ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠰᠠᠯᠪᠤᠷᠢ ᠠᠩᠭᠢ ᠨᠢ ᠴᠠᠭᠳᠠᠭᠠᠨ ᠤ᠋ ᠶᠠᠪᠤᠳᠠᠯ ᠤ᠋ᠨ ᠮᠡᠳᠡᠯᠭᠡ ᠶ᠋ᠢᠨ ᠣᠨᠣᠯ ᠤ᠋ᠨ ᠰᠢᠯᠭᠠᠯᠲᠠ ᠬᠢᠪᠡ
2023.07.31 ᠲᠣᠰ ᠥᠷᠲᠡᠭᠡᠨ᠎ᠦ ᠨᠠᠢᠷᠠᠭᠤᠯᠤᠭᠴᠢ

    ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡ ᠶ᠋ᠢ ᠵᠢᠷᠤᠮᠵᠢᠭᠤᠯᠬᠤ ᠪᠠᠢᠭᠤᠯᠤᠯᠲᠠ ᠶ᠋ᠢ ᠪᠦᠬᠦ ᠲᠠᠯ᠎ᠠ ᠪᠠᠷ ᠴᠢᠩᠭᠠᠳᠬᠠᠵᠤ ᠂ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡ ᠶ᠋ᠢᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠬᠠᠤᠯᠢ ᠬᠡᠷᠡᠭᠵᠢᠭᠦᠯᠬᠦ ᠴᠢᠳᠠᠪᠤᠷᠢ ᠶ᠋ᠢ ᠳᠡᠭᠡᠭᠰᠢᠯᠡᠭᠦᠯᠵᠦ ᠂ 《 ᠵᠤᠨ ᠤ᠋ ᠠᠵᠢᠯ ᠤ᠋ᠨ ᠪᠠᠢᠷᠢ ᠶ᠋ᠢᠨ ᠶᠡᠬᠡ ᠪᠣᠯᠪᠠᠰᠤᠷᠠᠯ 》 ᠤ᠋ᠨ ᠠᠵᠢᠯᠯᠠᠭ᠎ᠠ ᠶ᠋ᠢᠨ ᠦᠷ᠎ᠡ ᠪᠦᠲᠦᠮᠵᠢ ᠶ᠋ᠢ ᠪᠠᠢᠴᠠᠭᠠᠨ ᠰᠢᠯᠭᠠᠬᠤ ᠶ᠋ᠢᠨ ᠲᠥᠯᠥᠭᠡ ᠂ 7 ᠰᠠᠷ᠎ᠠ ᠶ᠋ᠢᠨ 14 ᠦ᠌ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠤᠯᠢ ᠴᠠᠭᠠᠵᠠ ᠶ᠋ᠢᠨ ᠴᠠᠭᠳᠠᠭ᠎ᠠ ᠶ᠋ᠢ ᠵᠣᠬᠢᠶᠠᠨ ᠪᠠᠢᠭᠤᠯᠵᠤ ᠴᠠᠭᠳᠠᠭᠠᠨ ᠤ᠋ ᠶᠠᠪᠤᠳᠠᠯ ᠤ᠋ᠨ ᠮᠡᠳᠡᠯᠭᠡ ᠶ᠋ᠢᠨ ᠣᠨᠣᠯ ᠤ᠋ᠨ  ᠰᠢᠯᠭᠠᠯᠲᠠ ᠬᠢᠪᠡ ᠃

 

 

    ᠲᠤᠰ ᠤᠳᠠᠭᠠᠨ ᠤ᠋  ᠰᠢᠯᠭᠠᠯᠲᠠ ᠨᠢ ᠴᠡᠭᠡᠵᠢ ᠪᠡᠷ ᠰᠢᠯᠭᠠᠬᠤ ᠬᠡᠯᠪᠡᠷᠢ ᠪᠡᠷ ᠶᠠᠪᠤᠭᠳᠠᠵᠦ ᠂ ᠰᠢᠯᠭᠠᠯᠲᠠ ᠶ᠋ᠢᠨ ᠠᠭᠤᠯᠭ᠎ᠠ ᠨᠢ ᠭᠣᠣᠯᠳᠠᠭᠤ ᠤᠯᠤᠰ ᠲᠥᠷᠥ ᠶᠢᠨ ᠣᠨᠣᠯ ᠤ᠋ᠨ ᠰᠠᠭᠤᠷᠢ ᠂ ᠤᠯᠤᠰ ᠲᠥᠷᠥ ᠶᠢᠨ ᠴᠠᠭ ᠤ᠋ᠨ ᠪᠠᠢᠳᠠᠯ ᠵᠢᠴᠢ ᠠᠷᠠᠳ ᠤ᠋ᠨ ᠰᠢᠭᠦᠬᠦ ᠬᠣᠷᠢᠶ᠎ᠠ ᠶ᠋ᠢᠨ ᠬᠠᠤᠯᠢ ᠬᠡᠷᠡᠭᠵᠢᠭᠦᠯᠬᠦ ᠴᠠᠭᠳᠠᠭ᠎ᠠ ᠶ᠋ᠢᠨ ᠬᠠᠤᠯᠢ ᠬᠡᠷᠡᠭᠵᠢᠭᠦᠯᠬᠦ ᠬᠢᠷᠢ ᠭᠡᠮ ᠦ᠋ᠨ ᠳᠡᠰ ᠦ᠋ᠨ ᠰᠢᠯᠭᠠᠯᠲᠠ ᠶ᠋ᠢᠨ ᠰᠡᠳᠦᠪ ᠦ᠋ᠨ ᠬᠥᠮᠥᠷᠭᠡ ᠡᠴᠡ ᠢᠷᠡᠵᠦ ᠂ ᠴᠠᠭᠳᠠᠭ᠎ᠠ ᠶ᠋ᠢᠨ ᠶᠠᠪᠤᠳᠠᠯ ᠤ᠋ᠨ ᠠᠵᠢᠯᠯᠠᠭ᠎ᠠ ᠳ᠋ᠤ᠌ ᠡᠵᠡᠮᠰᠢᠬᠦ ᠴᠢᠬᠤᠯᠠ ᠲᠠᠢ ᠪᠠᠷᠢᠵᠦ ᠬᠦᠷᠭᠡᠬᠦ ᠂ ᠬᠠᠷᠠᠵᠤ ᠬᠠᠮᠢᠶᠠᠷᠬᠤ ᠂ ᠠᠮᠤᠷ ᠲᠦᠪᠰᠢᠨ ᠦ᠌ ᠪᠠᠢᠴᠠᠭᠠᠯᠲᠠ ᠵᠡᠷᠭᠡ ᠬᠠᠤᠯᠢ ᠬᠡᠷᠡᠭᠵᠢᠭᠦᠯᠬᠦ ᠨᠠᠷᠢᠨ ᠳᠦᠷᠢᠮ ᠪᠣᠯᠤᠨ ᠳᠦᠷᠢᠮ ᠲᠣᠭᠲᠠᠭᠠᠯ ᠂ ᠭᠡᠨᠡᠳᠲᠡ ᠶ᠋ᠢᠨ ᠬᠡᠷᠡᠭ ᠢ᠋ ᠰᠢᠢᠳᠪᠦᠷᠢᠯᠡᠬᠦ ᠴᠢᠳᠠᠪᠤᠷᠢ ᠵᠢᠴᠢ ᠠᠩᠬᠠᠷᠬᠤ ᠵᠦᠢᠯᠡᠰ ᠵᠡᠷᠭᠡ ᠮᠡᠳᠡᠯᠭᠡ ᠶ᠋ᠢ ᠭᠣᠣᠯᠳᠠᠯᠭ᠎ᠠ ᠲᠠᠢ  ᠪᠠᠢᠴᠠᠭᠠᠵᠠᠢ ᠃

 

 

 

 

    ᠠᠵᠢᠯ ᠤ᠋ᠨ ᠪᠠᠢᠷᠢ ᠶ᠋ᠢᠨ ᠶᠡᠬᠡ ᠪᠣᠯᠪᠠᠰᠤᠷᠠᠯ ᠤᠨ ᠬᠥᠳᠡᠯᠭᠡᠭᠡᠨ ᠪᠣᠯ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠰᠠᠯᠪᠤᠷᠢ ᠠᠩᠭᠢ ᠶ᠋ᠢᠨ ᠺᠠᠲᠷ ᠴᠠᠭᠳᠠᠭ᠎ᠠ ᠶ᠋ᠢᠨ ᠶᠡᠷᠦᠩᠬᠡᠢᠯᠡᠭᠰᠡᠨ ᠬᠡᠪ ᠴᠢᠨᠠᠷ ᠢ᠋ ᠬᠦᠴᠦᠯᠡᠨ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠲᠤᠰ ᠤᠳᠠᠭᠠᠨ ᠤ᠋ ᠰᠢᠯᠭᠠᠯᠲᠠ ᠪᠠᠷ ᠳᠠᠮᠵᠢᠨ ᠺᠠᠲᠷ ᠴᠠᠭᠳᠠᠭ᠎ᠠ ᠶ᠋ᠢᠨ ᠣᠨᠣᠯ ᠤ᠋ᠨ ᠮᠡᠳᠡᠯᠭᠡ ᠶ᠋ᠢᠨ ᠪᠠᠭᠤᠷᠠᠢ ᠲᠠᠯ᠎ᠠ ᠶ᠋ᠢ ᠣᠨᠣᠪᠴᠢᠲᠠᠢ ᠡᠷᠢᠨ ᠭᠠᠷᠭᠠᠵᠦ ᠂ ᠲᠤᠲᠠᠭᠲᠠᠯ ᠲᠠᠢ ᠲᠠᠯ᠎ᠠ ᠪᠡᠨ ᠨᠡᠩ ᠰᠠᠢᠨ ᠡᠷᠢᠵᠦ ᠨᠥᠬᠦᠪᠦᠷᠢᠯᠡᠬᠦ ᠪᠣᠯᠤᠨ᠎ᠠ ᠃ ᠳᠠᠷᠠᠭ᠎ᠠ ᠠᠯᠬᠤᠮ ᠳ᠋ᠤ᠌ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠰᠠᠯᠪᠤᠷᠢ ᠠᠩᠭᠢ ᠦᠵᠡᠯ ᠰᠠᠨᠠᠭ᠎ᠠ ᠲᠠᠨᠢᠯᠲᠠ ᠶ᠋ᠢᠨ  ᠬᠢᠷᠢ ᠲᠦᠪᠰᠢᠨ ᠢ᠋ᠶ᠋ᠡᠨ ᠦᠷᠭᠦᠯᠵᠢᠯᠡᠨ ᠳᠡᠭᠡᠭᠰᠢᠯᠡᠭᠦᠯᠵᠦ ᠂ ᠲᠤᠬᠠᠢᠯᠠᠭᠰᠠᠨ ᠠᠵᠢᠯ ᠤ᠋ᠨ ᠮᠡᠳᠡᠯᠭᠡ ᠪᠠ ᠦᠢᠯᠡᠳᠦᠯᠭᠡ ᠶ᠋ᠢᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ ᠂ ᠰᠢᠭᠦᠬᠦ ᠬᠣᠷᠢᠶᠠᠨ ᠤ᠋ ᠡᠯ᠎ᠡ ᠲᠥᠷᠥᠯ ᠦ᠋ᠨ ᠠᠵᠢᠯ ᠤ᠋ᠨ ᠤᠷᠤᠭᠰᠢᠲᠠᠢ ᠥᠷᠨᠢᠭᠦᠯᠬᠦ ᠳ᠋ᠦ᠍ ᠴᠢᠩᠭ᠎ᠠ ᠬᠦᠴᠦᠲᠡᠢ ᠴᠠᠭᠳᠠᠭᠠᠨ ᠤ᠋ ᠶᠠᠪᠤᠳᠠᠯ ᠤ᠋ᠨ ᠪᠠᠲᠤᠯᠠᠭ᠎ᠠ ᠬᠠᠩᠭᠠᠬᠤ ᠪᠣᠯᠤᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )