ᠨᠢᠭᠡ ᠤᠯᠤᠰ ᠤ᠋ᠨ ᠰᠦᠯᠳᠡ ᠂ ᠨᠢᠭᠡ ᠬᠠᠤᠯᠢ ᠢ᠋ᠢᠨ ᠳᠣᠬᠢᠭᠤᠷ ᠂ ᠨᠢᠭᠡ ᠲᠣᠭᠣᠷᠢᠨ ᠶᠠᠪᠤᠵᠤ ᠰᠢᠭᠦᠨ ᠲᠠᠰᠤᠯᠬᠤ ᠲᠡᠷᠭᠡ ᠃
ᠣᠢᠷ᠎ᠠ ᠶ᠋ᠢᠨ ᠵᠢᠯ ᠡᠴᠡ ᠨᠡᠰᠢ ᠂ ᠥᠪᠥᠷ ᠮᠣᠩᠭᠣᠯ ᠤ᠋ᠨ ᠰᠢᠭᠦᠬᠦ ᠬᠣᠷᠢᠶ᠎ᠠ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ ᠰᠢ ᠵᠢᠨ ᠫᠢᠩ ᠤ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠲᠣᠭᠣᠷᠢᠨ ᠶᠠᠪᠤᠵᠤ ᠰᠢᠭᠦᠨ ᠲᠠᠰᠤᠯᠬᠤ ᠰᠢᠨ᠎ᠡ ᠬᠡᠪ ᠵᠠᠭᠪᠤᠷ ᠢ᠋ ᠲᠠᠰᠤᠷᠠᠯᠲᠠ ᠦᠭᠡᠢ ᠪᠠᠶᠠᠯᠢᠭᠵᠢᠭᠤᠯᠤᠨ ᠰᠦᠪᠡᠭᠴᠢᠯᠡᠵᠦ ᠂ ᠲᠥᠪ ᠭᠣᠣᠯᠴᠢ ᠰᠢᠳᠤᠷᠭᠤ ᠶᠣᠰᠣ ᠶ᠋ᠢ ᠣᠯᠵᠤ ᠦᠵᠡᠬᠦ ᠭᠠᠵᠠᠷ ᠣᠷᠣᠨ ᠪᠣᠯᠭᠠᠨ ᠳ᠋ᠤ᠌ ᠪᠡᠶᠡᠯᠡᠭᠦᠯᠪᠡ ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠸᠢᠴᠠᠲ ᠤ᠋ᠨ ᠣᠯᠠᠨ ᠨᠡᠢᠲᠡ ᠶ᠋ᠢᠨ ᠲᠠᠪᠴᠠᠩ ᠳ᠋ᠤ 【ᠲᠣᠭᠣᠷᠢᠨ ᠶᠠᠪᠤᠵᠤ ᠰᠢᠭᠦᠨ ᠲᠠᠰᠤᠯᠬᠤ 】 ᠲᠤᠰᠬᠠᠢ ᠪᠤᠯᠤᠩ ᠭᠠᠷᠭᠠᠵᠤ᠂ ᠪᠦᠬᠦ ᠣᠷᠣᠨ ᠤ᠋ ᠰᠢᠭᠦᠬᠦ ᠬᠣᠷᠢᠶ᠎ᠠ ᠶ᠋ᠢᠨ ᠪᠠᠢᠩᠭᠤ ᠶ᠋ᠢᠨ ᠴᠢᠨᠠᠷᠲᠠᠢ ᠲᠣᠭᠣᠷᠢᠨ ᠶᠠᠪᠤᠵᠤ ᠰᠢᠭᠦᠨ ᠲᠠᠰᠤᠯᠬᠤ ᠠᠵᠢᠯᠯᠠᠭ᠎ᠠ ᠥᠷᠨᠢᠭᠦᠯᠵᠦ ᠂ ᠪᠣᠳᠠᠲᠠᠢ ᠴᠢᠨᠠᠷᠲᠠᠢ ᠵᠢᠭᠤᠷᠠᠯᠳᠤᠭᠠᠨ ᠢ᠋ ᠠᠷᠢᠯᠭᠠᠭᠰᠠᠨ ᠠᠮᠢᠳᠤᠯᠢᠭ ᠦᠢᠯᠡᠳᠦᠯᠭᠡ ᠶ᠋ᠢ ᠬᠠᠷᠠᠭᠤᠯᠪᠠ ᠃
ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠬᠡᠰᠡᠭ
ᠣᠷᠳᠣᠰ ᠨᠤᠲᠤᠭ ᠤ᠋ᠨ ᠭᠠᠵᠠᠷ ᠨᠤᠲᠤᠭ ᠥᠷᠭᠡᠨ ᠠᠭᠤᠳᠠᠮ ᠂ ᠬᠥᠳᠡᠭᠡ ᠲᠣᠰᠬᠣᠨ ᠮᠠᠯᠵᠢᠬᠤ ᠨᠤᠲᠤᠭ ᠤ᠋ᠨ ᠣᠯᠠᠨ ᠲᠦᠮᠡᠨ ᠲᠠᠷᠬᠠᠢ ᠪᠤᠲᠠᠷᠬᠠᠢ ᠰᠠᠭᠤᠷᠢᠰᠢᠵᠤ ᠪᠠᠢᠨ᠎ᠠ ᠃ ᠡᠭᠦᠨ ᠳ᠋ᠦ᠍ ᠰᠠᠭᠤᠷᠢᠯᠠᠨ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠲᠣᠭᠣᠷᠢᠨ ᠶᠠᠪᠤᠵᠤ ᠰᠢᠭᠦᠨ ᠲᠠᠰᠤᠯᠬᠤ ᠦᠢᠯᠡᠳᠦᠯ ᠢ᠋ᠶ᠋ᠡᠨ ᠢᠳᠡᠪᠬᠢᠲᠡᠢ ᠪᠠᠳᠠᠷᠠᠭᠤᠯᠵᠤ ᠂ 《 ᠵᠢᠭᠤᠷᠠᠯᠳᠤᠭᠠᠨ ᠢ ᠡᠶᠡᠳᠡᠭᠦᠯᠬᠦ ᠶᠢ ᠰᠠᠭᠠᠳᠠᠭᠠᠬᠤ ᠦᠭᠡᠢ᠂ ᠦᠢᠯᠡᠴᠢᠯᠡᠭᠡᠨ ᠢ᠋ ᠣᠯᠠᠨ ᠲᠦᠮᠡᠨ ᠲᠠᠢ ᠤᠶᠢᠷᠠᠲᠤᠭᠤᠯᠬᠤ 》 ᠲᠣᠭᠣᠷᠢᠨ ᠶᠠᠪᠤᠵᠤ ᠰᠢᠭᠦᠨ ᠲᠠᠰᠤᠯᠬᠤ ᠠᠵᠢᠯ ᠤ᠋ᠨ ᠵᠠᠭᠪᠤᠷ ᠢ᠋ ᠰᠦᠪᠡᠭᠴᠢᠯᠡᠨ ᠪᠠᠢᠭᠤᠯᠪᠠ ᠃ ᠰᠢᠭᠦᠬᠦ ᠲᠢᠩᠬᠢᠮ ᠢ᠋ ᠮᠠᠯᠵᠢᠬᠤ ᠣᠷᠣᠨ ᠤ᠋ ᠭᠠᠴᠠᠭ᠎ᠠ ᠂ ᠲᠠᠷᠢᠶᠠᠨ ᠭᠠᠵᠠᠷ ᠲᠤ᠌ ᠨᠡᠭᠦᠯᠭᠡᠬᠦ ᠪᠡᠷ ᠳᠠᠮᠵᠢᠨ ᠂ ᠲᠤᠬᠠᠢ ᠶ᠋ᠢᠨ ᠭᠠᠵᠠᠷ ᠲᠤᠨᠢ ᠬᠡᠷᠡᠭ ᠪᠣᠯᠭᠠᠨ ᠂ ᠲᠤᠬᠠᠢ ᠶ᠋ᠢᠨ ᠭᠠᠵᠠᠷ ᠲᠤᠨᠢ ᠲᠢᠩᠬᠢᠮ ᠨᠡᠭᠡᠭᠡᠵᠦ ᠂ ᠲᠤᠬᠠᠢ ᠶ᠋ᠢᠨ ᠲᠢᠩᠬᠢᠮ ᠳ᠋ᠦ᠍ ᠡᠶᠡᠳᠡᠭᠦᠯᠦᠨ ᠂ ᠲᠤᠬᠠᠢ ᠶ᠋ᠢᠨ ᠲᠢᠩᠬᠢᠮ ᠳ᠋ᠦ᠍ ᠬᠡᠷᠡᠭ ᠢ᠋ ᠳᠠᠭᠤᠰᠭᠠᠵᠤ ᠂ ᠶᠡᠬᠡ ᠬᠡᠮᠵᠢᠶᠡᠨ ᠦ᠌ ᠵᠥᠷᠢᠴᠡᠯ ᠵᠢᠭᠤᠷᠠᠯᠳᠤᠭᠠᠨ ᠢ᠋ ᠵᠠᠷᠭᠤᠯᠳᠤᠬᠤ ᠠ᠋ᠴᠠ ᠡᠮᠦᠨ᠎ᠡ ᠪᠦᠲᠦᠮᠵᠢᠲᠡᠢ ᠠᠷᠢᠯᠭᠠᠪᠠ ᠃
《 ᠮᠠᠨ ᠤ᠋ ᠭᠤᠷᠪᠠᠭᠤᠯᠠ ᠪᠠᠷ ᠪᠦᠷᠢᠯᠳᠦᠭᠰᠡᠨ ᠲᠣᠭᠣᠷᠢᠨ ᠶᠠᠪᠤᠵᠤ ᠰᠢᠭᠦᠨ ᠲᠠᠰᠤᠯᠬᠤ ᠦᠢᠯᠡᠴᠢᠯᠡᠭᠡᠨ ᠦ᠌ ᠲᠥᠪ ᠪᠣᠯ < ᠠᠷᠠᠳ ᠤ᠋ᠨ ᠲᠥᠯᠥᠭᠡ ᠬᠠᠤᠯᠢ ᠪᠠᠷᠢᠵᠤ ᠂ ᠣᠯᠠᠨ ᠲᠦᠮᠡᠨ ᠳ᠋ᠦ᠍ ᠦᠢᠯᠡᠴᠢᠯᠡᠬᠦ > ᠠᠵᠢᠯ ᠤ᠋ᠨ ᠣᠢᠯᠠᠭᠠᠭᠳᠠᠬᠤᠨ ᠢ᠋ ᠰᠠᠢᠲᠤᠷ ᠨᠠᠢᠳᠠᠪᠤᠷᠢᠵᠢᠭᠤᠯᠵᠤ ᠂ ᠬᠠᠤᠯᠢ ᠴᠠᠭᠠᠵᠠ ᠶ᠋ᠢᠨ ᠦᠢᠯᠡᠴᠢᠯᠡᠭᠡ ᠶ᠋ᠢ ᠦᠨᠡᠨᠬᠦ ᠠᠷᠠᠳ ᠲᠦᠮᠡᠨ ᠳ᠋ᠦ᠍ ᠬᠦᠷᠭᠡᠨ ᠥᠭᠴᠦ ᠂ ᠠᠷᠠᠳ ᠣᠯᠠᠨ ᠢ᠋ ᠭᠡᠷ ᠤ᠋ᠨ ᠡᠭᠦᠳᠡᠨ ᠳ᠋ᠡᠭᠡᠨ ᠪᠠᠢᠭᠠᠳ ᠵᠥᠷᠢᠴᠡᠯ ᠵᠢᠭᠤᠷᠠᠯᠳᠤᠭᠠᠨ ᠢ᠋ ᠠᠷᠢᠯᠭᠠᠬᠤ ᠳᠡᠢᠯᠬᠦ ᠶ᠋ᠢᠨ ᠲᠥᠯᠥᠭᠡ ᠶᠤᠮ ᠃ 》 ᠭᠡᠵᠦ ᠳᠠᠯᠠᠳ ᠬᠤᠰᠢᠭᠤᠨ ᠤ᠋ ᠰᠢᠭᠦᠬᠦ ᠬᠣᠷᠢᠶ᠎ᠠ ᠶ᠋ᠢᠨ ᠲᠣᠭᠣᠷᠢᠨ ᠶᠠᠪᠤᠵᠤ ᠰᠢᠭᠦᠨ ᠲᠠᠰᠤᠯᠬᠤ ᠦᠢᠯᠡᠴᠢᠯᠡᠭᠡᠨ ᠦ᠌ ᠲᠥᠪ ᠤ᠋ᠨ ᠬᠠᠷᠢᠭᠤᠴᠠᠯᠭᠠᠲᠠᠨ ᠦ᠋ ᠹᠧᠢ ᠲᠠᠨᠢᠯᠴᠠᠭᠤᠯᠬᠤ ᠳ᠋ᠠᠭᠠᠨ ᠬᠡᠯᠡᠪᠡ ᠃
ᠨᠢᠭᠡ ᠲᠡᠷᠭᠡ ᠪᠣᠯ ᠨᠢᠭᠡᠨ ᠰᠢᠯᠵᠢᠮᠡᠯ ᠠᠯᠪᠠᠨ ᠭᠡᠷ ᠂ ᠨᠢᠭᠡ ᠡᠪᠬᠡᠮᠡᠯ ᠰᠢᠷᠡᠭᠡ ᠶ᠋ᠢ ᠲᠡᠯᠡᠵᠦ ᠨᠡᠭᠡᠭᠡᠬᠦ ᠪᠡᠷ ᠨᠢ ᠳᠠᠷᠤᠢ ᠨᠢᠭᠡᠨ ᠵᠠᠳᠠᠭᠠᠢ ᠡᠶᠡᠳᠡᠭᠦᠯᠬᠦ ᠲᠠᠰᠤᠭ ᠪᠣᠯᠤᠨ᠎ᠠ ᠃ ᠳᠠᠯᠠᠳ ᠬᠤᠰᠢᠭᠤᠨ ᠤ᠋ ᠰᠢᠭᠦᠬᠦ ᠬᠣᠷᠢᠶ᠎ᠠ ᠪᠦᠬᠦ ᠬᠤᠰᠢᠭᠤᠨ ᠤ᠋ 9 ᠰᠤᠮᠤ ( ᠪᠠᠯᠭᠠᠰᠤ ) ᠳ᠋ᠤ᠌ ᠫᠠᠢᠰᠠ ᠡᠯᠭᠦᠨ ᠲᠣᠭᠣᠷᠢᠨ ᠶᠠᠪᠤᠵᠤ ᠰᠢᠭᠦᠨ ᠲᠠᠰᠤᠯᠬᠤ ᠦᠢᠯᠡᠴᠢᠯᠡᠭᠡᠨ ᠦ᠌ ᠴᠢᠭ ᠢ᠋ ᠪᠣᠢ ᠪᠣᠯᠭᠠᠵᠤ ᠂ ᠲᠣᠭᠣᠷᠢᠨ ᠶᠠᠪᠤᠵᠤ ᠰᠢᠭᠦᠨ ᠲᠠᠰᠤᠯᠬᠤ ᠦᠢᠯᠡᠴᠢᠯᠡᠭᠡᠨ ᠦ᠌ ᠲᠥᠪ ᠨᠢ 《 110 ᠴᠠᠭᠳᠠᠭᠠᠨ ᠤ᠋ ᠮᠡᠳᠡᠭᠡ ᠲᠤᠰᠤᠨ ᠰᠢᠢᠳᠪᠦᠷᠢᠯᠡᠬᠦ 》 ᠵᠠᠭᠪᠤᠷ ᠢ᠋ᠶ᠋ᠠᠷ ᠪᠦᠬᠦ ᠬᠤᠰᠢᠭᠤᠨ ᠤ᠋ ᠡᠯ᠎ᠡ ᠰᠤᠮᠤ ( ᠪᠠᠯᠭᠠᠰᠤ ) ᠂ ᠭᠠᠴᠠᠭᠠᠨ ( ᠲᠣᠰᠬᠣᠨ ) ᠤ᠋ ᠵᠥᠷᠢᠴᠡᠯ ᠵᠢᠭᠤᠷᠠᠯᠳᠤᠭᠠᠨ ᠢ᠋ ᠲᠦᠷᠭᠡᠨ ᠮᠥᠷᠲᠡᠭᠡᠨ ᠦᠨᠡᠨ ᠪᠣᠳᠠᠲᠠᠢ ᠪᠠᠷ ᠰᠢᠢᠳᠪᠦᠷᠢᠯᠡᠪᠡ ᠃
ᠮᠠᠨ ᠤ᠋ ᠬᠦᠯᠢᠶᠡᠨ ᠠᠪᠴᠤ ᠰᠢᠢᠳᠪᠦᠷᠢᠯᠡᠭᠰᠡᠨ ᠬᠡᠷᠡᠭ ᠤ᠋ᠨ ᠣᠯᠠᠩᠬᠢ ᠨᠢ ᠪᠦᠷ ᠠᠷᠠᠳ ᠲᠦᠮᠡᠨ 〈 ᠰᠢᠭᠦᠭᠴᠢ ᠶ᠋ᠢᠨ ᠬᠠᠷᠢᠯᠴᠠᠬᠤ ᠺᠠᠷᠲ 〉 ᠤ᠋ᠨ ᠬᠡᠯᠪᠡᠷᠢ ᠪᠡᠷ ᠰᠢᠭᠤᠳ ᠪᠢᠳᠡᠨ ᠳ᠋ᠦ᠍ ᠤᠲᠠᠰᠤ ᠢᠷᠡᠭᠦᠯᠵᠦ ᠂ ᠪᠢᠳᠡᠨ ᠢ᠋ ᠭᠡᠷ ᠲᠦ᠍ ᠪᠠᠨ ᠤᠷᠢᠵᠤ ᠵᠢᠭᠤᠷᠠᠯᠳᠤᠭᠠᠨ ᠢ᠋ ᠡᠶᠡᠳᠡᠭᠦᠯᠵᠦ ᠰᠢᠢᠳᠪᠦᠷᠢᠯᠡᠭᠦᠯᠳᠡᠭ ᠃ ᠪᠠᠰᠠ ᠨᠢᠭᠡ ᠬᠡᠰᠡᠭ ᠨᠢ ᠬᠠᠷᠢᠶ᠎ᠠ ᠣᠷᠣᠨ ᠤ᠋ ᠦᠨᠳᠦᠰᠦᠨ ᠱᠠᠲᠤᠨ ᠤ᠋ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠪᠢᠳᠡᠨ ᠲᠡᠢ ᠬᠠᠷᠢᠯᠴᠠᠵᠤ ᠲᠤᠬᠠᠢ ᠶ᠋ᠢᠨ ᠭᠠᠵᠠᠷ ᠤ᠋ᠨ ᠵᠢᠭᠤᠷᠠᠯᠳᠤᠭᠠᠨ ᠢ᠋ ᠬᠠᠪᠰᠤᠷᠤᠨ ᠠᠷᠢᠯᠭᠠᠵᠤ ᠂ ᠦᠯᠡᠳᠡᠭᠰᠡᠨ ᠬᠡᠰᠡᠭ ᠨᠢ ᠳᠠᠷᠤᠢ ᠡᠯ᠎ᠡ ᠦᠨᠳᠦᠰᠦᠨ ᠱᠠᠲᠤᠨ ᠤ᠋ ᠰᠢᠭᠦᠬᠦ ᠲᠢᠩᠬᠢᠮ ᠤ᠋ᠨ ᠰᠠᠯᠭᠠᠨ ᠭᠠᠷᠭᠠᠵᠤ ᠲᠣᠮᠢᠯᠠᠭᠰᠠᠨ ᠬᠡᠷᠡᠭ ᠪᠣᠯᠤᠨ᠎ᠠ ᠃
ᠡᠳᠦᠷ ᠲᠤᠲᠤᠮ ᠤ᠋ᠨ ᠠᠵᠢᠯ ᠤ᠋ᠨ ᠳᠤᠮᠳᠠ ᠂ ᠲᠣᠭᠣᠷᠢᠨ ᠶᠠᠪᠤᠵᠤ ᠰᠢᠭᠦᠨ ᠲᠠᠰᠤᠯᠬᠤ ᠦᠢᠯᠡᠴᠢᠯᠡᠭᠡᠨ ᠦ᠌ ᠲᠥᠪ ᠤ᠋ᠨ ᠭᠤᠷᠪᠠᠨ ᠬᠥᠮᠦᠨ ᠦ᠌ 《 ᠪᠠᠭ᠎ᠠ ᠳᠤᠭᠤᠢᠯᠠᠩ 》 ᠢᠳᠡᠪᠬᠢᠲᠡᠢ ᠪᠡᠷ ᠬᠠᠢᠨ ᠰᠦᠪᠡᠭᠴᠢᠯᠡᠵᠦ ᠂ ᠵᠣᠷᠢᠭᠲᠠᠢ ᠪᠠᠷ ᠰᠢᠨ᠎ᠡ ᠶ᠋ᠢ ᠡᠭᠦᠳᠴᠦ ᠂ ᠶᠡᠬᠡ ᠬᠡᠮᠵᠢᠶᠡᠨ ᠦ᠌ ᠵᠥᠷᠢᠴᠡᠯ ᠵᠢᠭᠤᠷᠠᠭᠠᠨ ᠢ᠋ ᠦᠨᠳᠦᠰᠦᠨ ᠱᠠᠲᠤᠨ ᠳ᠋ᠤ᠌ ᠨᠠᠮᠳᠠᠭᠤᠯᠬᠤ ᠪᠠᠷ ᠪᠠᠷᠠᠬᠤ ᠦᠭᠡᠢ ᠂ ᠪᠠᠰᠠ 《 ᠦ᠋ ᠹᠧᠢ ᠤ᠋ᠨ ᠡᠳᠦᠷ ᠤ᠋ᠨ ᠲᠡᠮᠳᠡᠭᠯᠡᠯ 》ᠦᠢᠯᠡᠴᠢᠯᠡᠭᠡᠨ ᠦ᠌ ᠨᠡᠷᠡᠲᠦ ᠲᠡᠮᠳᠡᠭ ᠢ᠋ ᠰᠦᠪᠡᠭᠴᠢᠯᠡᠨ ᠪᠣᠢ ᠪᠣᠯᠭᠠᠵᠠᠢ ᠃
《 ᠵᠠᠷᠭᠤ ᠬᠢᠬᠦ ᠡᠬᠢ ᠰᠤᠷᠪᠤᠯᠵᠢ ᠶ᠋ᠢ ᠵᠠᠰᠠᠬᠤ ᠶ᠋ᠢ ᠤᠯᠠᠮ ᠨᠢᠭᠡ ᠠᠯᠬᠤᠮ ᠠᠬᠢᠭᠤᠯᠵᠤ ᠂ ᠨᠡᠢᠭᠡᠮ ᠤ᠋ᠨ ᠵᠥᠷᠢᠴᠡᠯ ᠢ᠋ ᠭᠦᠢᠴᠡᠳ ᠨᠠᠮᠳᠠᠭᠤᠯᠬᠤ ᠢ᠋ ᠠᠬᠢᠭᠤᠯᠬᠤ ᠭᠡᠪᠡᠯ ᠬᠠᠤᠯᠢ ᠴᠠᠭᠠᠵᠠ ᠶ᠋ᠢ ᠮᠧᠬᠠᠨᠢᠭ ᠢ᠋ᠶ᠋ᠠᠷ ᠬᠡᠷᠡᠭᠯᠡᠵᠦ ᠪᠣᠯᠬᠤ ᠦᠭᠡᠢ ᠂ ᠬᠠᠤᠯᠢ ᠪᠠ ᠶᠣᠰᠣ ᠶ᠋ᠢ ᠣᠷᠭᠠᠨᠢᠭ ᠢ᠋ᠶ᠋ᠠᠷ ᠨᠢᠭᠡᠳᠬᠡᠬᠦ ᠬᠡᠷᠡᠭᠲᠡᠢ ᠃ ᠡᠨᠡ ᠨᠢ ᠳᠠᠷᠤᠢ ᠪᠢᠳᠡᠨ ᠢ᠋ ᠪᠣᠳᠠᠲᠠᠢ ᠠᠵᠢᠯ ᠤ᠋ᠨ ᠳᠤᠮᠳᠠ ᠪᠠᠨ ᠢᠯᠡᠭᠦᠬᠡᠨ ᠬᠦᠴᠦ ᠣᠷᠣᠭᠤᠯᠵᠤ ᠂ ᠠᠷᠠᠳ ᠣᠯᠠᠨ ᠤ᠋ ᠳᠤᠮᠳᠠ ᠣᠴᠢᠵᠤ ᠂ ᠬᠣᠲᠠ ᠶ᠋ᠢᠨ ᠬᠡᠪᠴᠢᠶᠡᠨ ᠦ᠌ ᠨᠡᠢᠭᠡᠮ ᠤ᠋ᠨ ᠵᠠᠰᠠᠯᠲᠠ ᠶ᠋ᠢᠨ ᠳᠤᠮᠳᠠ ᠰᠢᠭᠦᠬᠦ ᠬᠣᠷᠢᠶᠠᠨ ᠤ᠋ ᠬᠦᠴᠦᠨ ᠢ᠋ ᠨᠡᠩ ᠰᠠᠢᠲᠤᠷ ᠪᠠᠳᠠᠷᠠᠭᠤᠯᠬᠤ ᠶ᠋ᠢ ᠱᠠᠭᠠᠷᠳᠠᠵᠤ ᠪᠠᠢᠨ᠎ᠠ ᠃ ᠣᠯᠠᠨ ᠲᠦᠮᠡᠨ ᠦ᠌ ᠠᠵᠢᠯ ᠢ᠋ ᠦᠨᠡᠨᠬᠦ ᠰᠠᠢᠲᠤᠷ ᠬᠢᠵᠦ ᠂ ᠬᠠᠤᠯᠢ ᠴᠠᠭᠠᠵᠠ ᠶ᠋ᠢᠨ ᠦᠢᠯᠡᠴᠢᠯᠡᠭᠡ ᠶ᠋ᠢ ᠠᠷᠠᠳ ᠢᠷᠭᠡᠳ ᠤ᠋ᠨ ᠰᠡᠳᠬᠢᠯ ᠳ᠋ᠦ᠍ ᠬᠦᠷᠭᠡᠬᠦ ᠨᠢ ᠡᠳᠦᠷ ᠳᠣᠳᠣᠮ ᠤ᠋ᠨ ᠠᠵᠢᠯ ᠤ᠋ᠨ ᠳᠤᠮᠳᠠ ᠪᠠᠨ ᠲᠠᠰᠤᠷᠠᠯᠲᠠ ᠦᠭᠡᠢ ᠳ᠋ᠦᠩᠨᠡᠬᠦ ᠪᠠ ᠡᠷᠭᠢᠴᠡᠭᠦᠯᠦᠨ ᠪᠤᠳᠤᠬᠤ ᠶ᠋ᠢ ᠨᠡᠩᠳᠡ ᠱᠠᠭᠠᠷᠳᠠᠬᠤ ᠶᠤᠮ ᠃ 》 ᠭᠡᠵᠦ ᠡᠦ ᠹᠧᠢ ᠬᠡᠯᠡᠪᠡ ᠃
ᠳᠠᠯᠠᠳ ᠬᠤᠰᠢᠭᠤᠨ ᠤ᠋ ᠰᠢᠭᠦᠬᠦ ᠬᠣᠷᠢᠶ᠎ᠠ ᠲᠣᠭᠣᠷᠢᠨ ᠶᠠᠪᠤᠵᠤ ᠰᠢᠭᠦᠨ ᠲᠠᠰᠤᠯᠬᠤ ᠠᠵᠢᠯ ᠤ᠋ᠨ ᠬᠡᠪ ᠵᠠᠭᠪᠤᠷ ᠤ᠋ᠨ ᠰᠢᠨ᠎ᠡ ᠶ᠋ᠢ ᠡᠭᠦᠳᠬᠦ ᠪᠡᠷ ᠳᠠᠮᠵᠢᠭᠤᠯᠤᠨ ᠂ ᠠᠷᠠᠳ ᠣᠯᠠᠨ ᠳ᠋ᠤ᠌ 《 ᠬᠠᠤᠯᠢ ᠶ᠋ᠢ ᠡᠭᠦᠳᠡᠨ ᠳ᠋ᠤ ᠬᠦᠷᠭᠡᠵᠦ 》 ᠂ 《 ᠪᠠᠴᠢᠮ ᠪᠡᠷᠬᠡ ᠵᠣᠪᠠᠨᠢᠯ 》 ᠢ᠋ ᠨᠢ ᠰᠢᠢᠳᠪᠦᠷᠢᠯᠡᠨ ᠂ ᠮᠠᠯᠵᠢᠬᠤ ᠲᠠᠷᠢᠶᠠᠯᠠᠬᠤ ᠣᠷᠣᠨ ᠤ᠋ ᠦᠯᠡᠮᠵᠢ ᠣᠯᠠᠨ ᠵᠥᠷᠢᠴᠡᠯ ᠵᠢᠭᠤᠷᠠᠭᠠᠨ ᠢ᠋ ᠠᠷᠠᠳ ᠣᠯᠠᠨ ᠤ᠋ ᠭᠡᠷ ᠤ᠋ᠨ ᠡᠭᠦᠳᠡᠨ ᠳ᠋ᠦ᠍ ᠥᠨᠳᠥᠷ ᠦᠷ᠎ᠡ ᠪᠦᠲᠦᠮᠵᠢᠲᠡᠢ ᠂ ᠪᠣᠳᠠᠲᠠᠢ ᠪᠡᠷ ᠨᠠᠮᠳᠠᠭᠤᠯᠵᠠᠢ ᠃ ᠰᠢᠨ᠎ᠡ ᠴᠠᠭ ᠦᠶ᠎ᠡ ᠶ᠋ᠢᠨ 《 ᠹᠧᠩ ᠴᠢᠶᠣᠤ ᠶ᠋ᠢᠨ ᠲᠤᠷᠰᠢᠯᠭ᠎ᠠ 》 ᠡᠨᠳᠡ ᠦᠷ᠎ᠡ ᠪᠦᠲᠦᠮᠵᠢ ᠣᠯᠵᠤ ᠂ ᠰᠢᠨ᠎ᠡ ᠶ᠋ᠢ ᠡᠭᠦᠳᠦᠨ ᠬᠥᠭᠵᠢᠵᠦ ᠂ ᠬᠥᠳᠡᠭᠡ ᠲᠣᠰᠬᠣᠨ ᠢ᠋ ᠵᠠᠰᠠᠬᠤ ᠣᠳᠣᠬᠢᠴᠢᠯᠠᠯᠲᠠ ᠢ᠋ᠢᠨ ᠦᠷ᠎ᠡ ᠪᠦᠲᠦᠭᠡᠯ ᠡᠳᠦᠷ ᠢᠷᠡᠬᠦᠶ᠎ᠡ ᠢᠯᠡᠷᠬᠡᠢ ᠪᠣᠯᠵᠤ ᠪᠠᠢᠨ᠎ᠠ ᠃
2021 ᠣᠨ ᠤ᠋ 12 ᠰᠠᠷ᠎ᠠ ᠳ᠋ᠤ᠌ ᠲᠣᠭᠣᠷᠢᠨ ᠶᠠᠪᠤᠵᠤ ᠰᠢᠭᠦᠨ ᠲᠠᠰᠤᠯᠬᠤ ᠦᠢᠯᠡᠴᠢᠯᠡᠭᠡᠨ ᠦ᠌ ᠲᠥᠪ ᠢ᠋ ᠪᠠᠢᠭᠤᠯᠤᠭᠰᠠᠨ ᠠ᠋ᠴᠠ ᠨᠡᠰᠢ ᠂ ᠨᠢᠭᠡᠨᠲᠡ ᠬᠠᠷᠢᠶᠠᠲᠤ ᠣᠷᠣᠨ ᠤ᠋ 9 ᠰᠤᠮᠤ ( ᠪᠠᠯᠭᠠᠰᠤ ) ᠶ᠋ᠢᠨ 132 ᠭᠠᠴᠠᠭ᠎ᠠ ( ᠲᠣᠰᠬᠣᠨ ) ᠳ᠋ᠤ ᠶᠠᠪᠤᠵᠤ ᠂ ᠭᠤᠷᠪᠠᠨ ᠦᠵᠦᠭᠦᠷ ᠡᠴᠡ ᠨᠡᠢᠲᠡ 405 ᠵᠥᠷᠢᠴᠡᠯ ᠵᠢᠭᠤᠷᠠᠯᠳᠤᠭᠠᠨ ᠢ᠋ 《 ᠬᠦᠯᠢᠶᠡᠨ ᠠᠪᠴᠤ 》 ᠠᠷᠢᠯᠭᠠᠵᠠᠢ ᠃ ᠡᠭᠦᠨ ᠳ᠋ᠦ᠍ ᠰᠤᠮᠤ ( ᠪᠠᠯᠭᠠᠰᠤ ) ᠶ᠋ᠢ ᠬᠠᠪᠰᠤᠷᠤᠨ 209 ᠵᠥᠷᠢᠴᠡᠯ ᠢ᠋ ᠠᠷᠢᠯᠭᠠᠨ ᠂ 99 ᠬᠡᠷᠡᠭ ᠢ᠋ ᠠᠮᠵᠢᠯᠲᠠ ᠲᠠᠢ ᠡᠶᠡᠳᠡᠭᠦᠯᠦᠭᠰᠡᠨ ᠮᠥᠷᠲᠡᠭᠡᠨ ᠤᠷᠢᠯᠭ᠎ᠠ ᠪᠠᠷ ᠰᠤᠮᠤ ( ᠪᠠᠯᠭᠠᠰᠤ ) ᠶ᠋ᠢᠨ ᠴᠢᠬᠤᠯᠠ ᠶᠡᠬᠡ ᠵᠠᠬᠢᠳᠠᠯ ᠰᠤᠷᠪᠤᠯᠵᠢᠯᠠᠯ ᠤ᠋ᠨ ᠬᠡᠷᠡᠭ ᠲᠦ᠍ ᠭᠡᠷᠡᠴᠢ ᠰᠣᠨᠣᠰᠬᠤ ᠬᠤᠷᠠᠯ ᠢ᠋ 3 ᠤᠳᠠᠭ᠎ᠠ ᠵᠢᠯᠤᠭᠤᠳᠪᠠ ᠃
ᠦᠨᠡᠯᠡᠬᠦ 0ᠦᠨᠡᠯᠡᠯᠲᠡ᠎ᠲᠠᠢ