ᠳᠡᠯᠭᠡᠷ ᠵᠤᠨ ᠤ᠋ ᠳᠣᠯᠣᠭᠠᠨ ᠰᠠᠷ ᠠ ᠳᠤ ᠬᠠᠯᠠᠭᠤᠨ ᠰᠡᠳᠬᠢᠯᠭᠡ ᠭᠠᠯ ᠮᠡᠲᠦ ᠲᠤᠯᠠᠭᠠᠨ ᠃ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ 《 ᠬᠠᠤᠯᠢ ᠴᠠᠭᠠᠵᠠ ᠶ᠋ᠢᠨ ᠬᠡᠪ ᠴᠢᠨᠠᠷ ᠢ᠋ ᠳᠡᠭᠡᠭᠰᠢᠯᠡᠭᠦᠯᠬᠦ ᠣᠨ 》ᠤ᠋ ᠠᠵᠢᠯᠯᠠᠭ᠎ᠠ ᠶᠢᠨ ᠱᠠᠭᠠᠷᠳᠠᠯᠭ᠎ᠠ ᠶ᠋ᠢ ᠤᠯᠠᠮ ᠨᠠᠢᠳᠠᠪᠤᠷᠢᠵᠢᠭᠤᠯᠤᠨ ᠂ ᠰᠢᠨ᠎ᠡ ᠴᠠᠭ ᠦᠶ᠎ᠡ ᠶ᠋ᠢᠨ ᠰᠢᠭᠦᠬᠦ ᠬᠣᠷᠢᠶᠠᠨ ᠤ᠋ ᠺᠠᠳ᠋ᠷ ᠴᠠᠭᠳᠠᠭ᠎ᠠ ᠴᠠᠭᠳᠠᠭ᠎ᠠ ᠶ᠋ᠢᠨ ᠰᠠᠢᠨ ᠰᠠᠢᠬᠠᠨ ᠳᠦᠷᠢ ᠲᠥᠷᠬᠦ ᠶ᠋ᠢ ᠢᠯᠡᠷᠡᠭᠦᠯᠬᠦ ᠶ᠋ᠢᠨ ᠲᠥᠯᠥᠭᠡ ᠂ 7 ᠰᠠᠷ᠎ᠠ ᠶ᠋ᠢᠨ 7 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠ᠋ᠴᠠ ᠭᠣᠣᠯᠯᠠᠨ ᠡᠷᠬᠢᠯᠡᠭᠰᠡᠨ ᠂ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠳᠠᠭᠠᠭᠠᠨ ᠡᠷᠬᠢᠯᠡᠭᠰᠡᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠰᠲ᠋ᠧᠮ ᠦ᠋ᠨ《 ᠮᠢᠨᠦ ᠬᠡᠷᠡᠭ ᠢ᠋ ᠲᠠᠰᠤᠯᠬᠤ ᠶ᠋ᠢ ᠰᠣᠨᠣᠰᠬᠤ》ᠦᠯᠢᠭᠡᠷ ᠦ᠋ᠨ ᠡᠮᠬᠢᠳᠬᠡᠯ ᠢ᠋ 2023 ᠣᠨ ᠤ ᠬᠣᠶᠠᠳᠤᠭᠠᠷ ᠤᠯᠠᠷᠢᠯ ᠤᠨ ᠰᠢᠢᠳᠪᠦᠷᠢᠲᠦ ᠤᠷᠤᠯᠳᠤᠭᠠᠨ ᠡᠵᠡᠨ ᠬᠣᠷᠣᠭ᠎ᠠ ᠬᠤᠰᠢᠭᠤᠨ ᠳ᠋ᠤ᠌ ᠵᠢᠩᠬᠢᠨᠢ ᠪᠡᠷ ᠡᠬᠢᠯᠡᠪᠡ᠃ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠤᠷᠤᠯᠳᠤᠭᠠᠨ ᠳ᠋ᠤ᠌ ᠣᠷᠣᠯᠴᠠᠭᠰᠠᠨ 10 ᠺᠠᠳ᠋ᠷ ᠴᠠᠭᠳᠠᠭ᠎ᠠ ᠬᠠᠮᠤᠭ ᠤ᠋ᠨ ᠪᠣᠷᠣᠭᠵᠢᠭᠤᠨ ᠦᠭᠡ ᠬᠡᠯᠡ ᠪᠡᠷ᠂ ᠬᠠᠮᠤᠭ ᠤ᠋ᠨ ᠦᠨᠡᠨᠴᠢ ᠬᠠᠢᠷ᠎ᠠ ᠰᠡᠳᠬᠢᠯᠭᠡ ᠪᠡᠷ ᠣᠷᠳᠣᠰ ᠤᠨ ᠰᠢᠭᠦᠬᠦ ᠬᠣᠷᠢᠶ ᠠ ᠬᠥᠮᠦᠰ ᠦᠨ ᠡᠳᠦᠷ ᠰᠥᠨᠢ ᠦᠭᠡᠢ ᠬᠠᠮᠲᠤ ᠶᠠᠪᠤᠭᠰᠠᠨ ᠪᠠ ᠰᠠᠯᠬᠢ ᠪᠣᠷᠣᠭᠠᠨ ᠰᠠᠭᠠᠳ ᠦᠭᠡᠢ ᠪᠠᠢᠬᠤ ᠶ᠋ᠢ ᠲᠣᠭᠠᠴᠢᠨ ᠥᠭᠦᠯᠡᠪᠡ ᠃
ᠲᠤᠰ ᠤᠳᠠᠭᠠᠨ ᠤ ᠤᠷᠤᠯᠳᠤᠭᠠᠨ ᠢ᠋ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠢᠨᠠᠨ ᠪᠠᠢᠴᠠᠭᠠᠬᠤ ᠪᠠ ᠬᠠᠤᠯᠢ ᠴᠠᠭᠠᠵᠠ ᠶ᠋ᠢᠨ ᠠᠵᠢᠯ ᠤ᠋ᠨ ᠵᠥᠪᠯᠡᠯ ᠦ᠋ᠨ ᠡᠷᠬᠢᠯᠡᠭᠴᠢ ᠯᠢᠦ ᠵᠧᠨ ᠬᠤᠸᠠᠢ ᠂ ᠬᠣᠲᠠ ᠶ᠋ᠢᠨ ᠨᠠᠮ ᠤ᠋ᠨ ᠬᠣᠷᠢᠶᠠᠨ ᠤ᠋ ᠵᠣᠬᠢᠶᠠᠨ ᠪᠠᠢᠭᠤᠯᠬᠤ ᠬᠡᠯᠲᠡᠰ ᠦ᠋ᠨ ᠬᠣᠶᠠᠳᠤᠭᠠᠷ ᠳᠡᠰ ᠦ᠋ᠨ ᠪᠠᠢᠴᠠᠭᠠᠨ ᠰᠤᠳᠤᠯᠤᠭᠴᠢ ᠵᠢᠶᠠ ᠮᠢᠩ ᠂ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠂ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠳᠡᠳ᠋ ᠱᠦᠵᠢ ᠸᠠᠩ ᠬᠤᠸᠠᠢ ᠺᠦᠨ ᠂ ᠬᠣᠲᠠ ᠶ᠋ᠢᠨ ᠬᠥᠮᠦᠨ ᠦ᠌ ᠬᠦᠴᠦᠨ ᠦ᠌ ᠡᠬᠢ ᠪᠠᠶᠠᠯᠢᠭ ᠪᠠ ᠨᠡᠢᠭᠡᠮ ᠦ᠋ᠨ ᠪᠠᠲᠤᠯᠠᠭ᠎ᠠ ᠶ᠋ᠢᠨ ᠲᠣᠪᠴᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠮᠧᠩ ᠳ᠋ᠸ ᡁᠢ ᠂ ᠣᠷᠳᠣᠰ ᠬᠣᠲᠠ ᠶ᠋ᠢᠨ ᠣᠶᠤᠨ ᠤ᠋ ᠪᠣᠯᠪᠠᠰᠤᠨ ᠤ᠋ ᠪᠠᠢᠭᠤᠯᠤᠯᠲᠠ ᠶ᠋ᠢᠨ ᠦᠢᠯᠡᠴᠢᠯᠡᠭᠡᠨ ᠦ᠌ ᠲᠥᠪ ᠦ᠋ᠨ ᠳᠡᠳ᠋ ᠡᠷᠬᠢᠯᠡᠭᠴᠢ ᠤᠣ ᠴᠦᠨ ᠶᠢᠩ ᠂ ᠬᠣᠲᠠ ᠶᠢᠨ ᠰᠢᠭᠤᠳ ᠬᠠᠷᠢᠶ᠎ᠠ ᠪᠠᠢᠭᠤᠯᠭ᠎ᠠ ᠶ᠋ᠢᠨ ᠨᠠᠮ ᠤᠨ ᠠᠵᠢᠯᠯᠠᠬᠤ ᠬᠣᠷᠢᠶ ᠠ ᠶᠢᠨ ᠳᠡᠳ᠋ ᠱᠦᠵᠢ ᠰᠦ ᠯᠢ ᠴᠢᠶᠠᠩ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠨᠢᠦ ᠬᠠᠶ ᠯᠢᠶᠠᠩ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠵᠥᠪᠯᠡᠯ ᠦ᠋ᠨ ᠲᠤᠰᠬᠠᠢ ᠲᠤᠰᠢᠶᠠᠯᠲᠤ ᠭᠡᠰᠢᠭᠦᠨ ᠵᠢᠶᠧ ᠺᠸ ᠨᠢᠩ ᠶ᠋ᠢ ᠡᠭᠦᠷᠭᠡᠯᠡᠬᠦ ᠦᠨᠡᠯᠡᠬᠦ ᠭᠡᠰᠢᠭᠦᠨ ᠪᠣᠯᠭᠠᠵᠤ ᠂ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠬᠢᠨᠠᠨ ᠪᠠᠢᠴᠠᠭᠠᠬᠤ ᠪᠠ ᠦᠨᠳᠦᠰᠦᠲᠡᠨ ᠦ᠌ ᠬᠠᠤᠯᠢ ᠳᠦᠷᠢᠮ ᠦ᠋ᠨ ᠠᠵᠢᠯ ᠤ᠋ᠨ ᠵᠥᠪᠯᠡᠯ ᠂ ᠡᠵᠡᠨ ᠬᠣᠷᠣᠭ᠎ᠠ ᠬᠤᠰᠢᠭᠤᠨ ᠤ᠋ ᠰᠢᠭᠤᠳ ᠪᠠᠢᠭᠤᠯᠭ᠎ᠠ ᠶ᠋ᠢᠨ ᠠᠵᠢᠯ ᠤ᠋ᠨ ᠵᠥᠪᠯᠡᠯ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠪᠠᠢᠴᠠᠭᠠᠬᠤ ᠬᠣᠷᠢᠶ᠎ᠠ ᠂ ᠠᠵᠢᠯᠴᠢᠨ ᠤ᠋ ᠡᠪᠯᠡᠯ ᠂ ᠡᠮᠡᠭᠲᠡᠢᠴᠦᠳ ᠦ᠋ᠨ ᠬᠣᠯᠪᠣᠭ᠎ᠠ ᠂ ᠦᠢᠯᠡᠳᠪᠦᠷᠢ ᠬᠤᠳᠠᠯᠳᠤᠭᠠᠨ ᠤ᠋ ᠬᠣᠯᠪᠣᠭ᠎ᠠ ᠂ ᠶᠡᠷᠦᠩᠬᠡᠢᠯᠡᠨ ᠵᠠᠰᠠᠬᠤ ᠲᠥᠪ ᠂ ᠬᠥᠮᠦᠨ ᠦ᠌ ᠬᠦᠴᠦᠨ ᠦ᠌ ᠡᠬᠢ ᠪᠠᠶᠠᠯᠢᠭ ᠪᠠ ᠨᠡᠢᠭᠡᠮ ᠦ᠋ᠨ ᠪᠠᠲᠤᠯᠠᠪᠤᠷᠢ ᠶ᠋ᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠤᠳᠤᠷᠢᠳᠤᠯᠭ᠎ᠠ ᠤᠷᠢᠯᠭ᠎ᠠ ᠪᠠᠷ ᠣᠷᠣᠯᠴᠠᠵᠤ ᠂ ᠪᠥᠬᠥ ᠬᠣᠲᠠ ᠶ᠋ᠢᠨ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ ᠠ ᠶᠢᠨ ᠳᠠᠷᠤᠭ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠺᠠᠳ᠋ᠷ ᠴᠠᠭᠳᠠᠭ᠎ᠠ ᠶ᠋ᠢᠨ ᠲᠥᠯᠥᠭᠡᠯᠡᠭᠴᠢ ᠵᠢᠴᠢ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠪᠦᠬᠦ ᠺᠠᠳ᠋ᠷ ᠴᠠᠭᠳᠠᠭ᠎ᠠ ᠣᠷᠣᠯᠴᠠᠵᠠᠶ᠃
ᠵᠤᠷᠢᠭᠲᠠᠢ ᠠᠯᠬᠤᠵᠤ᠂ ᠡᠭᠦᠷᠢᠳᠡ ᠤᠷᠤᠭᠰᠢᠯᠠᠬᠤ᠃ ᠲᠡᠳᠡ ᠰᠢᠭᠦᠨ ᠲᠠᠰᠤᠯᠬᠤ ᠲᠠᠢᠰᠠᠨ ᠠ᠋ᠴᠠ ᠲᠠᠢᠰᠠᠨ ᠳ᠋ᠤ᠌ ᠭᠠᠷᠴᠤ ᠂ ᠥᠪᠡᠷ ᠦᠨ ᠪᠡᠶ᠎ᠡ ᠪᠡᠷ ᠢ᠋ᠶ᠋ᠡᠨ ᠥᠩᠭᠡᠷᠡᠭᠦᠯᠦᠭᠰᠡᠨ ᠦᠯᠢᠭᠡᠷ ᠢ᠋ᠶ᠋ᠡᠷ ᠢ᠋ᠶ᠋ᠡᠨ ᠰᠦᠨᠡᠰᠦᠨ ᠦ ᠲᠥᠷᠥᠭᠳᠡᠯ ᠢ ᠤᠳᠠᠭ᠎ᠠ ᠳᠠᠷᠠᠭᠠᠯᠠᠨ ᠠᠰᠠᠭᠤᠵᠤ ᠂ ᠠᠷᠠᠳ ᠤ᠋ᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠠᠷᠠᠳ ᠤ᠋ᠨ ᠲᠥᠯᠥᠭᠡ ᠭᠡᠰᠡᠨ ᠵᠢᠷᠤᠭ ᠢ᠋ ᠵᠢᠷᠤᠵᠤ ᠂ ᠰᠢᠪᠠᠷ ᠰᠢᠷᠣᠢ ᠳ᠋ᠤ᠌ ᠨᠠᠭᠠᠯᠳᠤᠭᠰᠠᠨ ᠂ ᠬᠠᠯᠠᠭᠤᠨ ᠳᠤᠯᠠᠭᠠᠨ ᠪᠦᠬᠦᠢ ᠠᠮᠢᠳᠤ ᠰᠣᠷᠭᠣᠭ ᠦᠯᠢᠭᠡᠷ ᠢ᠋ ᠳᠦᠷᠰᠦᠯᠡᠨ ᠶᠠᠷᠢᠭᠰᠠᠨ ᠪᠥᠭᠡᠳ ᠰᠢᠭᠦᠬᠦ ᠬᠣᠷᠢᠶᠠᠨ ᠤ᠋ ᠬᠥᠮᠦᠰ ᠦ᠋ᠨ ᠬᠠᠷᠠᠭᠠᠨ ᠳᠡᠬᠢ ᠣᠳᠣᠨ ᠮᠡᠴᠢᠳ ᠳᠠᠯᠠᠢ ᠶ᠋ᠢᠨ ᠪᠠᠢᠳᠠᠯ ᠢ᠋ ᠳᠦᠷᠰᠦᠯᠡᠨ ᠵᠢᠷᠤᠭᠯᠠᠭᠰᠠᠨ ᠪᠠᠢᠨ᠎ᠠ ᠃
ᠮᠢᠩᠭᠠᠨ ᠭᠠᠵᠠᠷ ᠤᠨ ᠥᠷᠢ ᠨᠡᠬᠡᠬᠦ ᠳ᠋ᠦ᠍ ᠴᠢᠮᠡᠭᠡ ᠦᠭᠡᠢ ᠂ ᠲᠦᠷᠭᠡᠨ ᠰᠢᠭᠦᠵᠦ ᠰᠢᠢᠳᠪᠦᠷᠢᠯᠡᠬᠦ ᠵᠤᠪᠠᠨᠢᠯ ᠦᠭᠡᠢ ᠃ ᠮᠢᠩᠭᠠᠨ ᠭᠠᠵᠠᠷ ᠤ᠋ᠨ ᠴᠠᠭᠠᠨᠠᠬᠢ ᠡᠷᠬᠡ ᠪᠡᠨ ᠬᠠᠮᠠᠭᠠᠯᠠᠬᠤ ᠵᠠᠮ ᠬᠥᠰᠢᠭᠦᠨ ᠪᠠᠢᠳᠠᠯ ᠳ᠋ᠤ᠌ ᠣᠷᠣᠭᠠᠳ ᠬᠡᠷᠡᠭ ᠢ᠋ ᠰᠢᠭᠦᠨ ᠳᠠᠭᠤᠰᠬᠠᠬᠤ ᠳᠤ 5 ᠡᠳᠦᠷ ᠯᠠ ᠬᠡᠷᠡᠭᠯᠡᠵᠦ ᠂ ᠠᠷᠠᠳ ᠤ᠋ᠨ ᠰᠢᠭᠦᠬᠦ ᠬᠣᠷᠢᠶ᠎ᠠ ᠪᠣᠳᠠᠲᠠᠢ ᠠᠵᠢᠯᠯᠠᠭ᠎ᠠ ᠪᠠᠷ ᠢ᠋ᠶ᠋ᠠᠨ ᠲᠥᠪ ᠭᠣᠣᠯᠴᠢ ᠬᠢᠭᠡᠳ ᠦᠷ᠎ᠡ ᠪᠦᠲᠦᠮᠵᠢ ᠶ᠋ᠢ ᠦᠢᠯᠡᠳᠦᠯᠭᠡᠵᠢᠭᠦᠯᠵᠦ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠶ᠋ᠢᠨ ᠲᠥᠯᠥᠭᠡ ᠠᠶᠠᠯᠠᠯ ᠢ᠋ ᠬᠠᠮᠠᠭᠠᠯᠠᠪᠠ ᠃
ᠣᠲᠣᠭ ᠬᠤᠰᠢᠭᠤᠨ ᠤ᠋ ᠠᠷᠠᠳ ᠤᠨ ᠰᠢᠭᠦᠬᠦ ᠬᠣᠷᠢᠶ᠎ᠠ ᠶ᠋ᠢᠨ ᠸᠠᠨ ᠰᠢᠨ ᠶᠤᠸᠠᠨ
ᠡᠳᠦᠷ ᠰᠥᠨᠢ ᠦᠭᠡᠢ ᠬᠠᠮᠲᠤ ᠤᠷᠤᠭᠰᠢᠯᠠᠨ ᠭᠦᠢᠴᠡᠳᠬᠡᠵᠦ᠂ ᠣᠯᠠᠨ ᠲᠦᠮᠡᠨ ᠦ᠌ ᠪᠠᠴᠢᠮ ᠠᠰᠠᠭᠤᠳᠠᠯ ᠢ ᠰᠢᠢᠳᠪᠦᠷᠢᠯᠡᠪᠡ᠃
ᠬᠡᠳᠦ ᠤᠳᠠᠭᠠᠨ ᠤ᠋ ᠨᠤᠭᠤᠷᠠᠯ ᠬᠢᠨᠠᠨ ᠪᠠᠢᠴᠠᠭᠠᠭᠰᠠᠨ ᠰᠦᠪᠡᠭᠴᠢ ᠪᠡᠷ ᠳᠠᠮᠵᠢᠨ ᠂ ᠡᠶᠡᠳᠡᠭᠦᠯᠭᠡ ᠶ᠋ᠢ ᠬᠠᠯᠠᠰᠢᠷᠠᠬᠤ ᠦᠭᠡᠢ ᠪᠠ ᠬᠠᠤᠯᠢ ᠲᠦᠭᠡᠮᠡᠯᠵᠢᠭᠦᠯᠦᠭᠡᠳ ᠂ ᠭᠦᠢᠴᠡᠳᠬᠡᠭᠳᠡᠭᠴᠢ ᠶ᠋ᠢᠨ ᠡᠰᠡᠷᠭᠦᠴᠡᠯᠳᠦᠬᠦ ᠰᠡᠳᠬᠢᠯᠭᠡ ᠶ᠋ᠢ ᠠᠷᠢᠯᠭᠠᠵᠤ ᠂ 5 ᠲᠦᠮᠡᠨ ᠲᠥᠭᠥᠷᠢᠭ ᠦᠨ ᠠᠰᠠᠷᠠᠨ ᠲᠡᠵᠢᠭᠡᠬᠦ ᠰᠦᠢᠳᠬᠡᠯ ᠢ᠋ ᠠᠮᠵᠢᠯᠲᠠ ᠲᠠᠢ ᠭᠦᠢᠴᠡᠳᠬᠡᠵᠦ ᠂ ᠠᠮᠢᠳᠤᠷᠠᠯ ᠨᠢ ᠬᠦᠴᠢᠷᠳᠡᠯᠲᠡᠢ ᠲᠤᠬᠠᠢ ᠶ᠋ᠢᠨ ᠬᠥᠮᠦᠨ ᠪᠣᠯᠤᠨ ᠬᠣᠶᠠᠷ ᠬᠡᠦᠬᠡᠳ ᠦ᠋ᠨ ᠰᠡᠳᠬᠢᠯ ᠢ᠋ ᠪᠠᠴᠢᠮ ᠪᠠᠢᠳᠠᠯ ᠢ ᠰᠢᠢᠳᠪᠦᠷᠢᠯᠡᠵᠡᠢ ᠃
ᠳ᠋ᠦᠩᠱᠧᠩ ᠲᠣᠭᠣᠷᠢᠭ ᠤ᠋ᠨ ᠠᠷᠠᠳ ᠤᠨ ᠰᠢᠭᠦᠬᠦ ᠬᠣᠷᠢᠶ᠎ᠠ ᠶ᠋ᠢᠨ ᠬᠤ᠌ ᠰᠢᠨ
ᠲᠢᠩᠬᠢᠮ ᠦᠨ ᠰᠢᠭᠦᠯᠲᠡ ᠲᠠᠭᠤ ᠦᠭᠡᠢ ᠂ ᠬᠠᠤᠯᠢ ᠴᠠᠭᠠᠵᠠ ᠨᠢ ᠬᠠᠢᠷ᠎ᠠ ᠬᠠᠯᠠᠮᠵᠢ ᠲᠠᠢ ᠃ᠨᠢᠭᠡ ᠤᠳᠠᠭᠠᠨ ᠤ ᠌᠌’’ ᠲᠠᠭᠤ ᠥᠬᠡᠶ ᠌᠌’’ ᠲᠢᠩᠬᠢᠮ ᠦᠨ ᠰᠢᠭᠦᠯᠲᠡ ᠳᠦ ᠂ ᠲᠤᠬᠠᠶ ᠶᠢᠨ ᠬᠥᠮᠦᠨ ᠦ ᠬᠣᠶᠠᠷ ᠲᠠᠯ᠎ᠠ ᠨᠢ ᠳᠦᠯᠡᠶ ᠶᠠᠪᠠ ᠬᠥᠮᠦᠨ ᠪᠠᠢᠵᠤ ᠂ ᠰᠢᠭᠦᠬᠦ ᠲᠤᠰᠢᠶᠠᠯᠲᠠᠨ ᠂ ᠵᠡᠮᠳᠡᠭᠴᠦᠳ ᠦᠨ ᠬᠣᠯᠪᠣᠭᠠᠨ ᠤ ᠠᠵᠢᠯᠲᠠᠨ ᠂ ᠳᠣᠬᠢᠶᠠᠨ ᠤ ᠬᠡᠯᠡᠨ ᠦ ᠪᠠᠭᠰᠢ ᠪᠣᠯᠤᠨ ᠲᠤᠬᠠᠢ ᠶ᠋ᠢᠨ ᠬᠥᠮᠦᠨ ᠦ᠌ ᠬᠦᠴᠦ ᠬᠠᠮᠲᠤᠷᠠᠨ ᠠᠵᠢᠯᠯᠠᠬᠤ ᠪᠠᠷ ᠳᠠᠮᠵᠢᠨ ᠂ ᠳᠥᠷᠪᠡᠨ ᠴᠠᠭ ᠬᠠᠭᠠᠰ ᠤᠨ ᠣᠷᠣᠭ ᠰᠠᠯᠬᠤ ᠡᠶᠡᠳᠡᠭᠦᠯᠭᠡ ᠶᠢᠨ ᠬᠡᠷᠡᠭ ᠢ᠋ ᠦᠨᠳᠦᠷᠯᠡᠵᠤ ᠂ ᠰᠢᠭᠦᠬᠦ ᠬᠣᠷᠢᠶ᠎ᠠ ᠣᠨᠴᠠᠭᠠᠢ ᠬᠠᠮᠲᠤᠯᠢᠭ ᠤ᠋ᠨ ᠵᠠᠷᠭᠤ ᠶ᠋ᠢᠨ ᠡᠷᠬᠡ ᠶ᠋ᠢ ᠪᠣᠳᠠᠲᠤ ᠠᠵᠢᠯᠯᠠᠭ᠎ᠠ ᠪᠠᠷ ᠢ᠋ᠶ᠋ᠠᠨ ᠪᠠᠲᠤᠯᠠᠵᠤ ᠂ ᠬᠠᠤᠯᠢ ᠴᠠᠭᠠᠵᠠ ᠶ᠋ᠢᠨ ᠬᠠᠯᠠᠭᠤᠨ ᠰᠡᠳᠬᠢᠯᠭᠡ ᠪᠡᠷ ᠳᠦᠯᠡᠶ ᠶᠠᠪᠠ ᠬᠥᠮᠦᠨ ᠵᠡᠷᠭᠡ ᠪᠠᠭᠤᠷᠠᠶ ᠬᠠᠮᠲᠤᠯᠢᠭ ᠲᠤ ᠬᠠᠤᠯᠢ ᠪᠠᠷ ᠵᠠᠰᠠᠬᠤ ᠲᠤᠩᠭᠠᠯᠠᠭ ᠡᠳᠦᠷ ᠢ ᠬᠠᠩᠭᠠᠵᠤ ᠥᠭᠪᠡ ᠃
ᠵᠡᠭᠦᠨᠭᠠᠷ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠶ᠋ᠢᠨ ᠾᠧ ᠴᠦᠨ
ᠠᠷᠠᠳ ᠤ᠋ᠨ ᠰᠠᠨᠠᠭᠠᠰᠢᠷᠠᠯ ᠢ ᠦᠨᠳᠦᠰᠦᠨ ᠡᠴᠡ ᠨᠢ ᠤᠢᠯᠠᠭᠠᠵᠤ ᠂ ᠡᠶᠡᠳᠡᠭᠦᠯᠭᠡ ᠨᠢ ᠬᠠᠮᠤᠭ ᠤ᠋ᠨ ᠰᠠᠢᠨ ᠰᠢᠢᠳᠪᠦᠷᠢᠯᠡᠬᠦ ᠃ ᠶᠡᠷᠦ ᠶ᠋ᠢᠨ ᠦᠭᠡᠨ ᠳ᠋ᠦ᠍ ᠂ ᠠᠷᠢᠭᠤᠨ ᠨᠣᠶᠠᠨ ᠭᠡᠷ ᠦ᠋ᠨ ᠶᠠᠪᠤᠳᠠᠯ ᠢ᠋ ᠲᠠᠰᠤᠯᠬᠤ ᠳ᠋ᠤ᠌ ᠪᠡᠷᠬᠡ ᠃ ᠥᠩᠭᠡᠷᠡᠭᠰᠡᠨ ᠳ᠋ᠦ᠍ ᠳᠣᠲᠣᠨᠣ ᠬᠥᠮᠦᠨ ᠥᠰᠢᠶ᠎ᠡ ᠠᠪᠴᠤ ᠪᠠᠢᠭᠰᠠᠨ ᠪᠠᠢᠳᠠᠯ ᠳ᠋ᠤ᠌ ᠴᠢᠭᠯᠡᠭᠦᠯᠦᠨ ᠂ ᠬᠡᠷᠡᠭ ᠦ᠋ᠨ ᠪᠠᠢᠳᠠᠯ ᠤ᠋ᠨ ᠵᠢᠭᠤᠷᠠᠯᠳᠤᠬᠤ ᠠ᠋ᠴᠠ ᠬᠡᠷᠬᠢᠨ ᠭᠡᠮ ᠠᠷᠬᠠᠭ ᠢ᠋ ᠨᠢ ᠣᠯᠵᠤ ᠂ ᠰᠢᠭᠦᠭᠴᠢ ᠲᠤᠰᠢᠶᠠᠯᠲᠠᠨ ᠤ᠋ ᠣᠯᠠᠨ ᠲᠦᠮᠡᠨ ᠦ᠌ ᠠᠵᠢᠯ ᠤ᠋ᠨ ᠴᠢᠳᠠᠪᠤᠷᠢ ᠶ᠋ᠢ ᠰᠢᠯᠭᠠᠵᠤ ᠂ ᠡᠴᠦᠰ ᠲᠡᠬᠡᠨ ᠡᠶᠡᠳᠡᠭᠦᠯᠬᠦ ᠠᠷᠭ᠎ᠠ ᠮᠠᠶᠢᠭ ᠢ᠋ᠶ᠋ᠠᠷ ᠳᠠᠮᠵᠢᠨ ᠬᠣᠶᠠᠷ ᠲᠠᠯ᠎ᠠ ᠶ᠋ᠢᠨ ᠬᠠᠷᠢᠴᠠᠭ᠎ᠠ ᠶ᠋ᠢ ᠨᠠᠮᠳᠠᠭᠤᠯᠵᠤ ᠂ ᠵᠥᠪᠬᠡᠨ 7 ᠡᠳᠦᠷ ᠬᠡᠷᠡᠭᠯᠡᠵᠦ ᠡᠨᠡ ᠤᠳᠠᠭᠠᠨ ᠤ᠋ ᠭᠡᠷ ᠪᠦᠯᠢ ᠶ᠋ᠢᠨ ᠵᠥᠷᠢᠴᠡᠯ ᠢ᠋ ᠲᠡᠭᠦᠰ ᠠᠮᠵᠢᠯᠲᠠ ᠲᠠᠢ ᠰᠢᠢᠳᠪᠦᠷᠢᠯᠡᠵᠡᠢ ᠃
ᠳᠠᠯᠠᠳ ᠬᠤᠰᠢᠭᠤᠨ ᠤ᠋ ᠠᠷᠠᠳ ᠤᠨ ᠰᠢᠭᠦᠬᠦ ᠬᠣᠷᠢᠶ᠎ᠠ ᠶ᠋ᠢᠨ ᠬᠠᠨ ᠷᠦᠢ ᠷᠦᠩ
ᠪᠠᠭᠤᠷᠠᠢᠴᠣᠳ ᠳ᠋ᠤ᠌ ᠱᠦᠭᠦᠷ ᠡᠷᠭᠦᠵᠦ ᠂ ᠬᠠᠤᠯᠢ ᠪᠠᠷ ᠵᠠᠰᠠᠬᠤ ᠨᠢᠭᠡ ᠦᠷ᠎ᠡ ᠲᠠᠷᠢᠭᠤᠯᠤᠶᠠ ᠃ ᠡᠨᠡ ᠤᠳᠠᠭᠠᠨ ᠤ᠋ ᠤᠷᠤᠭ ᠬᠤᠷᠢᠮ ᠨᠢ ᠦᠨᠡᠨ ᠰᠡᠳᠬᠢᠯ ᠡᠴᠡ ᠪᠡᠨ ᠨᠥᠬᠥᠷᠯᠡᠭᠰᠡᠨ ᠦᠭᠡᠢ ᠂ ᠰᠠᠯᠬᠤ ᠦᠭᠡᠢ ᠬᠠᠶᠠᠬᠤ ᠦᠭᠡᠢ ᠭᠡᠵᠦ ᠦᠭᠡᠢ ᠂ ᠲᠣᠭ᠎ᠠ ᠲᠣᠮᠰᠢ ᠦᠭᠡᠢ ᠣᠯᠠᠨ ᠤᠳᠠᠭᠠᠨ ᠤ᠋ ᠭᠡᠷ ᠦ᠋ᠨ ᠬᠦᠴᠦᠷᠬᠡᠭᠯᠡᠯ ᠪᠠ ᠠᠮᠢᠳᠤᠷᠠᠯ ᠤ᠋ᠨ ᠭᠠᠴᠢᠭᠳᠠᠯ ᠵᠣᠪᠠᠯᠠᠩ ᠦᠭᠡᠢ ᠂ ᠬᠠᠭᠠᠰ ᠵᠢᠯ ᠦ᠋ᠨ 7 ᠤᠳᠠᠭᠠᠨ ᠤ᠋ ᠰᠡᠷᠡᠮᠵᠢ ᠶ᠋ᠢᠨ ᠲᠡᠮᠳᠡᠭᠯᠡᠯ ᠪᠠ ᠬᠠᠷᠢᠶᠠᠯ ᠤ᠋ᠨ ᠰᠦᠷᠳᠡᠭᠦᠯᠦᠯ ᠵᠢᠴᠢ ᠵᠢᠭᠤᠷᠠᠯ ᠤ᠋ᠨ ᠡᠮᠦᠨ᠎ᠡ ᠂ ᠰᠢᠭᠦᠭᠴᠢ ᠡᠴᠡ ᠵᠠᠭᠠᠯᠳᠤᠭᠳᠠᠭᠴᠢ ᠳᠤ < ᠰᠠᠯᠵᠤ ᠪᠣᠯᠤᠰᠢ ᠦᠭᠡᠢ ᠤᠷᠤᠭ ᠭᠡᠵᠦ ᠪᠠᠶ᠋ᠢᠬᠤ ᠦᠭᠡᠢ > ᠭᠡᠵᠦ ᠬᠡᠯᠡᠵᠦ ᠥᠭᠭᠦᠭᠡᠳ᠂ ᠂ ᠬᠡᠳᠦ ᠤᠳᠠᠭ᠎ᠠ ᠨᠤᠭᠤᠷᠠᠵᠤ ᠂ ᠢᠭᠡ ᠯᠡ ᠬᠠᠭᠤᠳᠠᠰᠤ ᠪᠠᠷ ᠰᠢᠭᠦᠨ ᠲᠠᠰᠤᠯᠤᠭᠠᠳ᠂ ᠂ ᠵᠠᠭᠠᠯᠳᠤᠭᠴᠢ ᠶ᠋ᠢ ᠬᠠᠪᠰᠤᠷᠤᠨ ᠡᠴᠦᠰ ᠲᠡᠬᠡᠨ ᠭᠦᠨ ᠬᠦᠪ ᠡᠴᠡ ᠮᠠᠴᠤᠨ ᠭᠠᠷᠭᠠᠵᠤ᠂ ᠰᠢᠨ᠎ᠡ ᠠᠮᠢᠳᠤᠷᠠᠯ ᠢ ᠡᠬᠢᠯᠡᠭᠦᠯᠵᠡᠶ᠃
ᠬᠠᠩᠭᠢᠨ ᠬᠤᠰᠢᠭᠤᠨ ᠤ᠋ ᠠᠷᠠᠳ ᠤᠨ ᠰᠢᠭᠦᠬᠦ ᠬᠣᠷᠢᠶ᠎ᠠ ᠶ᠋ᠢᠨ ᠸᠠᠩ ᠵᠢᠩ
ᠲᠦᠭ ᠲᠦᠮᠡᠨ ᠭᠡᠷ ᠪᠦᠯᠢ ᠶ᠋ᠢᠨ ᠬᠦᠰᠡᠯ ᠨᠠᠢᠳᠠᠯᠭ᠎ᠠ ᠶ᠋ᠢ ᠰᠠᠬᠢᠨ ᠬᠠᠮᠠᠭᠠᠯᠠᠵᠤ ᠂ ᠠᠷᠠᠳ ᠤ᠋ᠨ ᠠᠮᠢᠳᠤᠷᠠᠯ ᠤ᠋ᠨ ᠬᠦᠢᠲᠡᠨ ᠳᠤᠯᠠᠭᠠᠨ ᠢ᠋ ᠬᠠᠯᠠᠮᠵᠢᠯᠠᠨ ᠠᠩᠬᠠᠷᠬᠤ ᠬᠡᠷᠡᠭᠲᠡᠢ ᠃ ᠴᠠᠭ ᠲᠠᠶ ᠤᠷᠤᠯᠳᠤᠨ ᠰᠢᠭᠦᠭᠰᠡᠨ ᠬᠡᠷᠡᠭ ᠨᠢ ᠨᠢᠭᠡ ᠪᠦᠯᠦᠭ ᠰᠤᠷᠤᠭᠴᠢᠳ ᠤᠨ ᠬᠠᠯᠠᠭᠤᠨ ᠳᠤᠯᠠᠭᠠᠨ ᠵᠢᠭᠠᠨ ᠰᠤᠷᠭᠠᠯᠲᠠ ᠶᠢᠨ ᠣᠷᠴᠢᠨ ᠲᠣᠭᠣᠷᠢᠨ ᠳᠤ ᠬᠣᠯᠪᠣᠭᠳᠠᠨ᠎ᠠ ᠃ ᠪᠣᠳᠠᠲᠠᠢ ᠭᠠᠵᠠᠷ ᠤ᠋ᠨ ᠪᠠᠢᠴᠠᠭᠠᠯᠲᠠ ᠪᠠᠷ ᠳᠠᠮᠵᠢᠨ ᠂ ᠴᠠᠭ ᠨᠡᠮᠡᠵᠦ ᠠᠵᠢᠯᠯᠠᠵᠤ ᠂ ᠡᠨᠡᠬᠦ ᠭᠡᠷ᠎ᠡ ᠶ᠋ᠢᠨ ᠵᠢᠭᠤᠷᠠᠯᠳᠤᠭᠠᠨ ᠤ᠋ ᠬᠡᠷᠡᠭ ᠢ᠋ ᠰᠢᠭᠦᠨ ᠳᠠᠭᠤᠰᠬᠠᠵᠤ ᠂ ᠬᠠᠮᠤᠭ ᠡᠴᠦᠰ ᠲᠦ᠍ ᠬᠠᠬᠢᠷ ᠡᠪᠦᠯ ᠬᠦᠷᠴᠦ ᠢᠷᠡᠬᠦ ᠲᠠᠰᠢᠷᠠᠮ ᠢ᠋ᠶ᠋ᠠᠷ ᠬᠢᠴᠢᠶᠡᠯ ᠦ᠋ᠨ ᠭᠡᠷ ᠦ᠋ᠨ ᠪᠦᠬᠦ ᠢᠯᠴᠢ ᠰᠠᠷᠨᠢᠭᠤᠯᠬᠤ ᠮᠠᠰᠢᠨ ᠢ᠋ ᠠᠮᠵᠢᠯᠲᠠ ᠲᠠᠢ ᠰᠣᠯᠢᠵᠤ ᠂ ᠬᠡᠦᠬᠡᠳ ᠦ᠋ᠳ ᠲᠦ᠍ ᠵᠢᠭᠠᠨ ᠰᠤᠷᠭᠠᠯᠲᠠ ᠶ᠋ᠢᠨ ᠳᠤᠯᠠᠭᠠᠨ ᠣᠷᠴᠢᠨ ᠲᠣᠭᠣᠷᠢᠨ ᠬᠠᠩᠭ᠋ᠠᠵᠠᠶ ᠃
ᠡᠵᠡᠨ ᠬᠣᠷᠣᠭ᠎ᠠ ᠬᠤᠰᠢᠭᠤᠨ ᠤ᠋ ᠠᠷᠠᠳ ᠤᠨ ᠰᠢᠭᠦᠬᠦ ᠬᠣᠷᠢᠶ᠎ᠠ ᠶ᠋ᠢᠨ ᠦ᠋ ᠼᠠᠢ ᠰᠢᠶᠠ
ᠮᠠᠭᠤ ᠰᠠᠨᠠᠭ᠎ᠠ ᠥᠷᠢ ᠡᠴᠡ ᠵᠠᠢᠯᠠᠨ ᠮᠤᠤᠷ ᠣᠳᠤᠨ᠎ᠠ ᠂ ᠰᠢᠳᠤᠷᠭᠤ ᠶᠣᠰᠣ ᠬᠡᠳᠦᠢᠪᠡᠷ ᠤᠷᠤᠢᠲᠠᠭᠰᠠᠨ ᠪᠣᠯᠪᠠᠴᠤ ᠲᠥᠪ ᠭᠣᠣᠯᠴᠢ ᠬᠦᠷᠴᠦ ᠢᠷᠡᠨ᠎ᠡ᠃ ᠨᠢᠭᠡ ᠳᠣᠣᠷ᠎ᠠ ᠮᠠᠭᠤ ᠰᠠᠨᠠᠭ᠎ᠠ ᠪᠠᠷ ᠵᠠᠢᠯᠠᠭᠰᠠᠨ ᠤ᠋ ᠳᠡᠭᠡᠷ᠎ᠡ ᠠᠪᠴᠠᠭᠠᠲᠠᠨ ᠤ ᠬᠠᠤᠯᠢ ᠴᠠᠭᠠᠵᠠ ᠶ᠋ᠢᠨ ᠤᠬᠠᠮᠰᠠᠷ ᠳᠤᠲᠠᠮᠠᠭ ᠡᠴᠡ ᠪᠣᠯᠵᠤ ᠠᠪᠴᠠᠭᠠᠨ ᠤ᠋ ᠡᠷᠬᠡ ᠨᠢ ᠵᠠᠷᠭᠤ ᠶ᠋ᠢᠨ ᠬᠦᠴᠦᠨ ᠲᠡᠢ ᠬᠤᠭᠤᠴᠠᠭ᠎ᠠ ᠠ᠋ᠴᠠ ᠬᠡᠲᠦᠷᠡᠭᠰᠡᠨ ᠪᠠᠢᠪᠠᠯ ᠂ ᠡᠷᠬᠡ ᠪᠡᠨ ᠬᠠᠮᠠᠭᠠᠯᠠᠬᠤ ᠳ᠋ᠤ᠌ ᠬᠦᠴᠢᠷ ᠪᠣᠯᠤᠨ᠎ᠠ ᠃ ᠭᠡᠪᠡᠴᠦ ᠵᠠᠷᠭᠤ ᠶ᠋ᠢᠨ ᠬᠦᠴᠦᠨ ᠲᠡᠢ ᠬᠤᠭᠤᠴᠠᠭ᠎ᠠ ᠶ᠋ᠢᠨ ᠥᠷᠲᠡᠭ ᠦ᠋ᠨ ᠬᠠᠨᠳᠤᠰᠢ ᠨᠢ ᠡᠷᠬᠡᠲᠦ ᠬᠥᠮᠦᠨ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠬᠠᠮᠠᠭᠠᠯᠠᠵᠤ ᠂ ᠬᠠᠮᠤᠭ ᠡᠴᠦᠰ ᠲᠡᠬᠡᠨ ᠵᠠᠭᠠᠯᠳᠤᠭᠴᠢ ᠶ᠋ᠢᠨ ᠰᠠᠨᠠᠭᠠᠴᠢᠯᠠᠭᠰᠠᠨ ᠵᠠᠷᠭᠤ ᠶ᠋ᠢᠨ ᠭᠤᠶᠤᠴᠢᠯᠠᠯ ᠨᠢ ᠳᠡᠮᠵᠢᠯᠭᠡ ᠣᠯᠬᠤ ᠪᠣᠯᠤᠨ᠎ᠠ ᠃
ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ ᠠ ᠶᠢᠨ ᠭᠦᠸᠧ ᠪᠥᠸᠧ
ᠳᠠᠪᠬᠤᠷ ᠳᠠᠪᠬᠤᠷ ᠮᠠᠨᠠᠨ ᠢ᠋ ᠠᠷᠢᠯᠭᠠᠵᠤ ᠲᠥᠪ ᠭᠣᠣᠯᠴᠢ ᠰᠢᠳᠤᠷᠭᠤ ᠶᠣᠰᠣ ᠶ᠋ᠢ ᠬᠠᠮᠠᠭᠠᠯᠠᠵᠤ ᠃ ᠬᠡᠷᠡᠭ ᠦ᠋ᠨ ᠳᠣᠲᠣᠷ᠎ᠠ ᠠ᠋ᠴᠠ ᠬᠦᠷᠢ ᠶ᠋ᠢᠨ ᠡᠭᠦᠷ ᠲᠠᠲᠠᠵᠤ ᠂ ᠭᠡᠷᠡᠴᠢ ᠪᠠᠷᠢᠮᠲᠠ ᠶ᠋ᠢᠨ ᠳᠤᠮᠳᠠ ᠨᠠᠷᠢᠨ ᠨᠢᠮᠪᠠᠢ ᠡᠮᠬᠢᠯᠡᠨ ᠡᠮᠬᠢᠯᠡᠵᠦ ᠲᠢᠭᠯᠡᠨ᠎ᠡ ᠃ ᠲᠢᠩᠬᠢᠮ ᠦ᠋ᠨ ᠡᠮᠦᠨ᠎ᠡ ᠡᠶᠡᠳᠡᠭᠦᠯᠬᠦ ᠂ ᠨᠡᠮᠡᠯᠲᠡ ᠬᠡᠷᠡᠭ ᠦ᠋ᠨ ᠭᠠᠳᠠᠨᠠᠬᠢ ᠬᠥᠮᠦᠨ ᠰᠢᠭᠦᠯᠲᠡ ᠬᠢᠵᠦ ᠂ ᠰᠢᠭᠦᠯᠲᠡ ᠶ᠋ᠢᠨ ᠳᠠᠷᠠᠭ᠎ᠠ ᠮᠠᠳᠠᠭ ᠲᠠᠢ ᠠᠰᠠᠭᠤᠯᠲᠠ ᠶ᠋ᠢ ᠬᠠᠷᠢᠭᠤᠯᠵᠤ ᠂ ᠡᠴᠦᠰ ᠲᠡᠭᠡᠨ ᠮᠠᠱᠠᠯᠳᠢ ᠶ᠋ᠢᠨ ᠡᠭᠦᠰᠬᠡᠭᠰᠡᠨ ᠭᠤᠷᠪᠠᠨ ᠲᠠᠯ᠎ᠠ ᠶ᠋ᠢᠨ ᠵᠢᠭᠤᠷᠠᠯᠳᠤᠭᠠᠨ ᠢ᠋ ᠳᠠᠭᠤᠰᠬᠠᠵᠤ ᠂ ᠭᠤᠷᠪᠠᠨ ᠲᠠᠯ ᠠ ᠶᠢᠨ ᠲᠤᠬᠠᠶ ᠶᠢᠨ ᠬᠥᠮᠦᠨ ᠦ ᠢᠲᠡᠭᠡᠯ ᠢ ᠳᠠᠬᠢᠨ ᠣᠯᠤᠭᠰᠠᠨ ᠪᠠᠢᠨ᠎ᠠ ᠃
ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ ᠠ ᠶ᠋ᠢᠨ ᠯᠢ ᠰᠢᠦᠸᠠᠢ ᠮᠧᠢ
ᠰᠠᠢᠨ ᠰᠠᠨᠠᠭ᠎ᠠ ᠪᠠᠷ ᠭᠦᠢᠴᠡᠳᠬᠡᠬᠦ ᠶ᠋ᠢ ᠪᠠᠷᠢᠮᠲᠠᠯᠠᠵᠤ ᠂ ᠬᠠᠤᠯᠢ ᠴᠠᠭᠠᠵᠠ᠎ᠶ᠋ᠢᠨ ᠬᠠᠢᠷ᠎ᠠ ᠰᠡᠳᠬᠢᠯᠭᠡᠶ᠋ᠢ ᠢᠯᠡᠷᠡᠭᠦᠯᠵᠡᠢ ᠃ ᠲᠤᠬᠠᠢᠶ᠋ᠢᠨ ᠬᠥᠮᠦᠨ ᠦ ᠪᠠᠴᠢᠮ ᠂ ᠰᠠᠨᠠᠭ᠎ᠠ ᠵᠣᠪᠠᠵᠤ ᠪᠠᠢᠭ᠎ᠠ ᠱᠠᠭᠠᠷᠳᠠᠯᠭ᠎ᠠ ᠶ᠋ᠢ ᠪᠡᠶ᠎ᠡ ᠪᠡᠷ ᠢ᠋ᠶ᠋ᠡᠨ ᠣᠢᠯᠠᠭᠠᠨ ᠂ ᠬᠦᠢᠴᠡᠳᠬᠡᠯᠬᠡᠬᠦᠪᠡᠷ ᠭᠤᠶᠤᠴᠢᠯᠠᠭᠴᠢᠶ᠋ᠢᠨ ᠡᠷᠬᠡ ᠠᠰᠢᠭ ᠢ᠋ ᠬᠠᠮᠠᠭᠠᠯᠠᠨ ᠪᠡᠶᠡᠯᠡᠭᠦᠯᠵᠦ᠂ ᠮᠥᠨ ᠴᠦ ᠲᠡᠳᠡᠭᠡᠷ ᠨᠦᠬᠦᠰᠢᠷᠡᠮᠡᠯ ᠭᠦᠢᠴᠡᠳᠬᠡᠭᠳᠡᠭᠴᠢ ᠰᠠᠭᠤᠬᠤ ᠵᠠᠮ ᠡᠷᠢᠵᠦ ᠥᠭᠭᠦᠨ᠎ᠡ ᠂ ᠡᠨᠡ ᠪᠣᠯ ᠰᠢᠭᠦᠬᠦ ᠬᠣᠷᠢᠶᠠᠨ ᠤ ᠬᠥᠮᠦᠨ ᠦ ᠬᠥᠭᠡᠭᠡᠴᠡᠯᠳᠦᠵᠦ ᠪᠠᠢᠭ᠎ᠠ ᠬᠠᠤᠯᠢ ᠴᠠᠭᠠᠵᠠ᠎ᠶ᠋ᠢᠨ ᠦᠨ᠎ᠡ ᠥᠷᠲᠡᠭ ᠪᠣᠯᠤᠨ᠎ᠠ ᠃
ᠦᠦᠰᠢᠨ ᠬᠤᠰᠢᠭᠤᠨ ᠤ᠋ ᠠᠷᠠᠳ ᠤᠨ ᠰᠢᠭᠦᠬᠦ ᠬᠣᠷᠢᠶ᠎ᠠ ᠶ᠋ᠢᠨ ᠵᠣᠣ ᠰᠢᠦᠢ
ᠤᠭ ᠵᠣᠷᠢᠯᠲᠠ ᠪᠠᠨ ᠪᠠᠷᠢᠮᠲᠠᠯᠠᠵᠤ ᠂ ᠠᠷᠠᠳ ᠲᠦᠮᠡᠨ ᠦ᠌ ᠵᠣᠭᠰᠣᠯᠲᠠ ᠳ᠋ᠤ᠌ ᠪᠠᠲᠤ ᠵᠣᠭᠰᠣᠵᠤ ᠃ 《ᠨᠢᠷᠤᠭᠤ ᠢᠶᠡᠨ ᠲᠦᠰᠢᠬᠦ 》 ᠪᠠᠢᠬᠤ ᠡᠶᠡᠳᠡᠭᠦᠯᠭᠡ ᠶᠢᠨ ᠵᠬᠠᠪᠤᠷ ᠢ᠋ᠶ᠋ᠠᠷ ᠳᠠᠮᠵᠢᠨ 《 ᠨᠢᠭᠤᠷᠳᠠᠨ ᠶᠠᠷᠢᠯᠴᠠᠬᠤ 》 ᠦᠵᠡᠯ ᠰᠠᠨᠠᠭᠠᠨ ᠤ᠋ ᠠᠵᠢᠯ ᠢ᠋ ᠬᠢᠵᠦ ᠂ ᠬᠥᠷᠰᠢ ᠵᠡᠷᠭᠡᠯᠡᠳᠡᠭᠡ ᠬᠣᠶᠠᠷ ᠡᠲᠡᠭᠡᠳ ᠢ᠋ᠶ᠋ᠡᠷ ᠢ᠋ᠶ᠋ᠡᠨ ᠭᠠᠷ ᠠᠳᠬᠤᠨ ᠡᠶᠡᠳᠡᠨᠡ ᠃
ᠣᠲᠣᠭ ᠤ᠋ᠨ ᠡᠮᠦᠨᠡᠲᠦ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠮᠦᠴᠢᠷ
ᠰᠢᠷᠦᠭᠦᠨ ᠥᠷᠢᠰᠥᠯᠳᠦᠭᠡᠨ ᠢᠶᠡᠷ ᠳᠠᠮᠵᠢᠨ ᠂ ᠬᠠᠩᠭᠢᠨ ᠬᠣᠰᠢᠭᠤᠨ ᠤ ᠠᠷᠠᠳ ᠤᠨ ᠰᠢᠭᠦᠬᠦ ᠬᠣᠷᠢᠶ ᠠ ᠶᠢᠨ ᠸᠠᠩ ᠵᠢᠩ ᠨᠢᠭᠡᠳᠦᠭᠡᠷ ᠳᠡᠰ ᠤᠨ ᠱᠠᠩᠨᠠᠯ ᠭᠥᠷᠳᠡᠵᠦ ᠂ ᠬᠢᠶ᠎ᠠ ᠪᠠᠭᠰᠢ ᠲᠣᠭᠣᠷᠢᠭ ᠤᠨ ᠠᠷᠠᠳ ᠤᠨ ᠰᠢᠭᠦᠬᠦ ᠬᠣᠷᠢᠶ ᠠ ᠶᠢᠨ ᠯᠢ ᠰᠢᠤᠸᠠᠢ ᠮᠧᠶ ᠂ ᠣᠲᠣᠭ ᠤᠨ ᠡᠮᠦᠨᠡᠲᠦ ᠬᠣᠰᠢᠭᠤᠨ ᠤ ᠠᠷᠠᠳ ᠤᠨ ᠰᠢᠭᠦᠬᠦ ᠬᠣᠷᠢᠶ ᠠ ᠶᠢᠨ ᠮᠦᠴᠢᠷ ᠬᠣᠶᠠᠳᠤᠭᠠᠷ ᠳᠡᠰ ᠤᠨ ᠱᠠᠩᠨᠠᠯ ᠭᠥᠷᠳᠡᠵᠦ ᠂ ᠳᠠᠯᠠᠳ ᠬᠣᠰᠢᠭᠤᠨ ᠤ ᠠᠷᠠᠳ ᠤᠨ ᠰᠢᠭᠦᠬᠦ ᠬᠣᠷᠢᠶ ᠠ ᠶᠢᠨ ᠬᠠᠨ ᠷᠦᠢ ᠷᠦᠩ ᠂ ᠡᠵᠡᠨ ᠬᠣᠷᠣᠭ᠎ᠠ ᠬᠣᠰᠢᠭᠤᠨ ᠤ ᠠᠷᠠᠳ ᠤᠨ ᠰᠢᠭᠦᠬᠦ ᠬᠣᠷᠢᠶ ᠠ ᠶᠢᠨ ᠦ᠋ ᠼᠠᠢ ᠰᠢᠶᠠ ᠂ ᠳ᠋ᠦᠩᠱᠧᠩ ᠲᠣᠭᠣᠷᠢᠭ ᠤᠨ ᠠᠷᠠᠳ ᠤᠨ ᠰᠢᠭᠦᠬᠦ ᠬᠣᠷᠢᠶ ᠠ ᠶᠢᠨ ᠬᠤ ᠰᠢᠨ ᠭᠤᠷᠪᠠᠳᠤᠭᠠᠷ ᠳᠡᠰ ᠤᠨ ᠱᠠᠩᠨᠠᠯ ᠭᠥᠷᠳᠡᠵᠦ ᠂ ᠵᠡᠭᠦᠨᠭᠠᠷ ᠬᠣᠰᠢᠭᠤᠨ ᠤ ᠠᠷᠠᠳ ᠤᠨ ᠰᠢᠭᠦᠬᠦ ᠬᠣᠷᠢᠶ ᠠ ᠶᠢᠨ ᠾᠧ ᠴᠦᠨ ᠵᠡᠷᠭᠡ ᠰᠢᠯᠢᠳᠡᠭ ᠱᠠᠩᠨᠠᠯ ᠬᠦᠷᠲᠡᠵᠡᠢ ᠃
ᠬᠥᠮᠦᠰ ᠦᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ ᠠ ᠨᠤᠭᠤᠳ ᠂ ᠰᠣᠳᠣᠨ ᠬᠡᠷᠡᠭ ᠦᠨ ᠵᠢᠱᠢᠶ᠎ᠡ ᠨᠦᠭᠦᠳ ᠨᠢ ᠂ ᠰᠢᠭᠦᠬᠦ ᠬᠣᠷᠢᠶᠠᠨ ᠤ ᠬᠥᠮᠦᠰᠦ᠋ᠨ ᠣᠯᠠᠨ ᠳᠦᠷᠢ ᠲᠡᠢ ᠣᠯᠠᠨ ᠡᠰᠢᠲᠦ ᠠᠵᠢᠯ᠎ᠤ᠋ᠨ ᠵᠢᠷᠤᠭ ᠰᠡᠭᠦᠳᠡᠷ ᠢ᠋ ᠬᠠᠷᠠᠭᠤᠯᠵᠤ ᠂ ᠲᠡᠳᠡ ᠠᠷᠠᠳ ᠲᠦᠮᠡᠨᠦ᠌ ᠵᠣᠭᠰᠣᠯᠲᠠᠶ᠋ᠢ ᠢᠮᠠᠭᠲᠠ ᠪᠠᠷᠢᠮᠲᠠᠯᠠᠵᠤ ᠂ ᠠᠷᠠᠳᠤ᠋ᠨ ᠲᠥᠯᠥᠭᠡ ᠬᠠᠤᠯᠢ ᠪᠠᠷᠢᠬᠤᠶ᠋ᠢ ᠴᠢᠷᠮᠠᠢᠨ ᠦᠢᠯᠡᠳᠦᠯᠭᠡᠵᠢᠭᠦᠯᠵᠦ ᠂ ᠠᠷᠠᠳ ᠤᠯᠠᠨ ᠤ ᠪᠠᠴᠢᠮ ᠂ ᠰᠠᠨᠠᠭᠠᠰᠢᠷᠠᠯ ᠵᠣᠪᠠᠯᠠᠩᠢ᠋ ᠰᠡᠳᠬᠢᠯ ᠲᠠᠯᠪᠢᠨ ᠰᠢᠢᠳᠪᠦᠷᠢᠯᠡᠵᠦ ᠂ ᠬᠡᠷᠡᠭ ᠶᠠᠪᠤᠳᠠᠯ ᠤᠳ ᠤᠨ ᠳᠤᠮᠳᠠ ᠠᠷᠠᠳ ᠤᠯᠠᠨ ᠤ ᠲᠥᠪ ᠭᠣᠣᠯᠴᠢ ᠰᠢᠳᠤᠷᠭᠤ ᠶᠣᠰᠣᠨ ᠤ ᠲᠤᠬᠠᠢ ᠬᠦᠰᠡᠯ ᠡᠷᠡᠮᠡᠯᠵᠡᠯᠢ᠋ ᠲᠤᠰᠬᠠᠵᠤ ᠪᠠᠢᠨ᠎ᠠ ᠃ 2023 ᠣᠨ ᠤ ᠬᠣᠶᠠᠳᠤᠭᠠᠷ ᠤᠯᠠᠷᠢᠯᠤ᠋ᠨ 《 ᠮᠢᠨᠦ ᠬᠡᠷᠡᠭ ᠢ᠋ ᠲᠠᠰᠤᠯᠬᠤ ᠶ᠋ᠢ ᠰᠣᠨᠣᠰᠬᠤ 》 ᠦᠯᠢᠭᠡᠷ ᠬᠡᠰᠡᠭ ᠲᠡᠭᠦᠰᠵᠡᠢ ᠂ ᠭᠡᠪᠡᠴᠦ ᠰᠢᠭᠦᠬᠦ ᠬᠣᠷᠢᠶᠠᠨ ᠤ ᠬᠥᠮᠦᠨ ᠬᠠᠤᠯᠢ ᠶᠣᠰᠣᠭᠠᠷ ᠡᠭᠦᠷᠭᠡ ᠲᠤᠰᠢᠶᠠᠯᠢ᠋ᠶ᠋ᠠᠨ ᠭᠦᠢᠴᠡᠳᠬᠡᠵᠦ ᠂ ᠲᠥᠪ ᠭᠣᠣᠯᠴᠢᠪᠠᠷ ᠬᠠᠤᠯᠢ ᠴᠠᠭᠠᠵᠠ᠎ᠶ᠋ᠢᠨ ᠴᠢᠷᠮᠠᠢᠯᠭ᠎ᠠ ᠪᠠᠷ ᠠᠷᠠᠳ ᠣᠯᠠᠨ ᠳᠤ ᠪᠣᠳᠠᠲᠤ ᠶᠠᠪᠤᠳᠠᠯ ᠬᠢᠵᠦ ᠂ ᠰᠠᠢᠨ ᠶᠠᠪᠤᠳᠠᠯ ᠬᠢᠬᠦ ᠠᠯᠬᠤᠮ ᠪᠦᠷᠢ ᠬᠡᠵᠢᠶᠡᠳᠡ ᠵᠣᠭᠰᠣᠰᠢ ᠦᠭᠡᠢ ᠦᠷᠬᠦᠯᠵᠢᠯᠡᠨ᠎ᠡ ᠃
ᠦᠨᠡᠯᠡᠬᠦ 0ᠦᠨᠡᠯᠡᠯᠲᠡ᠎ᠲᠠᠢ