ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ᠌ ᠰᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ 《 ᠦᠨᠳᠦᠰᠦᠨ ᠱᠠᠲᠤᠨ ᠤ᠋ ᠰᠠᠭᠤᠷᠢ ᠶ᠋ᠢ ᠳᠡᠭᠡᠭᠰᠢᠯᠡᠭᠦᠯᠬᠦ ᠵᠢᠯ 》 ᠤᠨ ᠲᠤᠰᠬᠠᠢ ᠠᠵᠢᠯᠯᠠᠭ᠎ᠠ ᠶ᠋ᠢ ᠭᠦᠨᠵᠡᠭᠡᠢ ᠪᠤᠳᠠᠳᠠᠢ ᠶᠠᠪᠤᠭᠳᠠᠬᠤ ᠶᠢ ᠤᠯᠠᠮ ᠨᠢᠭᠡ ᠠᠯᠬᠤᠮ ᠠᠬᠢᠭᠤᠯᠬᠤ ᠶ᠋ᠢᠨ ᠲᠥᠯᠥᠭᠡ ᠂ 7 ᠰᠠᠷ᠎ᠠ ᠶ᠋ᠢᠨ 13 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠤᠷᠢᠳ ᠬᠣᠵᠢᠳ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠶ᠋ᠢᠨ ᠰᠤᠪᠤᠷᠭ᠎ᠠ ᠪᠠᠯᠭᠠᠰᠤᠨ ᠤ ᠠᠷᠠᠳ ᠤ᠋ᠨ ᠰᠢᠭᠦᠬᠦ ᠲᠢᠩᠬᠢᠮ ᠂ ᠵᠠᠰᠠᠭ ᠪᠠᠯᠭᠠᠰᠤᠨ ᠤ ᠠᠷᠠᠳ ᠤᠨ ᠰᠢᠭᠦᠬᠦ ᠲᠢᠩᠬᠢᠮ ᠳᠦ ᠪᠠᠢᠴᠠᠭᠠᠨ ᠰᠤᠳᠤᠯᠤᠯᠲᠠ ᠶ᠋ᠢᠨ ᠰᠠᠭᠤᠳᠠᠯ ᠤ᠋ᠨ ᠬᠤᠷᠠᠯ ᠥᠷᠨᠢᠭᠦᠯᠵᠦ ᠂ ᠰᠢᠭᠦᠬᠦ ᠲᠢᠩᠬᠢᠮ ᠦ᠋ᠨ ᠪᠦᠲᠦᠭᠡᠨ ᠪᠠᠢᠭᠤᠯᠤᠯᠲᠠ ᠶ᠋ᠢᠨ ᠪᠠᠢᠳᠠᠯ ᠢ᠋ ᠣᠢᠯᠠᠭᠠᠵᠤ ᠂ ᠦᠨᠳᠦᠰᠦᠨ ᠱᠠᠲᠤᠨ ᠤ᠋ ᠰᠢᠭᠦᠬᠦ ᠲᠢᠩᠬᠢᠮ ᠦ᠋ᠨ ᠺᠠᠲᠷ ᠴᠠᠭᠳᠠᠭ᠎ᠠ ᠶ᠋ᠢ ᠪᠣᠯᠭᠣᠭᠠᠨ ᠲᠣᠬᠣᠨᠢᠭᠤᠯᠵᠤ ᠂ ᠠᠵᠢᠯ ᠤ᠋ᠨ ᠰᠠᠨᠠᠯ ᠰᠠᠨᠠᠭᠤᠯᠭ᠎ᠠ ᠶ᠋ᠢ ᠰᠣᠨᠣᠰᠴᠠᠢ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠾᠧ ᠶᠠᠨ ᠴᠦᠨ ᠂ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠸᠠᠩ ᠷᠦᠢ ᠱᠠᠨ ᠪᠠᠷ᠎ᠠ ᠪᠣᠯᠤᠭᠰᠠᠨ ᠪᠠᠢᠨ᠎ᠠ ᠃
ᠰᠦ ᠯᠢ ᠵᠢᠶᠦ᠋ᠨ ᠬᠣᠷᠢᠶᠠᠨ ᠳᠠᠷᠤᠭ᠎ᠠ ᠨᠢᠭᠡ ᠪᠥᠯᠦᠭ ᠰᠢᠭᠦᠬᠦ ᠲᠢᠩᠬᠢᠮ ᠦ᠋ᠨ ᠰᠢᠭᠦᠨ ᠲᠠᠰᠤᠯᠬᠤ ᠲᠣᠭᠣᠷᠢᠭ ᠂ ᠠᠵᠢᠯᠯᠠᠬᠤ ᠲᠣᠭᠣᠷᠢᠭ ᠪᠣᠯᠤᠨ ᠠᠮᠢᠳᠤᠷᠠᠯ ᠤ᠋ᠨ ᠲᠣᠭᠣᠷᠢᠭ ᠢ᠋ ᠲᠣᠭᠣᠷᠢᠨ ᠦᠵᠡᠵᠦ ᠂ ᠠᠵᠢᠯ ᠤ᠋ᠨ ᠪᠠᠢᠷᠢᠨ ᠳ᠋ᠠᠭᠠᠨ ᠶᠠᠭᠠᠷᠠᠯᠲᠠᠢ ᠠᠵᠢᠯᠯᠠᠵᠦ ᠪᠠᠢᠭ᠎ᠠ ᠰᠢᠭᠦᠬᠦ ᠲᠢᠩᠬᠢᠮ ᠦ᠋ᠨ ᠺᠠᠲᠷ ᠴᠠᠭᠳᠠᠭ᠎ᠠ ᠨᠠᠷ ᠢ ᠪᠣᠯᠭᠣᠭᠠᠨ ᠦᠵᠡᠵᠦ ᠭᠦᠨᠵᠡᠭᠡᠢ ᠶᠠᠷᠢᠯᠴᠠᠵᠠᠢ ᠃
ᠶᠠᠷᠢᠯᠴᠠᠬᠤ ᠳᠤᠮᠳᠠ ᠂ ᠡᠯ᠎ᠡ ᠰᠢᠭᠦᠬᠦ ᠲᠢᠩᠬᠢᠮ ᠦ᠋ᠨ ᠬᠠᠷᠢᠭᠤᠴᠠᠯᠭᠠᠲᠠᠨ ᠣᠢᠷ᠎ᠠ ᠶ᠋ᠢᠨ ᠵᠢᠯ ᠡᠴᠡ ᠨᠠᠰᠢᠬᠢ ᠦᠨᠳᠦᠰᠦᠨ ᠱᠠᠲᠤᠨ ᠤ᠋ ᠰᠢᠭᠦᠬᠦ ᠲᠢᠩᠬᠢᠮ ᠦ᠋ᠨ ᠰᠢᠭᠦᠯᠲᠡ ᠶ᠋ᠢᠨ ᠠᠵᠢᠯ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠂ 《 ᠹᠧᠩ ᠴᠢᠶᠣᠤ ᠪᠠᠯᠭᠠᠰᠤᠨ ᠤ ᠮᠠᠶᠢᠭ ᠤ᠋ᠨ ᠠᠷᠠᠳ ᠤ᠋ᠨ ᠰᠢᠭᠦᠬᠦ ᠲᠢᠩᠬᠢᠮ 》 ᠢ᠋ ᠡᠭᠦᠳᠦᠨ ᠪᠠᠢᠭᠤᠯᠤᠭᠰᠠᠨ ᠂ ᠡᠩᠨᠡᠭᠡᠨ ᠦ᠌ ᠪᠦᠲᠦᠭᠡᠨ ᠪᠠᠢᠭᠤᠯᠤᠯᠲᠠ ᠵᠡᠷᠭᠡ ᠠᠵᠢᠯ ᠤ᠋ᠨ ᠪᠠᠢᠳᠠᠯ ᠢᠶᠡᠨ ᠬᠠᠷᠢᠭᠤ ᠮᠡᠳᠡᠭᠦᠯᠦᠭᠰᠡᠨ ᠪᠠᠢᠨ᠎ᠠ ᠃ ᠰᠦ ᠯᠢ ᠵᠢᠶᠦ᠋ᠨ ᠬᠣᠷᠢᠶᠠᠨ ᠳᠠᠷᠤᠭ᠎ᠠ ᠰᠢᠭᠦᠬᠦ ᠲᠢᠩᠬᠢᠮ ᠦ᠋ᠨ ᠺᠠᠲᠷ ᠴᠠᠭᠳᠠᠭ᠎ᠠ ᠨᠠᠷ ᠤᠨ ᠦᠨᠳᠦᠰᠦᠨ ᠱᠠᠲᠤᠨ ᠳ᠋ᠤ᠌ ᠭᠦᠨᠵᠡᠭᠡᠢᠷᠡᠵᠦ ᠂ ᠣᠯᠠᠨ ᠲᠦᠮᠡᠨ ᠳ᠋ᠦ᠍ ᠦᠢᠯᠡᠴᠢᠯᠡᠬᠦ ᠶ᠋ᠢ ᠭᠦᠢᠴᠡᠳ ᠨᠤᠲᠠᠯᠠᠵᠤ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠪᠠ ᠦᠨᠳᠦᠰᠦᠨ ᠱᠠᠲᠤᠨ ᠤ᠋ ᠵᠥᠷᠢᠴᠡᠯ ᠵᠢᠭᠤᠷᠠᠯᠳᠤᠭᠠᠨ ᠢ᠋ ᠰᠢᠢᠳᠪᠦᠷᠢᠯᠡᠬᠦ ᠠᠵᠢᠯ ᠢ᠋ ᠭᠦᠨᠵᠡᠭᠡᠢ ᠥᠷᠨᠢᠭᠦᠯᠵᠦ ᠪᠠᠢᠭ᠎ᠠ ᠳᠦ ᠳᠡᠭᠡᠳᠦ ᠬᠡᠮᠵᠢᠶᠡᠨ ᠤ ᠦᠨᠡᠯᠡᠯᠲᠡ ᠥᠭᠴᠦ ᠂ ᠳᠠᠷᠠᠭᠠᠴᠢ ᠶ᠋ᠢᠨ ᠠᠯᠬᠤᠮ ᠳᠦ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠢᠶᠡᠨ ᠰᠠᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ ᠃
ᠰᠦ᠍ ᠯᠢ ᠵᠢᠶᠦ᠋ᠨ ᠴᠢᠬᠤᠯᠠᠴᠢᠯᠠᠭᠰᠠᠨ ᠨᠢ᠂ ᠨᠢᠭᠡ ᠳ᠋ᠦ᠍ ᠠᠷᠠᠳ ᠲᠤ᠌ ᠦᠢᠯᠡᠴᠢᠯᠡᠬᠦ ᠠᠷᠭ᠎ᠠ ᠪᠠᠷᠢᠯ ᠢᠶᠡᠨ ᠳᠡᠭᠡᠭᠰᠢᠯᠡᠭᠦᠯᠵᠦ ᠂ ᠠᠷᠠᠳ ᠲᠤ᠌ ᠦᠢᠯᠡᠴᠢᠯᠡᠬᠦ ᠠᠵᠢᠯ ᠢ᠋ ᠪᠣᠳᠠᠲᠠᠢ ᠬᠢᠬᠦ ᠬᠡᠷᠡᠭᠲᠡᠢ ᠃ ᠬᠠᠷᠢᠶᠠᠲᠦ ᠲᠣᠭᠤᠷᠢᠭ ᠤᠨ ᠣᠨᠴᠠᠯᠢᠭ ᠢ᠋ᠶ᠋ᠠᠨ ᠦᠨᠳᠦᠰᠦᠯᠡᠨ ᠂ 《 ᠨᠢᠭᠡ ᠯᠡ ᠥᠷᠲᠡᠭᠡᠨ ᠤ ᠮᠠᠶᠢᠭ 》 ᠤᠨ ᠪᠦᠲᠦᠭᠡᠨ ᠪᠠᠢᠭᠤᠯᠤᠯᠲᠠ ᠶ᠋ᠢᠨ ᠦᠷ᠎ᠡ ᠪᠦᠲᠦᠮᠵᠢ ᠪᠡᠨ ᠲᠠᠰᠤᠷᠠᠯᠲᠠ ᠦᠭᠡᠢ ᠥᠷᠭᠡᠳᠬᠡᠵᠦ ᠂ ᠲᠣᠭᠣᠷᠢᠨ ᠰᠢᠭᠦᠬᠦ ᠲᠢᠩᠬᠢᠮ ᠦ᠋ᠨ ᠠᠵᠢᠯ ᠢ᠋ᠶ᠋ᠠᠨ ᠴᠢᠩᠭᠠᠳᠬᠠᠵᠤ ᠂ ᠵᠠᠷᠭᠤ ᠬᠢᠬᠦ ᠦᠢᠯᠡᠴᠢᠯᠡᠭᠡᠨ ᠦ᠌ 《 ᠬᠠᠮᠤᠭ ᠡᠴᠦᠰ ᠦ᠋ᠨ ᠨᠢᠭᠡ ᠮᠧᠲ᠋ᠷ 》 ᠢ᠋ ᠬᠦᠴᠦᠯᠡᠨ ᠨᠡᠪᠲᠡᠷᠡᠭᠦᠯᠵᠦ ᠂ ᠰᠡᠳᠭᠢᠯ ᠲᠠᠯᠪᠢᠨ ᠬᠠᠦᠯᠢ ᠪᠠᠷᠢᠵᠦ ᠂ ᠬᠠᠤᠯᠢ ᠪᠠᠷ ᠨᠠᠢᠷ ᠲᠠᠯ᠎ᠠ ᠶᠢ ᠵᠤᠬᠢᠴᠠᠭᠤᠯᠵᠦ᠂ ᠠᠷᠠᠳ ᠣᠯᠠᠨ ᠢ᠋ ᠭᠡᠷ ᠦ᠋ᠨ ᠡᠭᠦᠳᠡᠨ ᠳ᠋ᠡᠭᠡᠨ ᠵᠥᠷᠢᠴᠡᠯ ᠵᠢᠭᠤᠷᠠᠭᠠᠨ ᠢᠶᠡᠨ ᠡᠪᠰᠡᠨ ᠰᠢᠢᠳᠪᠦᠷᠢᠯᠡᠵᠦ ᠂ ᠬᠠᠤᠯᠢ ᠴᠠᠭᠠᠵᠠ ᠶ᠋ᠢᠨ ᠳᠥᠭᠥᠮ ᠲᠦᠳᠡ ᠪᠠ ᠲᠥᠪ ᠭᠣᠣᠯᠴᠢ ᠶ᠋ᠢ ᠰᠡᠷᠡᠵᠦ ᠮᠡᠳᠡᠭᠦᠯᠬᠦ ᠬᠡᠷᠡᠭᠲᠡᠢ ᠃
ᠬᠣᠶᠠᠷ ᠲᠤ᠌ ᠂ 《 ᠴᠢᠳᠠᠮᠠᠭᠠᠢ ᠪᠠᠷ ᠬᠠᠤᠯᠢ ᠬᠡᠷᠡᠭᠵᠢᠭᠦᠯᠬᠦ 》 ᠶ᠋ᠢ ᠭᠦᠨᠵᠡᠭᠡᠢ ᠪᠣᠳᠠᠲᠠᠢ ᠬᠢᠵᠦ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠠᠵᠢᠯ ᠢ᠋ ᠭᠦᠨᠵᠡᠭᠡᠢ ᠠᠬᠢᠭᠤᠯᠬᠤ ᠬᠡᠷᠡᠭᠲᠡᠢ ᠃ ᠵᠢᠭᠤᠷᠠᠯᠳᠤᠭᠠᠨ ᠢ ᠮᠥᠨ ᠴᠢᠨᠠᠷ ᠠ᠋ᠴᠠ ᠨᠢ ᠰᠢᠢᠳᠪᠦᠷᠢᠯᠡᠬᠦ ᠪᠡᠷ ᠬᠠᠷᠠᠯᠲᠠ ᠪᠣᠯᠭᠠᠨ ᠂ ᠬᠠᠤᠯᠢ ᠴᠠᠭᠠᠵᠠ ᠶ᠋ᠢᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠂ ᠳᠣᠲᠣᠭᠠᠳᠤ ᠶ᠋ᠢ ᠬᠠᠮᠠᠭᠠᠯᠠᠬᠤ ᠵᠠᠮ ᠬᠠᠷᠢᠯᠴᠠᠭᠠᠨ ᠤ᠋ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠵᠢᠴᠢ ᠪᠤᠰᠤᠳ ᠦᠨᠳᠦᠰᠦᠨ ᠱᠠᠲᠤᠨ ᠤ᠋ ᠵᠣᠬᠢᠶᠠᠨ ᠪᠠᠢᠭᠤᠯᠤᠯᠲᠠ ᠯᠤᠭ᠎ᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠠᠵᠢᠯ ᠢ᠋ ᠲᠠᠰᠤᠷᠠᠯᠲᠠ ᠦᠭᠡᠢ ᠴᠢᠩᠭᠠᠳᠬᠠᠵᠤ ᠂ 《 ᠲᠣᠰᠬᠣᠨ ᠳ᠋ᠤ᠌ ᠰᠠᠭᠤᠭ᠎ᠠ ᠰᠢᠭᠦᠬᠦ ᠲᠤᠰᠢᠶᠠᠯᠲᠠᠨ ᠤ᠋ ᠠᠵᠢᠯ ᠤ᠋ᠨ ᠲᠠᠰᠤᠭ 》 ᠢ᠋ ᠠᠰᠢᠭᠯᠠᠨ ᠂ ᠵᠥᠷᠢᠴᠡᠯ ᠵᠢᠭᠤᠷᠠᠯᠳᠤᠭᠠᠨ ᠢ᠋ ᠵᠠᠬ᠎ᠠ ᠳᠠᠷᠠᠭᠠᠯᠠᠨ ᠪᠠᠢᠴᠠᠭᠠᠬᠤ ᠪᠠ ᠡᠪᠰᠡᠭᠦᠯᠦᠨ ᠰᠢᠢᠳᠪᠦᠷᠢᠯᠡᠬᠦ ᠠᠵᠢᠯ ᠢ᠋ ᠭᠦᠨᠵᠡᠭᠡᠢ ᠥᠷᠨᠢᠭᠦᠯᠵᠦ ᠂ ᠵᠢᠭᠤᠷᠠᠯᠳᠤᠭᠠᠨ ᠢ᠋ ᠲᠤᠬᠠᠢ ᠶ᠋ᠢᠨ ᠭᠠᠵᠠᠷ ᠲᠤᠨᠢ ᠰᠢᠢᠳᠪᠦᠷᠢᠯᠡᠬᠦ ᠪᠠ ᠡᠬᠢ ᠡᠭᠦᠰᠦᠯ ᠡᠴᠡ ᠨᠢ ᠡᠪᠰᠡᠭᠦᠯᠬᠦ ᠶ᠋ᠢ ᠲᠦᠯᠬᠢᠨ ᠠᠬᠢᠭᠤᠯᠬᠤ ᠬᠡᠷᠡᠭᠲᠡᠢ ᠃
ᠭᠤᠷᠪᠠ ᠳ᠋ᠤ᠌ ᠂ 《 ᠹᠧᠩ ᠴᠢᠶᠣᠤ ᠪᠠᠯᠭᠠᠰᠤᠨ ᠤ ᠮᠠᠶᠢᠭ ᠤ᠋ᠨ ᠠᠷᠠᠳ ᠤ᠋ᠨ ᠰᠢᠭᠦᠬᠦ ᠲᠢᠩᠬᠢᠮ 》 ᠢ᠋ ᠴᠣᠭᠴᠠᠯᠠᠨ ᠪᠠᠢᠭᠤᠯᠤᠭᠰᠠᠨ ᠦᠷ᠎ᠡ ᠪᠦᠲᠦᠮᠵᠢ ᠶ᠋ᠢ ᠪᠡᠬᠢᠵᠢᠭᠦᠯᠦᠨ ᠳᠡᠭᠡᠭᠰᠢᠯᠡᠭᠦᠯᠵᠦ ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠠᠶᠠᠨ ᠤ ᠬᠠᠮᠠᠭᠠᠯᠠᠯ ᠳᠦ ᠬᠦᠴᠦᠨ ᠨᠡᠮᠡᠷᠢᠯᠡᠶ᠎ᠡ᠃ ᠠᠷᠠᠳ ᠤ᠋ᠨ ᠰᠢᠭᠦᠬᠦ ᠲᠢᠩᠬᠢᠮ ᠦ᠋ᠨ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠪᠠ ᠤᠯᠠᠮ ᠴᠢᠨᠠᠭᠰᠢᠳᠠ ᠦᠷᠭᠦᠯᠵᠢᠯᠡᠭᠦᠯᠵᠦ ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳᠦ ᠬᠠᠤᠯᠢ ᠪᠠᠷ ᠵᠠᠰᠠᠬᠤ ᠬᠡᠷᠡᠭᠴᠡᠭᠡ ᠱᠠᠭᠠᠷᠳᠠᠯᠭ᠎ᠠ ᠪᠠᠷ ᠡᠭᠦᠰᠦᠯᠲᠡ ᠶᠢᠨ ᠴᠡᠭ ᠪᠣᠯᠭᠠᠨ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠠᠵᠢᠯ ᠤ᠋ᠨ ᠠᠷᠭ᠎ᠠ ᠪᠠᠷᠢᠯ ᠢᠶᠡᠨ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠡᠯ᠎ᠡ ᠲᠥᠷᠥᠯ ᠦ᠋ᠨ ᠵᠢᠭᠤᠷᠠᠯᠳᠤᠭᠠᠨ ᠢ᠋ ᠲᠥᠪ ᠭᠣᠣᠯᠴᠢ ᠥᠨᠳᠥᠷ ᠪᠦᠲᠦᠮᠵᠢᠲᠡᠢ ᠪᠡᠷ ᠰᠢᠢᠳᠪᠦᠷᠢᠯᠡᠵᠦ ᠂ ᠦᠨᠳᠦᠰᠦᠨ ᠱᠠᠲᠤᠨ ᠤ᠋ ᠵᠠᠰᠠᠯᠲᠠ ᠪᠠ ᠬᠥᠳᠡᠭᠡ ᠲᠣᠰᠬᠣᠨ ᠤ᠋ ᠬᠥᠭᠵᠢᠯ ᠮᠠᠨᠳᠤᠯ ᠳ᠋ᠤ᠌ ᠬᠠᠤᠯᠢ ᠴᠠᠭᠠᠵᠠ ᠶ᠋ᠢᠨ ᠪᠠᠲᠤᠯᠠᠭ᠎ᠠ ᠶ᠋ᠢ ᠢᠳᠡᠪᠬᠢᠲᠡᠢ ᠪᠡᠷ ᠬᠠᠩᠭᠠᠶ᠎ᠠ ᠭᠡᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ