ᠣᠢᠷ᠎ᠠ ᠶ᠋ᠢᠨ ᠡᠳᠦᠷ ᠂ ᠨᠢᠭᠡᠨ ᠴᠠᠢᠪᠤᠷ ᠥᠩᠭᠡ ᠲᠠᠢ ᠪᠠᠭ᠎ᠠ ᠬᠡᠯᠪᠡᠷᠢ ᠶ᠋ᠢᠨ ᠵᠢᠯᠣᠭᠣᠴᠢ ᠦᠭᠡᠢ ᠨᠢᠰᠬᠡᠯ ᠠᠯᠭᠤᠷ ᠠᠭᠠᠷ ᠲᠤ᠌ ᠳᠡᠭᠳᠡᠵᠦ ᠂ ᠰᠢᠭᠦᠬᠦ ᠬᠣᠷᠢᠶᠠᠨ ᠤ᠋ ᠭᠦᠢᠴᠡᠳᠬᠡᠬᠦ ᠡᠭᠦᠷᠭᠡ ᠶ᠋ᠢ ᠡᠭᠦᠷᠭᠡᠯᠡᠨ ᠂ ᠨᠢᠭᠡᠨ ᠦᠨ᠎ᠡ ᠬᠠᠶᠠᠯᠴᠠᠨ ᠬᠤᠳᠠᠯᠳᠤᠬᠤ ᠭᠡᠷ ᠪᠠᠢᠰᠢᠩ ᠳ᠋ᠤ᠌ ᠣᠳᠣᠬᠢ ᠪᠠᠢᠳᠠᠯ ᠤ᠋ᠨ ᠪᠠᠢᠴᠠᠭᠠᠯᠲᠠ ᠬᠢᠵᠡᠢ ᠃
ᠨᠢᠭᠡᠨ ᠬᠤᠳᠠᠯᠳᠤᠭᠠᠨ ᠤ᠋ ᠪᠠᠩᠬᠢ ᠶ᠋ᠢᠨ ᠣᠷᠳᠣᠰ ᠢ᠋ᠢᠨ ᠨᠢᠭᠡᠨ ᠬᠣᠭ ᠨᠣᠪᠰᠢ ᠰᠢᠢᠳᠪᠦᠷᠢᠯᠡᠬᠦ ᠺᠣᠮᠫᠠᠨᠢ ᠵᠡᠷᠭᠡ ᠬᠥᠮᠦᠰ ᠤ᠋ᠨ ᠵᠣᠭᠣᠰ ᠵᠢᠭᠡᠯᠡᠭᠰᠡᠨ ᠭᠡᠷ᠎ᠡ ᠶ᠋ᠢᠨ ᠵᠢᠭᠤᠷᠠᠭᠠᠨ ᠢ᠋ ᠭᠦᠢᠴᠡᠳᠭᠡᠭᠦᠯᠬᠦ ᠪᠡᠷ ᠭᠤᠶᠤᠴᠢᠯᠠᠪᠠ ᠂ ᠰᠢᠭᠦᠬᠦ ᠬᠣᠷᠢᠶ᠎ᠠ 2017 ᠣᠨ ᠤ᠋ 7 ᠰᠠᠷ᠎ᠠ ᠶ᠋ᠢᠨ 23 ᠤ᠋ ᠡᠳᠦᠷ ᠰᠢᠭᠦᠨ ᠲᠠᠰᠤᠯᠤᠯᠲᠠ ᠬᠢᠵᠦ ᠂ ᠰᠢᠭᠦᠨ ᠲᠠᠰᠤᠯᠤᠯᠲᠠ ᠢ᠋ᠢᠨ ᠠᠭᠤᠯᠭ᠎ᠠ ᠨᠢ ᠣᠷᠳᠣᠰ ᠤ᠋ᠨ ᠨᠢᠭᠡᠨ ᠬᠣᠭ ᠨᠣᠪᠰᠢ ᠰᠢᠢᠳᠪᠦᠷᠢᠯᠡᠬᠦ ᠺᠣᠮᠫᠠᠨᠢ ᠨᠢ ᠨᠢᠭᠡᠨ ᠬᠤᠳᠠᠯᠳᠤᠭᠠᠨ ᠤ᠋ ᠪᠠᠩᠬᠢ ᠳ᠋ᠤ᠌ 3700 ᠲᠦᠮᠡᠨ ᠲᠥᠭᠥᠷᠢᠭ ᠤ᠋ᠨ ᠡᠬᠡ ᠮᠥᠩᠭᠦ ᠵᠢᠴᠢ ᠬᠦᠦ ᠮᠥᠩᠭᠥ ᠵᠢᠭᠡᠯᠡᠯᠭᠡ ᠲᠥᠯᠦᠨ᠎ᠡ ᠂ ᠬᠡᠷᠡᠭ ᠢ᠋ ᠬᠦᠯᠢᠶᠡᠨ ᠰᠢᠢᠳᠪᠦᠷᠢᠯᠡᠬᠦ ᠰᠦᠢᠳᠬᠡᠯ 35021.65 ᠲᠥᠭᠥᠷᠢᠭ ᠃ ᠰᠢᠭᠦᠨ ᠲᠠᠰᠤᠯᠤᠯᠲᠠ ᠬᠦᠴᠦᠨ ᠲᠡᠢ ᠪᠣᠯᠤᠭᠰᠠᠨ ᠤ᠋ ᠳᠠᠷᠠᠭ᠎ᠠ ᠂ ᠭᠦᠢᠴᠡᠳᠬᠡᠭᠳᠡᠭᠴᠢ ᠣᠷᠳᠣᠰ ᠤ᠋ᠨ ᠨᠢᠭᠡᠨ ᠬᠣᠭ ᠨᠣᠪᠰᠢ ᠰᠢᠢᠳᠪᠦᠷᠢᠯᠡᠬᠦ ᠺᠣᠮᠫᠠᠨᠢ ᠵᠣᠭᠣᠰ ᠪᠤᠴᠠᠭᠠᠬᠤ ᠡᠭᠦᠷᠭᠡ ᠪᠡᠨ ᠪᠦᠷᠢᠨ ᠢ᠋ ᠭᠦᠢᠴᠡᠳᠬᠡᠭᠰᠡᠨ ᠦᠭᠡᠢ ᠂ ᠲᠤᠰ ᠬᠤᠳᠠᠯᠳᠤᠭᠠᠨ ᠤ᠋ ᠪᠠᠩᠬᠢ ᠠᠯᠪᠠᠲᠠᠨ ᠭᠦᠢᠴᠡᠳᠭᠡᠭᠦᠯᠬᠦ ᠪᠡᠷ ᠰᠢᠭᠦᠬᠦ ᠬᠣᠷᠢᠶ᠎ᠠ ᠳ᠋ᠤ᠌ ᠭᠤᠶᠤᠴᠢᠯᠠᠪᠠ ᠃
ᠭᠦᠢᠴᠡᠳᠬᠡᠬᠦ ᠶᠠᠪᠤᠴᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠭᠦᠢᠴᠡᠳᠬᠡᠭᠳᠡᠭᠴᠢ ᠶ᠋ᠢᠨ ᠭᠡᠷ ᠬᠥᠷᠥᠩᠭᠡ ᠶ᠋ᠢ ᠦᠨᠡᠯᠡᠨ ᠵᠢᠱ᠌ᠢᠵᠦ ᠦᠨ᠎ᠡ ᠬᠠᠶᠠᠵᠤ ᠬᠤᠳᠠᠯᠳᠤᠬᠤ ᠵᠢᠷᠤᠮ ᠢ᠋ ᠬᠠᠤᠯᠢ ᠶᠣᠰᠣᠭᠠᠷ ᠬᠡᠷᠡᠭᠵᠢᠭᠦᠯᠵᠦ ᠡᠬᠢᠯᠡᠪᠡ ᠂ ᠭᠦᠢᠴᠡᠳᠬᠡᠭᠳᠡᠭᠴᠢ ᠨᠢ ᠣᠯᠠᠨ ᠤᠳᠠᠭᠠᠨ ᠤ᠋ ᠠᠵᠤ ᠠᠬᠤᠢ ᠶ᠋ᠢᠨ ᠵᠢᠭᠤᠷᠠᠭᠠᠨ ᠡᠴᠡ ᠪᠣᠯᠵᠤ ᠭᠡᠷ ᠪᠠᠢᠰᠢᠩ ᠢ᠋ ᠳᠠᠯᠳᠠᠭᠤᠷ ᠭᠤᠷᠪᠠᠳᠠᠬᠢ ᠬᠥᠮᠦᠨ ᠳ᠋ᠦ᠍ ᠥᠭᠴᠦ ᠂ ᠭᠤᠷᠪᠠᠳᠠᠬᠢ ᠬᠥᠮᠦᠨ ᠰᠢᠭᠦᠬᠦ ᠬᠣᠷᠢᠶ᠎ᠠ ᠲᠠᠢ ᠬᠠᠮᠵᠢᠯᠴᠠᠵᠤ ᠭᠡᠷ ᠪᠠᠢᠰᠢᠩ ᠢ᠋ ᠡᠷᠦᠬᠡ ᠠᠮᠠ ᠳ᠋ᠤ᠌ ᠬᠠᠢᠨ ᠪᠠᠢᠴᠠᠭᠠᠯᠲᠠ ᠬᠢᠬᠦ ᠶ᠋ᠢ ᠲᠡᠪᠴᠢᠭᠰᠡᠨ ᠪᠠᠢᠨ᠎ᠠ ᠃ ᠡᠢᠮᠦ ᠡᠴᠡ ᠂ ᠳᠠᠭᠠᠭᠠᠴᠢᠯᠠᠨ ᠭᠦᠢᠴᠡᠳᠬᠡᠭᠴᠢ ᠣᠳᠣᠬᠢᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤ᠋ᠨ ᠠᠷᠭ᠎ᠠ ᠪᠠᠷᠢᠯ ᠢ᠋ ᠢᠳᠡᠪᠬᠢᠲᠡᠢ ᠬᠡᠷᠡᠭᠯᠡᠨ ᠂ ᠵᠢᠯᠣᠭᠣᠴᠢ ᠦᠭᠡᠢ ᠨᠢᠰᠬᠡᠯ ᠤ᠋ᠨ ᠠᠭᠠᠷ ᠠ᠋ᠴᠠ ᠰᠡᠭᠦᠳᠡᠷᠯᠡᠬᠦ ᠬᠥᠳᠡᠯᠦᠩᠭᠦᠢ ᠂ ᠠᠮᠢᠳᠤᠯᠢᠭ ᠂ ᠲᠣᠳᠣᠷᠬᠠᠢ ᠵᠡᠷᠭᠡ ᠣᠨᠴᠠᠯᠢᠭ ᠢ᠋ ᠠᠰᠢᠭᠯᠠᠨ ᠂ ᠭᠠᠳᠠᠷ ᠲᠠᠯ᠎ᠠ ᠠ᠋ᠴᠠ ᠭᠡᠷ ᠬᠥᠷᠥᠩᠭᠡ ᠶ᠋ᠢᠨ ᠪᠦᠲᠦᠴᠡ ᠶ᠋ᠢ ᠦᠨᠡᠯᠡᠨ ᠵᠢᠱ᠌ᠢᠬᠦ ᠂ ᠣᠳᠣᠬᠢ ᠪᠠᠢᠳᠠᠯ ᠵᠡᠷᠭᠡ ᠪᠠᠢᠳᠠᠯ ᠳ᠋ᠤ᠌ ᠪᠦᠬᠦ ᠲᠠᠯ᠎ᠠ ᠶ᠋ᠢᠨ ᠠᠯᠤᠰ ᠡᠴᠡ ᠰᠡᠭᠦᠳᠡᠷᠯᠡᠨ ᠪᠠᠢᠴᠠᠭᠠᠯᠲᠠ ᠬᠢᠵᠦ ᠂ ᠳᠠᠷᠠᠭᠠᠴᠢ ᠶ᠋ᠢᠨ ᠠᠯᠬᠤᠮ ᠤ᠋ᠨ ᠭᠡᠷ ᠬᠥᠷᠥᠩᠭᠡ ᠶ᠋ᠢ ᠦᠨᠡᠯᠡᠨ ᠵᠢᠱ᠌ᠢᠬᠦ ᠠᠵᠢᠯ ᠳ᠋ᠤ᠌ ᠬᠦᠴᠦᠲᠡᠢ ᠪᠠᠲᠤᠯᠠᠭ᠎ᠠ ᠬᠠᠩᠭᠠᠭᠰᠠᠨ ᠪᠠᠢᠨ᠎ᠠ ᠃ ᠣᠳᠣᠬᠠᠨ ᠳ᠋ᠤ᠌ ᠂ ᠬᠡᠷᠡᠭ ᠨᠢ ᠨᠢᠭᠡᠨᠲᠡ ᠡᠳ᠋ ᠬᠥᠷᠥᠩᠭᠡ ᠶ᠋ᠢ ᠦᠨ᠎ᠡ ᠬᠠᠶᠠᠵᠤ ᠬᠤᠳᠠᠯᠳᠤᠬᠤ ᠵᠢᠷᠤᠮ ᠳ᠋ᠤ᠌ ᠣᠷᠣᠪᠠ ᠃
ᠵᠢᠯᠣᠭᠣᠴᠢ ᠦᠭᠡᠢ ᠨᠢᠰᠬᠡᠯ ᠢ᠋ᠶ᠋ᠡᠷ ᠲᠤᠬᠠᠢ ᠶ᠋ᠢᠨ ᠭᠠᠵᠠᠷ ᠲᠤ᠌ ᠪᠠᠢᠴᠠᠭᠠᠯᠲᠠ ᠬᠢᠵᠦ ᠂ ᠬᠠᠤᠯᠢ ᠴᠠᠭᠠᠵᠠ ᠪᠠᠷ ᠰᠢᠢᠳᠪᠦᠷᠢᠯᠡᠬᠦ ᠦᠷ᠎ᠡ ᠪᠦᠲᠦᠮᠵᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠃ ᠳᠠᠷᠠᠭᠠᠴᠢ ᠪᠠᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠠᠰᠤᠷᠠᠯᠲᠠ ᠥᠬᠡᠢ ᠠᠵᠢᠯ ᠤ᠋ᠨ ᠬᠡᠪ ᠵᠠᠭᠪᠤᠷ ᠤ᠋ᠨ ᠰᠢᠨ᠎ᠡ ᠶ᠋ᠢ ᠡᠭᠦᠳᠴᠦ ᠂ ᠭᠦᠢᠴᠡᠳᠬᠡᠬᠦ ᠣᠢᠯᠠᠭᠠᠭᠳᠠᠬᠤᠨ ᠪᠠ ᠭᠦᠢᠴᠡᠳᠬᠡᠬᠦ ᠬᠡᠯᠪᠡᠷᠢ ᠶ᠋ᠢᠨ ᠣᠳᠣᠬᠢᠴᠢᠯᠠᠯᠲᠠ ᠶ᠋ᠢ ᠠᠬᠢᠭᠤᠯᠵᠤ ᠂ ᠠᠷᠭ᠎ᠠ ᠪᠦᠬᠦᠨ ᠢ᠋ ᠰᠦᠪᠡᠭᠴᠢᠯᠡᠵᠦ ᠪᠠᠢᠭᠠᠳ 《 ᠵᠠᠷᠭᠤ ᠢᠯᠠᠭᠰᠠᠨ ᠰᠢᠭᠦᠨ ᠲᠠᠰᠤᠯᠤᠯᠲᠠ 》 ᠶ᠋ᠢ 《 ᠵᠢᠩᠬᠢᠨᠢ ᠠᠯᠲᠠ ᠮᠥᠩᠭᠦ 》 ᠪᠣᠯᠭᠠᠨ ᠬᠤᠪᠢᠷᠠᠭᠤᠯᠵᠤ ᠂ ᠵᠠᠷᠭᠤ ᠢᠯᠠᠭᠴᠢ ᠶ᠋ᠢᠨ ᠡᠷᠬᠡ ᠠᠰᠢᠭ ᠢ᠋ ᠪᠠᠲᠤᠯᠠᠵᠤ ᠂ ᠪᠥᠬᠥ ᠬᠦᠴᠦᠨ ᠢ᠋ᠶ᠋ᠡᠷ ᠭᠦᠢᠴᠡᠳᠬᠡᠬᠦ ᠴᠢᠨᠠᠷ ᠪᠦᠲᠦᠮᠵᠢ ᠪᠡᠨ ᠳᠡᠭᠡᠭᠰᠢᠯᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ