ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠵᠤ ᠂ ᠰᠢ ᠵᠢᠨ ᠫᠢᠩ ᠤ᠋ᠨ ᠬᠠᠤᠯᠢᠵᠢᠯ ᠤ᠋ᠨ ᠦᠵᠡᠯ ᠰᠠᠨᠠᠭ᠎ᠠ ᠶ᠋ᠢ ᠭᠦᠨᠵᠡᠭᠡᠢ ᠲᠤᠤᠱᠯᠠᠭᠤᠯᠵᠤ ᠂ ᠨᠠᠮ ᠤ᠋ᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ 《 ᠭᠤᠷᠪᠠᠨ ᠳᠥᠷᠪᠡ 》 ᠶᠢᠨ ᠠᠵᠢᠯ ᠤ᠋ᠨ ᠡᠭᠦᠷᠭᠡ ᠪᠡᠷ ᠬᠣᠶᠠᠷ ᠶᠡᠬᠡ ᠶᠠᠪᠤᠳᠠᠯ ᠢ᠋ ᠰᠠᠢᠲᠤᠷ ᠠᠳᠬᠤᠵᠤ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠵᠤ ᠂ ᠣᠳᠣᠬᠢᠴᠢᠯᠠᠭᠰᠠᠨ ᠣᠷᠳᠣᠰ ᠬᠣᠲᠠ ᠶ᠋ᠢᠨ ᠪᠦᠲᠦᠭᠡᠨ ᠪᠠᠢᠭᠤᠯᠤᠯᠲᠠ ᠳ᠋ᠤ᠌ ᠨᠡᠩ ᠰᠠᠢᠲᠤᠷ ᠦᠢᠯᠡᠴᠢᠯᠡᠵᠦ ᠂ 8 ᠰᠠᠷ᠎ᠠ ᠶ᠋ᠢᠨ 3 ᠤ᠋ ᠡᠳᠦᠷ ᠂ ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠠ᠋ᠴᠠ 《 ᠰᠢᠨ᠎ᠡ ᠴᠠᠭ ᠦᠶ᠎ᠡ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠲᠤᠬᠠᠢ ᠰᠠᠨᠠᠯ 》 ( ᠳᠣᠷᠣᠭᠰᠢ《 ᠰᠠᠨᠠᠯ 》 ᠭᠡᠵᠦ ᠲᠤᠪᠴᠢᠯᠠᠬᠤ ) ᠶ᠋ᠢ ᠵᠢᠩᠬᠢᠨᠢ ᠪᠡᠷ ᠨᠡᠢᠲᠡᠯᠡᠪᠡ ᠂ ᠡᠨᠡ ᠪᠣᠯ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠩᠬᠠᠳᠠᠭᠴᠢ ᠠᠢᠮᠠᠭ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠨᠡᠷ᠎ᠡ ᠪᠡᠷ ᠨᠡᠢᠲᠡᠯᠡᠭᠰᠡᠨ ᠂ ᠰᠢᠭᠦᠬᠦ ᠬᠣᠷᠢᠶ ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠤᠰᠬᠠᠶᠢᠯᠠᠨ ᠳᠡᠮᠵᠢᠵᠦ ᠠᠬᠢᠭᠤᠯᠤᠭᠰᠠᠨ ᠰᠢᠨ᠎ᠡ ᠶᠢ ᠡᠭᠦᠳᠬᠦ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ ᠃
《 ᠰᠠᠨᠠᠯ 》ᠳ᠋ᠤ᠌ ᠨᠡᠢᠲᠡ 4 ᠪᠦᠯᠦᠭ 23 ᠵᠤᠷᠪᠤᠰ ᠂ 《 ᠨᠠᠮ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠲᠤᠬᠠᠢ ᠤᠳᠤᠷᠢᠳᠤᠯᠭ᠎ᠠ ᠶ᠋ᠢ ᠪᠥᠬᠥ ᠲᠠᠯ᠎ᠠ ᠪᠠᠷ ᠴᠢᠩᠭᠠᠳᠬᠠᠵᠤ ᠂ ᠠᠵᠤ ᠠᠬᠤᠢ ᠨᠡᠢᠭᠡᠮ ᠦᠨ ᠴᠢᠨᠠᠷ ᠰᠠᠶᠢᠲᠠᠢ ᠬᠥᠭᠵᠢᠯᠲᠡ ᠶ᠋ᠢ ᠪᠠᠲᠤᠯᠠᠬᠤ ᠳ᠋ᠤ᠌ ᠦᠢᠯᠡᠴᠢᠯᠡᠬᠦ ᠬᠢᠷᠢ ᠲᠦᠪᠰᠢᠨ ᠢ᠋ ᠦᠨᠡᠨᠬᠦ ᠳᠡᠭᠡᠭᠰᠢᠯᠡᠭᠦᠯᠵᠦ ᠂ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠣᠳᠣᠬᠢᠴᠢᠯᠠᠯᠲᠠ ᠶᠢᠨ ᠪᠦᠲᠦᠭᠡᠨ ᠪᠠᠢᠭᠤᠯᠤᠯᠲᠠ ᠶ᠋ᠢ ᠪᠥᠬᠥ ᠬᠦᠴᠦᠨ ᠢ᠋ᠶ᠋ᠡᠷ ᠠᠬᠢᠭᠤᠯᠵᠤ ᠂ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠢ᠋ ᠳᠡᠮᠵᠢᠬᠦ ᠡᠷᠴᠢᠮ ᠢ᠋ᠶ᠋ᠡᠨ ᠪᠥᠬᠥ ᠲᠠᠯ᠎ᠠ ᠪᠠᠷ ᠴᠢᠩᠭᠠᠳᠬᠠᠬᠤ 》 ᠳᠥᠷᠪᠡᠨ ᠬᠡᠮᠵᠢᠯᠲᠦ ᠰᠠᠭᠤᠷᠢᠯᠠᠵᠤ ᠂ ᠬᠣᠢᠰᠢᠳᠠ ᠶ᠋ᠢᠨ ᠨᠢᠭᠡ ᠬᠤᠭᠤᠴᠠᠭᠠᠨ ᠤ᠋ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠳ᠋ᠤ᠌ ᠬᠠᠷᠠᠯᠲᠠ ᠴᠢᠭᠯᠡᠯ ᠢ᠋ ᠲᠣᠳᠣᠷᠬᠠᠢ ᠵᠢᠭᠠᠨ ᠥᠭᠴᠦ ᠂ ᠡᠭᠦᠷᠭᠡ ᠠᠷᠭ᠎ᠠ ᠵᠠᠮ ᠢ᠋ ᠲᠣᠳᠣᠷᠬᠠᠢᠯᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠨᠡᠩ ᠥᠨᠳᠥᠷ ᠤᠯᠤᠰ ᠲᠥᠷᠥ ᠶ᠋ᠢᠨ ᠵᠣᠭᠰᠣᠴᠠ ᠂ ᠨᠡᠩ ᠥᠨᠳᠥᠷ ᠠᠵᠢᠯ ᠤ᠋ᠨ ᠪᠠᠷᠢᠮᠵᠢᠶ᠎ᠠ ᠂ ᠨᠡᠩ ᠥᠨᠳᠥᠷ ᠴᠢᠳᠠᠪᠤᠷᠢ ᠶ᠋ᠢᠨ ᠬᠢᠷᠢ ᠲᠦᠪᠰᠢᠨ ᠢ᠋ ᠬᠦᠴᠦᠲᠡᠢ ᠲᠦᠯᠬᠢᠨ ᠠᠬᠢᠭᠤᠯᠵᠤ ᠂ ᠴᠢᠨᠠᠷ ᠰᠠᠢᠲᠠᠢ ᠬᠠᠤᠯᠢ ᠪᠠᠷᠢᠬᠤ ᠠᠵᠢᠯ ᠢ᠋ᠶ᠋ᠠᠷ ᠪᠦᠬᠦ ᠲᠠᠯ᠎ᠠ ᠳ᠋ᠤ᠌ ᠦᠢᠯᠡᠴᠢᠯᠡᠵᠦ ᠂ ᠠᠷᠠᠳ ᠤ᠋ᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠶ᠋ᠢ ᠢᠯᠡᠷᠡᠭᠦᠯᠬᠦ ᠬᠠᠤᠯᠢᠵᠢᠯ ᠤᠨ ᠣᠷᠳᠣᠰ ᠂ ᠠᠮᠤᠷ ᠲᠠᠢᠪᠤᠩ ᠣᠷᠳᠣᠰ ᠬᠣᠲᠠ ᠶ᠋ᠢᠨ ᠪᠦᠲᠦᠭᠡᠨ ᠪᠠᠢᠭᠤᠯᠤᠯᠲᠠ ᠶ᠋ᠢ ᠨᠢᠭᠡ ᠴᠣᠭᠴᠠᠵᠢᠭᠤᠯᠤᠨ ᠬᠠᠮᠵᠢᠯᠴᠠᠨ ᠲᠦᠯᠬᠢᠨ ᠠᠬᠢᠭᠤᠯᠤᠨ᠎ᠠ ᠃
《 ᠰᠠᠨᠠᠯ 》 ᠳ᠋ᠤ᠌ ᠴᠢᠬᠤᠯᠠᠴᠢᠯᠠᠭᠰᠠᠨ ᠨᠢ ᠂ ᠡᠯ᠎ᠡ ᠱᠠᠲᠤᠨ ᠤ᠋ ᠨᠠᠮ ᠤ᠋ᠨ ᠬᠣᠷᠢᠶ᠎ᠠ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠢ᠋ ᠪᠦᠬᠦᠢᠯᠡ ᠠᠵᠢᠯ ᠤ᠋ᠨ ᠪᠠᠢᠷᠢᠯᠠᠭᠤᠯᠤᠯᠲᠠ ᠳ᠋ᠠᠭᠠᠨ ᠣᠷᠣᠭᠤᠯᠵᠤ ᠂ ᠰᠢᠭᠦᠬᠦ ᠬᠣᠷᠢᠶᠠᠨ ᠤ᠋ ᠠᠵᠢᠯ ᠤ᠋ᠨ ᠴᠢᠬᠤᠯᠠ ᠶᠡᠬᠡ ᠠᠰᠠᠭᠤᠳᠠᠯ ᠢ᠋ ᠴᠠᠭ ᠲᠤᠬᠠᠢ ᠳ᠋ᠤᠨᠢ ᠰᠤᠳᠤᠯᠤᠨ ᠰᠢᠢᠳᠪᠦᠷᠢᠯᠡᠵᠦ ᠂ ᠰᠢᠭᠦᠬᠦ ᠬᠣᠷᠢᠶᠠᠨ ᠤ᠋ ᠠᠵᠢᠯ ᠳ᠋ᠠᠬᠢ ᠨᠠᠮ ᠤ᠋ᠨ ᠤᠳᠤᠷᠢᠳᠤᠯᠭ᠎ᠠ ᠶ᠋ᠢ ᠪᠥᠬᠥ ᠲᠠᠯ᠎ᠠ ᠪᠠᠷ ᠴᠢᠩᠭᠠᠳᠬᠠᠬᠤ ᠬᠡᠷᠡᠭᠲᠡᠢ ᠃ ᠡᠯ᠎ᠡ ᠱᠠᠲᠤᠨ ᠤ᠋ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠨᠢ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠢ᠋ ᠤᠳᠤᠷᠢᠳᠬᠤ ᠪᠠ ᠬᠠᠮᠢᠶᠠᠷᠬᠤ ᠡᠭᠦᠷᠭᠡ ᠲᠤᠰᠢᠶᠠᠯ ᠢ᠋ᠶ᠋ᠠᠨ ᠴᠢᠩᠭ᠎ᠠ ᠭᠦᠢᠴᠡᠳᠬᠡᠵᠦ ᠂ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠤᠯᠭ᠎ᠠ ᠶ᠋ᠢᠨ ᠳᠣᠣᠷ᠎ᠠ ᠰᠢᠭᠦᠨ ᠲᠠᠰᠤᠯᠬᠤ ᠡᠷᠬᠡ ᠪᠡᠨ ᠬᠠᠤᠯᠢ ᠶᠣᠰᠣᠭᠠᠷ ᠪᠡᠶ᠎ᠡ ᠪᠡᠨ ᠳᠠᠭᠠᠭᠠᠵᠤ ᠲᠥᠪ ᠭᠣᠣᠯᠴᠢ ᠪᠠᠷ ᠬᠡᠷᠡᠭᠵᠢᠭᠦᠯᠬᠦ ᠶ᠋ᠢ ᠳᠡᠮᠵᠢᠵᠦ ᠂ ᠵᠢᠯᠣᠭᠣᠳᠬᠤ ᠂ ᠬᠢᠨᠠᠯᠲᠠ ᠲᠠᠯᠪᠢᠨ ᠪᠠᠲᠤᠯᠠᠬᠤ ᠬᠡᠷᠡᠭᠲᠡᠢ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠤᠯᠤᠰ ᠲᠥᠷᠥ ᠶ᠋ᠢᠨ ᠪᠠᠢᠭᠤᠯᠭ᠎ᠠ ᠶ᠋ᠢᠨ ᠦᠵᠡᠯ ᠤᠬᠠᠮᠰᠠᠷ ᠢ᠋ ᠪᠠᠲᠤ ᠪᠡᠬᠢ ᠪᠣᠢ ᠪᠣᠯᠭᠠᠵᠤ ᠂ ᠦᠵᠡᠯ ᠰᠠᠨᠠᠭ᠎ᠠ ᠤᠯᠤᠰ ᠲᠥᠷᠥ ᠶ᠋ᠢᠨ ᠪᠠᠢᠭᠤᠯᠤᠯᠲᠠ ᠶ᠋ᠢ ᠴᠢᠩᠭᠠᠳᠬᠠᠵᠤ ᠂ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠪᠠᠢᠭᠤᠯᠤᠯᠲᠠ ᠶ᠋ᠢ ᠴᠢᠩᠭᠠᠳᠬᠠᠵᠤ ᠂ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶ᠋ᠢ ᠡᠷᠬᠢᠮᠯᠡᠬᠦ ᠶᠢ ᠪᠡᠶᠡᠯᠡᠭᠦᠯᠬᠦ ᠬᠡᠷᠡᠭᠲᠡᠢ ᠃
《 ᠰᠠᠨᠠᠯ 》 ᠳ᠋ᠤ᠌ ᠰᠢᠭᠦᠬᠦ ᠬᠣᠷᠢᠶᠠᠨ ᠤ᠋ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠶ᠋ᠢᠨ ᠬᠢᠷᠢ ᠲᠦᠪᠰᠢᠨ ᠢ᠋ ᠳᠡᠭᠡᠭᠰᠢᠯᠡᠭᠦᠯᠬᠦ ᠪᠠᠲᠤᠯᠠᠬᠤ ᠳ᠋ᠤ᠌ ᠦᠢᠯᠡᠴᠢᠯᠡᠬᠦ 8 ᠭᠣᠣᠯ ᠱᠤᠭᠤᠮ 31 ᠪᠣᠳᠠᠲᠠᠢ ᠡᠭᠦᠷᠭᠡ ᠶ᠋ᠢ ᠲᠣᠳᠣᠷᠬᠠᠢᠯᠠᠵᠠᠢ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠡᠭᠦᠷᠭᠡ ᠴᠢᠳᠠᠪᠬᠢ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠨᠡᠢᠭᠡᠮ ᠦ᠋ᠨ ᠠᠮᠤᠷ ᠲᠣᠭᠲᠠᠭᠤᠨ ᠢ᠋ ᠬᠦᠴᠦᠲᠡᠢ ᠬᠠᠮᠠᠭᠠᠯᠠᠵᠤ ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠣᠷᠢᠨ ᠤ᠋ ᠪᠦᠲᠦᠭᠡᠨ ᠪᠠᠢᠭᠤᠯᠤᠯᠲᠠ ᠶ᠋ᠢ ᠦᠷᠭᠦᠯᠵᠢᠯᠡᠨ ᠠᠬᠢᠭᠤᠯᠵᠤ ᠂ ᠰᠢᠨᠵᠢᠯᠡᠭᠡ ᠮᠡᠷᠭᠡᠵᠢᠯ ᠦ᠋ᠨ ᠰᠢᠨ᠎ᠡ ᠶ᠋ᠢ ᠡᠭᠦᠳᠬᠦ ᠬᠥᠭᠵᠢᠯᠲᠡ ᠶ᠋ᠢ ᠦᠨᠡᠨᠬᠦ ᠪᠠᠲᠤᠯᠠᠵᠤ ᠂ ᠠᠷᠠᠳ ᠤ᠋ᠨ ᠠᠮᠢᠳᠤᠷᠠᠯ ᠤ᠋ᠨ ᠬᠠᠤᠯᠢ ᠴᠠᠭᠠᠵᠠ ᠶ᠋ᠢᠨ ᠪᠠᠲᠤᠯᠠᠭ᠎ᠠ ᠶ᠋ᠢ ᠲᠠᠰᠤᠷᠠᠯᠲᠠ ᠦᠭᠡᠢ ᠴᠢᠩᠭᠠᠳᠬᠠᠵᠤ ᠂ ᠠᠮᠢ ᠠᠬᠤᠢ ᠶ᠋ᠢᠨ ᠰᠠᠭᠤᠷᠢᠰᠢᠬᠤ ᠳ᠋ᠤ᠌ ᠲᠣᠬᠢᠷᠠᠮᠵᠢᠲᠠᠢ ᠬᠣᠲᠠ ᠶ᠋ᠢᠨ ᠪᠦᠲᠦᠭᠡᠨ ᠪᠠᠢᠭᠤᠯᠤᠯᠲᠠ ᠶ᠋ᠢ ᠪᠠᠲᠤᠯᠠᠵᠤ ᠂ ᠬᠠᠤᠯᠢᠵᠢᠯ ᠤᠨ ᠵᠠᠰᠠᠭ ᠤ᠋ᠨ ᠣᠷᠳᠣᠨ ᠤ᠋ ᠪᠦᠲᠦᠭᠡᠨ ᠪᠠᠢᠭᠤᠯᠤᠯᠲᠠ ᠶ᠋ᠢ ᠪᠥᠬᠥ ᠬᠦᠴᠦᠨ ᠢ᠋ᠶ᠋ᠡᠷ ᠠᠬᠢᠭᠤᠯᠵᠤ ᠂ ᠨᠡᠢᠭᠡᠮ ᠦ᠋ᠨ ᠵᠠᠰᠠᠯᠲᠠ ᠶᠢ ᠢᠳᠡᠪᠬᠢᠲᠡᠢ ᠠᠬᠢᠭᠤᠯᠵᠤ᠂ ᠬᠠᠤᠯᠢ ᠪᠠᠷ ᠵᠠᠰᠠᠬᠤ ᠨᠡᠢᠭᠡᠮ ᠦ᠋ᠨᠪᠦᠲᠦᠭᠡᠨ ᠪᠠᠢᠭᠤᠯᠤᠯᠲᠠ ᠳᠤ ᠦᠢᠯᠡᠴᠢᠯᠡᠨ᠎ᠡ ᠂ ᠲᠥᠪ ᠭᠣᠣᠯᠴᠢ ᠪᠠᠷ ᠬᠠᠤᠯᠢ ᠪᠠᠷᠢᠬᠤ ᠪᠠᠷ ᠨᠡᠢᠭᠡᠮ ᠦ᠋ᠨ ᠠᠵᠤ ᠠᠬᠤᠢ ᠶ᠋ᠢᠨ ᠡᠷᠡᠭᠦᠯ ᠬᠥᠭᠵᠢᠯᠲᠡ ᠶ᠋ᠢ ᠬᠠᠮᠠᠭᠠᠯᠠᠨ ᠂ ᠰᠢᠯᠢᠳᠡᠭ ᠬᠠᠤᠯᠢ ᠴᠠᠭᠠᠵᠠ ᠶ᠋ᠢᠨ ᠦᠢᠯᠡᠴᠢᠯᠡᠭᠡ ᠪᠡᠷ ᠪᠦᠬᠦ ᠤᠯᠤᠰ ᠤ᠋ᠨ ᠲᠡᠷᠢᠭᠦᠨ ᠳᠡᠰ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ᠋ ᠪᠦᠲᠦᠭᠡᠨ ᠪᠠᠢᠭᠤᠯᠤᠯᠲᠠ ᠂ ᠪᠥᠬᠥ ᠤᠯᠤᠰ ᠤ᠋ᠨ ᠲᠡᠷᠢᠭᠦᠨ ᠦ ᠰᠢᠨ᠎ᠡ ᠶ᠋ᠢ ᠡᠭᠦᠳᠬᠦ ᠠᠮᠢ ᠠᠬᠤᠢ ᠶ᠋ᠢᠨ ᠪᠦᠲᠦᠭᠡᠨ ᠪᠠᠢᠭᠤᠯᠤᠯᠲᠠ ᠶ᠋ᠢ ᠬᠦᠴᠦᠯᠡᠨ ᠂ ᠨᠡᠮᠡᠷᠢᠯᠡᠵᠦ᠂ ᠬᠠᠤᠯᠢᠵᠢᠯ ᠤᠨ ᠬᠦᠴᠦᠨ ᠢᠶᠡᠷ ᠣᠷᠳᠣᠰ ᠤ᠋ᠨ 《 ᠳᠤᠯᠠᠭᠠᠨ ᠬᠣᠲᠠ 》 ᠶ᠋ᠢᠨ ᠬᠣᠲᠠ ᠶ᠋ᠢᠨ ᠨᠡᠷᠡᠲᠦ ᠲᠡᠮᠳᠡᠭ ᠢ᠋ ᠭᠢᠯᠠᠷᠠᠭᠤᠯᠤᠨ᠎ᠠ ᠃
《 ᠰᠠᠨᠠᠯ 》 ᠳ᠋ᠤ ᠰᠢᠨ᠎ᠡ ᠴᠠᠭ ᠦᠶ ᠡ ᠶᠢᠨ ᠠᠷᠠᠳ ᠤᠨ ᠰᠢᠭᠦᠬᠦ ᠬᠣᠷᠢᠶᠠᠨ ᠤ ᠠᠵᠢᠯ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ 8 ᠶᠡᠬᠡ ᠡᠭᠦᠷᠭᠡ 31 ᠪᠣᠳᠠᠲᠠᠶ ᠠᠷᠭ᠎ᠠ ᠬᠡᠮᠵᠢᠶ ᠡ ᠶᠢ ᠳᠤᠷᠠᠳᠤᠨ ᠭᠠᠷᠭᠠᠵᠠᠢ᠃ ᠨᠢᠭᠡ ᠳ᠋ᠦ᠍ ᠂ ᠬᠠᠤᠯᠢ ᠬᠡᠷᠡᠭᠵᠢᠭᠦᠯᠬᠦ ᠶ᠋ᠢᠨ ᠲᠥᠪ ᠭᠣᠣᠯᠴᠢ ᠬᠢᠭᠡᠳ ᠦᠷ᠎ᠡ ᠪᠦᠲᠦᠮᠵᠢ ᠶ᠋ᠢ ᠭᠦᠢᠴᠡᠳᠬᠡᠬᠦ ᠶᠢ ᠪᠠᠷᠢᠮᠲᠠᠯᠠᠵᠤ ᠂ ᠬᠢᠨᠠᠨ ᠭᠦᠢᠴᠡᠳᠬᠡᠬᠦ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠢᠨᠵᠧᠨᠧᠷᠢᠩ ᠂ ᠪᠡᠷᠬᠡ ᠰᠢᠪᠲᠤᠯᠬᠤ ᠢᠨᠵᠧᠨᠧᠷᠢᠩ ᠢ᠋ ᠭᠦᠢᠴᠡᠳᠬᠡᠬᠦ ᠃ ᠬᠣᠶᠠᠷ ᠲᠤ᠌᠂ ᠰᠢᠭᠦᠨ ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶ᠋ᠢᠨ ᠣᠳᠣᠬᠢᠴᠢᠯᠠᠯᠲᠠ ᠶ᠋ᠢ ᠲᠦᠷᠭᠡᠪᠴᠢᠯᠡᠨ ᠠᠬᠢᠭᠤᠯᠵᠤ ᠂ ᠬᠠᠤᠯᠢ ᠴᠠᠭᠠᠵᠠ ᠶ᠋ᠢᠨ ᠪᠠᠢᠭᠤᠯᠤᠯ ᠤ᠋ᠨ ᠶᠡᠷᠦᠩᠬᠡᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶ᠋ᠢ ᠦᠷᠭᠦᠯᠵᠢᠯᠡᠨ ᠭᠦᠨᠵᠡᠭᠡᠢᠷᠡᠭᠦᠯᠵᠦ ᠂ ᠣᠳᠣᠬᠢᠴᠢᠯᠠᠭᠰᠠᠨ ᠵᠠᠷᠭᠤ ᠶᠢᠨ ᠦᠢᠯᠡᠴᠢᠯᠡᠭᠡᠨ ᠦ᠌ ᠰᠢᠰᠲ᠋ᠸᠮ ᠢ᠋ ᠪᠠᠢᠭᠤᠯᠤᠨ᠎ᠠ ᠃ ᠭᠤᠷᠪᠠ ᠳ᠋ᠤ᠌ ᠂ ᠥᠨᠳᠥᠷ ᠦᠷ᠎ᠡ ᠪᠦᠲᠦᠮᠵᠢᠲᠡᠢ ᠰᠢᠭᠦᠨ ᠲᠠᠰᠤᠯᠬᠤ ᠡᠷᠬᠡ ᠶ᠋ᠢ ᠬᠢᠵᠠᠭᠠᠷᠯᠠᠵᠤ ᠬᠢᠨᠠᠯᠲᠠ ᠲᠠᠯᠪᠢᠬᠤ ᠲᠣᠭᠲᠠᠴᠠ ᠶ᠋ᠢᠨ ᠪᠠᠢᠭᠤᠯᠤᠯᠲᠠ ᠶ᠋ᠢ ᠳᠦᠷᠢᠮᠵᠢᠭᠦᠯᠬᠦ ᠶ᠋ᠢ ᠠᠬᠢᠭᠤᠯᠵᠤ ᠂ ᠰᠢᠭᠦᠬᠦ ᠬᠣᠷᠢᠶᠠᠨ ᠤ᠋ ᠠᠵᠢᠯ ᠶ᠋ᠢ ᠳᠦᠷᠢᠮᠵᠢᠭᠦᠯᠬᠦ ᠂ ᠴᠣᠮᠬᠠᠳᠭᠠᠨ ᠬᠠᠰᠤᠬᠤ᠂ ᠬᠤᠷᠳᠤᠴᠠ ᠶ᠋ᠢ ᠲᠦᠯᠬᠢᠨ ᠠᠬᠢᠭᠤᠯᠤᠨ᠎ᠠ ᠃ ᠳᠥᠷᠪᠡ ᠳ᠋ᠦ᠍ ᠂ ᠮᠡᠳᠡᠭᠡ ᠵᠠᠩᠭᠢ ᠶ᠋ᠢᠨ ᠮᠡᠷᠭᠡᠵᠢᠯ ᠢ᠋ ᠬᠠᠤᠯᠢ ᠴᠠᠭᠠᠵᠠ ᠶ᠋ᠢᠨ ᠬᠦᠷᠢᠶᠡᠨ ᠳ᠋ᠦ᠍ ᠭᠦᠨᠵᠡᠭᠡᠢ ᠬᠡᠷᠡᠭᠯᠡᠬᠦ ᠶ᠋ᠢ ᠥᠷᠭᠡᠳᠬᠡᠵᠦ ᠂ ᠨᠡᠩ ᠥᠨᠳᠥᠷ ᠲᠦᠪᠰᠢᠨ ᠪᠦᠬᠦᠢ ᠲᠣᠭᠠᠴᠢᠯᠠᠭᠰᠠᠨ ᠰᠢᠳᠤᠷᠭᠤ ᠶᠣᠰᠣ ᠶ᠋ᠢ ᠡᠭᠦᠳᠦᠨ᠎ᠡ ᠃ ᠲᠠᠪᠤ ᠳ᠋ᠤ᠌᠂ ᠠᠷᠠᠳ ᠤ᠋ᠨ ᠰᠢᠭᠦᠬᠦ ᠲᠢᠩᠬᠢᠮ ᠦ᠋ᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠲᠦᠯᠬᠢᠨ ᠠᠬᠢᠭᠤᠯᠵᠤ ᠂ 《 ᠹᠧᠩ ᠴᠢᠶᠣᠤ ᠮᠠᠶᠢᠭ ᠤ᠋ᠨ ᠠᠷᠠᠳ ᠤ᠋ᠨ ᠰᠢᠭᠦᠬᠦ ᠲᠢᠩᠬᠢᠮ 》 ᠢ᠋ ᠪᠠᠢᠭᠤᠯᠵᠤ ᠂ ᠦᠨᠳᠦᠰᠦᠨ ᠱᠠᠲᠤᠨ ᠤ᠋ ᠨᠡᠢᠭᠡᠮ ᠦ᠋ᠨ ᠵᠠᠰᠠᠯᠲᠠ ᠳ᠋ᠤ᠌ ᠢᠳᠡᠪᠬᠢᠲᠡᠢ ᠦᠢᠯᠡᠴᠢᠯᠡᠪᠡ ᠃ ᠵᠢᠷᠭᠤᠭ᠎ᠠ ᠳ᠋ᠤ᠌᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠳᠦᠷᠢᠮᠵᠢᠭᠦᠯᠦᠨ ᠴᠢᠩᠭᠠᠳᠬᠠᠪᠠ ᠃ ᠳᠣᠯᠣᠭ᠎ᠠ ᠳ᠋ᠤ᠌ ᠂ ᠴᠠᠭ ᠦᠶ᠎ᠡ ᠶ᠋ᠢᠨ ᠬᠦᠨᠳᠦ ᠡᠭᠦᠷᠭᠡ ᠶ᠋ᠢ ᠡᠭᠦᠷᠭᠡᠯᠡᠵᠦ ᠪᠣᠯᠬᠤ ᠥᠨᠳᠥᠷ ᠬᠡᠪ ᠪᠣᠯᠪᠠᠰᠤᠷᠠᠯ ᠲᠤᠰᠬᠠᠢᠵᠢᠭᠰᠠᠨ ᠰᠢᠭᠦᠬᠦ ᠬᠣᠷᠢᠶ᠎ᠠ ᠶ᠋ᠢᠨ ᠡᠩᠨᠡᠭᠡ ᠶ᠋ᠢ ᠳᠠᠪᠲᠠᠨ ᠬᠥᠮᠦᠵᠢᠭᠦᠯᠦᠨ᠎ᠡ ᠃ ᠨᠠᠢ᠍ᠮᠠ ᠳ᠋ᠤ᠌ ᠂ ᠡᠯ᠎ᠡ ᠲᠠᠯ᠎ᠠ ᠶ᠋ᠢᠨ ᠬᠢᠨᠠᠯᠲᠠ ᠶ᠋ᠢ ᠤᠬᠠᠮᠰᠠᠷ ᠠ᠋ᠴᠠ ᠪᠠᠨ ᠬᠦᠯᠢᠶᠡᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠢ᠋ ᠲᠠᠰᠤᠷᠠᠯᠲᠠ ᠦᠭᠡᠢ ᠰᠠᠢᠵᠢᠷᠠᠭᠤᠯᠤᠨ᠎ᠠ ᠃
《 ᠰᠠᠨᠠᠯ 》 ᠳ᠋ᠤ᠌ ᠱᠠᠭᠠᠷᠳᠠᠭᠰᠠᠨ ᠨᠢ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠰᠢᠭᠦᠬᠦ ᠬᠣᠷᠢᠶᠠᠨ ᠤ᠋ ᠠᠵᠢᠯ ᠢ᠋ ᠬᠠᠯᠠᠮᠵᠢᠯᠠᠨ ᠳᠡᠮᠵᠢᠵᠦ ᠂ ᠰᠢᠭᠦᠬᠦ ᠬᠣᠷᠢᠶᠠᠨ ᠤ᠋ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳ᠋ᠦ᠍ ᠬᠦᠴᠦᠲᠡᠢ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠢ ᠃ ᠭᠦᠢᠴᠡᠳᠬᠡᠬᠦ ᠳᠦ ᠪᠡᠷᠬᠡᠲᠡᠶ ᠪᠠᠢᠬᠤ ᠶᠢ ᠶᠡᠷᠦᠩᠬᠡᠢᠯᠡᠨ ᠵᠠᠰᠠᠬᠤ ᠠᠵᠢᠯ ᠢ ᠴᠢᠩᠭᠠᠳᠬᠠᠵᠤ᠂ ᠨᠠᠮ ᠤᠨ ᠬᠣᠷᠢᠶ ᠠ ᠠᠴᠠ ᠤᠳᠤᠷᠢᠳᠬᠤ᠂ ᠤᠯᠤᠰ ᠲᠦᠷᠦ ᠬᠠᠤᠯᠢ ᠴᠠᠭᠠᠵᠠ ᠶᠢᠨ ᠬᠣᠷᠢᠶ᠎ᠠ ᠵᠣᠬᠢᠴᠠᠭᠤᠯᠵᠤ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠠᠴᠠ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠠᠴᠠ ᠳᠡᠮᠵᠢᠬᠦ᠂ ᠰᠢᠭᠦᠬᠦ ᠬᠣᠷᠢᠶ᠎ᠠ ᠭᠣᠣᠯᠯᠠᠨ ᠡᠷᠬᠢᠯᠡᠬᠦ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠨᠡᠢᠭᠡᠮ ᠨᠡᠢᠲᠡ ᠪᠡᠷ ᠢᠶᠡᠨ ᠣᠷᠣᠯᠴᠠᠭᠰᠠᠨ ᠭᠦᠢᠴᠡᠳᠬᠡᠬᠦ ᠳᠦ ᠪᠡᠷᠬᠡᠲᠡᠶ ᠪᠠᠢᠬᠤ ᠶᠢ ᠶᠡᠷᠦᠩᠬᠡᠢᠯᠡᠨ ᠵᠠᠰᠠᠬᠤ ᠠᠵᠢᠯ ᠤᠨ ᠶᠡᠬᠡ ᠪᠠᠢᠷᠢᠰᠢᠯ ᠢ ᠲᠠᠰᠤᠷᠠᠯᠲᠠ ᠦᠭᠡᠢ ᠭᠦᠨᠵᠡᠭᠡᠢᠷᠡᠭᠦᠯᠦᠨᠠ᠃ ᠵᠠᠷᠭᠤ ᠶ᠋ᠢᠨ ᠡᠬᠢ ᠰᠤᠷᠪᠤᠯᠵᠢ ᠶ᠋ᠢ ᠵᠠᠰᠠᠬᠤ ᠠᠵᠢᠯ ᠢ᠋ ᠴᠢᠩᠭᠠᠳᠬᠠᠵᠤ ᠂ ᠵᠠᠷᠭᠤ ᠶ᠋ᠢᠨ ᠡᠬᠢ ᠰᠤᠷᠪᠤᠯᠵᠢ ᠶ᠋ᠢ ᠵᠠᠰᠠᠬᠤ ᠰᠢᠰᠲ᠋ᠧᠮ ᠦ᠋ᠨ ᠪᠠᠢᠭᠤᠯᠤᠯᠲᠠ ᠶ᠋ᠢ ᠲᠦᠷᠭᠡᠳᠬᠡᠨ ᠂ ᠰᠠᠯᠠᠭ᠎ᠠ ᠮᠥᠴᠢᠷ ᠦ᠋ᠨ ᠬᠣᠯᠪᠣᠭᠠᠯᠠᠨ ᠬᠥᠳᠡᠯᠦᠯᠴᠡᠬᠦ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶ᠋ᠢ ᠴᠢᠩᠭᠠᠳᠬᠠᠵᠤ ᠂ ᠵᠥᠷᠢᠴᠡᠯ ᠵᠢᠭᠤᠷᠠᠯᠳᠤᠭᠠᠨ ᠢ᠋ ᠲᠤᠰ ᠭᠠᠵᠠᠷ ᠣᠷᠣᠨ ᠂ ᠲᠤᠰ ᠰᠠᠯᠠᠭ᠎ᠠ ᠮᠥᠴᠢᠷ ᠂ ᠲᠤᠰ ᠬᠦᠷᠢᠶ᠎ᠡ ᠬᠡᠪᠴᠢᠶᠡᠨ ᠳ᠋ᠦ᠍ ᠲᠤᠬᠠᠢ ᠶ᠋ᠢᠨ ᠭᠠᠵᠠᠷ ᠲᠤᠨᠢ ᠰᠢᠢᠳᠪᠦᠷᠢᠯᠡᠬᠦ ᠶ᠋ᠢ ᠠᠬᠢᠭᠤᠯᠤᠨ᠎ᠠ ᠃ ᠬᠠᠤᠯᠢ ᠴᠠᠭᠠᠵᠠ ᠶ᠋ᠢᠨ ᠰᠠᠢᠨ ᠰᠠᠢᠬᠠᠨ ᠣᠷᠴᠢᠨ ᠲᠣᠭᠣᠷᠢᠨ ᠪᠠ ᠬᠠᠤᠯᠢ ᠴᠠᠭᠠᠵᠠ ᠶ᠋ᠢᠨ ᠳᠦᠷᠢ ᠲᠦᠷᠬᠦ ᠶ᠋ᠢ ᠪᠣᠢ ᠪᠣᠯᠭᠠᠵᠤ ᠂ ᠰᠢᠭᠦᠬᠦ ᠬᠣᠷᠢᠶᠠᠨ ᠤ᠋ ᠺᠠᠳ᠋ᠷ ᠴᠠᠭᠳᠠᠭ᠎ᠠ ᠶ᠋ᠢᠨ ᠡᠷᠬᠡ ᠠᠰᠢᠭ ᠤ᠋ᠨ ᠪᠠᠲᠤᠯᠠᠭ᠎ᠠ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠤᠯᠤᠰ ᠲᠥᠷᠥ ᠬᠠᠤᠯᠢ ᠴᠠᠭᠠᠵᠠ ᠶ᠋ᠢᠨ ᠺᠠᠳ᠋ᠷ ᠴᠠᠭᠳᠠᠭ᠎ᠠ ᠶ᠋ᠢᠨ ᠬᠠᠤᠯᠢ ᠶᠣᠰᠣᠭᠠᠷ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶ᠋ᠢ ᠬᠠᠮᠠᠭᠠᠯᠠᠬᠤ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠵᠦ ᠂ ᠰᠢᠭᠦᠬᠦ ᠲᠤᠰᠢᠶᠠᠯᠲᠠᠨ ᠤ᠋ ᠡᠷᠬᠡ ᠠᠰᠢᠭ ᠲᠤ᠌ ᠬᠠᠯᠳᠠᠭᠰᠠᠨ ᠦᠢᠯᠡ ᠠᠵᠢᠯᠯᠠᠭ᠎ᠠ ᠳ᠋ᠤ᠌ ᠡᠷᠡᠰ ᠴᠣᠬᠢᠯᠲᠠ ᠥᠭᠴᠦ ᠂ ᠰᠢᠭᠦᠬᠦ ᠲᠤᠰᠢᠶᠠᠯᠲᠠᠨ ᠤ᠋ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠷᠴᠢᠨ ᠲᠣᠭᠣᠷᠢᠨ ᠢ᠋ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ ᠃ ᠠᠵᠢᠯ ᠤ᠋ᠨ ᠪᠠᠲᠤᠯᠠᠭ᠎ᠠ ᠶ᠋ᠢ ᠴᠢᠩᠭ᠋ᠠᠳᠬᠠᠵᠤ ᠂ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠢ᠋ ᠰᠢᠯᠢᠳᠡᠭ ᠢ᠋ ᠨᠢ ᠰᠣᠩᠭᠣᠨ ᠲᠣᠬᠢᠷᠠᠭᠤᠯᠵᠤ ᠂ ᠰᠢᠭᠦᠬᠦ ᠬᠣᠷᠢᠶᠠᠨ ᠤ᠋ ᠤᠳᠤᠷᠢᠳᠬᠤ ᠺᠠᠳ᠋ᠷᠴᠤᠳ ᠤᠨ ᠡᠩᠨᠡᠭᠡᠨ ᠦ᠌ ᠪᠦᠲᠦᠴᠡ ᠶ᠋ᠢ ᠰᠢᠯᠢᠳᠡᠭᠵᠢᠭᠦᠯᠦᠨ᠎ᠡ ; ᠠᠵᠢᠯ ᠦᠢᠯᠡᠰ ᠦ᠋ᠨ ᠣᠷᠣᠨ ᠲᠣᠭ᠎ᠠ ᠵᠡᠷᠭᠡ ᠪᠡᠶ᠎ᠡ ᠶ᠋ᠢᠨ ᠬᠢᠷᠢ ᠬᠡᠮ ᠪᠥᠬᠥᠢ ᠡᠯ᠎ᠡ ᠲᠥᠷᠥᠯ ᠦ᠋ᠨ ᠰᠢᠭᠦᠨ ᠲᠠᠰᠤᠯᠬᠤ ᠲᠤᠰᠠᠯᠠᠭᠴᠢ ᠶᠢᠨ ᠠᠵᠢᠯ ᠮᠡᠷᠭᠡᠵᠢᠯ ᠦ᠋ᠨ ᠬᠥᠭᠵᠢᠯᠲᠡ ᠶ᠋ᠢᠨ ᠵᠠᠮ ᠪᠠ ᠴᠠᠯᠢᠩ ᠬᠥᠯᠥᠰᠥᠨ ᠦ᠌ ᠪᠠᠲᠤᠯᠠᠭ᠎ᠠ ᠶ᠋ᠢᠨ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠦᠨ᠎ᠡ ; ᠬᠦᠴᠢᠷᠳᠡᠯ ᠲᠡᠶ ᠠᠰᠠᠭᠤᠳᠠᠯ ᠢ ᠬᠠᠪᠰᠤᠷᠤᠨ ᠵᠣᠬᠢᠴᠠᠭᠤᠯᠤᠨ ᠰᠢᠢᠳᠪᠦᠷᠢᠯᠡᠵᠦ᠂ ᠪᠦᠬᠦ ᠬᠤᠳᠠ ᠶᠢᠨ ᠰᠢᠭᠦᠬᠦ ᠬᠣᠷᠢᠶᠠᠨ ᠤ ᠰᠢᠭᠦᠨ ᠲᠠᠰᠤᠯᠬᠤ ᠠᠵᠢᠯ ᠢ ᠳᠡᠮᠵᠢᠬᠦ ᠬᠦᠴᠦᠨ ᠶ᠋ᠢ ᠴᠢᠩᠭᠠᠷᠠᠭᠤᠯᠪᠠ᠃
ᠦᠨᠡᠯᠡᠬᠦ 0ᠦᠨᠡᠯᠡᠯᠲᠡ᠎ᠲᠠᠢ