ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠦᠲᠦᠭᠡᠨ ᠪᠠᠢᠭᠤᠯᠬᠤ ᠳ᠋ᠤ ᠣᠷᠳᠤᠰ ᠤ᠋ᠨ ᠰᠢᠭᠦᠬᠦ ᠬᠣᠷᠢᠶ᠎ᠠ ᠴᠢᠩᠭ᠎ᠠ ᠳᠠᠭᠠᠯᠳᠤᠨ ᠬᠥᠳᠡᠯᠦᠯᠴᠡᠵᠦ ᠪᠠᠢᠨ᠎ᠠ ︕
2023.07.21 ᠲᠣᠰ ᠥᠷᠲᠡᠭᠡᠨ᠎ᠦ ᠨᠠᠢᠷᠠᠭᠤᠯᠤᠭᠴᠢ

    ᠣᠢᠷ᠎ᠠ ᠳ᠋ᠤ᠌ ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠠ᠋ᠴᠠ ᠪᠦᠬᠦ ᠲᠠᠯ᠎ᠠ ᠪᠠᠷ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠠᠢᠭᠤᠯᠬᠤ ᠲᠤᠬᠠᠢ ᠲᠣᠭᠲᠠᠭᠠᠯ ᠭᠠᠷᠭᠠᠵᠤ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠢᠮᠠᠭᠲᠠ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠪᠠᠲᠤ ᠴᠣᠭᠴᠠᠯᠠᠬᠤ ᠪᠠᠷ ᠭᠣᠣᠯ ᠰᠢᠵᠢᠮ ᠪᠣᠯᠭᠠᠵᠤ ᠂ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ᠌ ᠲᠤᠰᠢᠶᠠᠭᠰᠠᠨ ᠲᠠᠪᠤᠨ ᠶᠡᠬᠡ ᠡᠭᠦᠷᠭᠡ ᠶ᠋ᠢ ᠰᠠᠢᠲᠤᠷ ᠨᠠᠢᠳᠠᠪᠤᠷᠢᠵᠢᠭᠤᠯᠬᠤ ᠂ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠪᠠ ᠪᠦᠬᠦ ᠬᠣᠲᠠ ᠶ᠋ᠢᠨ 《 ᠭᠤᠷᠪᠠᠨ  ᠳᠥᠷᠪᠡ 》 ᠢ᠋ᠢᠨ ᠡᠭᠦᠷᠭᠡ ᠳ᠋ᠤ ᠰᠢᠭᠦᠬᠦ ᠬᠣᠷᠢᠶᠠᠨ ᠤ᠋ ᠬᠤᠪᠢ ᠨᠡᠮᠡᠷᠢ ᠪᠠᠨ ᠦᠵᠡᠭᠦᠯᠦᠨ᠎ᠡ ᠃

    ᠨᠢᠭᠡ ᠂ ᠨᠠᠮ ᠤ᠋ᠨ ᠠᠴᠢ ᠡᠨᠡᠷᠢᠯ ᠳ᠋ᠦ᠍ ᠲᠠᠯᠠᠷᠬᠠᠨ ᠨᠠᠮ ᠤ᠋ᠨ ᠦᠭᠡ ᠶ᠋ᠢ ᠰᠣᠨᠣᠰᠴᠤ ᠂ ᠶᠡᠷᠦᠩᠬᠡᠢ ᠱᠦᠵᠢ ᠰᠢ ᠵᠢᠨ ᠫᠢᠩ ᠤ᠋ᠨ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ ᠳ᠋ᠤ᠌ ᠵᠢᠱ᠌ᠢᠶᠡᠴᠢ  ᠪᠣᠯᠤᠨ᠎ᠠ ᠃ ᠣᠷᠳᠣᠰ ᠬᠣᠲᠠ ᠶ᠋ᠢᠨ ᠰᠢᠭᠦᠬᠦ ᠬᠣᠷᠢᠶ᠎ᠠ 《 ᠬᠣᠶᠠᠷ ᠢ᠋ ᠲᠣᠭᠲᠠᠭᠠᠬᠤ 》 ᠶ᠋ᠢᠨ ᠰᠢᠢᠳᠪᠦᠷᠢᠯᠡᠭᠴᠢ ᠠᠴᠢ ᠬᠣᠯᠪᠣᠭᠳᠠᠯ ᠢ᠋ ᠭᠦᠨᠵᠡᠭᠡᠢ ᠣᠢᠯᠠᠭᠠᠵᠤ ᠂ 《 ᠳᠥᠷᠪᠡᠨ ᠤᠬᠠᠮᠰᠠᠷ 》  ᠢ᠋ᠢᠡᠨ ᠴᠢᠩᠭᠠᠳᠬᠠᠵᠤ ᠂ 《 ᠳᠥᠷᠪᠡᠨ ᠢᠲᠡᠭᠡᠯ 》  ᠢ᠋ᠢᠡᠨ ᠪᠠᠲᠤᠳᠭᠠᠨ ᠂ 《 ᠬᠣᠶᠠᠷ ᠢ᠋ ᠬᠠᠮᠠᠭᠠᠯᠠᠬᠤ 》 ᠶ᠋ᠢ ᠪᠡᠶᠡᠯᠡᠭᠦᠯᠵᠦ ᠂ ᠢᠮᠠᠭᠲᠠ ᠰᠢ ᠶ᠋ᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶ᠎ᠠ ᠲᠠᠢ ᠳᠡᠭᠡᠳᠦ ᠬᠡᠮᠵᠢᠶ᠎ᠡ ᠪᠡᠷ ᠨᠢᠭᠡᠳᠦᠯᠲᠡᠢ ᠪᠠᠢᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ᠌ ᠦᠭᠭᠦᠭᠰᠡᠨ ᠴᠢᠬᠤᠯᠠ ᠵᠢᠭᠠᠪᠤᠷᠢ ᠶ᠋ᠢᠨ ᠱᠠᠭᠠᠷᠳᠠᠯᠭ᠎ᠠ ᠶ᠋ᠢ ᠲᠡᠷᠡ ᠬᠡᠪ ᠢ᠋ᠶ᠋ᠡᠷ ᠨᠢ ᠲᠤᠤᠱᠯᠠᠭᠤᠯᠤᠨ ᠨᠠᠢᠳᠠᠪᠤᠷᠢᠵᠢᠭᠤᠯᠤᠨ᠎ᠠ ᠃

    ᠬᠣᠶᠠᠷ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠪᠠᠲᠤ ᠴᠣᠭᠴᠠᠯᠠᠬᠤ ᠲᠠᠯ᠎ᠠ ᠪᠠᠷ ᠵᠢᠱ᠌ᠢᠶᠡᠴᠢ  ᠪᠣᠯᠤᠨ᠎ᠠ ᠃ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ ᠦ᠋ᠨ ᠦᠨᠳᠦᠰᠦᠲᠡᠨ ᠦ᠌ ᠠᠵᠢᠯ ᠢ᠋ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠵᠢᠨ ᠫᠢᠩ ᠦ᠋ᠨ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠦᠬᠦ ᠲᠠᠯ᠎ᠠ ᠪᠠᠷ ᠡᠭᠦᠳᠦᠨ  ᠪᠠᠢᠭᠤᠯᠤᠨ᠎ᠠ ᠃ ᠨᠠᠮ ᠤ᠋ᠨ ᠤᠳᠤᠷᠢᠳᠬᠤ ᠳᠤᠭᠤᠢᠯᠠᠩ ᠨᠢ ᠬᠠᠮᠤᠭ ᠤ᠋ᠨ ᠲᠦᠷᠦᠭᠦᠨ ᠳ᠋ᠦ᠍ ᠬᠠᠮᠢᠶ᠎ᠠ ᠪᠦᠬᠦᠢ ᠠᠭᠤᠯᠭ᠎ᠠ ᠶ᠋ᠢ ᠤᠯᠠᠮᠵᠢᠯᠠᠨ ᠰᠤᠷᠤᠯᠴᠠᠵᠤ ᠂ ᠱᠠᠲᠤ ᠱᠠᠲᠤ ᠪᠠᠷ ᠤᠯᠠᠮᠵᠢᠯᠠᠨ ᠂ ᠱᠠᠲᠤ ᠳᠠᠷᠠᠭᠠᠯᠠᠨ ᠨᠠᠢᠳᠠᠪᠤᠷᠢᠵᠢᠭᠤᠯᠤᠨ᠎ᠠ ᠃

    ᠭᠤᠷᠪᠠ ᠂ ᠦᠨᠳᠦᠰᠦᠲᠡᠨ ᠦ᠌ ᠭᠠᠵᠠᠷ ᠣᠷᠣᠨ ᠳ᠋ᠤ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠭᠰᠠᠨ ᠪᠦᠲᠦᠭᠡᠨ ᠪᠠᠢᠭᠤᠯᠤᠯᠲᠠ ᠶ᠋ᠢ ᠲᠦᠯᠬᠢᠨ ᠠᠬᠢᠭᠤᠯᠬᠤ ᠠᠵᠢᠯ ᠤ᠋ᠨ ᠳᠤᠮᠳᠠ ᠵᠢᠱ᠌ᠢᠶᠡᠴᠢ ᠪᠣᠯᠤᠨ᠎ᠠ ᠃ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ᠌ ᠲᠤᠰᠢᠶᠠᠭᠰᠠᠨ ᠲᠠᠪᠤᠨ ᠶᠡᠬᠡ ᠡᠭᠦᠷᠭᠡ ᠶ᠋ᠢ ᠨᠠᠢᠳᠠᠪᠤᠷᠢᠵᠢᠭᠤᠯᠵᠤ ᠂ ᠤᠯᠤᠰ ᠤ᠋ᠨ ᠠᠮᠢ ᠠᠬᠤᠢ ᠶ᠋ᠢᠨ ᠠᠮᠤᠷ ᠲᠦᠪᠰᠢᠨ ᠂ ᠡᠨᠧᠷᠭᠢ ᠶ᠋ᠢᠨ ᠠᠮᠤᠷ ᠲᠦᠪᠰᠢᠨ ᠂ ᠠᠮᠤ ᠪᠤᠳᠠᠭᠠᠨ ᠤ᠋ ᠠᠮᠤᠷ ᠲᠦᠪᠰᠢᠨ ᠂ ᠠᠵᠤ ᠦᠢᠯᠡᠰ ᠦ᠋ᠨ ᠠᠮᠤᠷ ᠲᠦᠪᠰᠢᠨ ᠂ ᠬᠢᠯᠢ ᠬᠢᠵᠠᠭᠠᠷ ᠤ᠋ᠨ ᠠᠮᠤᠷ ᠲᠦᠪᠰᠢᠨ ᠢ᠋ ᠬᠠᠮᠠᠭᠠᠯᠠᠬᠤ ᠳ᠋ᠤ᠌ ᠬᠤᠪᠢ ᠨᠡᠮᠡᠷᠢ ᠦᠵᠡᠭᠦᠯᠪᠡ ᠃ 《 ᠤᠯᠤᠰ ᠤ᠋ᠨ ᠶᠡᠬᠡ ᠦᠢᠯᠡᠰ 》 ᠢ᠋ ᠪᠠᠲᠤ ᠴᠡᠭᠡᠵᠢᠯᠡᠵᠦ ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠰᠢᠨ ᠦ᠌ ᠬᠠᠯᠬᠠᠪᠴᠢ ᠶ᠋ᠢ ᠪᠠᠲᠤ ᠪᠡᠬᠢ ᠴᠣᠭᠴᠠᠯᠠᠨ᠎ᠠ ᠃ ᠨᠤᠲᠤᠭ ᠳᠡᠪᠢᠰᠬᠡᠷ ᠢ᠋ᠶ᠋ᠡᠨ ᠬᠠᠮᠠᠭᠠᠯᠠᠬᠤ ᠬᠠᠷᠢᠭᠤᠴᠠᠯᠭ᠎ᠠ ᠪᠠᠨ  ᠭᠦᠢᠴᠡᠳᠭᠡᠨ ᠂ ᠡᠬᠡ ᠣᠷᠣᠨ ᠤ᠋ ᠤᠮᠠᠷᠠᠲᠤ ᠬᠢᠯᠢ ᠶ᠋ᠢᠨ ᠠᠮᠤᠷ ᠲᠦᠪᠰᠢᠨ ᠲᠣᠭᠲᠠᠭᠤᠨ ᠬᠠᠯᠬᠠᠪᠴᠢ ᠶ᠋ᠢ ᠪᠠᠲᠤ ᠪᠡᠬᠢ ᠴᠣᠭᠴᠠᠯᠠᠨ᠎ᠠ ᠃ ᠰᠢᠯᠢᠳᠡᠭ ᠢ ᠬᠥᠮᠦᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠳ᠋ᠤ ᠨᠢᠳᠦ ᠲᠠᠯᠪᠢᠵᠤ ᠂ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠭᠠᠵᠠᠷ ᠢ᠋ ᠬᠦᠴᠦᠷᠬᠡᠭ ᠶᠡᠬᠡ ᠬᠦᠴᠦᠨ ᠲᠡᠭᠦᠯᠳᠡᠷ ᠪᠦᠲᠦᠭᠡᠨ ᠪᠠᠢᠭᠤᠯᠤᠨ᠎ᠠ ᠃

    ᠳᠥᠷᠪᠡ ᠂ ᠬᠢᠯᠢ ᠬᠢᠵᠠᠭᠠᠷ ᠤ᠋ᠨ ᠦᠨᠳᠦᠰᠦᠲᠡᠨ ᠦ᠌ ᠭᠠᠵᠠᠷ ᠣᠷᠣᠨ ᠤ᠋ ᠬᠠᠮᠲᠤ ᠪᠠᠷ ᠪᠠᠶᠠᠵᠢᠬᠤ ᠵᠠᠮ ᠳ᠋ᠤ ᠵᠢᠱ᠌ᠢᠶᠡᠴᠢ ᠪᠣᠯᠤᠨ᠎ᠠ ᠃ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠭᠦᠨᠵᠡᠭᠡᠢ ᠦᠢᠯᠡᠳᠦᠯᠭᠡᠵᠢᠭᠦᠯᠵᠦ ᠂ ᠠᠷᠠᠳ ᠤ᠋ᠨ ᠠᠮᠢᠳᠤᠷᠠᠯ ᠤ᠋ᠨ ᠳᠤᠲᠠᠭᠳᠠᠯ ᠢ᠋ ᠨᠥᠬᠥᠪᠥᠷᠢᠯᠡᠵᠦ ᠂ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠨᠡᠮᠡᠭᠳᠡᠭᠦᠯᠦᠨ ᠂ ᠦᠨᠳᠦᠰᠦᠲᠡᠨ ᠨᠦ᠍ᠭᠦᠳ ᠦ᠋ᠨ ᠠᠷᠠᠳ ᠲᠦᠮᠡᠨ ᠳ᠋ᠦ᠍ ᠬᠠᠮᠲᠤᠪᠠᠷ ᠪᠠᠶᠠᠵᠢᠬᠤ ᠶ᠋ᠢ ᠠᠬᠢᠭᠤᠯᠬᠤ ᠳ᠋ᠤ ᠬᠥᠳᠡᠯᠦᠯᠴᠡᠵᠦ ᠂ ᠳᠡᠷᠭᠡᠳᠡ ᠨᠢ ᠪᠠᠢᠨ᠎ᠠ ᠃

    ᠲᠠᠪᠤ ᠂ ᠬᠢᠯᠢ ᠬᠢᠵᠠᠭᠠᠷ ᠢ᠋ ᠬᠥᠭᠵᠢᠭᠦᠯᠵᠦ ᠬᠢᠯᠢ ᠬᠢᠵᠠᠭᠠᠷ ᠢ᠋ ᠲᠣᠭᠲᠠᠪᠤᠷᠢᠵᠢᠭᠤᠯᠤᠨ ᠪᠡᠬᠢᠵᠢᠭᠦᠯᠬᠦ ᠲᠠᠯ᠎ᠠ ᠳ᠋ᠤ ᠵᠢᠱ᠌ᠢᠶᠡᠴᠢ ᠪᠣᠯᠵᠤ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠦᠨᠳᠦᠰᠦᠨ ᠱᠠᠲᠤᠨ ᠤ᠋ ᠵᠠᠰᠠᠯᠲᠠ ᠶ᠋ᠢᠨ ᠰᠢᠰᠲ᠋ᠧᠮ ᠪᠠ ᠵᠠᠰᠠᠯᠲᠠ ᠶ᠋ᠢᠨ ᠴᠢᠳᠠᠪᠤᠷᠢ ᠶ᠋ᠢᠨ ᠣᠳᠣᠬᠢᠴᠢᠯᠠᠯᠲᠠ ᠶ᠋ᠢᠨ ᠲᠦᠪᠰᠢᠨ ᠢ᠋ ᠬᠦᠴᠦᠯᠡᠨ ᠳᠡᠭᠡᠭᠰᠢᠯᠡᠭᠦᠯᠦᠨ᠎ᠡ ᠃

    ᠵᠢᠷᠭᠤᠭ᠎ᠠ ᠂ ᠬᠢᠯᠢ ᠬᠢᠵᠠᠭᠠᠷ ᠣᠷᠣᠨ ᠤ᠋ ᠬᠣᠯᠪᠤᠭᠠᠯᠠᠨ ᠨᠡᠪᠲᠡᠷᠡᠯᠴᠡᠬᠦ ᠤᠯᠤᠰ ᠤ᠋ᠨ ᠳᠣᠲᠣᠭᠠᠳᠤ  ᠭᠠᠳᠠᠭᠠᠳᠤ ᠢ᠋ᠢᠨ ᠬᠣᠣᠰ ᠣᠷᠴᠢᠯ ᠳᠡᠭᠡᠷ᠎ᠡ ᠵᠢᠱᠢᠶᠡᠴᠢ ᠪᠣᠯᠤᠨ᠎ᠠ ᠃ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠪᠥᠬᠥ ᠲᠠᠯ᠎ᠠ ᠪᠠᠷ ᠰᠢᠯᠢᠳᠡᠭᠵᠢᠭᠦᠯᠵᠦ ᠂ ᠬᠤᠳᠠᠯᠳᠤᠭ᠎ᠠ ᠶ᠋ᠢ ᠬᠦᠨᠳᠦᠳᠬᠡᠵᠦ ᠬᠤᠳᠠᠯᠳᠤᠭ᠎ᠠ ᠢ᠋ ᠳᠣᠲᠤᠨᠤᠴᠢᠯᠠᠬᠤ᠂ ᠬᠤᠳᠠᠯᠳᠤᠭ᠎ᠠ ᠶ᠋ᠢ ᠠᠮᠤᠷᠵᠢᠭᠤᠯᠵᠤ ᠬᠤᠳᠠᠯᠳᠤᠭ᠎ᠠ ᠳ᠋ᠤ ᠳᠥᠭᠦᠮ ᠦᠵᠡᠭᠦᠯᠬᠦ ᠠᠵᠢᠯ ᠢ᠋ ᠰᠠᠢᠲᠤᠷ ᠬᠢᠵᠦ ᠂ ᠳᠣᠲᠤᠨᠤᠰᠤᠭ ᠵᠠᠰᠠᠭ ᠬᠤᠳᠠᠯᠳᠤᠭᠠᠨ ᠤ᠋ ᠬᠠᠷᠢᠴᠠᠭ᠎ᠠ ᠶ᠋ᠢ ᠪᠠᠢᠭᠤᠯᠤᠨ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠪᠠᠢᠭᠤᠯᠤᠨ᠎ᠠ ᠃

    ᠳᠣᠯᠣᠭ᠎ᠠ ᠂ ᠰᠢᠨ᠎ᠡ ᠰᠤᠷᠲᠠᠯ ᠲᠥᠪ ᠰᠤᠷᠲᠠᠯ ᠢ᠋ ᠪᠠᠳᠠᠷᠠᠭᠤᠯᠬᠤ ᠲᠠᠯ᠎ᠠ ᠪᠠᠷ ᠵᠢᠱ᠌ᠢᠶᠡᠴᠢ ᠪᠣᠯᠤᠨ᠎ᠠ ᠃ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠨᠠᠮ ᠢ᠋ ᠪᠥᠬᠥ ᠲᠠᠯ᠎ᠠ ᠪᠠᠷ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠭᠦᠨᠵᠡᠭᠡᠢ ᠨᠠᠢᠳᠠᠪᠤᠷᠢᠵᠢᠭᠤᠯᠵᠤ ᠂ ᠨᠠᠮ ᠤ᠋ᠨ ᠰᠢᠯᠢᠳᠡᠭ ᠤᠯᠠᠮᠵᠢᠯᠠᠯ ᠪᠠ ᠰᠤᠷᠲᠠᠯ ᠢ᠋ ᠤᠯᠠᠮᠵᠢᠯᠠᠨ ᠪᠠᠳᠠᠷᠠᠭᠤᠯᠵᠤ ᠂ ᠰᠠᠢᠨ ᠬᠡᠪ ᠰᠤᠷᠲᠠᠯ ᠰᠠᠢᠨ ᠳᠦᠷᠢ ᠲᠥᠷᠬᠦ ᠪᠡᠷ ᠰᠢᠨ᠎ᠡ ᠠᠶᠠᠨ ᠳ᠋ᠤ ᠤᠷᠤᠭᠰᠢᠯᠠᠨ ᠂ ᠰᠢᠨ᠎ᠡ ᠴᠠᠭ ᠦᠶ᠎ᠡ ᠳ᠋ᠦ᠍ ᠭᠠᠪᠢᠶ᠎ᠠ ᠪᠠᠢᠭᠤᠯᠪᠠ ᠃ ᠮᠣᠩᠭᠣᠯ ᠮᠣᠷᠢᠨ ᠤ᠋ ᠵᠣᠷᠢᠭ ᠰᠠᠨᠠᠭ᠎ᠠ ᠶ᠋ᠢ ᠶᠡᠬᠡᠪᠡᠷ ᠪᠠᠳᠠᠷᠠᠭᠤᠯᠵᠤ ᠂ ᠭᠣᠣᠯ ᠵᠠᠭᠤᠴᠢᠯᠠᠭᠤᠷ ᠤ᠋ᠨ ᠭᠣᠣᠯ ᠪᠡᠬᠢᠯᠡᠯᠲᠡ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠪᠥᠬᠥ ᠲᠠᠯ᠎ᠠ ᠪᠠᠷ ᠤᠬᠠᠭᠤᠯᠤᠨ ᠳᠡᠯᠭᠡᠨ᠎ᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )