬᠠᠤᠯᠢ ᠴᠠᠭᠠᠵᠠ ᠪᠠᠷ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠰᠢᠭᠦᠬᠦ ᠲᠤᠰᠢᠶᠠᠯᠲᠠᠨ + ᠢᠨᠲ᠋ᠸ᠋ᠷ ᠰᠦᠯᠵᠢᠢ᠎ᠡ + ᠨᠢᠭᠡᠳᠦᠭᠡᠷ ᠱᠦᠵᠢ ᠶᠢᠨ ᠡᠶᠡᠳᠡᠭᠦᠯᠭᠡ ᠵᠢᠨ ᠵᠠᠭᠪᠤᠷ ᠢᠶᠠᠷ ᠰᠦᠯᠵᠢᠢ ᠡ ᠪᠡᠷ ᠲᠤᠰᠬᠠᠢ ᠮᠡᠷᠭᠡᠵᠢᠯ ᠦᠨ ᠪᠠ ᠳᠥᠭᠥᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠵᠣᠣ ᠱᠣᠣ ᠲᠣᠰᠬᠣᠨ ᠤ ᠰᠡᠳᠬᠢᠯ ᠢᠶᠡᠨ ᠬᠣᠯᠪᠣᠬᠤ ᠰᠢᠭᠦᠬᠦ ᠲᠢᠩᠬᠢᠮ ᠢ ᠫᠠᠢᠰᠠ ᠡᠯᠭᠦᠨ ᠪᠠᠢᠭᠤᠯᠵᠤ᠂ ᠬᠡᠳᠦᠨ ᠠᠷᠪᠠᠨ ᠬᠡᠷᠡᠭ ᠢ ᠡᠶᠡᠳᠡᠭᠦᠯᠵᠦ᠂ ᠵᠣᠣ ᠱᠣᠣ ᠲᠣᠰᠬᠣᠨ ᠢ ᠬᠠᠤᠯᠢᠵᠢᠯ ᠤᠨ ᠵᠢᠱ᠌ᠢᠶ᠎ᠡ ᠦᠵᠡᠭᠦᠯᠬᠦ ᠲᠣᠰᠬᠣᠨ ᠪᠣᠯᠭᠠᠨ ᠪᠠᠢᠭᠤᠯᠬᠤ ᠪᠠᠷ ᠴᠢᠷᠮᠠᠢᠪᠠ︔ᠵᠣᠣ ᠱᠣᠣ ᠲᠣᠰᠬᠣᠨ ᠤ ᠤᠷᠠᠯᠢᠭ ᠤ᠋ᠨ ᠠᠩᠬᠢ ᠶᠢ ᠪᠠᠢᠭᠤᠯᠵᠤ᠂ ᠤᠯᠠᠨ ᠶᠠᠩᠵᠤ  ᠬᠡᠯᠪᠡᠷᠢ ᠶᠢᠨ ᠤᠷᠠᠨ ᠰᠠᠢᠬᠠᠨ ᠤ ᠠᠵᠢᠯᠯᠠᠭ ᠠ ᠶᠢ ᠢᠳᠡᠪᠬᠢᠲᠡᠢ ᠥᠷᠨᠢᠭᠦᠯᠵᠦ᠂ ᠬᠥᠳᠡᠭᠡ ᠲᠣᠰᠬᠣᠨ ᠤ ᠵᠠᠩ ᠰᠤᠷᠲᠠᠯ ᠤᠨ ᠪᠣᠯᠪᠠᠰᠤᠨ ᠤ ᠪᠠᠢᠭᠤᠯᠤᠯᠲᠠ ᠶᠢ ᠲᠠᠢᠴᠢᠯᠠᠵᠦ᠂ ᠲᠣᠰᠬᠣᠨ ᠤ ᠠᠷᠠᠳ ᠤᠨ ᠵᠣᠬᠢᠶᠠᠨ ᠪᠦᠲᠦᠭᠡᠬᠦ ᠳᠦ ᠣᠷᠣᠯᠴᠠᠭᠰᠠᠨ ᠦᠵᠡᠰᠬᠦᠯᠡᠩᠲᠦ ᠰᠠᠢᠬᠠᠨ ᠵᠣᠣ ᠱᠣᠣ ᠮᠢᠨᠦ ᠨᠤᠲᠤᠭᠭᠡᠬᠦ ᠲᠣᠰᠬᠣᠨ ᠤ ᠳᠠᠭᠤᠤ ᠶᠢ ᠲᠥᠪ ᠦᠨ ᠲᠧᠯᠸᠢᠰ ᠬᠣᠷᠢᠢ ᠠ ᠳᠤ ᠤᠷᠢᠯᠭ ᠠ ᠪᠠᠷ ᠲᠣᠭᠯᠠᠪᠠ︔ ᠨᠠᠮ ᠤᠨ ᠡᠭᠦᠷ + ᠬᠣᠷᠰᠢᠶᠠᠵᠢᠯ + ᠲᠠᠷᠢᠶᠠᠴᠢᠨ ᠡᠷᠦᠬᠡ  ᠶᠢᠨ ᠬᠡᠯᠪᠡᠷᠢ ᠪᠡᠷ ᠵᠣᠣ ᠱᠣᠣ ᠶᠢᠨ ᠲᠠᠯ᠎ᠠ ᠨᠤᠲᠤᠭ ᠤᠨ ᠲᠠᠷᠠᠬᠠᠢ ᠲᠠᠬᠢᠶ᠎ᠠ ᠲᠡᠵᠢᠭᠡᠬᠦ ᠬᠣᠷᠰᠢᠶ᠎ᠠ  ᠶᠢ ᠪᠠᠢᠭᠤᠯᠵᠤ ᠂ ᠡᠷᠦᠬᠡ ᠪᠦᠷᠢ ᠶᠢᠨ ᠣᠷᠣᠯᠭ ᠠ ᠶᠢ 5000 ᠲᠥᠭᠥᠷᠢᠭ ᠨᠡᠮᠡᠭᠳᠡᠭᠦᠯᠦᠨ᠎ᠡ ︔ᠲᠣᠰᠬᠣᠨ ᠤ  ᠵᠥᠪᠯᠡᠯ ᠢ ᠬᠠᠮᠵᠢᠨ ᠮᠥᠬᠥᠯᠢᠭᠲᠦ ᠲᠡᠵᠢᠭᠡᠯ ᠪᠣᠷᠳᠣᠭ᠎ᠠ ᠪᠣᠯᠪᠠᠰᠤᠷᠠᠭᠤᠯᠬᠤ ᠦᠢᠯᠡᠳᠪᠦᠷᠢ ᠶᠢ ᠡᠬᠢᠯᠡᠭᠦᠯᠵᠦ᠂ ᠬᠠᠢᠷ᠎ᠠ ᠬᠠᠯᠠᠮᠵᠢ ᠪᠠᠷ ᠲᠠᠷᠢᠶᠠᠯᠠᠩ ᠢ ᠲᠤᠰᠠᠯᠠᠬᠤ᠂ ᠬᠠᠪᠰᠤᠷᠤᠨ ᠲᠡᠳᠬᠦᠵᠦ ᠬᠤᠳᠠᠯᠳᠤᠨ ᠠᠪᠬᠤ ᠠᠵᠢᠯᠯᠠᠭ᠎ᠠ ᠶᠢ ᠥᠷᠨᠢᠭᠦᠯᠵᠦ᠂ 40 ᠭᠠᠷᠤᠶ ᠲᠦᠮᠡᠨ ᠲᠥᠭᠥᠷᠢᠭ ᠦᠨ ᠭᠠᠬᠠᠶ ᠦᠬᠡᠷ ᠬᠤᠨᠢᠨ ᠮᠢᠬ ᠠ ᠶᠢ ᠬᠤᠳᠠᠯᠳᠤᠨ ᠠᠪᠴᠤ᠂ 600 ᠭᠠᠷᠤᠶ ᠵᠢᠩ ᠮᠦᠺᠠᠢ ᠨᠠᠭᠤᠷ ᠤᠨ ᠨᠤᠲᠤᠭ ᠤᠨ ᠲᠠᠬᠢᠶᠠᠨ ᠥᠨᠳᠡᠭᠡ ᠶᠢ ᠬᠤᠳᠠᠯᠳᠤᠨ ᠠᠪᠴᠤ᠂ ᠮᠠᠯᠴᠢᠨ ᠲᠠᠷᠢᠶᠠᠴᠢᠨ ᠤ ᠣᠷᠣᠯᠭ ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠪᠠ᠃

 

 

 

    ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠲᠣᠰᠬᠣᠨ ᠳ᠋ᠤ᠌ ᠰᠠᠭᠤᠬᠤ ᠠᠵᠢᠯ ᠢ᠋ᠶ᠋ᠠᠨ ᠤᠯᠠᠮ ᠨᠢᠭᠡ ᠠᠯᠬᠤᠮ ᠴᠢᠩᠭᠠᠳᠬᠠᠵᠤ ᠂ ᠶᠠᠳᠠᠭᠤ ᠠ᠋ᠴᠠ ᠠᠩᠭᠢᠵᠢᠷᠠᠭᠤᠯᠬᠤ ᠬᠢᠭᠡᠳ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠶ᠋ᠢ ᠵᠣᠯᠭᠠᠭᠤᠯᠬᠤ ᠠᠵᠢᠯ ᠢ᠋ ᠦᠷᠭᠦᠯᠵᠢᠯᠡᠨ ᠰᠠᠢᠲᠤᠷ ᠬᠢᠵᠦ ᠂ ᠰᠡᠳᠬᠢᠯ ᠨᠢᠭᠡᠳᠦᠨ ᠬᠦᠴᠦ ᠪᠡᠨ ᠬᠠᠮᠳᠡᠳᠬᠠᠨ ᠲᠣᠰᠬᠣᠨ ᠤ ᠰᠤᠷᠲᠠᠯ ᠤ᠋ᠨ ᠪᠣᠯᠪᠠᠰᠤᠨ ᠪᠠᠢᠭᠤᠯᠤᠯᠲᠠ ᠶ᠋ᠢ ᠠᠬᠢᠭᠤᠯᠵᠤ ᠂ ᠲᠣᠰᠬᠣᠨ ᠤ᠋ ᠠᠷᠠᠳ ᠢ᠋ ᠬᠥᠲᠥᠯᠦᠨ ᠵᠢᠯᠣᠭᠣᠳᠴᠤ ᠪᠠᠢᠭᠠᠳ ᠬᠠᠤᠯᠢ ᠶ᠋ᠢ ᠵᠢᠷᠤᠮᠯᠠᠨ ᠬᠠᠤᠯᠢ ᠶ᠋ᠢ ᠰᠠᠬᠢᠬᠤ ᠣᠢᠯᠠᠭᠠᠭᠳᠠᠬᠤᠨ ᠢ᠋ ᠪᠣᠢ ᠪᠣᠯᠭᠠᠵᠤ ᠂ ᠠᠮᠢ ᠠᠬᠤᠢ ᠶ᠋ᠢᠨ ᠣᠷᠴᠢᠨ ᠲᠣᠭᠣᠷᠢᠨ ᠤ᠋ ᠬᠠᠮᠠᠭᠠᠯᠠᠯᠲᠠ ᠪᠠ ᠶᠣᠰᠣ ᠮᠣᠷᠠᠯ ᠤ᠋ᠨ ᠤᠬᠠᠮᠰᠠᠷ ᠢ᠋ ᠪᠣᠢ ᠪᠣᠯᠭᠠᠵᠤ ᠂ ᠨᠡᠢᠭᠡᠮ ᠦ᠋ᠨ ᠰᠢᠨ᠎ᠡ ᠬᠡᠪ ᠰᠤᠷᠲᠠᠯ ᠲᠥᠪ ᠰᠤᠷᠲᠠᠯ ᠢ᠋ ᠪᠠᠳᠠᠷᠠᠭᠤᠯᠤᠨ ᠂ ᠰᠡᠳᠬᠢᠯ ᠰᠠᠨᠠᠭ᠎ᠠ ᠬᠦᠴᠦ ᠲᠠᠯᠪᠢᠨ ᠣᠯᠠᠨ ᠲᠦᠮᠡᠨ ᠦ᠌ ᠵᠣᠪᠠᠵᠤ ᠪᠠᠢᠭ᠎ᠠ ᠠᠰᠠᠭᠤᠳᠠᠯ ᠢ᠋ ᠰᠢᠢᠳᠪᠦᠷᠢᠯᠡᠵᠦ ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠳ᠋ᠤ᠌ ᠦᠢᠯᠡᠴᠢᠯᠡᠬᠦ ᠣᠷᠳᠣᠰ ᠤ᠋ᠨ ᠰᠢᠭᠦᠬᠦ ᠬᠣᠷᠢᠶ᠎ᠠ ᠶ᠋ᠢᠨ ᠬᠦᠴᠦᠨ ᠴᠢᠳᠠᠯ ᠢ᠋ᠶ᠋ᠠᠨ ᠡᠷᠭᠦᠨ᠎ᠡ ᠃

 

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )