ᠣᠢᠷ᠎ᠠ ᠳᠦ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠢᠯᠢᠳᠡᠭ ᠢᠳᠡᠷ ᠵᠠᠯᠠᠭᠤ ᠺᠠᠲᠷ ᠪᠣᠯᠤᠨ 《 ᠴᠠᠬᠢᠯᠭᠠᠨ ᠬᠣᠯᠪᠣᠭ᠎ᠠ ᠰᠦᠯᠵᠢᠶᠡᠨ ᠤ ᠶᠠᠯᠠᠲᠤ ᠠᠵᠢᠯᠯᠠᠭ᠎ᠠ 》 ᠶᠢᠨ ᠳᠣᠲᠣᠭᠠᠳᠤ ᠶ᠋ᠢ ᠬᠠᠮᠠᠭᠠᠯᠠᠬᠤ ᠪᠠᠢᠴᠠᠭᠠᠬᠤ ᠰᠢᠭᠦᠬᠦ ᠪᠠᠢᠭᠤᠯᠭ᠎ᠠ ᠨᠢ ᠰᠢ ᠨᠠᠨ ᠤᠯᠤᠰ ᠲᠥᠷᠥ ᠬᠠᠤᠯᠢ ᠴᠠᠭᠠᠵᠠ ᠶ᠋ᠢᠨ ᠶᠡᠬᠡ ᠰᠤᠷᠭᠠᠭᠤᠯᠢ ᠳ᠋ᠤ᠌ ᠬᠠᠮᠲᠦ ᠳ᠋ᠠᠭᠠᠨ ᠰᠤᠷᠤᠯᠴᠠᠭᠰᠠᠨ ᠪᠣᠯᠪᠠᠰᠤᠷᠠᠯ ᠤ᠋ᠨ ᠠᠩᠭᠢ ᠢᠶᠡᠨ ᠲᠡᠭᠦᠰ ᠠᠮᠵᠢᠯᠲᠠ ᠲᠠᠢ ᠪᠡᠷ ᠲᠡᠭᠦᠰᠭᠡᠪᠡ ᠃ ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠬᠣᠲᠠ ᠶ᠋ᠢᠨ ᠪᠠᠢᠴᠠᠭᠠᠬᠤ ᠬᠣᠷᠢᠶ᠎ᠠ ᠂ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠣᠯᠪᠠᠰᠤᠷᠠᠯ ᠳ᠋ᠤ᠌ ᠣᠷᠣᠯᠴᠠᠭᠰᠠᠨ ᠰᠤᠷᠤᠭᠴᠢᠳ ᠤ᠋ᠨ ᠲᠥᠯᠥᠭᠡᠯᠡᠭᠴᠢᠳ ᠲᠦ᠍ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠣᠵᠤ ᠂ ᠪᠣᠯᠪᠠᠰᠤᠷᠠᠯ ᠳ᠋ᠤ᠌ ᠣᠷᠣᠯᠴᠠᠭᠰᠠᠨ 90 ᠨᠡᠷᠡᠰ ᠰᠤᠷᠤᠭᠴᠢᠳ ᠪᠣᠯᠪᠠᠰᠤᠷᠠᠯ ᠤ᠋ᠨ ᠬᠢᠴᠢᠶᠡᠯ ᠢᠶᠡᠨ ᠤᠷᠤᠭᠰᠢᠲᠠᠢ ᠲᠡᠭᠦᠰᠬᠡᠵᠡᠢ ᠃
ᠰᠢᠭᠦᠬᠦ ᠬᠣᠷᠢᠶ᠎ᠠ ᠬᠢᠭᠡᠳ ᠶᠡᠬᠡ ᠳᠡᠭᠡᠳᠦ ᠰᠤᠷᠭᠠᠭᠤᠯᠢ ᠶ᠋ᠢᠨ ᠬᠣᠭᠣᠷᠣᠨᠳᠣᠬᠢ ᠳᠠᠪᠠᠭᠤᠯᠢᠭ ᠢ᠋ᠶ᠋ᠠᠨ ᠬᠠᠷᠢᠯᠴᠠᠨ ᠨᠥᠬᠥᠪᠥᠷᠢᠯᠡᠬᠦ ᠂ ᠡᠬᠢ ᠪᠠᠶᠠᠯᠢᠭ ᠢ᠋ᠶ᠋ᠠᠨ ᠬᠠᠮᠲᠤᠪᠠᠷ ᠡᠳ᠋ᠯᠡᠬᠦ ᠶ᠋ᠢ ᠭᠦᠨᠵᠡᠭᠡᠢ ᠲᠦᠯᠬᠢᠨ ᠠᠬᠢᠭᠤᠯᠵᠤ ᠂ ᠣᠷᠣᠨ ᠪᠦᠰᠡ ᠠᠯᠤᠰᠯᠠᠨ ᠬᠣᠯᠪᠣᠭᠠᠯᠠᠨ ᠪᠣᠯᠪᠠᠰᠤᠷᠠᠭᠤᠯᠬᠤ ᠪᠣᠯᠤᠨ ᠶᠡᠬᠡ ᠳᠡᠭᠡᠳᠦ ᠰᠤᠷᠭᠠᠭᠤᠯᠢ ᠲᠠᠢ ᠬᠣᠷᠰᠢᠨ ᠪᠣᠯᠪᠠᠰᠤᠷᠠᠭᠤᠯᠬᠤ ᠶ᠋ᠢ ᠢᠳᠡᠪᠬᠢᠲᠡᠢ ᠰᠦᠪᠡᠭᠴᠢᠯᠡᠨ ᠂ ᠰᠢᠨ᠎ᠡ ᠴᠠᠭ ᠦᠶ᠎ᠡ ᠶ᠋ᠢᠨ ᠥᠨᠳᠦᠷ ᠳᠡᠰ ᠳᠠᠪᠬᠤᠷᠭ᠎ᠠ ᠶ᠋ᠢᠨ ᠬᠠᠤᠯᠢ ᠴᠠᠭᠠᠵᠠ ᠶ᠋ᠢᠨ ᠴᠢᠳᠠᠪᠤᠷᠢᠲᠠᠨ ᠢ᠋ ᠬᠠᠮᠲᠤᠪᠠᠷ ᠬᠥᠮᠦᠵᠢᠭᠦᠯᠬᠦ ᠶ᠋ᠢᠨ ᠲᠥᠯᠥᠭᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠣᠯᠤᠨ ᠰᠢ ᠨᠠᠨ ᠤᠯᠤᠰ ᠲᠥᠷᠥ ᠬᠠᠤᠯᠢ ᠴᠠᠭᠠᠵᠠ ᠶ᠋ᠢᠨ ᠶᠡᠬᠡ ᠰᠤᠷᠭᠠᠭᠤᠯᠢ ᠨᠢ ᠬᠠᠮᠲᠤᠪᠠᠷ ᠲᠤᠰ ᠤᠳᠠᠭᠠᠨ ᠤ᠋ ᠪᠣᠯᠪᠠᠰᠤᠷᠠᠯ ᠤ᠋ᠨ ᠠᠩᠭᠢ ᠶ᠋ᠢ ᠡᠷᠬᠢᠯᠡᠵᠡᠢ ᠃ ᠪᠣᠯᠪᠠᠰᠤᠷᠠᠯ ᠤ᠋ᠨ ᠠᠩᠭᠢ ᠨᠢ ᠪᠦᠬᠦ ᠬᠣᠲᠠ ᠶ᠋ᠢᠨ ᠬᠣᠶᠠᠷ ᠱᠠᠲᠤᠨ ᠤ᠋ ᠪᠠᠢᠴᠠᠭᠠᠬᠤ ᠬᠣᠷᠢᠶ᠎ᠠ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠲᠤᠬᠠᠢᠯᠠᠭᠰᠠᠨ ᠠᠵᠢᠯ ᠤ᠋ᠨ ᠰᠠᠯᠠᠭ᠎ᠠ ᠮᠥᠴᠢᠷ ᠦ᠋ᠨ ᠺᠠᠲᠷ ᠴᠠᠭᠳᠠᠭ᠎ᠠ ᠶᠢ ᠤᠷᠢᠨ ᠵᠠᠯᠠᠵᠦ ᠂ ᠰᠢᠯᠢᠳᠡᠭ ᠢᠳᠡᠷ ᠵᠠᠯᠠᠭᠤ ᠺᠠᠲᠷ ᠬᠠᠮᠲᠤᠪᠠᠷ ᠣᠷᠣᠯᠴᠠᠵᠤ ᠂ ᠬᠠᠮᠲᠤᠷᠠᠨ ᠪᠣᠯᠪᠠᠰᠤᠷᠠᠭᠤᠯᠬᠤ ᠪᠠᠷ ᠳᠠᠮᠵᠢᠨ ᠳᠣᠲᠣᠭᠠᠳᠤ ᠶ᠋ᠢ ᠬᠠᠮᠠᠭᠠᠯᠠᠬᠤ ᠪᠠᠢᠴᠠᠭᠠᠬᠤ ᠰᠢᠭᠦᠬᠦ ᠬᠣᠷᠢᠶᠠᠨ ᠤ᠋ ᠰᠠᠢᠨ ᠬᠣᠷᠰᠢᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠵᠤ ᠂ ᠰᠢᠭᠦᠬᠦ ᠬᠣᠷᠢᠶ᠎ᠠ ᠂ ᠪᠠᠢᠴᠠᠭᠠᠬᠤ ᠬᠣᠷᠢᠶ᠎ᠠ ᠂ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠶ᠋ᠢᠨ ᠬᠠᠤᠯᠢ ᠴᠠᠭᠠᠵᠠ ᠶ᠋ᠢᠨ ᠣᠢᠯᠠᠭᠠᠭᠳᠠᠬᠤᠨ ᠂ ᠵᠢᠷᠥᠮ ᠤᠨ ᠳᠤᠬᠠᠢ ᠲᠣᠭᠲᠠᠭᠠᠯ ᠂ ᠭᠡᠷᠡᠴᠢ ᠪᠠᠷᠢᠮᠲᠠ ᠶ᠋ᠢᠨ ᠪᠠᠷᠢᠮᠵᠢᠶ᠎ᠠ ᠬᠡᠷᠡᠭᠯᠡᠬᠦ ᠵᠡᠷᠭᠡ ᠲᠠᠯ᠎ᠠ ᠪᠠᠷ ᠬᠢ ᠭᠦᠨᠵᠡᠭᠡᠢ ᠰᠣᠯᠢᠯᠴᠠᠭ᠎ᠠ ᠪᠠ ᠰᠠᠢᠨ ᠬᠣᠷᠰᠢᠯᠴᠠᠨ ᠰᠤᠷᠤᠯᠴᠠᠬᠤ ᠶ᠋ᠢ ᠲᠠᠰᠤᠷᠠᠯᠲᠠ ᠦᠭᠡᠢ ᠠᠬᠢᠭᠤᠯᠤᠨ ᠂ ᠡᠩᠨᠡᠭᠡᠨ ᠦ᠌ ᠲᠤᠰᠬᠠᠢ ᠮᠡᠷᠭᠡᠵᠢᠯ ᠦ᠋ᠨ ᠬᠡᠪ ᠪᠣᠯᠪᠠᠰᠤᠷᠠᠯ ᠢ᠋ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠡᠷᠡᠭ ᠰᠢᠢᠳᠪᠦᠷᠢᠯᠡᠬᠦ ᠶᠠᠰᠦ ᠴᠢᠨᠠᠷ ᠢᠶᠡᠨ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠢᠨ᠎ᠠ ᠃
ᠲᠤᠰ ᠤᠳᠠᠭᠠᠨ ᠤ᠋ ᠪᠣᠯᠪᠠᠰᠣᠷᠠᠭᠤᠯᠤᠯ ᠤ᠋ᠨ ᠬᠢᠴᠢᠶᠡᠯ ᠦ᠋ᠨ ᠲᠣᠬᠢᠷᠠᠭᠤᠯᠤᠯᠲᠠ ᠪᠦᠷᠢᠨ ᠲᠡᠭᠦᠯᠳᠡᠷ ᠂ ᠵᠢᠭᠠᠨ ᠰᠤᠷᠭᠠᠬᠤ ᠬᠡᠯᠪᠡᠷᠢ ᠣᠯᠠᠨ ᠶᠠᠩᠵᠤ ᠶ᠋ᠢᠨ ᠪᠠᠢᠵᠤ ᠂ ᠦᠵᠡᠯ ᠰᠠᠨᠠᠭ᠎ᠠ ᠤᠯᠤᠰ ᠲᠥᠷᠥ ᠂ ᠰᠡᠳᠬᠢᠴᠡ ᠶ᠋ᠢᠨ ᠡᠷᠡᠭᠦᠯ ᠮᠡᠨᠳᠦ ᠂ ᠬᠠᠮᠢᠶᠠᠷᠤᠯᠲᠠ ᠶ᠋ᠢᠨ ᠴᠢᠳᠠᠪᠤᠷᠢ ᠂ ᠪᠣᠳᠠᠲᠤ ᠠᠵᠢᠯᠯᠠᠭ᠎ᠠ ᠶ᠋ᠢ ᠬᠢᠨᠠᠨ ᠬᠡᠷᠡᠭᠵᠢᠭᠦᠯᠬᠦ ᠵᠡᠷᠭᠡ ᠡᠯ᠎ᠡ ᠲᠠᠯ᠎ᠠ ᠶ᠋ᠢ ᠬᠠᠮᠤᠷᠤᠭᠰᠠᠨ ᠪᠠᠢᠨ᠎ᠠ ᠃ ᠪᠣᠯᠪᠠᠰᠤᠷᠠᠯ ᠤ᠋ᠨ ᠠᠭᠤᠯᠭ᠎ᠠ ᠨᠢ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠨ ᠂ ᠳᠣᠲᠣᠭᠠᠳᠤ ᠶ᠋ᠢ ᠬᠠᠮᠠᠭᠠᠯᠠᠬᠤ ᠪᠠᠢᠴᠠᠭᠠᠬᠤ ᠰᠢᠭᠦᠬᠦ ᠬᠣᠷᠢᠶᠠᠨ ᠤ᠋ ᠺᠠᠲᠷᠴᠤᠳ ᠤ᠋ᠨ ᠤᠯᠤᠰ ᠲᠥᠷᠥ ᠶ᠋ᠢᠨ ᠬᠡᠪ ᠪᠣᠯᠪᠠᠰᠤᠷᠠᠯ ᠢ᠋ ᠬᠦᠴᠦᠯᠡᠨ ᠳᠡᠭᠡᠭᠰᠢᠯᠡᠭᠦᠯᠪᠡ ︔ ᠰᠢᠨ᠎ᠡ ᠴᠠᠭ ᠦᠶ᠎ᠡ ᠤᠨ ᠪᠠᠢᠳᠠᠯ ᠳᠣᠣᠷᠠᠬᠢ ᠤᠳᠤᠷᠢᠳᠬᠤ ᠬᠦᠴᠦᠨ ᠢ ᠳᠡᠭᠡᠭᠰᠢᠯᠡᠭᠦᠯᠬᠦ ᠂ ᠤᠷᠮ᠎ᠠ ᠰᠡᠳᠬᠢᠯᠭᠡ ᠶ᠋ᠢᠨ ᠬᠠᠮᠢᠶᠠᠷᠤᠯᠲᠠ ᠪᠣᠯᠤᠨ ᠰᠡᠳᠬᠢᠴᠡ ᠶ᠋ᠢᠨ ᠳᠠᠷᠤᠯᠲᠠ ᠶᠢ ᠲᠠᠢᠯᠬᠤ ᠪᠡᠷ ᠭᠣᠣᠯ ᠴᠡᠭ ᠪᠣᠯᠭᠠᠨ ᠂ ᠳᠣᠲᠣᠭᠠᠳᠤ ᠶ᠋ᠢ ᠬᠠᠮᠠᠭᠠᠯᠠᠬᠤ ᠪᠠᠢᠴᠠᠭᠠᠬᠤ ᠰᠢᠭᠦᠬᠦ ᠬᠣᠷᠢᠶ᠎ᠠ ᠶ᠋ᠢᠨ ᠺᠠᠲᠷᠴᠤᠳ ᠤ᠋ᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠳᠠᠪᠤᠷᠢ ᠪᠠ ᠰᠡᠳᠬᠢᠴᠡ ᠶ᠋ᠢᠨ ᠲᠣᠬᠢᠷᠠᠭᠤᠯᠤᠯᠲᠠ ᠶ᠋ᠢᠨ ᠴᠢᠳᠠᠪᠤᠷᠢ ᠶ᠋ᠢ ᠦᠨᠡᠨᠬᠦ ᠴᠢᠩᠭ᠋ᠠᠳᠬᠠᠵᠠᠢ ︔ ᠪᠠᠢᠩᠭᠤ ᠲᠣᠬᠢᠶᠠᠯᠳᠤᠳᠠᠭ ᠲᠣᠣᠷ ᠰᠦᠯᠵᠢᠶ᠎ᠡ ᠪᠡᠷ ᠮᠡᠬᠡᠯᠡᠭᠰᠡᠨ ᠶᠠᠯᠠᠲᠤ ᠠᠵᠢᠯᠯᠠᠭ᠎ᠠ ᠶ᠋ᠢ ᠮᠠᠭᠠᠳᠯᠠᠨ ᠳᠤᠭᠲᠠᠭᠠᠬᠤ ᠵᠢᠴᠢ ᠭᠡᠷᠡᠴᠢ ᠪᠠᠷᠢᠮᠲᠠ ᠶ᠋ᠢ ᠬᠡᠷᠡᠭᠯᠡᠬᠦ ᠂ ᠴᠠᠬᠢᠯᠭᠠᠨ ᠬᠣᠯᠪᠣᠭ᠎ᠠ ᠰᠦᠯᠵᠢᠶᠡᠨ ᠤ ᠶᠠᠯᠠᠲᠤ ᠠᠵᠢᠯᠯᠠᠭ᠎ᠠ ᠶ᠋ᠢᠨ ᠭᠣᠣᠯᠳᠠᠯᠭ᠎ᠠ ᠲᠠᠢ ᠲᠦᠪᠡᠭᠲᠡᠢ ᠠᠰᠠᠭᠤᠳᠠᠯ ᠂ ᠠᠵᠤ ᠠᠬᠤᠢ ᠶ᠋ᠢᠨ ᠶᠠᠯᠠᠲᠤ ᠠᠵᠢᠯᠯᠠᠭ᠎ᠠ ( ᠮᠥᠩᠭᠥᠨ ᠭᠦᠢᠯᠭᠡᠭᠡᠨ ᠦ᠌ ᠶᠠᠯᠠᠲᠤ ᠠᠵᠢᠯᠯᠠᠭ᠎ᠠ ) ᠶ᠋ᠢ ᠮᠠᠭᠠᠳᠯᠠᠨ ᠲᠣᠭᠲᠠᠭᠠᠬᠤ ᠳᠤᠮᠳᠠᠬᠢ ᠲᠦᠪᠡᠭᠲᠡᠢ ᠠᠰᠠᠭᠤᠳᠠᠯ ᠂ ᠬᠡᠷᠡᠭ ᠤᠨ ᠪᠣᠳᠠᠲᠤ ᠪᠠᠢᠳᠠᠯ ᠲᠣᠳᠣᠷᠬᠠᠢ ᠦᠭᠡᠢ ᠦᠶ᠎ᠡ ᠶ᠋ᠢᠨ ᠬᠠᠤᠯᠢ ᠴᠠᠭᠠᠵᠠ ᠶ᠋ᠢᠨ ᠠᠷᠭ᠎ᠠ ᠪᠣᠳᠣᠯᠭ᠎ᠠ ᠬᠢᠭᠡᠳ ᠪᠣᠳᠠᠲᠠᠢ ᠶᠠᠪᠤᠳᠠᠯ ᠢ᠋ ᠠᠷᠭᠠᠴᠠᠬᠤ ᠂ ᠬᠣᠣᠷᠲᠤ ᠡᠳ᠋ ᠦ᠋ᠨ ᠶᠠᠯᠠᠲᠤ ᠠᠵᠢᠯᠯᠠᠭ᠎ᠠ ᠶ᠋ᠢᠨ ᠭᠣᠣᠯᠳᠠᠯᠭ᠎ᠠ ᠲᠠᠢ ᠲᠦᠪᠡᠭᠲᠡᠢ ᠠᠰᠠᠭᠤᠳᠠᠯ ᠂ ᠣᠳᠣᠬᠠᠨ ᠤ᠋ ᠭᠦᠢᠴᠡᠳᠬᠡᠬᠦ ᠠᠵᠢᠯ ᠤ᠋ᠨ ᠳᠤᠮᠳᠠᠬᠢ ᠬᠠᠯᠠᠮᠰᠢᠯ ᠠᠰᠠᠭᠤᠳᠠᠯ ᠂ ᠬᠦᠴᠢᠷ ᠠᠰᠠᠭᠤᠳᠠᠯ ᠢ᠋ᠶ᠋ᠠᠷ ᠭᠣᠣᠯ ᠱᠤᠭᠤᠮ ᠪᠣᠯᠭᠠᠵᠤ ᠂ ᠰᠢᠭᠦᠨ ᠲᠠᠰᠤᠯᠬᠤ ᠭᠦᠢᠴᠡᠳᠬᠡᠬᠦ ᠲᠤᠰᠬᠠᠢ ᠮᠡᠷᠭᠡᠵᠢᠯ ᠦ᠋ᠨ ᠴᠢᠳᠠᠪᠤᠷᠢ ᠶ᠋ᠢ ᠳᠡᠭᠡᠭᠰᠢᠯᠡᠭᠦᠯᠬᠦ ᠶ᠋ᠢ ᠴᠢᠩᠭᠠᠳᠭᠠᠨ᠎ᠠ ᠃
ᠰᠢ ᠨᠠᠨ ᠤᠯᠤᠰ ᠲᠥᠷᠥ ᠬᠠᠤᠯᠢ ᠴᠠᠭᠠᠵᠠ ᠶ᠋ᠢᠨ ᠶᠡᠬᠡ ᠰᠤᠷᠭᠠᠭᠤᠯᠢ ᠶ᠋ᠢᠨ ᠬᠠᠤᠯᠢ ᠶ᠋ᠢᠨ ᠤᠬᠠᠭᠠᠨ ᠤ᠋ ᠳᠡᠭᠡᠳᠦ ᠰᠤᠷᠭᠠᠭᠤᠯᠢ ᠶ᠋ᠢᠨ ᠳᠡᠳ᠋ ᠫᠷᠣᠹᠧᠰᠰᠣᠷ ᠴᠧᠨ ᠰᠢᠶᠣᠤ ᠪᠢᠶᠣᠤ 《 ᠠᠵᠤ ᠠᠬᠤᠢ ᠶ᠋ᠢᠨ ᠶᠠᠯᠠᠲᠤ ᠠᠵᠢᠯᠯᠠᠭ᠎ᠠ ( ᠮᠥᠩᠭᠥᠨ ᠭᠦᠢᠯᠭᠡᠭᠡᠨ ᠦ᠌ ᠶᠠᠯᠠᠲᠤ ᠠᠵᠢᠯᠯᠠᠭ᠎ᠠ ) ᠶᠢᠨ ᠮᠠᠭᠠᠳᠯᠠᠨ ᠲᠣᠭᠲᠠᠭᠠᠬᠤ ᠳᠤᠮᠳᠠᠬᠢ ᠲᠥᠪᠡᠭᠲᠠᠢ ᠠᠰᠠᠭᠤᠳᠠᠯ ᠤ᠋ᠨ ᠲᠤᠬᠠᠢ 》ᠲᠠᠢᠯᠪᠤᠷᠢᠯᠠᠨ ᠶᠠᠷᠢᠵᠦ ᠪᠠᠢᠭ᠎ᠠ
ᠰᠢ ᠨᠠᠨ ᠤᠯᠤᠰ ᠲᠥᠷᠥ ᠬᠠᠤᠯᠢ ᠴᠠᠭᠠᠵᠠ ᠶ᠋ᠢᠨ ᠶᠡᠬᠡ ᠰᠤᠷᠭᠠᠭᠤᠯᠢ ᠶ᠋ᠢᠨ ᠫᠷᠣᠹᠧᠰᠰᠣᠷ ᠴᠧᠨ ᠸᠧᠢ 《 ᠦᠷᠭᠦᠯᠵᠢ ᠲᠣᠬᠢᠶᠠᠯᠳᠤᠬᠤ ᠲᠣᠣᠷ ᠰᠦᠯᠵᠢᠶᠡᠨ ᠤ ᠮᠡᠬᠡᠯᠡᠭᠰᠡᠨ ᠶᠠᠯᠠᠲᠤ ᠠᠵᠢᠯᠯᠠᠭ᠎ᠠ ᠶ᠋ᠢ ᠮᠠᠭᠠᠳᠯᠠᠨ ᠲᠣᠭᠲᠠᠭᠠᠬᠤ ᠵᠢᠴᠢ ᠭᠡᠷᠡᠴᠢ ᠪᠠᠷᠢᠮᠲᠠ ᠶ᠋ᠢ ᠬᠡᠷᠡᠭᠯᠡᠬᠦ 》 ᠶᠢ ᠲᠠᠢᠯᠪᠤᠷᠢᠯᠠᠨ ᠶᠠᠷᠢᠵᠦ ᠪᠠᠢᠭ᠎ᠠ
ᠰᠢ ᠨᠠᠨ ᠤᠯᠤᠰ ᠲᠥᠷᠥ ᠬᠠᠤᠯᠢ ᠴᠠᠭᠠᠵᠠ ᠶ᠋ᠢᠨ ᠶᠡᠬᠡ ᠰᠤᠷᠭᠠᠭᠤᠯᠢ ᠶ᠋ᠢᠨ ᠮᠠᠷᠺᠰ ᠤ᠋ᠨ ᠦᠵᠡᠯ ᠦ᠋ᠨ ᠳᠡᠭᠡᠳᠦ ᠰᠤᠷᠭᠠᠭᠤᠯᠢ ᠶ᠋ᠢᠨ ᠫᠷᠣᠹᠧᠰᠰᠣᠷ ᠸᠠᠩ ᠴᠧᠩ ᠯᠠᠨ 《 ᠤᠷᠮ᠎ᠠ ᠰᠡᠳᠬᠢᠯᠭᠡ ᠶ᠋ᠢᠨ ᠬᠠᠮᠢᠶᠠᠷᠤᠯᠲᠠ ᠪᠣᠯᠤᠨ ᠰᠡᠳᠬᠢᠴᠡ ᠶᠢᠨ ᠳᠠᠷᠤᠯᠲᠠ ᠶᠢ ᠲᠠᠢᠯᠬᠤ 》 ᠶᠢ ᠲᠠᠢᠯᠪᠤᠷᠢᠯᠠᠨ ᠶᠠᠷᠢᠵᠦ ᠪᠠᠢᠭ᠎ᠠ
ᠰᠢ ᠨᠠᠨ ᠤᠯᠤᠰ ᠲᠥᠷᠥ ᠬᠠᠤᠯᠢ ᠴᠠᠭᠠᠵᠠ ᠶ᠋ᠢᠨ ᠶᠡᠬᠡ ᠰᠤᠷᠭᠠᠭᠤᠯᠢ ᠶ᠋ᠢᠨ ᠡᠷᠡᠭᠦᠦ ᠶ᠋ᠢᠨ ᠬᠡᠷᠡᠭ ᠢ᠋ ᠲᠤᠷᠰᠢᠨ ᠪᠠᠢᠴᠠᠭᠠᠬᠤ ᠳᠡᠭᠡᠳᠦ ᠰᠤᠷᠭᠠᠭᠤᠯᠢ ᠶ᠋ᠢᠨ ᠫᠷᠣᠹᠧᠰᠰᠣᠷ ᠴᠧᠨ ᠷᠤ ᠴᠣᠤ 《 ᠴᠠᠬᠢᠯᠭᠠᠨ ᠬᠣᠯᠪᠤᠭ᠎ᠠ ᠰᠦᠯᠵᠢᠶᠡᠨ ᠦ᠌ ᠶᠠᠯᠠᠲᠤ ᠠᠵᠢᠯᠯᠠᠭ᠎ᠠ ᠶ᠋ᠢᠨ ᠭᠣᠣᠯᠳᠠᠯᠭ᠎ᠠ ᠲᠠᠢ ᠲᠦᠪᠡᠭᠲᠡᠢ ᠠᠰᠠᠭᠤᠳᠠᠯ 》 ᠢ᠋ ᠲᠠᠢᠯᠪᠤᠷᠢᠯᠠᠨ ᠶᠠᠷᠢᠵᠦ ᠪᠠᠢᠭ᠎ᠠ
ᠰᠢ ᠨᠠᠨ ᠤᠯᠤᠰ ᠲᠥᠷᠥ ᠬᠠᠤᠯᠢ ᠴᠠᠭᠠᠵᠠ ᠶ᠋ᠢᠨ ᠶᠡᠬᠡ ᠰᠤᠷᠭᠠᠭᠤᠯᠢ ᠶ᠋ᠢᠨ ᠫᠷᠣᠹᠧᠰᠰᠣᠷ ᠮᠠ ᠳ᠋ᠧᠩ ᠺᠧ ᠡᠴᠡ 《ᠣᠳᠣᠬᠠᠨ ᠤ᠋ ᠬᠡᠷᠡᠭᠵᠢᠭᠦᠯᠬᠦ ᠠᠵᠢᠯ ᠤ᠋ᠨ ᠳᠤᠮᠳᠠᠬᠢ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ》 ᠢ᠋ ᠲᠠᠢᠯᠪᠤᠷᠢᠯᠠᠨ ᠶᠠᠷᠢᠵᠦ ᠪᠠᠢᠭ᠎ᠠ
ᠰᠢ ᠨᠠᠨ ᠤᠯᠤᠰ ᠲᠥᠷᠥ ᠬᠠᠤᠯᠢ ᠴᠠᠭᠠᠵᠠ ᠶ᠋ᠢᠨ ᠶᠡᠬᠡ ᠰᠤᠷᠭᠠᠭᠤᠯᠢ ᠶ᠋ᠢᠨ ᠬᠠᠤᠯᠢ ᠶ᠋ᠢᠨ ᠤᠬᠠᠭᠠᠨ ᠤ᠋ ᠳᠡᠭᠡᠳᠦ ᠰᠤᠷᠭᠠᠭᠤᠯᠢ ᠶ᠋ᠢᠨ ᠳᠡᠳ᠋ ᠫᠷᠣᠹᠧᠰᠰᠣᠷ ᠴᠧᠨ ᠱ᠌ᠢ ᠸᠧᠢ 《ᠬᠣᠣᠷᠲᠤ ᠡᠳ᠋ ᠦ᠋ᠨ ᠶᠠᠯᠠᠲᠤ ᠠᠵᠢᠯᠯᠠᠭ᠎ᠠ ᠳ᠋ᠤ᠌ ᠬᠣᠯᠪᠣᠭᠳᠠᠭᠰᠠᠨ ᠬᠦᠴᠢᠷ ᠠᠰᠠᠭᠤᠳᠠᠯ》 ᠢ᠋ ᠲᠠᠢᠯᠪᠤᠷᠢᠯᠠᠨ ᠶᠠᠷᠢᠵᠦ ᠪᠠᠢᠭ᠎ᠠ
ᠰᠢ ᠨᠠᠨ ᠤᠯᠤᠰ ᠲᠥᠷᠥ ᠬᠠᠤᠯᠢ ᠴᠠᠭᠠᠵᠠ ᠶ᠋ᠢᠨ ᠶᠡᠬᠡ ᠰᠤᠷᠭᠠᠭᠤᠯᠢ ᠶ᠋ᠢᠨ ᠰᠡᠳᠬᠢᠴᠡ ᠶ᠋ᠢᠨ ᠬᠢᠮᠤᠷᠠᠯ ᠢ᠋ ᠤᠷᠢᠳᠴᠢᠯᠠᠨ ᠰᠡᠷᠭᠡᠢᠯᠡᠬᠦ ᠪᠠ ᠬᠠᠮᠢᠶᠠᠷᠬᠤ ᠰᠤᠳᠤᠯᠭᠠᠨ ᠤ᠋ ᠲᠥᠪ ᠦ᠋ᠨ ᠡᠷᠬᠢᠯᠡᠭᠴᠢ ᠬᠤ᠌ ᠰᠢᠶᠣᠤ 《 ᠰᠢᠨ᠎ᠡ ᠴᠠᠭ ᠦᠶ᠎ᠡ ᠶᠢᠨ ᠪᠠᠢᠳᠠᠯ ᠳᠣᠣᠷᠠᠬᠢ ᠤᠳᠤᠷᠢᠳᠬᠤ ᠬᠦᠴᠦᠨ ᠢ᠋ ᠳᠡᠭᠡᠭᠰᠢᠯᠡᠭᠦᠯᠬᠦ 》 ᠶ᠋ᠢ ᠲᠠᠢᠯᠪᠤᠷᠢᠯᠠᠨ ᠶᠠᠷᠢᠵᠦ ᠪᠠᠢᠭ᠎ᠠ
ᠰᠢ ᠨᠠᠨ ᠤᠯᠤᠰ ᠲᠥᠷᠥ ᠬᠠᠤᠯᠢ ᠴᠠᠭᠠᠵᠠ ᠶ᠋ᠢᠨ ᠶᠡᠬᠡ ᠰᠤᠷᠭᠠᠭᠤᠯᠢ ᠶ᠋ᠢᠨ ᠬᠠᠤᠯᠢ ᠶ᠋ᠢᠨ ᠤᠬᠠᠭᠠᠨ ᠤ᠋ ᠳᠡᠭᠡᠳᠦ ᠰᠤᠷᠭᠠᠭᠤᠯᠢ ᠶ᠋ᠢᠨ ᠳᠡᠳ᠋ ᠫᠷᠣᠹᠧᠰᠰᠣᠷ ᠸᠠᠩ ᠵᠢᠶᠠᠨ ᠬᠣᠩ 《 ᠬᠡᠷᠡᠭ ᠤᠨ ᠪᠣᠳᠠᠲᠤ ᠪᠠᠢᠳᠠᠯ ᠲᠣᠳᠣᠷᠬᠠᠢ ᠦᠭᠡᠢ ᠦᠶ᠎ᠡ ᠶ᠋ᠢᠨ ᠬᠠᠤᠯᠢ ᠴᠠᠭᠠᠵᠠ ᠶ᠋ᠢᠨ ᠠᠷᠭ᠎ᠠ ᠪᠣᠳᠣᠯᠭ᠎ᠠ ᠬᠢᠭᠡᠳ ᠪᠣᠳᠠᠲᠠᠢ ᠶᠠᠪᠤᠳᠠᠯ ᠢ᠋ ᠠᠷᠭᠠᠴᠠᠬᠤ》ᠲᠤᠬᠠᠢ ᠲᠠᠢᠯᠪᠤᠷᠢᠯᠠᠨ ᠶᠠᠷᠢᠵᠦ ᠪᠠᠢᠭ᠎ᠠ
ᠬᠣᠩ ᠶᠠᠨ ᠲᠣᠰᠬᠣᠨ ᠳ᠋ᠤ᠌ ᠲᠤᠬᠠᠢ ᠶ᠋ᠢᠨ ᠲᠠᠯᠠᠪᠤᠷ ᠳᠦ ᠵᠢᠭᠠᠨ ᠰᠤᠷᠭᠠᠯᠲᠠ ᠬᠢᠵᠦ ᠪᠠᠢᠭ᠎ᠠ
ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠪᠣᠯᠤᠨ ᠳᠡᠳ᠋ ᠵᠠᠬᠢᠷᠤᠯ ᠵᠢᠶᠠ ᠴᠠᠩ ᠪᠢᠩ ᠨᠥᠬᠥᠷ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠪᠣᠯᠪᠠᠰᠤᠷᠠᠯ ᠳ᠋ᠤ᠌ ᠣᠷᠣᠯᠴᠠᠭᠰᠠᠳ ᠲᠤ᠌ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠣᠪᠠ
ᠬᠣᠲᠠ ᠶ᠋ᠢᠨ ᠪᠠᠢᠴᠠᠭᠠᠬᠤ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠪᠠᠢᠴᠠᠭᠠᠬᠤ ᠬᠣᠷᠢᠶᠠᠨ ᠤ ᠳᠠᠷᠤᠭ᠎ᠠ ᠯᠢ ᠸᠧᠢ ᠳ᠋ᠦᠩ ᠨᠥᠬᠥᠷ ᠂ ᠬᠣᠲᠠ ᠶ᠋ᠢᠨ ᠪᠠᠢᠴᠠᠭᠠᠬᠤ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠪᠠᠢᠴᠠᠭᠠᠬᠤ ᠬᠣᠷᠢᠶᠠᠨ ᠤ᠋ ᠲᠤᠰᠬᠠᠢ ᠲᠤᠰᠢᠶᠠᠯᠲᠤ ᠭᠡᠰᠢᠭᠦᠨ ᠬᠠᠨ ᠯᠢ ᠴᠦᠨ ᠨᠥᠬᠥᠷ ᠪᠥᠬᠥ ᠬᠣᠲᠠ ᠶ᠋ᠢᠨ ᠬᠣᠶᠠᠷ ᠱᠠᠲᠤᠨ ᠤ᠋ ᠪᠠᠢᠴᠠᠭᠠᠬᠤ ᠬᠣᠷᠢᠶᠠᠨ ᠤ᠋ ᠪᠣᠯᠪᠠᠰᠤᠷᠠᠯ ᠳ᠋ᠤ᠌ ᠣᠷᠣᠯᠴᠠᠭᠴᠢ ᠳ᠋ᠤ᠌ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠣᠪᠠ
ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠬᠠᠤᠯᠢ ᠳᠦᠷᠢᠮ ᠦ᠋ᠨ ᠰᠠᠯᠪᠤᠷᠢ ᠠᠩᠭᠢ ᠶ᠋ᠢᠨ ᠳᠡᠳ᠋ ᠳᠠᠷᠤᠭ᠎ᠠ ᠵᠣ᠌ ᠱᠧᠩ ᠬᠤᠢ ᠨᠥᠬᠥᠷ ᠲᠦ᠍ ᠪᠥᠬᠥ ᠬᠣᠲᠠ ᠶ᠋ᠢᠨ ᠬᠣᠶᠠᠷ ᠱᠠᠲᠤᠨ ᠤ᠋ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠪᠣᠯᠪᠠᠰᠤᠷᠠᠯ ᠳ᠋ᠤ᠌ ᠣᠷᠣᠯᠴᠠᠭᠴᠢ ᠳ᠋ᠤ᠌ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠣᠪᠠ
ᠦᠦᠰᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠶ᠋ᠢᠨ ᠳᠡᠳ᠋ ᠬᠣᠷᠢᠶᠠᠨ ᠳᠠᠷᠤᠭ᠎ᠠ ᠭᠣᠣ ᠵᠢᠶᠠᠨ ᠨᠥᠬᠥᠷ ᠂ ᠣᠲᠣᠭ ᠤ᠋ᠨ ᠡᠮᠦᠨᠡᠲᠦ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠲᠣᠮᠢᠯᠠᠭᠰᠠᠨ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠵᠧᠩ ᠵᠦᠩ ᠨᠥᠬᠥᠷ ᠣᠷᠳᠣᠰ ᠬᠣᠲᠠ ᠶ᠋ᠢᠨ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠶ᠋ᠢᠨ ᠪᠣᠯᠪᠠᠰᠤᠷᠠᠯ ᠳ᠋ᠤ᠌ ᠣᠷᠣᠯᠴᠠᠭᠰᠠᠳ ᠲᠤ᠌ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠣᠪᠠ
ᠳᠠᠷᠠᠭ᠎ᠠ ᠠᠯᠬᠤᠮ ᠳ᠋ᠤ᠌ ᠂ ᠪᠦᠬᠦ ᠪᠣᠯᠪᠠᠰᠤᠷᠠᠯ ᠳ᠋ᠤ᠌ ᠣᠷᠣᠯᠴᠠᠬᠤ ᠰᠤᠷᠤᠭᠴᠢᠳ ᠰᠤᠷᠤᠯᠴᠠᠯᠭ᠎ᠠ ᠪᠠᠷ ᠳᠠᠮᠵᠢᠨ ᠤᠷᠤᠭᠰᠢᠯᠠᠬᠤ ᠶᠢ ᠠᠬᠢᠭᠤᠯᠬᠤ ᠂ ᠰᠤᠷᠤᠯᠴᠠᠯᠭ᠎ᠠ ᠪᠠᠷ ᠳᠠᠮᠵᠢᠨ ᠠᠵᠢᠯᠯᠠᠬᠤ ᠶᠢ ᠠᠬᠢᠭᠤᠯᠬᠤ᠂ ᠰᠤᠷᠤᠯᠴᠠᠯᠭ᠎ᠠ ᠪᠠᠷ ᠳᠠᠮᠵᠢᠨ ᠴᠢᠳᠠᠪᠤᠷᠢ ᠪᠠᠨ ᠳᠡᠭᠡᠭᠰᠢᠯᠡᠭᠦᠯᠬᠦ ᠂ ᠪᠣᠯᠪᠠᠰᠤᠷᠠᠯ ᠳ᠋ᠤ᠌ ᠣᠷᠣᠯᠴᠠᠬᠤ ᠦᠶ᠎ᠡ ᠶ᠋ᠢᠨ ᠰᠤᠷᠤᠭᠰᠠᠨ ᠮᠡᠳᠡᠯᠭᠡ ᠰᠡᠳᠭᠢᠭᠰᠡᠨ ᠵᠦᠢᠯᠡᠰ ᠢ᠋ᠶ᠋ᠡᠨ ᠦᠨᠡᠨ ᠬᠦ᠌ ᠵᠣᠷᠢᠭ ᠲᠠᠢ ᠪᠠᠷ ᠤᠷᠤᠭᠰᠢᠯᠠᠨ ᠲᠠᠪᠰᠢᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠠᠵᠢᠯ ᠤ᠋ᠨ ᠪᠠᠢᠷᠢ ᠶ᠋ᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠣᠷᠳᠣᠰ ᠤ᠋ᠨ ᠬᠠᠤᠯᠢ ᠪᠠᠷ ᠵᠠᠰᠠᠬᠤ ᠠᠵᠢᠯ ᠦᠢᠯᠡᠰ ᠦ᠋ᠨ ᠪᠠᠢᠭᠤᠯᠤᠯᠲᠠ ᠳ᠋ᠤ᠌ ᠰᠢᠨ᠎ᠡ ᠭᠠᠪᠢᠶ᠎ᠠ ᠪᠠᠢᠭᠤᠯᠵᠤ ᠂ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠶᠢ ᠬᠦᠰᠡᠵᠦ ᠪᠠᠢᠨ᠎ᠠ ᠭᠡᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ