ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠢᠷᠭᠡᠨ ᠦ᠌ ᠬᠡᠷᠡᠭ ᠪᠠ ᠬᠤᠳᠠᠯᠳᠤᠭᠠᠨ ᠤ᠋ ᠬᠡᠷᠡᠭ ᠢ᠋ ᠰᠢᠭᠦᠨ ᠲᠠᠰᠤᠯᠬᠤ ᠲᠤᠬᠠᠢᠯᠠᠭᠰᠠᠨ ᠠᠵᠢᠯ ᠤ᠋ᠨ ᠪᠣᠯᠪᠠᠰᠤᠷᠠᠯ ᠡᠷᠬᠢᠯᠡᠪᠡ
2023.08.14 ᠲᠣᠰ ᠥᠷᠲᠡᠭᠡᠨ᠎ᠦ ᠨᠠᠢᠷᠠᠭᠤᠯᠤᠭᠴᠢ

    8 ᠰᠠᠷ᠎ᠠ ᠶ᠋ᠢᠨ 4 ᠦ᠌ ᠦᠳᠡ ᠶ᠋ᠢᠨ ᠬᠣᠢᠨ᠎ᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠤᠸᠠ ᠳ᠋ᠦᠩ ᠦᠨ ᠤᠯᠤᠰ ᠲᠥᠷᠥ ᠬᠠᠤᠯᠢ ᠴᠠᠭᠠᠵᠠ ᠶ᠋ᠢᠨ ᠶᠡᠬᠡ ᠰᠤᠷᠭᠠᠭᠤᠯᠢ ᠶ᠋ᠢᠨ ᠰᠤᠳᠤᠯᠬᠤ ᠰᠤᠷᠤᠭᠴᠢ ᠶ᠋ᠢᠨ ᠬᠦᠷᠢᠶᠡᠯᠡᠩ ᠦ᠋ᠨ ᠳᠡᠳ᠋ ᠳᠠᠷᠤᠭ᠎ᠠ ᠦ᠋ ᠵᠢᠶᠠᠨ ᠫᠷᠣᠹᠧᠰᠰᠣᠷ ᠢ᠋ ᠤᠷᠢᠵᠤ ᠂ ᠢᠷᠭᠡᠨ ᠦ᠌ ᠬᠡᠷᠡᠭ ᠪᠠ ᠬᠤᠳᠠᠯᠳᠤᠭᠠᠨ ᠤ᠋ ᠬᠡᠷᠡᠭ ᠢ᠋ ᠰᠢᠭᠦᠨ ᠲᠠᠰᠤᠯᠬᠤ ᠲᠤᠬᠠᠢᠯᠠᠭᠰᠠᠨ ᠠᠵᠢᠯ ᠤ᠋ᠨ ᠪᠣᠯᠪᠠᠰᠤᠷᠠᠯ ᠤ᠋ᠨ ᠲᠠᠢᠯᠤᠮᠵᠢ ᠥᠷᠨᠢᠭᠦᠯᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠡᠷᠡᠭ ᠪᠣᠯᠭᠠᠨ ᠳᠠᠩᠰᠠᠯᠠᠬᠤ ᠲᠢᠩᠬᠢᠮ ᠂ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠲᠢᠩᠬᠢᠮ ᠂ ᠡᠯ᠎ᠡ ᠢᠷᠭᠡᠨ ᠦ᠌ ᠬᠡᠷᠡᠭ ᠦ᠋ᠨ ᠰᠢᠭᠦᠬᠦ ᠲᠢᠩᠬᠢᠮ ᠵᠢᠴᠢ ᠳ᠋ᠦᠩᠱᠧᠩ ᠂ ᠬᠢᠶ᠎ᠡ ᠪᠠᠭᠰᠢ ᠂ ᠡᠵᠡᠨ ᠬᠣᠷᠣᠭ᠎ᠠ ᠬᠤᠰᠢᠭᠤᠨ ᠤ᠋ ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠪᠠ ᠬᠤᠳᠠᠯᠳᠤᠭᠠᠨ ᠤ᠋ ᠬᠡᠷᠡᠭ ᠢ᠋ ᠰᠢᠭᠦᠨ ᠲᠠᠰᠤᠯᠬᠤ ᠰᠠᠯᠠᠭ᠎ᠠ ᠮᠥᠴᠢᠷ ᠦ᠋ᠨ 70 ᠭᠠᠷᠤᠢ ᠺᠠᠳ᠋ᠷ ᠴᠠᠭᠳᠠᠭ᠎ᠠ ᠲᠠᠢᠯᠤᠮᠵᠢ ᠬᠢᠬᠦ ᠳ᠋ᠦ᠍ ᠣᠷᠣᠯᠴᠠᠵᠠᠢ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠨᠦ᠍ ᠬᠠᠢ ᠯᠢᠶᠠᠩ ᠪᠣᠯᠪᠠᠰᠤᠷᠠᠯ ᠤ᠋ᠨ ᠲᠠᠢᠯᠤᠮᠵᠢ ᠶ᠋ᠢ ᠡᠷᠬᠢᠯᠡᠪᠡ ᠃

 

 

    ᠦ᠋ ᠵᠢᠶᠠᠨ ᠫᠷᠣᠹᠧᠰᠰᠣᠷ 《ᠺᠣᠮᠫᠠᠨᠢ ᠶ᠋ᠢᠨ ᠬᠠᠤᠯᠢ 》 ᠳ᠋ᠤ᠌ ᠵᠠᠰᠠᠪᠤᠷᠢ ᠣᠷᠣᠭᠤᠯᠬᠤ ᠭᠣᠣᠯᠳᠠᠯᠭ᠎ᠠ ᠲᠠᠢ ᠠᠭᠤᠯᠭ᠎ᠠ ᠶ᠋ᠢᠨ ᠵᠠᠳᠠᠯᠤᠯᠲᠠ  ᠪᠡᠷ ᠭᠣᠣᠯ ᠰᠡᠳᠦᠪ ᠪᠣᠯᠭᠠᠵᠤ ᠂ ᠬᠤᠪᠢ ᠣᠷᠣᠭᠤᠯᠤᠭᠴᠢ ᠶ᠋ᠢᠨ ᠪᠡᠯᠡ ᠭᠠᠷᠭᠠᠬᠤ ᠬᠠᠷᠢᠭᠤᠴᠠᠯᠭ᠎ᠠ ᠶ᠋ᠢ ᠴᠢᠩᠭᠠᠳᠬᠠᠬᠤ ᠂ ᠬᠤᠪᠢ ᠣᠷᠣᠭᠤᠯᠤᠭᠴᠢ ᠶ᠋ᠢᠨ ᠡᠷᠬᠡ ᠶ᠋ᠢ ᠬᠠᠮᠠᠭᠠᠯᠠᠬᠤ ᠶ᠋ᠢ ᠴᠢᠩᠭᠠᠳᠬᠠᠬᠤ᠂ ᠬᠤᠪᠢ ᠣᠷᠣᠭᠤᠯᠤᠯᠲᠠ ᠶ᠋ᠢᠨ ᠲᠠᠷᠬᠠᠭᠠᠬᠤ  ᠳᠦᠷᠢᠮ᠂ ᠬᠤᠪᠢ ᠣᠷᠣᠭᠤᠯᠤᠯᠲᠠ ᠶ᠋ᠢ ᠰᠢᠯᠵᠢᠭᠦᠯᠦᠨ ᠥᠭᠬᠦ ᠳᠦᠷᠢᠮ ᠂ ᠵᠠᠬ᠎ᠠ ᠳᠡᠯᠭᠡᠭᠦᠷ ᠲᠦ᠍ ᠭᠠᠷᠤᠭᠰᠠᠨ ᠺᠣᠮᠫᠠᠨᠢ ᠶ᠋ᠢᠨ ᠣᠨᠴᠠᠭᠠᠢ ᠲᠣᠭᠲᠠᠭᠠᠯ ᠂ ᠺᠣᠮᠫᠠᠨᠢ ᠶ᠋ᠢᠨ ᠠᠷᠢᠭᠤᠳᠭᠠᠨ ᠪᠣᠳᠣᠬᠤ ᠪᠠ  ᠳᠠᠩᠰᠠᠨ ᠠ᠋ᠴᠠ ᠬᠠᠰᠤᠬᠤ ᠵᠡᠷᠭᠡ ᠲᠠᠯ᠎ᠠ ᠪᠠᠷ ᠂《ᠺᠣᠮᠫᠠᠨᠢ ᠶ᠋ᠢᠨ ᠬᠠᠤᠯᠢ 》 ᠳ᠋ᠤ᠌ ᠵᠠᠰᠠᠪᠤᠷᠢ ᠣᠷᠣᠭᠤᠯᠬᠤ ᠭᠣᠣᠯᠳᠠᠯᠭ᠎ᠠ ᠲᠠᠢ ᠠᠭᠤᠯᠭ᠎ᠠ ᠶ᠋ᠢ ᠨᠠᠷᠢᠨ ᠭᠦᠢᠴᠡᠳ ᠲᠠᠢᠯᠪᠤᠷᠢᠯᠠᠭᠰᠠᠨ ᠪᠠᠢᠨ᠎ᠠ ᠃ ᠲᠠᠢᠯᠤᠮᠵᠢ ᠶ᠋ᠢᠨ ᠠᠭᠤᠯᠭ᠎ᠠ ᠨᠢ ᠭᠦᠨ ᠭᠦᠨᠵᠡᠭᠡᠢ ᠪᠥᠭᠡᠳ ᠣᠢᠯᠠᠭᠠᠮᠵᠢᠲᠠᠶ᠂ ᠠᠮᠢᠳᠤᠯᠢᠭ ᠳᠦᠷᠰᠦᠯᠢᠭ ᠪᠠᠢᠵᠤ᠂ ᠬᠣᠶᠠᠷ ᠱᠠᠲᠤᠨ ᠤ ᠰᠢᠭᠦᠬᠦ ᠬᠣᠷᠢᠶᠠᠨ ᠤ ᠢᠷᠭᠡᠨ ᠦ ᠬᠡᠷᠡᠭ ᠪᠠ ᠬᠤᠳᠠᠯᠳᠤᠭᠠᠨ ᠤ ᠬᠡᠷᠡᠭ ᠦᠨ ᠰᠢᠭᠦᠨ ᠲᠠᠰᠤᠯᠬᠤ ᠠᠵᠢᠯ ᠳᠤ ᠮᠠᠰᠢ ᠴᠢᠩᠭ᠎ᠠ ᠵᠢᠯᠣᠭᠣᠳᠬᠤ ᠪᠠ ᠲᠦᠯᠬᠢᠨ ᠠᠬᠢᠭᠤᠯᠬᠤ ᠦᠢᠯᠡᠳᠦᠯ ᠦᠵᠡᠭᠦᠯᠦᠭᠰᠡᠨ ᠪᠠᠢᠨ᠎ᠠ ᠃ ᠲᠠᠢᠯᠤᠮᠵᠢ ᠲᠡᠭᠦᠰᠦᠭᠰᠡᠨ ᠦ᠌ ᠳᠠᠷᠠᠭ᠎ᠠ ᠂ ᠦ᠋ ᠵᠢᠶᠠᠨ ᠫᠷᠤᠹᠸᠰᠰᠤᠷ ᠺᠠᠳ᠋ᠷ ᠴᠠᠭᠳᠠᠭ᠎ᠠ᠎  ᠶᠢᠨ ᠢᠷᠭᠡᠨ ᠦ ᠬᠡᠷᠡᠭ ᠪᠠ ᠬᠤᠳᠠᠯᠳᠤᠭᠠᠨ ᠤ ᠬᠡᠷᠡᠭ ᠦᠨ ᠰᠢᠭᠦᠨ ᠲᠠᠰᠤᠯᠤᠯᠲᠠ ᠶᠢᠨ ᠪᠣᠳᠠᠲᠤ ᠶᠠᠪᠤᠳᠠᠯ ᠤᠨ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯᠲᠡᠢ ᠲᠦ ᠨᠢᠭᠡ ᠨᠢᠭᠡ ᠪᠡᠷ ᠬᠠᠷᠢᠭᠤᠯᠲᠠ ᠥᠭᠪᠡ᠃ ᠡᠭᠦᠨ ᠦ ᠬᠠᠮᠲᠤ ᠂ 《 ᠺᠣᠮᠫᠠᠨᠢ ᠶᠢᠨ ᠬᠠᠤᠯᠢ 》 ᠶᠢᠨ ᠣᠨᠣᠯ ᠪᠠ ᠦᠢᠯᠡᠳᠦᠯᠭᠡ ᠂ ᠴᠢᠬᠤᠯᠠ ᠶᠡᠬᠡ ᠬᠡᠷᠡᠭ ᠦᠨ ᠮᠠᠷᠭᠤᠯᠳᠤᠭᠠᠨ ᠤ ᠲᠥᠪᠯᠡᠷᠡᠯ ᠦᠨ ᠴᠡᠭ ᠂ ᠡᠷᠳᠡᠮ ᠰᠢᠨᠵᠢᠯᠡᠭᠡᠨ ᠦ ᠠᠰᠠᠭᠤᠳᠠᠯ ᠢ ᠢᠯᠭᠠᠨ ᠵᠠᠳᠠᠯᠬᠤ ᠵᠡᠷᠭᠡ ᠲᠠᠯ ᠠ ᠶᠢᠨ ᠠᠰᠠᠭᠤᠳᠠᠯ ᠤᠨ ᠲᠤᠬᠠᠶ ᠪᠣᠯᠪᠠᠰᠤᠷᠠᠯ ᠳᠤ ᠣᠷᠣᠯᠴᠠᠭᠰᠠᠨ ᠺᠠᠳ᠋ᠷ ᠴᠠᠭᠳᠠᠭ᠎ᠠ᠎ ᠨᠠᠷ ᠲᠠᠶ ᠰᠠᠨᠠᠯ ᠢᠶᠠᠨ ᠭᠦᠨᠵᠡᠭᠡᠶ ᠰᠣᠯᠢᠯᠴᠠᠨ ᠶᠠᠷᠢᠯᠴᠠᠪᠠ ᠃

    ᠪᠣᠯᠪᠠᠰᠤᠷᠠᠯ ᠳᠤ ᠣᠷᠣᠯᠴᠠᠭᠰᠠᠨ ᠺᠠᠳ᠋ᠷ ᠴᠠᠭᠳᠠᠭ᠎ᠠ  ᠨᠠᠷ᠂ ᠲᠣᠰ ᠤᠳᠠᠭᠠᠨ ᠤ ᠪᠣᠯᠪᠠᠰᠤᠷᠠᠯ ᠨᠢ ᠮᠠᠰᠢ ᠴᠢᠩᠭ᠎ᠠ ᠣᠨᠣᠯ ᠤᠨ ᠵᠢᠯᠣᠭᠣᠳᠬᠤ ᠴᠢᠨᠠᠷ ᠲᠠᠶ ᠪᠠᠢᠵᠤ ᠂ ᠣᠨᠣᠯ ᠤᠨ ᠮᠡᠳᠡᠯᠭᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠂ ᠬᠣᠢᠰᠢᠳᠠ ᠶᠢᠨ ᠰᠢᠭᠦᠨ ᠲᠠᠰᠤᠯᠬᠤ ᠦᠢᠯᠡᠳᠦᠯᠭᠡ ᠶᠢᠨ ᠳᠤᠮᠳᠠ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠡᠬᠢᠵᠢᠭᠦᠯᠵᠦ᠂ ᠢᠷᠭᠡᠨ ᠦ ᠬᠡᠷᠡᠭ ᠪᠠ ᠬᠤᠳᠠᠯᠳᠤᠭᠠᠨ ᠤ ᠬᠡᠷᠡᠭ ᠦᠨ ᠶᠠᠪᠤᠳᠠᠯ ᠤᠨ ᠰᠢᠭᠦᠨ ᠲᠠᠰᠤᠯᠬᠤ ᠠᠵᠢᠯ ᠤᠨ ᠴᠢᠨᠠᠷ  ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃

    ᠲᠤᠰ ᠤᠳᠠᠭᠠᠨ ᠤ ᠪᠣᠯᠪᠠᠰᠤᠷᠠᠯ ᠪᠣᠯ ᠣᠷᠳᠣᠰ ᠬᠣᠲᠠ᠎ᠶ᠋ᠢᠨ ᠳᠤᠮᠳᠠ ᠵᠡᠷᠭᠡ ᠎ᠶ᠋ᠢᠨ ᠰᠢᠭᠦᠬᠦ ᠬᠣᠷᠢᠶ᠎ᠠ ᠬᠤᠸᠠᠳᠦ᠋ᠩ ᠦᠨ ᠤᠯᠤᠰ ᠲᠥᠷᠥ ᠬᠠᠤᠯᠢ ᠴᠠᠭᠠᠵᠠ᠎ᠶ᠋ᠢᠨ ᠶᠡᠬᠡ ᠰᠤᠷᠭᠠᠭᠤᠯᠢ᠎ ᠶ᠋ᠢᠨ ᠰᠤᠳᠤᠯᠬᠤ ᠰᠤᠷᠤᠭᠴᠢ ᠶ᠋ᠢᠨ ᠬᠦᠷᠢᠶᠡᠯᠡᠩ᠎ ᠦ᠋ᠨ 《ᠪᠠᠢᠯᠳᠤᠬᠤ ᠪᠣᠳᠣᠯᠭ᠎ᠠ᠎ ᠶ᠋ᠢᠨ ᠬᠠᠮᠲᠤᠷᠠᠯᠴᠠᠭᠠᠨ ᠤ ᠬᠡᠯᠡᠯᠴᠡᠭᠡᠷ  》 ᠢ᠋ ᠤᠯᠠᠮ ᠴᠢᠨᠠᠭᠰᠢᠳᠠ ᠲᠤᠤᠱᠯᠠᠭᠤᠯᠤᠨ ᠨᠠᠢᠳᠠᠪᠤᠷᠢᠵᠢᠭᠤᠯᠵᠤ ᠣᠯᠠᠨ ᠡᠰᠢᠴᠢᠯᠡᠭᠰᠡᠨ ᠰᠤᠳᠤᠯᠤᠨ ᠶᠠᠷᠢᠯᠴᠠᠵᠤ ᠬᠠᠮᠵᠢᠯᠴᠠᠬᠤ ᠪᠠ ᠲᠤᠬᠠᠢᠯᠠᠭᠰᠠᠨ ᠠᠵᠢᠯ᠎ᠤ᠋ᠨ ᠰᠣᠯᠢᠯᠴᠠᠭᠠᠨ ᠤ ᠲᠣᠭᠲᠠᠴᠠ᠎ᠶ᠋ᠢ ᠪᠠᠢᠭᠤᠯᠬᠤ ᠱᠠᠭᠠᠷᠳᠠᠯᠭ᠎ᠠ ᠪᠣᠯᠤᠨ᠎ᠠ ᠂ ᠺᠠᠳ᠋ᠷ ᠴᠠᠭᠳᠠᠭ᠎ᠠ᠎ ᠶ᠋ᠢᠨ ᠬᠡᠪ ᠴᠢᠨᠠᠷ ᠎ᠤ᠋ᠨ ᠴᠢᠳᠠᠪᠤᠷᠢ᠎ ᠶ᠋ᠢ ᠪᠦᠬᠦ ᠲᠠᠯ᠎ᠠ ᠎ᠪᠠᠷ ᠳᠡᠭᠡᠭᠰᠢᠯᠡᠭᠦᠯᠵᠦ ᠂ ᠳᠠᠪᠠᠭᠤᠯᠢᠭ ᠢᠶᠠᠨ ᠬᠠᠷᠢᠯᠴᠠᠨ ᠨᠥᠬᠥᠪᠥᠷᠢᠯᠡᠬᠦ ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠎ ᠶ᠋ᠢ ᠪᠡᠶᠡᠯᠡᠭᠦᠯᠬᠦ ᠲᠤᠰ ᠤᠳᠠᠭᠠᠨ ᠤ ᠠᠮᠢᠳᠤᠯᠢᠭ ᠦᠢᠯᠡᠳᠦᠯᠭᠡ ᠶᠢ ᠪᠡᠶᠡᠯᠡᠭᠦᠯᠬᠦ ᠨᠢ ᠺᠠᠳ᠋ᠷ ᠴᠠᠭᠳᠠᠭ᠎ᠠ᠎ ᠶᠢᠨ ᠰᠢᠭᠦᠨ ᠲᠠᠰᠤᠯᠬᠤ ᠲᠤᠬᠠᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠣᠷᠳᠣᠰ ᠰᠢᠭᠦᠬᠦ ᠬᠣᠷᠢᠶ᠎ᠠ ᠎ᠶ᠋ᠢᠨ ᠰᠢᠭᠦᠨ ᠲᠠᠰᠤᠯᠬᠤ ᠠᠵᠢᠯ᠎ᠤ᠋ᠨ ᠴᠢᠨᠠᠷ ᠰᠠᠢᠲᠠᠢ ᠬᠥᠭᠵᠢᠯᠲᠡ᠎ᠶ᠋ᠢ ᠠᠬᠢᠭᠤᠯᠬᠤ᠎ ᠳ᠋ᠤ᠌ ᠴᠢᠬᠤᠯᠠ ᠠᠴᠢ ᠬᠣᠯᠪᠣᠭᠳᠠᠯ᠎ᠲᠠᠢ ᠶᠤᠮ ᠃ ᠳᠠᠷᠠᠭᠠᠴᠢ᠎ ᠶ᠋ᠢᠨ ᠠᠯᠬᠤᠮ᠎ᠳ᠋ᠤ᠌ ᠂ ᠣᠷᠳᠣᠰ ᠬᠣᠲᠠ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ ᠺᠠᠳ᠋ᠷ ᠴᠠᠭᠳᠠᠭ᠎ᠠ᠎ ᠶ᠋ᠢᠨ ᠬᠥᠮᠦᠵᠢᠯ ᠪᠣᠯᠪᠠᠰᠤᠷᠠᠯ᠎ ᠤ᠋ᠨ ᠡᠷᠴᠢᠮ᠎ᠢ᠋ᠶ᠋ᠡᠨ ᠦᠷᠭᠦᠯᠵᠢᠯᠡᠨ ᠴᠢᠩᠭᠠᠷᠠᠭᠤᠯᠵᠤ ᠂ ᠺᠠᠳ᠋ᠷ ᠴᠠᠭᠳᠠᠭ᠎ᠠ ᠎ᠶ᠋ᠢᠨ ᠤᠯᠤᠰ ᠲᠥᠷᠥ ᠣᠨᠣᠯ᠎ᠤ᠋ᠨ ᠬᠡᠪ ᠪᠣᠯᠪᠠᠰᠤᠷᠠᠯ ᠂ ᠰᠢᠭᠦᠨ ᠲᠠᠰᠤᠯᠬᠤ ᠲᠤᠬᠠᠢᠯᠠᠭᠰᠠᠨ ᠠᠵᠢᠯ᠎ᠤ᠋ᠨ ᠴᠢᠳᠠᠪᠤᠷᠢ ᠪᠠ ᠲᠤᠬᠠᠢᠯᠠᠭᠰᠠᠨ ᠠᠵᠢᠯ᠎ ᠤ᠋ᠨ ᠶᠣᠰᠣ ᠮᠣᠷᠠᠯ᠎ᠤ᠋ᠨ ᠪᠣᠯᠪᠠᠰᠤᠷᠠᠯ᠎ ᠢ᠋ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠣᠷᠳᠣᠰ ᠬᠣᠲᠠ᠎ᠶ᠋ᠢᠨ ᠰᠢᠭᠦᠬᠦ ᠬᠣᠷᠢᠶ᠎ᠠ ᠎ᠶ᠋ᠢᠨ ᠴᠢᠨᠠᠷ ᠰᠠᠢᠲᠠᠢ ᠬᠥᠭᠵᠢᠯᠲᠡ᠎ᠳ᠋ᠦ᠍ ᠪᠠᠲᠤ ᠴᠢᠩᠭ᠎ᠠ ᠴᠢᠳᠠᠪᠤᠷᠢᠲᠠᠨ ᠤ ᠡᠩᠨᠡᠭᠡ ᠶᠢᠨ ᠪᠠᠲᠤᠯᠠᠭ᠎ᠠ ᠎ᠶ᠋ᠢ ᠬᠠᠩᠭᠠᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )