ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ ᠶ᠋ᠢ ᠪᠠᠳᠠᠷᠠᠭᠤᠯᠤᠨ ᠂ ᠨᠠᠮ ᠤ᠋ᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶ᠋ᠢ ᠡᠷᠭᠢᠴᠡᠭᠦᠯᠦᠨ ᠰᠠᠨᠠᠭᠠᠯᠵᠠᠵᠤ ᠂ ᠨᠠᠮ ᠤ᠋ᠨ ᠬᠤᠪᠢᠰᠬᠠᠯᠲᠤ ᠴᠢᠰᠤᠨ ᠰᠤᠳᠠᠰᠦ ᠶᠢ ᠦᠷᠭᠦᠯᠵᠢᠯᠡᠭᠦᠯᠬᠦ ᠶᠢᠨ ᠲᠥᠯᠦᠭᠡ ᠂ ᠣᠢᠷ᠎ᠠ ᠶ᠋ᠢᠨ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠣᠲᠣᠭ ᠬᠤᠰᠢᠭᠤᠨ ᠤ᠋ ᠵᠤᠰᠤ ᠲᠣᠰᠬᠣᠨ ᠳ᠋ᠤ᠌ ᠬᠦᠷᠴᠦ 《 ᠨᠠᠮ ᠤ᠋ᠨ ᠠᠴᠢ ᠡᠨᠡᠷᠢᠯ ᠳ᠋ᠦ᠍ ᠲᠠᠯᠠᠷᠬᠠᠵᠤ᠂ ᠨᠠᠮ ᠤ᠋ᠨ ᠦᠭᠡ ᠶ᠋ᠢ ᠰᠤᠨᠤᠰᠴᠦ᠂ ᠨᠠᠮ ᠢᠶᠡᠨ ᠳᠠᠭᠠᠬᠤ 》 ᠭᠡᠬᠦ ᠨᠠᠮ ᠪᠠᠢᠭᠤᠯᠤᠭᠳᠠᠭᠰᠠᠨ 102 ᠵᠢᠯ ᠦ᠋ᠨ ᠣᠢ ᠶ᠋ᠢ ᠪᠡᠯᠭᠡᠯᠡᠬᠦ ᠵᠢᠴᠢ ᠠᠩᠬᠠᠳᠤᠭᠠᠷ ᠬᠤᠭᠤᠴᠠᠭᠠᠨ ᠤ᠋ ᠵᠤᠰᠤ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠰᠣᠶᠣᠯ ᠤ᠋ᠨ ᠭᠠᠷᠠᠭ ᠤ᠋ᠨ ᠡᠬᠢᠯᠡᠯᠲᠡ ᠶ᠋ᠢᠨ ᠶᠣᠰᠣᠯᠠᠯ ᠤ᠋ᠨ ᠠᠵᠢᠯᠯᠠᠭ᠎ᠠ ᠶᠠᠪᠤᠭᠳᠠᠭᠤᠯᠵᠤ ᠂ ᠥᠷᠭᠡᠨ ᠣᠯᠠᠨ ᠨᠠᠮ ᠤ᠋ᠨ ᠬᠡᠰᠢᠭᠦᠳ ᠢ᠋ ᠨᠠᠮ ᠤ᠋ᠨ ᠲᠡᠦᠬᠡ ᠶ᠋ᠢ ᠡᠷᠭᠢᠴᠡᠭᠦᠯᠬᠦ ᠳᠤᠮᠳᠠ ᠬᠠᠷᠢᠭᠤᠴᠠᠯᠭ᠎ᠠ ᠢᠶᠡᠨ ᠪᠠᠲᠤ ᠴᠡᠭᠡᠵᠢᠯᠡᠵᠦ ᠂ ᠢᠷᠡᠭᠡᠳᠦᠢ ᠪᠡᠨ ᠪᠠᠷᠠᠯᠠᠬᠤ ᠳᠤᠮᠳᠠ ᠬᠥᠳᠡᠯᠭᠡᠬᠦ ᠬᠦᠴᠦᠨ ᠢ᠋ ᠤᠷᠮᠠᠰᠢᠭᠤᠯᠤᠨ᠂ ᠦᠷᠭᠦᠯᠵᠢᠯᠡᠨ ᠲᠡᠮᠡᠴᠡᠬᠦ ᠳᠦᠷᠢ ᠪᠠᠢᠳᠠᠯ ᠢ᠋ᠶ᠋ᠠᠷ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠶ᠋ᠢ ᠲᠦᠯᠬᠢᠨ ᠠᠬᠢᠭᠤᠯᠵᠤ᠂ ᠰᠢᠨ᠎ᠡ ᠬᠥᠭᠵᠢᠯᠲᠡ ᠂ ᠰᠢᠨ᠎ᠡ ᠳᠠᠪᠠᠯᠲᠠ ᠶ᠋ᠢ ᠪᠡᠶᠡᠯᠡᠭᠦᠯᠬᠦ ᠶᠢ ᠬᠥᠮᠦᠵᠢᠭᠦᠯᠦᠨ ᠬᠥᠲᠥᠯᠦᠨ ᠵᠢᠯᠤᠭᠤᠳᠤᠭᠰᠠᠨ ᠪᠠᠢᠨ᠎ᠠ ᠃
ᠦᠳᠡ ᠶ᠋ᠢᠨ ᠡᠮᠦᠨᠡᠬᠢ 9 ᠴᠠᠭ ᠲᠤ᠌ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠨᠢᠦ ᠬᠠᠢ ᠯᠢᠶᠠᠩ ᠵᠢᠴᠢ ᠵᠣᠰᠤ ᠲᠣᠰᠬᠣᠨ ᠤ᠋ ᠬᠣᠶᠠᠷ ᠵᠥᠪᠯᠡᠯ ᠂ ᠪᠦᠬᠦ ᠨᠠᠮ ᠤ᠋ᠨ ᠭᠡᠰᠢᠭᠦᠨ ᠪᠣᠯᠤᠨ ᠲᠣᠰᠬᠣᠨ ᠤ᠋ ᠠᠷᠠᠳ ᠤ᠋ᠨ ᠲᠥᠯᠥᠭᠡᠯᠡᠭᠴᠢᠳ ᠲᠡᠢ ᠬᠠᠮᠲᠤ ᠪᠡᠷ ᠳᠡᠷᠢ ᠳᠡᠭᠰᠢ ᠵᠢᠭᠰᠠᠵᠦ᠂ ᠲᠥᠪ ᠴᠢᠩᠭ᠎ᠠ ᠵᠡᠷᠭᠡᠴᠡᠨ ᠵᠤᠭᠰᠤᠵᠦ ᠤᠯᠤᠰ ᠤᠨ ᠲᠤᠭ ᠮᠠᠨᠳᠤᠭᠤᠯᠤᠭᠰᠠᠨ ᠪᠠᠢᠨ᠎ᠠ᠃ ᠲᠤᠭ ᠬᠠᠮᠠᠭᠠᠯᠠᠬᠤ ᠠᠩᠭᠢ ᠢᠳᠡᠷᠡᠭᠦᠨ ᠠᠯᠬᠤᠭ᠎ᠠ ᠪᠠᠷ ᠂ ᠲᠠᠪᠤᠨ ᠣᠳᠣᠲᠤ ᠤᠯᠠᠭᠠᠨ ᠲᠤᠭ ᠢ᠋ᠶ᠋ᠠᠨ ᠬᠠᠮᠠᠭᠠᠯᠠᠨ ᠲᠤᠭ ᠮᠠᠨᠳᠤᠭᠤᠯᠬᠤ ᠲᠠᠢᠰᠠ ᠵᠦᠭ ᠴᠡᠭᠡᠵᠢ ᠳᠠᠨᠠᠢᠨ ᠴᠣᠭᠲᠠᠢ ᠠᠯᠬᠤᠵᠤ ᠶᠠᠪᠤᠨ᠎ᠠ ᠃ ᠰᠦᠷ ᠵᠢᠪᠬᠤᠯᠠᠩᠲᠠᠢ ᠤᠯᠤᠰ ᠤ᠋ᠨ ᠳᠠᠭᠤᠤ ᠶ᠋ᠢᠨ ᠠᠶᠠᠰ ᠤ᠋ᠨ ᠳᠤᠮᠳᠠ ᠲᠠᠪᠤᠨ ᠣᠳᠣᠲᠤ ᠤᠯᠠᠭᠠᠨ ᠲᠤᠭ ᠣᠭᠲᠠᠷᠭᠤᠢ ᠵᠦᠭ ᠠᠯᠭᠤᠷ ᠠᠭᠠᠵᠢᠮ ᠪᠡᠷ ᠮᠠᠨᠳᠤᠵᠤ᠂ ᠲᠠᠯᠠᠪᠠᠢ ᠳ᠋ᠤ᠌ ᠪᠠᠢᠭ᠎ᠠ ᠪᠥᠬᠦ ᠨᠠᠮ ᠤ᠋ᠨ ᠭᠡᠰᠢᠭᠦᠳ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠡᠷ ᠤᠯᠤᠰ ᠤ᠋ᠨ ᠲᠤᠭ ᠤ᠋ᠨ ᠵᠦᠭ ᠰᠡᠳᠭᠢᠯ ᠲᠠᠯᠪᠢᠨ ᠶᠣᠰᠤᠯᠠᠨᠠ ᠃
ᠳᠠᠷᠠᠭ᠎ᠠ ᠨᠢ ᠂ ᠯᠢ ᠵᠢᠩ ᠭᠦᠸᠧ ᠤᠯᠤᠰ ᠤ᠋ᠨ ᠲᠤᠭ ᠤ᠋ᠨ ᠳᠣᠣᠷ᠎ᠠ ᠶᠠᠷᠢᠶ᠎ᠠ ᠲᠠᠯᠪᠢᠵᠤ ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ 102 ᠵᠢᠯ ᠦ᠋ᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶ᠋ᠢ ᠡᠷᠭᠢᠴᠡᠭᠦᠯᠦᠨ ᠂ ᠣᠳᠣᠬᠠᠨ ᠤ᠋ ᠬᠣᠶᠠᠳᠤᠭᠠᠷ ᠵᠠᠭᠤᠨ ᠵᠢᠯ ᠦ᠋ᠨ ᠲᠡᠮᠡᠴᠡᠬᠦ ᠬᠠᠷᠠᠯᠲᠠ ᠳᠠᠰᠢ ᠤᠷᠤᠭᠰᠢᠯᠠᠬᠤ ᠰᠢᠨ᠎ᠡ ᠡᠬᠢᠯᠡᠯᠲᠡ ᠶ᠋ᠢᠨ ᠴᠢᠭ᠌ ᠳᠡᠭᠡᠷ᠎ᠡ ᠂ ᠪᠦᠬᠦ ᠨᠠᠮ ᠤ᠋ᠨ ᠭᠡᠰᠢᠭᠦᠨ ᠨᠥᠬᠥᠳ ᠰᠢᠨ᠎ᠡ ᠴᠠᠭ ᠦᠶ᠎ᠡ ᠶ᠋ᠢᠨ ᠲᠡᠦᠬᠡᠲᠦ ᠡᠭᠦᠷᠭᠡ ᠂ ᠴᠠᠭ ᠦᠶ᠎ᠡ ᠶ᠋ᠢᠨ ᠬᠦᠨᠳᠦ ᠲᠤᠰᠢᠶᠠᠯ ᠢ ᠦᠨᠡᠨᠬᠦ ᠡᠭᠦᠷᠭᠡᠯᠡᠵᠦ ᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ ᠶ᠋ᠢ ᠵᠠᠯᠭᠠᠮᠵᠢᠯᠠᠨ ᠪᠠᠳᠠᠷᠠᠭᠤᠯᠵᠤ ᠂ ᠤᠭ ᠰᠠᠨᠠᠭ᠎ᠠ ᠪᠠᠨ ᠪᠠᠲᠤ ᠴᠡᠭᠡᠵᠢᠯᠡᠵᠦ ᠂ ᠦᠢᠯᠡ ᠠᠵᠢᠯᠯᠠᠭ᠎ᠠ ᠳ᠋ᠠᠭᠠᠨ ᠬᠠᠷᠢᠭᠤᠴᠠᠨ ᠂ ᠵᠣᠷᠢᠭᠲᠠᠢ ᠪᠠᠷ ᠤᠷᠤᠭᠰᠢᠯᠠᠨ ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠯ ᠦᠭᠡᠢ ᠪᠡᠷ ᠂ ᠪᠦᠬᠦ ᠬᠦᠴᠦᠨ ᠢ᠋ᠶ᠋ᠡᠷ ᠢ᠋ᠶ᠋ᠡᠨ ᠣᠷᠳᠣᠰ ᠤᠨ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠠᠵᠢᠯ ᠦᠢᠯᠡᠰ ᠳᠦ ᠨᠡᠩ ᠶᠡᠬᠡ ᠬᠦᠴᠦᠨ ᠴᠢᠳᠠᠯ ᠢ᠋ᠶ᠋ᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ ᠃
《 ᠪᠢ ᠳᠤᠮᠳᠠᠳᠤ ᠤᠯᠤᠰ ᠤ᠋ᠨ ᠡᠪ ᠬᠠᠮᠲᠤ ᠨᠠᠮ ᠳ᠋ᠤ᠌ ᠰᠠᠢᠨ ᠳᠤᠷ᠎ᠠ ᠠ᠋ᠴᠠ ᠪᠠᠨ ᠣᠷᠣᠵᠤ ᠂ ᠨᠠᠮ ᠤ᠋ᠨ ᠬᠥᠲᠥᠯᠪᠦᠷᠢ ᠶ᠋ᠢ ᠬᠦᠷᠢᠶᠡᠯᠡᠨ ᠂ ᠨᠠᠮ ᠤ᠋ᠨ ᠳᠦᠷᠢᠮ ᠢ᠋ ᠰᠠᠬᠢᠵᠦ ᠂ ᠨᠠᠮ ᠤ᠋ᠨ ᠭᠡᠰᠢᠭᠦᠨ ᠦ᠌ ᠡᠭᠦᠷᠭᠡ ᠶ᠋ᠢ ᠭᠦᠢᠴᠡᠳᠭᠡᠨ ᠁》᠃ ᠭᠡᠷᠡᠯ ᠭᠢᠯᠪᠠᠭ᠎ᠠ ᠲᠠᠢ ᠨᠠᠮ ᠤᠨ ᠲᠤᠭ ᠤ᠋ᠨ ᠳᠣᠣᠷ᠎ᠠ ᠂ ᠨᠢᠦ ᠬᠠᠢ ᠯᠢᠶᠠᠩ ᠂ ᠪᠤᠰᠤᠳ ᠨᠠᠮ ᠤ᠋ᠨ ᠭᠡᠰᠢᠭᠦᠨ ᠂ ᠪᠡᠯᠡᠳᠬᠡᠯ ᠨᠠᠮ ᠤ᠋ᠨ ᠭᠡᠰᠢᠭᠦᠨ ᠵᠡᠷᠭᠡ 50 ᠭᠠᠷᠤᠢ ᠬᠥᠮᠦᠨ ᠢ ᠳᠠᠭᠠᠭᠤᠯᠤᠨ ᠨᠠᠮ ᠳ᠋ᠤ᠌ ᠣᠷᠣᠬᠤ ᠲᠠᠩᠭᠠᠷᠢᠭ ᠬᠢᠵᠦ ᠂ ᠣᠯᠠᠨ ᠢ᠋ᠶ᠋ᠠᠷ ᠢ᠋ᠶ᠋ᠠᠨ ᠪᠠᠷᠠᠭᠤᠨ ᠭᠠᠷ ᠢ᠋ᠶ᠋ᠠᠨ ᠡᠷᠭᠦᠨ ᠂ ᠨᠢᠳᠤᠷᠭ᠎ᠠ ᠪᠠᠨ ᠴᠢᠩᠭ᠎ᠠ ᠠᠳᠬᠤᠵᠤ ᠂ ᠬᠦᠩᠭᠢᠨᠡᠭᠰᠡᠨ ᠳᠠᠭᠤᠨ ᠢ᠋ᠶ᠋ᠠᠷ ᠰᠦᠷ ᠵᠢᠪᠬᠤᠯᠠᠩ ᠲᠠᠢ ᠲᠠᠩᠭᠠᠷᠢᠭᠯᠠᠵᠤ ᠂ ᠢᠳᠡᠷᠡᠭᠦᠨ ᠬᠦᠴᠦᠲᠡᠢ ᠳᠠᠭᠤᠨ ᠢ᠋ᠶ᠋ᠠᠷ ᠨᠠᠮ ᠳ᠋ᠤ᠌ ᠣᠷᠣᠬᠤ ᠲᠠᠩᠭᠠᠷᠢᠭ ᠢᠶᠡᠨ ᠬᠢᠭᠰᠡᠨ ᠪᠠᠢᠨ᠎ᠠ ᠃
ᠵᠤᠰᠤ ᠲᠣᠰᠬᠣᠨ ᠤ᠋ ᠰᠣᠶᠣᠯ ᠤ᠋ᠨ ᠠᠮᠢᠳᠤᠷᠠᠯ ᠢ᠋ ᠤᠯᠠᠮ ᠨᠢᠭᠡ ᠠᠯᠬᠤᠮ ᠪᠠᠶᠠᠯᠢᠭᠵᠢᠭᠤᠯᠬᠤ ᠶ᠋ᠢᠨ ᠲᠥᠯᠥᠭᠡ ᠂ 2022 ᠣᠨ ᠠ᠋ᠴᠠ ᠨᠡᠰᠢ ᠂ ᠲᠣᠰᠬᠣᠨ ᠳ᠋ᠤ᠌ ᠰᠠᠭᠤᠭ᠎ᠠ ᠠᠵᠢᠯᠯᠠᠬᠤ ᠠᠩᠭᠢ ᠬᠣᠲᠠ ᠶ᠋ᠢᠨ ᠡᠳ᠋ ᠦ᠋ᠨ ᠵᠠᠰᠠᠭ ᠤ᠋ᠨ ᠲᠣᠪᠴᠢᠶ᠎ᠠ ᠪᠠ ᠬᠠᠯᠠᠮᠵᠢ ᠶᠢᠨ ᠠᠵᠤ ᠠᠬᠤᠢᠯᠠᠯ ᠢ ᠢᠳᠡᠪᠬᠢᠲᠡᠢ ᠵᠤᠬᠢᠴᠠᠭᠤᠯᠵᠦ ᠂ ᠣᠯᠠᠨ ᠲᠠᠯ᠎ᠠ ᠪᠠᠷ ᠪᠡᠯᠡ ᠮᠥᠩᠭᠥ ᠴᠤᠭᠯᠠᠭᠤᠯᠤᠨ ᠵᠤᠰᠤ ᠲᠣᠰᠬᠣᠨ ᠤ᠋ ᠰᠣᠶᠣᠯ ᠤ᠋ᠨ ᠲᠥᠪ ᠢ᠋ ᠡᠭᠦᠰᠭᠡᠨ ᠪᠠᠢᠭᠤᠯᠵᠠᠢ ᠃ ᠰᠣᠶᠣᠯ ᠤ᠋ᠨ ᠲᠥᠪ ᠠᠰᠢᠭᠯᠠᠯᠲᠠ ᠳᠦ ᠣᠷᠤᠭᠰᠠᠨ ᠨᠢ ᠥᠷᠭᠡᠨ ᠣᠯᠠᠨ ᠲᠣᠰᠬᠣᠨ ᠤ᠋ ᠠᠷᠠᠳ ᠤ᠋ᠨ ᠣᠶᠤᠨ ᠤ᠋ ᠰᠣᠶᠣᠯ ᠤ᠋ᠨ ᠠᠮᠢᠳᠤᠷᠠᠯ ᠢ᠋ ᠤᠯᠠᠮ ᠨᠢᠭᠡ ᠠᠯᠬᠤᠮ ᠪᠠᠶᠠᠯᠢᠭᠵᠢᠭᠤᠯᠵᠤ ᠂ ᠬᠥᠳᠡᠭᠡ ᠲᠣᠰᠬᠣᠨ ᠤ᠋ ᠰᠣᠶᠣᠯ ᠤ᠋ᠨ ᠬᠥᠭᠵᠢᠯ ᠮᠠᠨᠳᠤᠯ ᠳ᠋ᠤ᠌ ᠢᠳᠡᠪᠬᠢᠲᠡᠢ ᠬᠤᠪᠢ ᠨᠡᠮᠡᠷᠢ ᠦᠵᠡᠭᠦᠯᠪᠡ ᠃
ᠠᠩᠬᠠᠳᠤᠭᠠᠷ ᠬᠤᠭᠤᠴᠠᠭᠠᠨ ᠤ᠋ ᠵᠤᠰᠤ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠰᠣᠶᠣᠯ ᠤ᠋ᠨ ᠭᠠᠷᠠᠭ ᠤ᠋ᠨ ᠠᠵᠢᠯᠯᠠᠭ᠎ᠠ ᠡᠬᠢᠯᠡᠬᠦ ᠶᠣᠰᠣᠯᠠᠯ ᠪᠦᠬᠦ ᠬᠥᠮᠦᠰ ᠦ᠋ᠨ ᠬᠠᠯᠠᠭᠤᠨ ᠠᠯᠠᠭ᠎ᠠ ᠲᠡᠰᠢᠯᠲᠡ ᠶ᠋ᠢᠨ ᠳᠤᠮᠳᠠ ᠡᠬᠢᠯᠡᠪᠡ ᠃ ᠲᠣᠰᠬᠣᠨ ᠤ᠋ ᠠᠷᠠᠳ ᠤ᠋ᠨ ᠨᠠᠷᠢᠨ ᠨᠢᠮᠪᠠᠢ ᠪᠡᠯᠡᠳᠬᠡᠭᠰᠡᠨ ᠲᠣᠭᠯᠠᠯᠲᠠ ᠨᠢ ᠨᠤᠲᠤᠭ ᠤᠰᠤᠨ ᠤ ᠪᠡᠨ ᠰᠣᠶᠣᠯ ᠲᠠᠢ ᠨᠢᠭᠲᠠ ᠤᠶᠠᠯᠳᠤᠵᠤ ᠂ ᠠᠷᠠᠳ ᠤᠨ ᠪᠠᠢᠳᠠᠯ ᠲᠠᠢ ᠤᠢᠷᠠᠲᠤᠵᠦ᠂ ᠬᠥᠮᠦᠰ ᠦ᠋ᠨ ᠰᠡᠳᠬᠢᠯ ᠢ᠋ ᠳᠤᠯᠠᠭᠠᠴᠠᠭᠤᠯᠵᠤ ᠂ ᠲᠠᠷᠢᠶᠠᠴᠢᠨ ᠠᠷᠠᠳ ᠤᠨ ᠠᠮᠢᠳᠤᠷᠠᠯ ᠢᠶᠡᠨ ᠬᠠᠢᠷᠠᠯᠠᠬᠤ ᠂ ᠣᠮᠣᠭ ᠲᠡᠭᠦᠯᠳᠡᠷ ᠢ᠋ᠶ᠋ᠡᠷ ᠥᠭᠡᠳᠡᠯᠡᠨ ᠲᠠᠪᠰᠢᠬᠤ ᠴᠠᠭ ᠦᠶ᠎ᠡ ᠶ᠋ᠢᠨ ᠴᠣᠭ ᠵᠢᠪᠬᠤᠭ᠎ᠠ ᠶ᠋ᠢ ᠭᠦᠢᠴᠡᠳ ᠬᠠᠷᠠᠭᠤᠯᠵᠠᠢ ᠁ ᠲᠣᠭᠯᠠᠯᠲᠠ ᠨᠢ ᠭᠣᠴᠣ ᠰᠠᠢᠬᠠᠨ ᠶᠠᠪᠤᠭᠳᠠᠵᠤ ᠦᠵᠡᠭᠴᠢᠳᠦ᠋ᠨ ᠬᠠᠯᠠᠭᠤᠨ ᠠᠯᠠᠭ᠎ᠠ ᠲᠡᠰᠢᠯᠲᠡᠶ᠋ᠢ ᠣᠯᠵᠠᠢ ᠃
ᠲᠤᠰ ᠤᠳᠠᠭᠠᠨ ᠤ᠋ ᠨᠠᠮ ᠪᠠᠢᠭᠤᠯᠤᠭᠳᠠᠭᠰᠠᠨ 102 ᠵᠢᠯ ᠦ᠋ᠨ ᠣᠢ ᠵᠢᠴᠢ ᠠᠩᠬᠠᠳᠤᠭᠠᠷ ᠬᠤᠭᠤᠴᠠᠭᠠᠨ ᠤ᠋ ᠵᠤᠰᠤ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠰᠣᠶᠣᠯ ᠤ᠋ᠨ ᠭᠠᠷᠠᠭ ᠤ᠋ᠨ ᠡᠬᠢᠯᠡᠯᠲᠡ ᠶ᠋ᠢᠨ ᠶᠣᠰᠣᠯᠠᠯ ᠢ᠋ ᠪᠡᠯᠭᠡᠯᠡᠬᠦ ᠠᠵᠢᠯᠯᠠᠭ᠎ᠠ ᠨᠢ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠣᠯᠤᠨ ᠪᠤᠤ ᠹᠦ᠋ ᠲᠣᠰᠬᠣᠨ ᠤ᠋ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠨᠢᠭᠲᠠᠷᠠᠭᠤᠯᠬᠤ ᠬᠦᠴᠦᠨ ᠪᠣᠯᠤᠨ ᠳᠠᠢᠴᠢᠨ ᠬᠦᠴᠦᠨ ᠢ᠋ ᠴᠢᠩᠭᠠᠷᠠᠭᠤᠯᠤᠭᠰᠠᠨ ᠢ᠋ᠶ᠋ᠠᠷ ᠪᠠᠷᠠᠬᠤ ᠦᠭᠡᠢ ᠂ ᠪᠠᠰᠠ ᠬᠥᠳᠡᠭᠡ ᠲᠣᠰᠬᠣᠨ ᠤ᠋ ᠨᠠᠮ ᠤ᠋ᠨ ᠭᠡᠰᠢᠭᠦᠳ ᠢ 《 ᠤᠯᠤᠰ ᠠᠨᠦ ᠶᠡᠬᠡ ᠬᠡᠮᠡᠭᠴᠢ 》 ᠭᠡᠬᠦ ᠢᠳᠡᠭᠡᠯ ᠪᠢᠰᠢᠷᠡᠯ ᠢᠶᠡᠨ ᠴᠠᠭ ᠢᠮᠠᠭᠲᠠ ᠪᠠᠳᠤᠳᠬᠠᠨ ᠴᠡᠭᠡᠵᠢᠯᠡᠵᠦ ᠂ ᠨᠠᠮ ᠤ᠋ᠨ ᠪᠠᠢᠭᠤᠯᠤᠯᠲᠠ ᠪᠣᠯᠤᠨ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ᠋ ᠲᠠᠰᠤᠷᠠᠯᠲᠠ ᠦᠭᠡᠢ ᠬᠠᠮᠲᠤ ᠪᠠᠷ ᠬᠥᠭᠵᠢᠭᠡᠨ ᠂ ᠬᠠᠷᠢᠯᠴᠠᠨ ᠠᠬᠢᠭᠤᠯᠵᠤ ᠂ ᠪᠦᠬᠦ ᠨᠠᠮ ᠤ᠋ᠨ ᠭᠡᠰᠢᠭᠦᠳ ᠦ᠋ᠨ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠦ᠋ᠨ ᠠᠵᠢᠯ ᠳ᠋ᠤ᠌ ᠬᠦᠴᠦᠲᠡᠢ ᠳᠡᠮᠵᠢᠯᠭᠡ ᠦᠵᠡᠭᠦᠯᠬᠦ ᠶ᠋ᠢ ᠬᠥᠭᠵᠢᠭᠡᠨ ᠵᠣᠷᠢᠭᠵᠢᠭᠤᠯᠬᠤ ᠪᠣᠯᠤᠨ᠎ᠠ ᠃
ᠦᠨᠡᠯᠡᠬᠦ 0ᠦᠨᠡᠯᠡᠯᠲᠡ᠎ᠲᠠᠢ