ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠶ᠋ᠢᠨ ᠰᠠᠭᠤᠳᠠᠯ ᠤ᠋ᠨ ᠬᠤᠷᠠᠯ ᠬᠤᠷᠠᠯᠳᠤᠪᠠ
2023.08.04 ᠲᠣᠰ ᠥᠷᠲᠡᠭᠡᠨ᠎ᠦ ᠨᠠᠢᠷᠠᠭᠤᠯᠤᠭᠴᠢ

    ᠬᠣᠲᠠ ᠶ᠋ᠢᠨ ᠨᠠᠮ ᠤ᠋ᠨ ᠬᠣᠷᠢᠶᠠᠨ ᠤ᠋ ᠲᠠᠪᠤᠳᠤᠭᠠᠷ ᠬᠤᠭᠤᠴᠠᠭᠠᠨ ᠤ᠋ ᠵᠢᠷᠭᠤᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠂ ᠪᠦᠬᠦ ᠤᠯᠤᠰ ᠤ᠋ᠨ ᠰᠢᠭᠦᠬᠦ ᠲᠤᠰᠢᠶᠠᠯᠲᠠᠨ ᠤ᠋ ᠰᠤᠳᠤᠯᠤᠨ ᠶᠠᠷᠢᠯᠴᠠᠬᠤ ᠠᠩᠭᠢ ᠶ᠋ᠢᠨ ᠬᠤᠷᠠᠯ ᠤ᠋ᠨ ᠵᠣᠷᠢᠭ ᠰᠠᠨᠠᠭ᠎ᠠ ᠶ᠋ᠢ ᠬᠢᠨᠠᠮᠠᠭᠠᠢ ᠲᠤᠤᠱᠯᠠᠭᠤᠯᠬᠤ ᠶ᠋ᠢᠨ ᠲᠥᠯᠥᠭᠡ ᠂ 7 ᠰᠠᠷ᠎ᠠ ᠶ᠋ᠢᠨ 28 ᠤ᠋ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠨᠠᠷ ᠤ᠋ᠨ ᠶᠠᠷᠢᠯᠴᠠᠬᠤ ᠬᠤᠷᠠᠯ ᠬᠤᠷᠠᠯᠳᠤᠭᠤᠯᠵᠤ ᠂ 2023 ᠣᠨ ᠤ᠋ ᠳᠡᠭᠡᠷ᠎ᠡ ᠬᠠᠭᠠᠰ ᠵᠢᠯ ᠦ᠋ᠨ ᠠᠵᠢᠯ ᠤ᠋ᠨ ᠪᠠᠢᠳᠠᠯ ᠢ᠋ ᠳ᠋ᠦᠩᠨᠡᠨ ᠦᠨᠡᠯᠡᠵᠦ ᠂ ᠳᠣᠣᠷ᠎ᠠ ᠬᠠᠭᠠᠰ ᠵᠢᠯ ᠦ᠋ᠨ ᠭᠣᠣᠯᠳᠠᠯᠭ᠎ᠠ ᠲᠠᠢ ᠠᠵᠢᠯ ᠢ᠋ ᠰᠤᠳᠤᠯᠤᠨ ᠪᠠᠢᠷᠢᠯᠠᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠰᠢᠨ᠎ᠡ ᠬᠥᠭᠵᠢᠯᠲᠡ ᠶ᠋ᠢ ᠪᠡᠶᠡᠯᠡᠭᠦᠯᠬᠦ ᠶ᠋ᠢ ᠲᠦᠯᠬᠢᠨ ᠠᠬᠢᠭᠤᠯᠪᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠵᠢᠴᠢ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠵᠠᠢ ᠃

    ᠬᠤᠷᠠᠯ ᠳᠡᠭᠡᠷ᠎ᠡ ᠂ ᠪᠥᠬᠥ ᠤᠯᠤᠰ ᠤ᠋ᠨ ᠬᠠᠤᠯᠢ ᠶ᠋ᠢᠨ ᠲᠤᠰᠢᠶᠠᠯᠲᠠᠨ ᠤ᠋ ᠰᠤᠳᠤᠯᠤᠨ ᠶᠠᠷᠢᠯᠴᠠᠬᠤ ᠠᠩᠭᠢ ᠵᠢᠴᠢ ᠵᠠᠩ ᠵᠢᠶᠦ᠋ᠨ ᠬᠣᠷᠢᠶᠠᠨ ᠳᠠᠷᠤᠭ᠎ᠠ ᠶ᠋ᠢᠨ ᠶᠠᠷᠢᠶᠠᠨ ᠤ᠋ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠳᠡᠭᠡᠷ᠎ᠡ ᠬᠠᠭᠠᠰ ᠵᠢᠯ ᠦ᠋ᠨ ᠠᠵᠢᠯ ᠤ᠋ᠨ ᠪᠠᠢᠳᠠᠯ ᠵᠢᠴᠢ ᠳᠣᠣᠷ᠎ᠠ ᠬᠠᠭᠠᠰ ᠵᠢᠯ ᠦ᠋ᠨ ᠠᠵᠢᠯ ᠤ᠋ᠨ ᠲᠣᠬᠢᠷᠠᠭᠤᠯᠤᠯᠲᠠ ᠶ᠋ᠢ ᠰᠣᠨᠣᠰᠤᠭᠰᠠᠨ ᠪᠥᠭᠡᠳ ᠰᠢᠨ᠎ᠡ ᠶ᠋ᠢ ᠡᠭᠦᠳᠬᠦ ᠭᠢᠯᠠᠰ ᠴᠡᠭ ᠦ᠋ᠨ ᠠᠵᠢᠯ ᠤ᠋ᠨ ᠲᠠᠯ᠎ᠠ ᠪᠠᠷ ᠰᠣᠯᠢᠯᠴᠠᠭ᠎ᠠ ᠬᠢᠪᠡ ; ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠨᠠᠷ ᠬᠤᠪᠢᠳᠠᠨ ᠬᠠᠮᠢᠶᠠᠷᠴᠤ ᠪᠠᠢᠭ᠎ᠠ ᠠᠵᠢᠯ  ᠤᠨ ᠳᠤᠬᠠᠢ  ᠦᠨᠡᠯᠡᠯᠲᠡ ᠬᠢᠵᠦ ᠵᠢᠭᠠᠨ ᠵᠢᠯᠤᠭᠤᠳᠴᠤ᠂ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠨᠠᠷ ᠤᠨ ᠠᠵᠢᠯ ᠤ᠋ᠨ ᠱᠤᠭᠤᠮ ᠳᠤᠮᠳᠠ ᠣᠷᠣᠰᠢᠵᠤ ᠪᠠᠢᠭ᠎ᠠ ᠠᠰᠠᠭᠤᠳᠠᠯ  ᠢ ᠨᠡᠢᠲᠡᠯᠡᠨ ᠮᠡᠳᠡᠭᠡᠯᠡᠪᠡ ᠃

ᠬᠤᠷᠠᠯ ᠠ᠋ᠴᠠ ᠱᠠᠭᠠᠷᠳᠠᠭᠰᠠᠨ ᠨᠢ

    ᠪᠥᠬᠥ ᠬᠣᠲᠠ ᠶ᠋ᠢᠨ ᠠᠷᠠᠳ ᠤᠨ ᠰᠢᠭᠦᠬᠦ ᠬᠣᠷᠢᠶ᠎ᠠ ᠨᠢ ᠬᠣᠲᠠ ᠶ᠋ᠢᠨ ᠨᠠᠮ ᠤ᠋ᠨ ᠬᠣᠷᠢᠶᠠᠨ ᠤ᠋ ᠲᠠᠪᠤᠳᠤᠭᠠᠷ ᠬᠤᠭᠤᠴᠠᠭᠠᠨ ᠤ᠋ ᠵᠢᠷᠭᠤᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠪᠥᠬᠥ ᠤᠯᠤᠰ ᠤ᠋ᠨ ᠬᠠᠤᠯᠢ ᠶ᠋ᠢᠨ ᠲᠤᠰᠢᠶᠠᠯᠲᠠᠨ ᠤ᠋ ᠰᠤᠳᠤᠯᠤᠨ ᠶᠠᠷᠢᠯᠴᠠᠬᠤ ᠠᠩᠭᠢ ᠵᠢᠴᠢ ᠵᠠᠩ ᠵᠢᠶᠦ᠋ᠨ ᠬᠣᠷᠢᠶᠠᠨ ᠳᠠᠷᠤᠭ᠎ᠠ ᠶ᠋ᠢᠨ ᠶᠠᠷᠢᠶᠠᠨ ᠤ᠋ ᠵᠣᠷᠢᠭ ᠰᠠᠨᠠᠭ᠎ᠠ ᠶ᠋ᠢ ᠬᠢᠨᠠᠮᠠᠭᠠᠢ ᠰᠤᠷᠤᠯᠴᠠᠨ ᠲᠤᠤᠱᠯᠠᠭᠤᠯᠵᠤ ᠂ 《 ᠲᠥᠪ ᠭᠣᠣᠯᠴᠢ ᠬᠢᠭᠡᠳ ᠦᠷ᠎ᠡ ᠪᠦᠲᠦᠮᠵᠢ 》  ᠭᠡᠬᠦ ᠭᠣᠣᠯ ᠰᠡᠳᠦᠪ ᠦ᠋ᠨ ᠲᠣᠭᠣᠷᠢᠨ ᠳ᠋ᠤ᠌ ᠣᠳᠣᠬᠢᠴᠢᠯᠠᠭᠰᠠᠨ ᠬᠠᠤᠯᠢ ᠬᠡᠷᠡᠭᠵᠢᠭᠦᠯᠬᠦ ᠣᠢᠯᠠᠭᠠᠭᠳᠠᠬᠤᠨ ᠢ᠋ ᠪᠠᠲᠤ ᠪᠡᠬᠢ ᠪᠣᠢ ᠪᠣᠯᠭᠠᠵᠤ ᠂ ᠪᠥᠬᠥ ᠲᠠᠯ᠎ᠠ ᠳ᠋ᠤ᠌ ᠦᠢᠯᠡᠴᠢᠯᠡᠬᠦ ᠂ ᠠᠷᠠᠳ ᠲᠦᠮᠡᠨ ᠦ᠌ ᠲᠥᠯᠥᠭᠡ ᠬᠠᠤᠯᠢ ᠪᠠᠷᠢᠬᠤ ᠶ᠋ᠢ ᠪᠡᠶᠡᠯᠡᠭᠦᠯᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠠᠵᠢᠯ ᠤ᠋ᠨ ᠣᠳᠣᠬᠢᠴᠢᠯᠠᠯᠲᠠ ᠶ᠋ᠢ ᠴᠢᠷᠮᠠᠢᠨ ᠲᠦᠯᠬᠢᠨ ᠠᠬᠢᠭᠤᠯᠬᠤ ᠬᠡᠷᠡᠭᠲᠡᠢ ᠭᠡᠰᠡᠨ ᠪᠠᠢᠨ᠎ᠠ ᠃

ᠬᠤᠷᠠᠯ ᠠ᠋ᠴᠠ ᠴᠢᠬᠤᠯᠠᠴᠢᠯᠠᠭᠰᠠᠨ ᠨᠢ

    ᠨᠢᠭᠡ ᠳ᠋ᠦ᠍ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠶ᠋ᠢ ᠦᠨᠡᠨ ᠬᠦ᠌ ᠰᠠᠢᠲᠤᠷ ᠠᠳᠬᠤᠬᠤ ᠬᠡᠷᠡᠭᠲᠡᠢ ᠃ ᠰᠢᠭᠦᠬᠦ ᠬᠣᠷᠢᠶᠠᠨ ᠤ᠋ ᠠᠵᠢᠯ ᠳ᠋ᠠᠬᠢ ᠨᠠᠮ ᠤ᠋ᠨ ᠬᠠᠷᠢᠴᠠᠯᠠᠰᠢ ᠥᠬᠡᠢ ᠤᠳᠤᠷᠢᠳᠬᠤ ᠡᠷᠬᠡ ᠶ᠋ᠢ ᠪᠠᠲᠤ ᠪᠠᠷᠢᠮᠲᠠᠯᠠᠵᠤ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠢ᠋ ᠰᠢᠨᠵᠢᠯᠡᠨ ᠪᠠᠢᠴᠠᠭᠠᠬᠤ ᠳ᠋ᠠᠭᠠᠨ ᠶᠠᠷᠢᠭᠰᠠᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠵᠤ ᠂ ᠬᠣᠶᠠᠳᠤᠭᠠᠷ ᠪᠦᠯᠦᠭ ᠦ᠋ᠨ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠪᠡᠯᠡᠳᠬᠡᠯ ᠠᠵᠢᠯ ᠢ᠋ ᠯᠠᠪᠳᠠᠭᠤᠨ ᠪᠠᠲᠤᠲᠠᠢ ᠰᠠᠢᠲᠤᠷ ᠬᠢᠵᠦ ᠂ ᠨᠠᠮ ᠤ᠋ᠨ ᠰᠢᠨ᠎ᠡ ᠶ᠋ᠢ ᠡᠭᠦᠳᠬᠦ ᠣᠨᠣᠯ ᠢ᠋ᠶ᠋ᠠᠷ ᠲᠠᠷᠢᠬᠢ ᠲᠣᠯᠣᠭᠠᠢ ᠪᠠᠨ ᠵᠡᠪᠰᠡᠭᠯᠡᠨ ᠂ ᠦᠢᠯᠡᠳᠦᠯᠭᠡ  ᠪᠡᠷ ᠵᠢᠯᠤᠭᠤᠳᠤᠯᠭ᠎ᠠ ᠪᠣᠯᠭᠠᠬᠤ ᠶ᠋ᠢ ᠡᠷᠡᠰ ᠭᠤᠢᠪᠢᠰᠢ ᠥᠬᠡᠢ ᠪᠠᠷᠢᠮᠲᠠᠯᠠᠵᠤ ᠂ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ ᠂ ᠬᠠᠷᠢᠯᠴᠠᠨ ᠨᠡᠪᠲᠡᠷᠡᠯᠴᠡᠨ ᠂ ᠦᠨᠡᠨᠴᠢ ᠢᠲᠡᠭᠡᠯ ᠲᠡᠢ ᠪᠡᠷ ᠬᠦᠴᠦᠯᠡᠨ ᠰᠤᠷᠤᠯᠴᠠᠵᠦ ᠴᠢᠷᠮᠠᠢᠨ ᠭᠦᠢᠴᠡᠳᠬᠡᠬᠦ ᠳᠤᠮᠳᠠ ᠤᠯᠤᠰ ᠲᠥᠷᠥ ᠶ᠋ᠢᠨ ᠦᠨᠡᠨᠴᠢ ᠰᠢᠳᠤᠷᠭᠤ ᠪᠠᠢᠬᠤ ᠶ᠋ᠢ ᠲᠠᠰᠤᠷᠠᠯᠲᠠ ᠦᠭᠡᠢ ᠪᠠᠲᠤ ᠪᠡᠬᠢ ᠪᠣᠢ ᠪᠣᠯᠭᠠᠬᠤ ᠬᠡᠷᠡᠭᠲᠡᠢ ᠭᠡᠵᠠᠢ ᠃

    ᠬᠣᠶᠠᠷ ᠲᠤ᠌ ᠂ ᠰᠢᠭᠦᠨ ᠲᠠᠰᠤᠯᠬᠤ ᠭᠣᠣᠯ ᠬᠠᠷᠢᠭᠤᠴᠠᠯᠭ᠎ᠠ ᠶ᠋ᠢ ᠭᠦᠢᠴᠡᠳᠬᠡᠬᠦ ᠠᠵᠢᠯ ᠢ᠋ ᠨᠠᠷᠢᠨ ᠠᠮᠢᠳᠤᠯᠢᠭ ᠠᠳᠬᠤᠨ᠎ᠠ ᠃ ᠰᠢᠭᠦᠨ ᠲᠠᠰᠤᠯᠬᠤ ᠠᠵᠢᠯ ᠤ᠋ᠨ ᠣᠳᠣᠬᠢᠴᠢᠯᠠᠯᠲᠠ ᠶ᠋ᠢ ᠠᠬᠢᠭᠤᠯᠬᠤ ᠲᠤᠬᠠᠢ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠭᠦᠨᠵᠡᠭᠡᠢ ᠣᠢᠯᠠᠭᠠᠨ ᠂ ᠰᠢᠭᠦᠨ ᠲᠠᠰᠤᠯᠬᠤ ᠣᠢᠯᠠᠭᠠᠭᠳᠠᠬᠤᠨ ᠂ ᠰᠢᠭᠦᠨ ᠲᠠᠰᠤᠯᠬᠤ ᠲᠣᠭᠲᠠᠴᠠ ᠂ ᠰᠢᠭᠦᠨ ᠲᠠᠰᠤᠯᠬᠤ ᠰᠢᠰᠲ᠋ᠧᠮ ᠂ ᠰᠢᠭᠦᠨ ᠲᠠᠰᠤᠯᠬᠤ ᠬᠠᠮᠢᠶᠠᠷᠤᠯᠲᠠ ᠵᠡᠷᠭᠡ ᠲᠠᠯ᠎ᠠ ᠪᠠᠷ ᠪᠥᠬᠥ ᠲᠠᠯ᠎ᠠ ᠪᠠᠷ ᠲᠦᠯᠬᠢᠨ ᠠᠬᠢᠭᠤᠯᠵᠤ ᠂ ᠰᠢᠰᠲ᠋ᠸᠮ ᠲᠡᠢ ᠪᠡᠷ ᠨᠠᠢᠳᠠᠪᠤᠷᠢᠵᠢᠭᠤᠯᠬᠤ ᠬᠡᠷᠡᠭᠲᠡᠢ ; ᠠᠷᠠᠳ ᠲᠦᠮᠡᠨ ᠢ᠋ᠶ᠋ᠡᠷ ᠭᠣᠣᠯ ᠪᠣᠯᠭᠠᠬᠤ ᠶ᠋ᠢ ᠪᠠᠷᠢᠮᠲᠠᠯᠠᠵᠤ ᠂ ᠢᠳᠡᠪᠬᠢᠲᠠᠢ ᠬᠠᠤᠯᠢ ᠴᠠᠭᠠᠵᠠ ᠶᠢ  ᠭᠦᠨᠵᠡᠭᠡᠢᠷᠡᠭᠦᠯᠦᠨ  ᠪᠣᠳᠠᠲᠠᠢᠵᠢᠭᠤᠯᠵᠤ᠂  ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠂ ᠵᠠᠷᠭᠤ ᠶ᠋ᠢᠨ ᠡᠬᠢ ᠶ᠋ᠢ ᠵᠠᠰᠠᠬᠤ ᠂ ᠳᠠᠷᠤᠭᠳᠠᠭᠰᠠᠨ ᠬᠡᠷᠡᠭ ᠢᠶᠡᠨ ᠢᠯᠭᠠᠷᠠᠭᠤᠯᠤᠨ ᠰᠢᠢᠳᠪᠦᠷᠢᠯᠡᠬᠦ᠂ 《 ᠵᠠᠬᠢᠳᠠᠯ ᠴᠢᠮᠡᠭᠡ ᠶᠢ ᠵᠠᠪᠠᠯ ᠬᠠᠷᠢᠭᠤᠯᠬᠤ 》 ᠵᠡᠷᠭᠡ ᠠᠵᠢᠯ ᠢ᠋ ᠪᠥᠬᠥ ᠬᠦᠴᠦᠨ ᠢ᠋ᠶ᠋ᠡᠷ ᠠᠬᠢᠭᠤᠯᠵᠤ ᠂ ᠥᠨᠳᠥᠷ ᠴᠢᠨᠠᠷ ᠴᠢᠨᠰᠠᠭ᠎ᠠ ᠲᠠᠢ ᠬᠠᠤᠯᠢ ᠴᠠᠭᠠᠵᠠ ᠪᠠᠷ ᠠᠵᠤ ᠠᠬᠤᠢ ᠨᠡᠢᠭᠡᠮ ᠦ᠋ᠨ ᠥᠨᠳᠥᠷ ᠴᠢᠨᠠᠷ ᠴᠢᠨᠰᠠᠭᠠᠲᠤ ᠬᠥᠭᠵᠢᠯᠲᠡ ᠳ᠋ᠦ᠍ ᠦᠢᠯᠡᠴᠢᠯᠡᠵᠦ ᠂ ᠠᠷᠠᠳ ᠣᠯᠠᠨ ᠤ᠋ ᠰᠢᠨ᠎ᠡ ᠬᠦᠰᠡᠯ ᠡᠷᠡᠮᠡᠯᠵᠡᠯ ᠳ᠋ᠦ᠍ ᠬᠠᠷᠢᠭᠤᠯᠲᠠ  ᠥᠭᠬᠦ ᠬᠡᠷᠡᠭᠲᠡᠢ ᠃

    ᠭᠤᠷᠪᠠ ᠳ᠋ᠤ᠌ ᠺᠠᠲᠷ ᠠᠵᠢᠯᠴᠢᠳ ᠤ᠋ᠨ ᠡᠩᠨᠡᠭᠡᠨ ᠦ᠌ ᠪᠠᠢᠭᠤᠯᠤᠯᠲᠠ ᠶ᠋ᠢ ᠴᠢᠩᠭ᠎ᠠ ᠠᠳᠭᠠᠬᠤ ᠬᠡᠷᠡᠭᠲᠡᠢ ᠃ ᠴᠢᠩᠭ᠎ᠠ ᠬᠠᠮᠢᠶᠠᠷᠬᠤ ᠶ᠋ᠢ ᠪᠠᠷᠢᠮᠲᠠᠯᠠᠬᠤ ᠪᠣᠯ ᠳᠠᠷᠤᠢ ᠭᠦᠨ ᠬᠠᠢᠷ᠎ᠠ ᠮᠥᠨ ᠂ ᠨᠢᠭᠡ ᠴᠣᠭᠴᠠᠵᠢᠯᠲᠠ᠎ᠶ᠋ᠢ ᠤᠶᠠᠯᠳᠤᠭᠤᠯᠤᠨ ᠤᠯᠤᠰ ᠲᠥᠷᠥ᠎ᠶ᠋ᠢᠨ ᠬᠡᠪ ᠴᠢᠨᠠᠷ ᠂ ᠲᠤᠬᠠᠢᠯᠠᠭᠰᠠᠨ ᠠᠵᠢᠯ᠎ᠤ᠋ᠨ ᠬᠡᠪ ᠴᠢᠨᠠᠷ ᠂ ᠠᠵᠢᠯ ᠮᠡᠷᠭᠡᠵᠢᠯ᠎ᠦ᠋ᠨ ᠶᠣᠰᠣ ᠮᠣᠷᠠᠯ᠎ᠤ᠋ᠨ ᠬᠡᠪ ᠴᠢᠨᠠᠷ᠎ᠤ᠋ᠨ ᠪᠠᠢᠭᠤᠯᠤᠯᠲᠠ᠎ᠶ᠋ᠢ ᠲᠦᠯᠬᠢᠨ ᠠᠬᠢᠭᠤᠯᠤᠨ ᠂ ᠡᠩᠨᠡᠭᠡ ᠶ᠋ᠢᠨ ᠲᠤᠰᠬᠠᠢ ᠮᠡᠷᠭᠡᠵᠢᠯ ᠦ᠋ᠨ ᠴᠢᠳᠠᠪᠤᠷᠢ ᠂ ᠲᠤᠰᠬᠠᠢ ᠮᠡᠷᠭᠡᠵᠢᠯ ᠦ᠋ᠨ ᠵᠣᠷᠢᠭ ᠰᠠᠨᠠᠭ᠎ᠠ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ 《 ᠭᠤᠷᠪᠠᠨ ᠲᠣᠭᠲᠠᠭᠠᠯ 》 ᠂ 《 ᠠᠷᠪᠠᠨ ᠴᠠᠭᠠᠵᠠᠯᠠᠬᠤ 》 ᠵᠡᠷᠭᠡ ᠳᠦᠷᠢᠮ ᠴᠠᠭᠠᠵᠠ ᠢ᠋ ᠴᠢᠩᠭ᠎ᠠ ᠪᠠᠲᠤᠳᠠᠢ ᠰᠠᠢᠲᠤᠷ ᠠᠳᠬᠤᠵᠤ ᠂ ᠥᠴᠦᠬᠡᠨ ᠴᠦ᠍ ᠠᠭᠤᠴᠢᠯᠠᠬᠤ ᠦᠭᠡᠢ ᠣᠪᠣᠷ ᠢ᠋ᠶ᠋ᠠᠷ ᠬᠠᠤᠯᠢ ᠴᠠᠭᠠᠵᠠ ᠶ᠋ᠢᠨ ᠢᠯᠵᠢᠷᠡᠯ ᠢ᠋ ᠴᠢᠩᠭ᠎ᠠ ᠵᠠᠯᠬᠠᠭᠠᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠣᠷᠳᠣᠰ ᠤ᠋ᠨ ᠰᠢᠭᠦᠬᠦ ᠬᠣᠷᠢᠶ᠎ᠠ ᠶ᠋ᠢᠨ ᠲᠡᠮᠦᠷ ᠴᠡᠷᠢᠭ ᠢ᠋ ᠳᠠᠪᠲᠠᠨ ᠪᠣᠯᠪᠠᠰᠤᠷᠠᠭᠤᠯᠬᠤ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )