ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯ ᠤ᠋ᠨ ᠬᠠᠭᠠᠰ ᠵᠢᠯ ᠦ᠋ᠨ ᠳ᠋ᠦᠩᠨᠡᠯᠲᠡ ᠶ᠋ᠢᠨ ᠬᠤᠷᠠᠯ ᠬᠤᠷᠠᠯᠳᠤᠪᠠ
2023.07.26 ᠲᠣᠰ ᠥᠷᠲᠡᠭᠡᠨ᠎ᠦ ᠨᠠᠢᠷᠠᠭᠤᠯᠤᠭᠴᠢ

    ᠭᠦᠢᠴᠡᠳᠬᠡᠬᠦ ᠬᠡᠷᠡᠭ ᠦᠨ ᠴᠢᠨᠠᠷ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠬᠤᠳᠠ ᠶᠢᠨ ᠭᠦᠢᠴᠡᠳᠬᠡᠬᠦ ᠠᠵᠢᠯ ᠤᠨ ᠴᠢᠨᠠᠷ ᠰᠠᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ 7 ᠰᠠᠷ ᠠ ᠶᠢᠨ 14 ᠦ ᠡᠳᠦᠷ᠂ ᠪᠦᠬᠦ ᠬᠤᠳᠠ ᠶᠢᠨ ᠰᠢᠭᠦᠬᠦ ᠬᠣᠷᠢᠢ ᠠ ᠶᠢᠨ 2023 ᠣᠨ ᠤ ᠳᠡᠭᠡᠷ᠎ᠡ ᠬᠠᠭᠠᠰ ᠵᠢᠯ ᠦᠨ ᠭᠦᠢᠴᠡᠳᠬᠡᠬᠦ ᠠᠵᠢᠯ ᠤᠨ ᠳ᠋ᠦᠩᠨᠡᠯᠲᠡ ᠶᠢᠨ ᠬᠤᠷᠠᠯ ᠵᠡᠭᠦᠨᠭᠠᠷ ᠬᠣᠰᠢᠭᠤᠨ ᠤ ᠠᠷᠠᠳ ᠤᠨ ᠰᠢᠭᠦᠬᠦ ᠬᠣᠷᠢᠢ ᠠ ᠳᠤ ᠬᠤᠷᠠᠯᠳᠤᠪᠠ᠃ ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠢ ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠸᠠᠩ ᠯᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠪᠦᠬᠦ ᠬᠤᠳᠠ ᠶᠢᠨ ᠡᠯ᠎ᠡ ᠦᠨᠳᠦᠰᠦᠨ ᠱᠠᠲᠤᠨ ᠤ ᠰᠢᠭᠦᠬᠦ ᠬᠣᠷᠢᠢ ᠠ ᠶᠢᠨ ᠭᠦᠢᠴᠡᠳᠬᠡᠬᠦ ᠲᠣᠪᠴᠢᠢ ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ ᠠ᠂ ᠭᠦᠢᠴᠡᠳᠬᠡᠬᠦ ᠲᠣᠪᠴᠢᠢ ᠠ ᠶᠢᠨ ᠬᠠᠷᠢᠭᠤᠴᠠᠯᠭᠠᠲᠠᠨ ᠵᠢᠴᠢ ᠬᠡᠰᠡᠭ ᠭᠦᠢᠴᠡᠳᠬᠡᠬᠦ ᠺᠠᠳ᠋ᠷ ᠴᠠᠭᠳᠠᠭ᠎ᠠ ᠬᠤᠷᠠᠯ ᠳᠤ ᠤᠷᠤᠯᠴᠠᠢ᠃

 

 

    ᠬᠤᠷᠠᠯ ᠠᠴᠠ 2023 ᠣᠨ ᠤ ᠳᠡᠭᠡᠷ᠎ᠡ ᠬᠠᠭᠠᠰ ᠵᠢᠯ ᠦᠨ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢᠨ ᠭᠦᠢᠴᠡᠳᠬᠡᠬᠦ ᠲᠣᠭ᠎ᠠ ᠶᠢᠨ ᠪᠠᠢᠳᠠᠯ  ᠢ ᠵᠠᠷᠯᠠᠨ ᠮᠡᠳᠡᠭᠳᠡᠵᠦ᠂ ᠡᠯ᠎ᠡ ᠦᠨᠳᠦᠰᠦᠨ ᠱᠠᠲᠤᠨ ᠤ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠡᠭᠡᠷ᠎ᠡ ᠬᠠᠭᠠᠰ ᠵᠢᠯ ᠦᠨ ᠭᠦᠢᠴᠡᠳᠬᠡᠬᠦ ᠠᠵᠢᠯ ᠢ ᠥᠷᠨᠢᠭᠦᠯᠦᠭᠰᠡᠨ ᠪᠠᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠡᠨ ᠬᠠᠷᠢᠭᠤ ᠮᠡᠳᠡᠭᠦᠯᠵᠦ᠂ ᠲᠤᠰ ᠬᠣᠷᠢᠶᠠᠨ ᠤ ᠳᠠᠪᠠᠭᠤᠯᠢᠭ ᠭᠦᠢᠴᠡᠳᠬᠡᠯ ᠲᠣᠭ᠎ᠠ ᠶᠢᠨ ᠲᠤᠬᠠᠢ ᠲᠤᠷᠰᠢᠯᠭ᠎ᠠ ᠪᠠᠨ ᠰᠣᠯᠢᠯᠴᠠᠪᠠ᠃

    ᠬᠤᠷᠠᠯ ᠠ᠋ᠴᠠ ᠱᠠᠭᠠᠷᠳᠠᠭᠰᠠᠨ ᠨᠢ ᠂ ᠨᠢᠭᠡ ᠳ᠋ᠦ᠍ ᠲᠤᠰᠬᠠᠢ ᠠᠵᠢᠯᠯᠠᠭ᠎ᠠ ᠪᠠᠷ ᠭᠠᠷᠳᠠᠴᠠ ᠪᠣᠯᠭᠠᠵᠤ ᠂ ᠭᠦᠢᠴᠡᠳᠬᠡᠬᠦ ᠪᠣᠭᠣᠮᠲᠠ ᠰᠢᠪᠲᠤᠯᠬᠤ ᠠᠵᠢᠯ ᠢ᠋ ᠴᠢᠩᠭ᠋ᠠᠳᠬᠠᠬᠤ ᠬᠡᠷᠡᠭᠲᠡᠢ ᠃ ᠵᠠᠰᠠᠭ ᠤ᠋ᠨ ᠣᠷᠳᠣᠨ ᠳ᠋ᠤ᠌ ᠬᠣᠯᠪᠣᠭᠳᠠᠭᠰᠠᠨ ᠬᠡᠷᠡᠭ ᠢ᠋ ᠭᠦᠢᠴᠡᠳᠬᠡᠬᠦ ᠴᠡᠪᠡᠷᠯᠡᠵᠦ ᠲᠦᠯᠬᠢᠨ ᠠᠬᠢᠭᠤᠯᠵᠦ ᠂ ᠮᠣᠩᠭᠣᠯ ᠮᠤᠷᠢᠨ ᠤ ᠳᠠᠪᠬᠢᠯᠲᠠ ᠪᠠᠷ ᠂ ᠶᠡᠬᠡ ᠬᠦᠴᠦᠨ  ᠪᠠᠷ ᠭᠦᠢᠴᠡᠳᠬᠡᠬᠦ  《ᠵᠠᠰᠠᠭ ᠤ᠋ᠨ ᠣᠷᠳᠣᠨ ᠬᠣᠯᠪᠣᠭᠠᠯᠠᠨ ᠬᠥᠳᠡᠯᠦᠯᠴᠡᠬᠦ 》 ᠂ ᠬᠤᠤᠰ ᠤᠶᠠᠩᠭ᠎ᠠ ᠪᠠᠷ ᠬᠦᠢᠴᠡᠳᠭᠡᠬᠦ ᠂ ᠭᠦᠢᠴᠡᠳᠬᠡᠬᠦ ᠡᠴᠡ ᠵᠠᠢᠯᠠᠬᠤ ᠠᠵᠢᠯᠯᠠᠭ᠎ᠠ ᠳ᠋ᠤ᠌ ᠲᠥᠪᠯᠡᠷᠡᠭᠦᠯᠦᠨ ᠴᠣᠬᠢᠯᠲᠠ ᠥᠭᠬᠦ ᠵᠡᠷᠭᠡ ᠲᠤᠰᠬᠠᠢ ᠠᠵᠢᠯᠯᠠᠭ᠎ᠠ ᠶ᠋ᠢ ᠢᠳᠡᠪᠬᠢᠲᠡᠢ ᠠᠬᠢᠭᠤᠯᠪᠠ ︔ ᠬᠣᠶᠠᠷ ᠲᠤ᠌ ᠠᠯᠪᠠᠳᠠᠯᠭ᠎ᠠ ᠪᠠᠷ ᠭᠦᠢᠴᠡᠳᠬᠡᠬᠦ ᠠᠷᠭ᠎ᠠ ᠪᠠᠷᠢᠯ ᠢ᠋ ᠪᠠᠷᠢᠮᠲᠠᠯᠠᠵᠤ ᠂ ᠡᠯ᠎ᠡ ᠵᠦᠢᠯ ᠦ᠋ᠨ ᠠᠯᠪᠠᠳᠠᠯᠭ᠎ᠠ ᠶ᠋ᠢᠨ ᠠᠷᠭ᠎ᠠ ᠪᠠᠷᠢᠯ ᠢ᠋ ᠰᠠᠢᠲᠤᠷ ᠬᠡᠷᠡᠭᠯᠡᠵᠦ ᠂ ᠭᠦᠢᠴᠡᠳᠬᠡᠬᠦ ᠡᠴᠡ ᠵᠠᠢᠯᠠᠬᠤ ᠵᠡᠷᠭᠡ ᠭᠦᠢᠴᠡᠳᠬᠡᠭᠳᠡᠭᠴᠢ ᠶ᠋ᠢᠨ ᠮᠡᠳᠡᠭᠡ ᠵᠠᠩᠭᠢ ᠶ᠋ᠢᠨ ᠪᠦᠲᠦᠮᠵᠢᠲᠡᠢ ᠬᠠᠮᠢᠶᠠᠷᠤᠯᠲᠠ ᠶ᠋ᠢ ᠴᠢᠩᠭ᠋ᠠᠳᠬᠠᠬᠤ ᠬᠡᠷᠡᠭᠲᠡᠢ ; ᠭᠤᠷᠪᠠ ᠳ᠋ᠤ᠌ ᠂ ᠵᠠᠬᠢᠳᠠᠯ  ᠢ᠋ ᠵᠠᠪᠠᠯ ᠬᠠᠷᠢᠭᠤᠯᠬᠤ ᠶᠢ ᠪᠠᠷᠢᠮᠲᠠᠯᠠᠵᠤ᠂ ᠪᠤᠳᠠᠳᠠᠢ ᠬᠢᠬᠦ ᠪᠡᠷ᠂ 《 ᠬᠡᠷᠪᠡ ᠪᠢ ᠵᠠᠭᠠᠯᠳᠤᠭᠰᠠᠨ 》ᠶ᠋ᠢ ᠦᠨᠡᠨᠬᠦ ᠪᠡᠶᠡᠯᠡᠭᠦᠯᠵᠦ ᠂ 《 ᠬᠠᠮᠢᠶᠠᠷᠬᠤ ᠬᠥᠮᠦᠨ  ᠂ ᠴᠠᠭ ᠲᠤᠬᠠᠢ ᠳ᠋ᠤᠨᠢ ᠰᠢᠢᠳᠪᠦᠷᠢᠯᠡᠬᠦ ᠂ ᠬᠠᠷᠢᠭᠤ ᠲᠤᠰᠬᠠᠯ ᠭᠠᠷᠭᠠᠬᠤ 》 ᠶ᠋ᠢ ᠪᠡᠶᠡᠯᠡᠭᠦᠯᠵᠦ ᠂ ᠬᠠᠤᠯᠢ ᠴᠠᠭᠠᠵᠠ ᠶ᠋ᠢᠨ ᠠᠪᠤᠷᠠᠨ ᠲᠤᠰᠠᠯᠠᠯᠲᠠ ᠶ᠋ᠢᠨ ᠬᠠᠮᠢᠶ᠎ᠠ ᠪᠥᠬᠥᠢ ᠳᠦᠷᠢᠮ ᠢ᠋ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠴᠢᠨᠠᠷᠲᠠᠢ ᠰᠢᠢᠳᠪᠦᠷᠢᠯᠡᠬᠦ ᠶ᠋ᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ ︔ ᠳᠥᠷᠪᠡ ᠳ᠋ᠦ᠍ ᠂ ᠡᠬᠢ ᠰᠤᠷᠪᠤᠯᠵᠢ ᠶ᠋ᠢ ᠰᠢᠢᠳᠪᠦᠷᠢᠯᠡᠬᠦ ᠠᠵᠢᠯ ᠢ᠋ ᠠᠬᠢᠭᠤᠯᠵᠤ ᠂ ᠭᠦᠢᠴᠡᠳᠬᠡᠬᠦ ᠡᠮᠦᠨ᠎ᠡ ᠡᠬᠢ ᠰᠤᠷᠪᠤᠯᠵᠢ ᠶ᠋ᠢ ᠰᠡᠷᠭᠡᠢᠯᠡᠨ ᠡᠵᠡᠮᠳᠡᠬᠦ ᠶ᠋ᠢ ᠬᠦᠴᠦᠲᠡᠢ ᠠᠬᠢᠭᠤᠯᠵᠤ ᠂ ᠭᠦᠢᠴᠡᠳᠬᠡᠬᠦ ᠵᠥᠷᠢᠴᠡᠯ ᠢ᠋ ᠨᠠᠮᠳᠠᠭᠤᠯᠤᠨ ᠰᠢᠢᠳᠪᠦᠷᠢᠯᠡᠬᠦ ᠶ᠋ᠢ ᠠᠬᠢᠭᠤᠯᠬᠤ ᠬᠡᠷᠡᠭᠲᠡᠢ ︔ ᠲᠠᠪᠤ ᠳ᠋ᠤ᠌ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯ ᠢ᠋ ᠨᠢᠭᠡ ᠬᠥᠯᠭᠡ ᠰᠢᠳᠡᠷ᠎ᠡ ᠮᠡᠲᠦ ᠪᠠᠢᠯᠭᠠᠬᠤ ᠦᠵᠡᠯ ᠰᠠᠨᠠᠭ᠎ᠠ ᠶ᠋ᠢ ᠪᠠᠷᠢᠮᠲᠠᠯᠠᠵᠤ ᠂ 《 110 ᠪᠥᠬᠥ ᠬᠣᠲᠠ ᠶ᠋ᠢᠨ ᠰᠢᠭᠦᠬᠦ ᠬᠣᠷᠢᠶ᠎ᠠ ᠬᠣᠯᠪᠣᠭᠠᠯᠠᠨ ᠭᠦᠢᠴᠡᠳᠬᠡᠬᠦ 》 ᠲᠣᠭᠲᠠᠴᠠ ᠶ᠋ᠢ ᠠᠬᠢᠭᠤᠯᠵᠤ ᠂ ᠵᠠᠷᠭᠤ ᠣᠯᠤᠭᠰᠠᠨ ᠲᠤᠬᠠᠢ ᠶ᠋ᠢᠨ ᠬᠥᠮᠦᠨ ᠦ᠌ ᠬᠠᠤᠯᠢ ᠴᠠᠭᠠᠵᠠ ᠶ᠋ᠢᠨ ᠡᠷᠬᠡ ᠠᠰᠢᠭ ᠢ᠋ ᠦᠨᠡᠨᠬᠦ ᠬᠠᠮᠠᠭᠠᠯᠠᠨ᠎ᠠ ︔ ᠵᠢᠷᠭᠤᠭ᠎ᠠ ᠳ᠋ᠤ᠌ ᠠᠷᠢᠭᠤᠨ ᠴᠢᠬᠡᠴᠢ ᠪᠡᠷ ᠡᠷᠬᠢᠮᠯᠡᠬᠦ ᠶᠢ ᠪᠠᠷᠢᠮᠲᠠᠯᠠᠨ ᠂ ᠥᠪᠡᠷ ᠢ᠋ ᠪᠡᠨ ᠰᠡᠷᠡᠮᠵᠢᠯᠡᠭᠦᠯᠵᠦ ᠂ ᠥᠪᠡᠷ ᠢ᠋ ᠪᠡᠨ ᠰᠡᠬᠡᠭᠡᠷᠡᠬᠦ ᠶᠣᠰᠣ ᠰᠤᠷᠲᠠᠬᠤᠨ ᠢ ᠪᠠᠲᠤ ᠰᠠᠬᠢᠵᠤ ᠂ ᠠᠷᠢᠭᠤᠨ ᠴᠢᠬᠡᠴᠢ ᠪᠡᠷ ᠬᠠᠤᠯᠢ ᠪᠠᠷᠢᠬᠤ ᠬᠣᠷᠢᠭ᠎ᠠ ᠱᠤᠭᠤᠮ ᠢ᠋ ᠪᠠᠲᠤ ᠰᠠᠬᠢᠬᠤ ᠬᠡᠷᠡᠭᠲᠡᠢ ᠃

 

 

 

 

    ᠬᠤᠷᠠᠯ ᠠ᠋ᠴᠠ ᠡᠮᠦᠨ᠎ᠡ ᠬᠤᠷᠠᠯ ᠳ᠋ᠤ᠌ ᠣᠷᠣᠯᠴᠠᠭᠰᠠᠳ ᠠ᠋ᠴᠠ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠭᠦᠢᠴᠡᠳᠬᠡᠬᠦ ᠲᠣᠪᠴᠢᠶ᠎ᠠ ᠶ᠋ᠢᠨ ᠭᠦᠢᠴᠡᠳᠬᠡᠬᠦ ᠵᠢᠯᠣᠭᠣᠳᠬᠤ ᠲᠥᠪ ᠦ᠋ᠨ ᠪᠣᠳᠠᠲᠤ ᠴᠣᠭᠴᠠᠲᠤ ᠠᠵᠢᠯᠯᠠᠭᠠᠨ ᠤ᠋ ᠠᠵᠢᠯ ᠤ᠋ᠨ ᠪᠠᠢᠳᠠᠯ ᠂ ᠦᠨᠳᠦᠰᠦ ᠪᠠᠷᠢᠮᠲᠠ ᠶᠢᠨ ᠵᠠᠰᠠᠯᠲᠠ ᠶᠢᠨ ᠠᠵᠢᠯ ᠤᠨ ᠪᠠᠢᠳᠠᠯ᠂ ᠵᠠᠷᠭᠤ ᠶᠢᠨ ᠦᠢᠯᠡᠴᠢᠯᠡᠭᠡᠨ ᠦ ᠲᠥᠪ ᠦᠨ ᠠᠵᠢᠯ ᠤᠨ ᠪᠠᠢᠳᠠᠯ ᠢ ᠲᠤᠬᠠᠢ ᠶᠢᠨ ᠭᠠᠵᠠᠷ ᠲᠤᠨᠢ ᠲᠣᠭᠣᠷᠢᠨ ᠦᠵᠡᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )