ᠺᠠᠳ᠋ᠷ ᠴᠠᠭᠳᠠᠭ᠎ᠠ ᠶ᠋ᠢᠨ ᠦᠷ᠎ᠡ ᠬᠡᠦᠬᠡᠳ ᠦ᠋ᠨ ᠵᠤᠨ ᠤ᠋ ᠠᠮᠠᠷᠠᠯᠲᠠ ᠶ᠋ᠢᠨ ᠬᠤᠭᠤᠴᠠᠭᠠᠨ ᠳ᠋ᠠᠬᠢ ᠬᠠᠷᠠᠭᠠᠯᠵᠠᠨ ᠬᠠᠮᠠᠭᠠᠯᠠᠬᠤ ᠳ᠋ᠤ᠌ ᠬᠦᠴᠢᠷ ᠠᠰᠠᠭᠤᠳᠠᠯ ᠢ᠋ ᠰᠢᠢᠳᠪᠦᠷᠢᠯᠡᠬᠦ ᠶ᠋ᠢᠨ ᠲᠥᠯᠥᠭᠡ ᠂ ᠺᠠᠳ᠋ᠷ ᠴᠠᠭᠳᠠᠭ᠎ᠠ ᠶ᠋ᠢᠨ ᠪᠦᠬᠦ ᠰᠡᠳᠬᠢᠯ ᠪᠦᠬᠦ ᠵᠣᠷᠢᠭ ᠢ᠋ᠶ᠋ᠠᠷ ᠢ᠋ᠶ᠋ᠠᠨ ᠰᠢᠭᠦᠨ ᠲᠠᠰᠤᠯᠬᠤ ᠭᠦᠢᠴᠡᠳᠬᠡᠬᠦ ᠠᠵᠢᠯ ᠳ᠋ᠤ᠌ ᠣᠷᠣᠯᠴᠠᠬᠤ ᠶ᠋ᠢ ᠳᠡᠮᠵᠢᠬᠦ ᠪᠡᠷ ᠪᠣᠯᠪᠠ ᠂ ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 《ᠰᠢᠶᠤᠤ ᠹᠠ ᠽᠦᠸᠢ 》ᠵᠤᠨ ᠤ᠋ ᠠᠮᠠᠷᠠᠯᠲᠠ ᠶ᠋ᠢᠨ ᠨᠠᠢᠳᠠᠨ ᠬᠠᠮᠢᠶᠠᠷᠤᠭᠤᠯᠬᠤ ᠠᠩᠭᠢ ᠵᠢᠩᠬᠢᠨᠢ ᠪᠡᠷ ᠬᠢᠴᠢᠶᠡᠯ ᠡᠬᠢᠯᠡᠪᠡ ︕
ᠺᠠᠳ᠋ᠷ ᠴᠠᠭᠳᠠᠭ᠎ᠠ ᠶᠢᠨ ᠦᠷ᠎ᠡ ᠬᠡᠦᠬᠡᠳ ᠢ ᠠᠮᠤᠷ ᠲᠦᠪᠰᠢᠨ ᠂ ᠲᠡᠭᠦᠯᠳᠡᠷ ᠂ ᠪᠠᠶᠠᠷ ᠬᠥᠷᠲᠡᠢ ᠠᠮᠠᠷᠠᠯᠲᠠᠶ᠋ᠢᠨ ᠬᠤᠭᠤᠴᠠᠭ᠎ᠠ ᠶ᠋ᠢ ᠥᠩᠭᠡᠷᠡᠭᠦᠯᠬᠦ ᠶ᠋ᠢᠨ ᠲᠥᠯᠥᠭᠡ ᠬᠣᠲᠠ᠎ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠬᠢᠴᠢᠶᠡᠯ ᠢ᠋ᠶ᠋ᠡᠨ ᠭᠦᠢᠴᠡᠳ ᠬᠢᠵᠦ ᠂ ᠨᠣᠮ ᠤᠩᠰᠢᠬᠤ ᠲᠠᠰᠤᠭ ᠂ ᠠᠮᠠᠷᠠᠬᠤ ᠲᠠᠰᠤᠭ ᠢ᠋ ᠪᠠᠢᠭᠤᠯᠤᠨ ᠂ ᠮᠣᠳᠣᠨ ᠬᠡᠷᠡᠮ ᠂ ᠲᠣᠭᠯᠠᠭᠠᠮᠤ᠋ᠨ ᠣᠷᠣ ᠭᠠᠷᠭᠠᠵᠤ ᠂ ᠰᠦᠯᠢᠶᠣᠣ ᠭᠦᠶᠦᠯᠲᠡᠶ᠋ᠢᠨ ᠵᠠᠮ ᠳᠡᠪᠢᠰᠬᠦ ᠵᠡᠷᠭᠡ ᠠᠵᠢᠯᠢ᠋ ᠬᠢᠵᠦ ᠂ ᠺᠠᠳ᠋ᠷ ᠴᠠᠭᠳᠠᠭ᠎ᠠ ᠪᠣᠯᠤᠨ ᠦᠷ᠎ᠡ ᠬᠡᠦᠬᠡᠳᠲᠦ᠍ ᠬᠠᠯᠠᠭᠤᠨ ᠳᠣᠲᠣᠨᠣ ᠂ ᠲᠠᠭᠠᠯᠠᠮᠵᠢᠲᠠᠢ ᠂ ᠠᠮᠤᠷ ᠲᠦᠪᠰᠢᠨ ᠰᠤᠷᠤᠯᠴᠠᠯᠭ᠎ᠠ ᠴᠡᠩᠭᠡᠯᠦ᠋ᠨ ᠭᠠᠵᠠᠷ ᠢ᠋ ᠪᠥᠬᠥ ᠲᠠᠯ᠎ᠠ ᠪᠠᠷ ᠪᠠᠢᠭᠤᠯᠤᠭᠰᠠᠨ ᠪᠠᠢᠨ᠎ᠠ ᠃
ᠣᠯᠠᠨ ᠶᠠᠩᠵᠤ ᠶ᠋ᠢᠨ ᠬᠢᠴᠢᠶᠡᠯ ᠢ᠋ ᠢᠳᠡᠪᠬᠢᠲᠡᠢ ᠪᠡᠷ ᠬᠠᠢᠨ ᠰᠦᠪᠡᠭᠴᠢᠯᠡᠵᠦ ᠂ ᠣᠨᠴᠠᠯᠢᠭ ᠪᠦᠬᠦᠢ ᠦᠢᠯᠡᠳᠦᠯᠭᠡ ᠳ᠋ᠦ᠍ ᠣᠷᠣᠯᠴᠠᠬᠤ ᠶ᠋ᠢ ᠪᠠᠶᠠᠯᠢᠭᠵᠢᠭᠤᠯᠤᠨ ᠂ ᠳᠠᠰᠬᠠᠯ ᠢ᠋ ᠬᠠᠪᠰᠤᠷᠤᠨ ᠵᠢᠯᠣᠭᠣᠳᠬᠤ ᠂ ᠤᠷᠠᠨ ᠵᠢᠷᠤᠭ ᠵᠢᠷᠤᠵᠤ ᠭᠤᠸ᠎ᠠ ᠰᠠᠢᠬᠠᠨ ᠤ ᠬᠥᠮᠦᠵᠢᠯ ᠂ ᠭᠠᠷ ᠤᠷᠠᠯᠠᠯ ᠤ᠋ᠨ ᠴᠠᠭᠠᠰᠤᠨ ᠨᠤᠭᠤᠯᠤᠮᠵᠢ ᠂ ᠲᠣᠭᠯᠠᠭᠠᠮ ᠤ᠋ᠨ ᠠᠵᠢᠯᠯᠠᠭ᠎ᠠ ᠂ ᠤᠩᠰᠢᠯᠭ᠎ᠠ ᠶᠢᠨ ᠵᠢᠯᠣᠭᠣᠳᠣᠯᠭ᠎ᠠ ᠵᠡᠷᠭᠡ ᠬᠢᠴᠢᠶᠡᠯ ᠡᠷᠬᠢᠯᠡᠬᠦ ᠪᠡᠷ ᠳᠠᠮᠵᠢᠭᠤᠯᠤᠨ ᠂ ᠡᠳᠦᠷ ᠲᠤᠲᠤᠮ ᠤ᠋ᠨ ᠮᠡᠳᠡᠯᠭᠡ ᠰᠤᠷᠤᠯᠴᠠᠬᠤ ᠶ᠋ᠢ ᠯᠠᠪᠳᠠᠭᠤᠨ ᠪᠠᠲᠤᠲᠠᠢ ᠪᠣᠯᠭᠠᠵᠤ ᠂ ᠣᠶᠤᠨ ᠰᠠᠨᠠᠭᠠᠨ ᠤ᠋ ᠪᠡᠶ᠎ᠡ ᠮᠠᠬᠠᠪᠣᠳ ᠢ᠋ ᠨᠢ ᠴᠢᠭᠢᠷᠠᠭᠵᠢᠭᠤᠯᠤᠨ ᠂ ᠬᠡᠦᠬᠡᠳ ᠦ᠋ᠨ ᠰᠤᠷᠤᠯᠴᠠᠬᠤ ᠤᠷᠮ᠎ᠠ ᠪᠠᠬ᠎ᠠ ᠪᠣᠯᠤᠨ ᠬᠥᠳᠡᠯᠭᠡᠬᠦ ᠴᠢᠳᠠᠪᠤᠷᠢ ᠶ᠋ᠢ ᠣᠯᠠᠨ ᠲᠠᠯ᠎ᠠ ᠪᠠᠷ ᠳᠡᠭᠡᠭᠰᠢᠯᠡᠭᠦᠯᠤᠭ᠍ᠰᠡᠨ ᠪᠠᠢᠨ᠎ᠠ᠃
《ᠰᠢᠶᠤᠤ ᠹᠠ ᠽᠦᠸᠢ》ᠶ᠋ᠢ ᠲᠤᠰᠬᠠᠢ ᠡᠷᠬᠢᠯᠡᠭᠰᠡᠨ ᠨᠠᠢᠳᠠᠨ ᠬᠠᠮᠢᠶᠠᠷᠤᠭᠤᠯᠬᠤ ᠠᠩᠭᠢ ᠪᠣᠯ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠴᠠᠭᠳᠠᠭ᠎ᠠ ᠶ᠋ᠢᠨ ᠬᠠᠷᠠᠭᠠᠯᠵᠠᠯ ᠦᠵᠡᠭᠦᠯᠬᠦ ᠲᠥᠷᠥ ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠬᠤ ᠴᠢᠬᠤᠯᠠ ᠠᠷᠭ᠎ᠠ ᠠᠪᠴᠠᠯ ᠪᠣᠯᠤᠨ᠎ᠠ ᠂ ᠡᠭᠦᠨ ᠡᠴᠡ ᠡᠮᠦᠨ᠎ᠡ ᠂ ᠨᠠᠢᠳᠠᠨ ᠬᠠᠮᠢᠶᠠᠷᠤᠭᠤᠯᠬᠤ ᠠᠩᠭᠢ ᠪᠦᠬᠦ ᠤᠯᠤᠰ ᠤ᠋ᠨ ᠠᠵᠢᠯᠴᠢᠨ ᠤ᠋ ᠶᠡᠷᠦᠩᠬᠡᠢ ᠡᠪᠯᠡᠯ ᠦ᠋ᠨ ᠬᠠᠢᠷ᠎ᠠ ᠬᠠᠯᠠᠮᠵᠢ ᠶ᠋ᠢᠨ ᠨᠠᠢᠳᠠᠨ ᠬᠠᠮᠢᠶᠠᠷᠤᠭᠤᠯᠬᠤ ᠠᠩᠭᠢ ᠶ᠋ᠢᠨ ᠴᠣᠯᠠ ᠶ᠋ᠢ ᠬᠦᠷᠲᠡᠵᠦ ᠂ ᠥᠷᠭᠡᠨ ᠣᠯᠠᠨ ᠺᠠᠳ᠋ᠷ ᠴᠠᠭᠳᠠᠭ᠎ᠠ ᠶ᠋ᠢᠨ ᠬᠦᠷᠲᠡᠭᠡᠯ ᠦ᠋ᠨ ᠰᠡᠳᠬᠢᠯᠭᠡ ᠂ ᠵᠣᠯ ᠵᠢᠷᠭᠠᠯ ᠤ᠋ᠨ ᠰᠡᠳᠬᠢᠯᠭᠡ ᠪᠣᠯᠤᠨ ᠬᠠᠷᠢᠶᠠᠯᠠᠭᠳᠠᠬᠤ ᠰᠡᠳᠬᠢᠯᠭᠡ ᠶ᠋ᠢ ᠪᠦᠲᠦᠮᠵᠢᠲᠡᠢ ᠨᠡᠮᠡᠭᠳᠡᠭᠦᠯᠵᠦ ᠂ ᠥᠷᠭᠡᠨ ᠣᠯᠠᠨ ᠺᠠᠳ᠋ᠷ ᠴᠠᠭᠳᠠᠭ᠎ᠠ ᠶ᠋ᠢᠨ ᠮᠠᠭᠲᠠᠭᠠᠯ ᠰᠠᠢᠰᠢᠶᠠᠯ ᠢ᠋ ᠣᠯᠵᠤ ᠂ ᠨᠡᠩ ᠴᠣᠭ ᠪᠠᠳᠠᠷᠠᠩᠭᠤᠢ ᠲᠡᠮᠡᠴᠡᠯ ᠦ᠋ᠨ ᠵᠣᠷᠢᠭ ᠂ ᠨᠡᠩ ᠪᠢᠯᠬᠠᠮ᠎ᠠ ᠠᠵᠢᠯ ᠤ᠋ᠨ ᠬᠠᠯᠠᠭᠤᠨ ᠰᠡᠳᠬᠢᠯᠭᠡ ᠪᠡᠷ ᠲᠤᠬᠠᠢᠯᠠᠭᠰᠠᠨ ᠠᠵᠢᠯ ᠳ᠋ᠠᠭᠠᠨ ᠣᠷᠣᠯᠴᠠᠵᠤ ᠂ ᠡᠭᠦᠷᠭᠡ ᠲᠤᠰᠢᠶᠠᠯ ᠢ᠋ᠶ᠋ᠠᠨ ᠭᠦᠢᠴᠡᠳᠬᠡᠨ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠠᠵᠢᠯ ᠦᠢᠯᠡᠰ ᠢ᠋ᠶ᠋ᠡᠨ ᠳᠡᠭᠡᠳᠦᠯᠡᠨ ᠬᠤᠪᠢ ᠨᠡᠮᠡᠷᠢ ᠡᠷᠭᠦᠵᠦ ᠂ ᠪᠣᠳᠠᠲᠤ ᠠᠵᠢᠯᠯᠠᠭ᠎ᠠ ᠪᠣᠯᠤᠨ ᠰᠢᠯᠢᠳᠡᠭ ᠬᠢᠷᠢ ᠪᠦᠲᠦᠮᠵᠢ ᠪᠡᠷ ᠢ᠋ᠶ᠋ᠡᠨ ᠵᠣᠬᠢᠶᠠᠨ ᠪᠠᠢᠭᠤᠯᠤᠯᠲᠠ ᠶ᠋ᠢᠨ ᠭᠦᠨ ᠵᠤᠵᠠᠭᠠᠨ ᠬᠠᠢᠷ᠎ᠠ ᠬᠠᠯᠠᠮᠵᠢ ᠪᠠᠨ ᠡᠷᠭᠦᠵᠦ ᠂ ᠣᠷᠳᠣᠰ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠬᠦᠴᠦᠯᠡᠨ ᠠᠬᠢᠭᠤᠯᠤᠨ᠎ᠠ ᠭᠡᠵᠦ ᠢᠯᠡᠳᠬᠡᠪᠡ ᠃
ᠦᠨᠡᠯᠡᠬᠦ 0ᠦᠨᠡᠯᠡᠯᠲᠡ᠎ᠲᠠᠢ