〔ᠠᠵᠢᠯ ᠤ᠋ᠨ ᠪᠠᠢᠳᠠᠯ 〕ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠡᠭᠦᠨᠭᠠᠷ ᠬᠤᠰᠢᠭᠤᠨ ᠤ᠋ ᠰᠢᠭᠦᠬᠦ ᠬᠣᠷᠢᠶᠠᠨ ᠳ᠋ᠤ᠌ ᠬᠦᠷᠴᠦ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠪᠠᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠣᠳᠪᠠ
2023.09.01 ᠲᠣᠰ ᠥᠷᠲᠡᠭᠡᠨ᠎ᠦ ᠨᠠᠢᠷᠠᠭᠤᠯᠤᠭᠴᠢ

    8 ᠰᠠᠷ᠎ᠠ ᠶ᠋ᠢᠨ 22 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠂ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠶ᠋ᠢᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ  ᠤᠨ ᠪᠠᠢᠳᠠᠯ ᠳᠦ ᠪᠠᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠣᠳᠤᠭᠰᠠᠨ ᠪᠠᠢᠨ᠎ᠠ ᠃ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋  ᠬᠣᠷᠢᠶᠠᠨ ᠳᠠᠷᠤᠭ᠎ᠠ ᠢᠦᠢ ᠶᠠ ᠫᠢᠩ ᠨᠠᠷ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠪᠡ ᠃

 

 

    ᠰᠠᠭᠤᠳᠠᠯ ᠤᠨ ᠬᠤᠷᠠᠯ ᠳᠡᠭᠡᠷ᠎ᠡ ᠂ ᠢᠦᠢ ᠶᠠ ᠫᠢᠩ ᠵᠡᠭᠦᠨᠭᠠᠷ ᠬᠤᠰᠢᠭᠤᠨ ᠤ᠋ ᠰᠢᠭᠦᠬᠦ ᠬᠣᠷᠢᠶᠠᠨ ᠤ᠋ 2023 ᠣᠨ ᠤ᠋ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠪᠦᠬᠦᠢᠯᠡ ᠪᠠᠢᠳᠠᠯ ᠪᠠ ᠭᠣᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠭᠰᠡᠨ ᠪᠠᠢᠳᠠᠯ ᠢ᠋ ᠬᠠᠷᠢᠭᠤ ᠮᠡᠳᠡᠭᠦᠯᠬᠦ ᠶ᠋ᠢᠨ ᠬᠠᠮᠲᠤ《ᠵᠠᠬᠢᠳᠠᠯ ᠪᠠᠢᠪᠠᠯ ᠵᠠᠪᠠᠯ ᠬᠠᠷᠢᠭᠤᠯᠬᠤ》 ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠣᠷᠣᠯᠠᠨ ᠭᠦᠢᠴᠡᠳᠬᠡᠬᠦ ᠂ ᠰᠠᠢᠨ ᠳᠤᠷᠠᠴᠤᠳ ᠢ ᠳᠠᠭᠠᠭᠤᠯᠤᠨ ᠵᠠᠬᠢᠳᠠᠯ ᠰᠤᠷᠪᠤᠯᠵᠢᠯᠠᠭ᠎ᠠ ᠶ᠋ᠢᠨ ᠳᠠᠷᠤᠭᠳᠠᠮᠠᠯ ᠬᠡᠷᠡᠭ ᠢ᠋ ᠰᠢᠢᠳᠪᠦᠷᠢᠯᠡᠬᠦ ᠠᠵᠢᠯ ᠢ᠋ ᠠᠬᠢᠭᠤᠯᠤᠭᠰᠠᠨ ᠪᠠᠢᠳᠠᠯ ᠤ᠋ᠨ ᠲᠤᠬᠠᠢ ᠨᠢᠭᠡᠳ ᠨᠢᠭᠡ ᠪᠡᠷ ᠬᠠᠷᠢᠭᠤ ᠮᠡᠳᠡᠭᠦᠯᠦᠯᠲᠡ ᠬᠢᠪᠡ ᠃ ᠬᠤᠷᠠᠯ ᠳ᠋ᠤ᠌ ᠣᠷᠣᠯᠴᠠᠭᠰᠠᠨ ᠬᠥᠮᠦᠰ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠳ᠋ᠤ᠌ ᠣᠷᠣᠰᠢᠵᠤ ᠪᠠᠢᠭ᠎ᠠ ᠬᠦᠴᠢᠷᠳᠡᠯ ᠂ ᠠᠰᠠᠭᠤᠳᠠᠯ ᠪᠠ ᠰᠠᠨᠠᠭᠤᠯᠭ᠎ᠠ ᠶ᠋ᠢᠨ ᠲᠤᠬᠠᠢ ᠭᠦᠨᠵᠡᠭᠡᠢ ᠰᠣᠯᠢᠯᠴᠠᠭ᠎ᠠ ᠪᠠ ᠶᠠᠷᠢᠯᠴᠠᠭ᠎ᠠ ᠬᠢᠵᠡᠢ ᠃

    ᠯᠢ ᠵᠢᠩ ᠭᠦᠸᠧ ᠵᠡᠭᠦᠨᠭᠠᠷ ᠬᠤᠰᠢᠭᠤᠨ ᠤ᠋ ᠰᠢᠭᠦᠬᠦ ᠬᠣᠷᠢᠶ᠎ᠠ ᠵᠠᠭᠠᠯᠳᠤᠯᠭ᠎ᠠ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠳᠡᠭᠡᠳᠦ ᠬᠡᠮᠵᠢᠶ᠎ᠡ ᠪᠡᠷ ᠬᠦᠨᠳᠦᠳᠬᠡᠨ ᠦᠵᠡᠭᠰᠡᠨ ᠪᠠ ᠣᠯᠤᠭᠰᠠᠨ ᠦᠷ᠎ᠡ ᠪᠦᠲᠦᠮᠵᠢ ᠶ᠋ᠢ ᠨᠤᠲᠠᠯᠠᠬᠤ ᠶ᠋ᠢᠨ ᠬᠠᠮᠲᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠴᠢᠨᠠᠷ ᠴᠢᠨᠰᠠᠭ᠎ᠠ ᠶ᠋ᠢ ᠦᠷᠭᠦᠯᠵᠢᠯᠡᠨ ᠳᠡᠭᠡᠭᠰᠢᠯᠡᠭᠦᠯᠬᠦ ᠲᠠᠯ᠎ᠠ ᠪᠠᠷ ᠵᠢᠯᠣᠭᠣᠳᠬᠤ ᠰᠠᠨᠠᠯ ᠳᠤᠷᠠᠳᠪᠠ ᠃ ᠲᠡᠷᠡ ᠴᠢᠬᠤᠯᠠᠴᠢᠯᠠᠭᠰᠠᠨ ᠨᠢ ᠂ ᠨᠢᠭᠡ ᠳ᠋ᠦ᠍ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠵᠣᠬᠢᠴᠠᠭᠤᠯᠬᠤ ᠲᠣᠭᠲᠠᠴᠠ ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ 《 ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠬᠣᠷᠢᠶ᠎ᠠ + ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ + ᠰᠢᠭᠦᠬᠦ ᠬᠣᠷᠢᠶ᠎ᠠ + N 》 ᠬᠠᠮᠲᠤᠷᠠᠨ ᠬᠥᠳᠡᠯᠦᠯᠴᠡᠵᠦ ᠰᠢᠢᠳᠪᠦᠷᠢᠯᠡᠬᠦ ᠬᠡᠪ ᠵᠠᠭᠪᠤᠷ ᠢ᠋ ᠭᠦᠢᠴᠡᠳ ᠬᠡᠷᠡᠭᠯᠡᠨ ᠂ ᠨᠡᠩ ᠣᠯᠠᠨ ᠰᠢᠢᠳᠪᠦᠷᠢᠯᠡᠬᠦ ᠬᠦᠴᠦᠨ ᠢ᠋ ᠬᠣᠯᠪᠣᠭᠠᠯᠠᠨ ᠰᠢᠢᠳᠪᠦᠷᠢᠯᠡᠬᠦ ᠶᠡᠬᠡ ᠪᠠᠢᠷᠢᠰᠢᠯ ᠳ᠋ᠦ  ᠣᠷᠤᠭᠤᠯᠤᠨ ᠠᠪᠴᠦ ᠂ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠮᠥᠨ ᠴᠢᠨᠠᠷ ᠤ᠋ᠨ ᠲᠠᠯ᠎ᠠ ᠪᠠᠷ ᠰᠢᠢᠳᠪᠦᠷᠢᠯᠡᠬᠦ ᠠᠵᠢᠯ ᠢ᠋ ᠦᠨᠡᠨ ᠬᠦ᠌ ᠲᠦᠯᠬᠢᠨ ᠠᠬᠢᠭᠤᠯᠬᠤ ᠬᠡᠷᠡᠭᠲᠡᠢ ᠃ ᠬᠣᠶᠠᠷ ᠲᠤ᠌ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠵᠤ ᠂ 《 ᠬᠥᠯᠭᠡ ᠰᠢᠳᠡᠷ᠎ᠡ ᠮᠡᠲᠦ ᠪᠠᠢᠯᠭᠠᠬᠤ 》 ᠦᠵᠡᠯ ᠰᠠᠨᠠᠭ᠎ᠠ ᠶ᠋ᠢ ᠪᠠᠲᠤ ᠪᠡᠬᠢ ᠪᠣᠢ ᠪᠣᠯᠭᠠᠵᠤ ᠂ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠤᠳᠤᠷᠢᠳᠤᠯᠭ᠎ᠠ ᠶ᠋ᠢᠨ ᠭᠣᠣᠯᠳᠠᠯᠭ᠎ᠠ ᠲᠠᠢ ᠪᠠᠷ ᠪᠣᠯᠵᠣᠨ ᠰᠤᠷᠪᠤᠯᠵᠢᠯᠠᠬᠤ ᠂ ᠬᠠᠮᠲᠤᠷᠠᠨ ᠬᠣᠯᠪᠤᠭᠠᠯᠠᠨ ᠰᠤᠷᠪᠤᠯᠵᠢᠯᠠᠭ᠎ᠠ ᠶ᠋ᠢ ᠬᠦᠯᠢᠶᠡᠨ ᠠᠪᠬᠤ ᠂ ᠬᠡᠷᠡᠭ  ᠳᠦ ᠴᠢᠭᠯᠡᠭᠦᠯᠦᠨ ᠪᠠᠭᠤᠵᠦ ᠰᠤᠷᠪᠤᠯᠵᠢᠯᠠᠬᠤ ᠪᠠ 《 ᠲᠠᠪᠤᠨ ᠨᠢᠭᠡ 》 ᠶ᠋ᠢᠨ ᠬᠡᠷᠡᠭ ᠢ᠋ ᠳᠠᠭᠠᠭᠠᠴᠢᠯᠠᠬᠤ ᠳᠦᠷᠢᠮ ᠢ᠋ ᠴᠢᠩᠭ᠎ᠠ ᠨᠠᠢᠳᠠᠪᠤᠷᠢᠵᠢᠭᠤᠯᠵᠤ ᠂ 《ᠴᠥᠭᠡᠩᠭᠢ ᠵᠠᠩᠭᠢᠯᠠᠭ᠎ᠠ ᠶᠢᠨ ᠬᠥᠮᠦᠰ》  ᠤᠨ ᠦᠢᠯᠡᠳᠦᠯ ᠢ᠋ ᠭᠦᠢᠴᠡᠳ ᠪᠠᠳᠠᠷᠠᠭᠤᠯᠤᠨ ᠂ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠪᠣᠳᠠᠲᠠᠢ ᠭᠠᠵᠠᠷ ᠲᠤᠨᠢ ᠨᠠᠢᠳᠠᠪᠤᠷᠢᠵᠢᠭᠤᠯᠵᠤ ᠂ ᠪᠣᠳᠠᠲᠤ ᠦᠷ᠎ᠡ ᠪᠦᠲᠦᠮᠵᠢ ᠣᠯᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃ ᠭᠤᠷᠪᠠ ᠳ᠋ᠤ᠌ ᠵᠠᠬᠢᠳᠠᠯ ᠰᠤᠷᠪᠤᠯᠵᠢᠯᠠᠯ ᠤ᠋ᠨ ᠡᠳᠦᠷ ᠳᠣᠳᠣᠮ ᠤ᠋ᠨ ᠠᠵᠢᠯ ᠢ᠋ ᠰᠠᠢᠲᠤᠷ ᠬᠢᠵᠦ ᠂ ᠠᠵᠢᠯ ᠤ᠋ᠨ ᠴᠤᠪᠤᠷᠠᠯ ᠢ᠋ ᠤᠯᠠᠮ ᠨᠢᠭᠡ ᠠᠯᠬᠤᠮ ᠵᠢᠷᠤᠮᠵᠢᠭᠤᠯᠤᠨ ᠂ 《ᠵᠠᠬᠢᠳᠠᠯ ᠪᠠᠢᠪᠠᠯ ᠵᠠᠪᠠᠯ ᠬᠠᠷᠢᠭᠤᠯᠬᠤ》 ᠠᠵᠢᠯ ᠤ᠋ᠨ ᠱᠠᠭᠠᠷᠳᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠵᠤ ᠂ ᠵᠠᠬᠢᠳᠠᠯ ᠰᠤᠷᠪᠤᠯᠵᠢᠯᠠᠯ ᠤ᠋ᠨ ᠮᠡᠳᠡᠭᠡ ᠵᠠᠩᠭᠢ ᠶ᠋ᠢᠨ ᠰᠢᠰᠲ᠋ᠧᠮ ᠢ᠋ ᠭᠦᠨᠵᠡᠭᠡᠢ ᠬᠡᠷᠡᠭᠯᠡᠨ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠯ ᠤ᠋ᠨ ᠣᠷᠣᠯᠠᠨ ᠭᠦᠢᠴᠡᠳᠬᠡᠬᠦ ᠠᠵᠢᠯ ᠢ᠋  ᠨᠠᠩ ᠭᠦᠨᠵᠡᠭᠡᠢ ᠨᠡᠩ ᠪᠣᠳᠠᠲᠠᠢ ᠲᠡᠰᠢ ᠲᠦᠯᠬᠢᠨ ᠠᠬᠢᠭᠤᠯᠵᠤ ᠂ ᠵᠠᠬᠢᠳᠠᠯ ᠰᠤᠷᠪᠤᠯᠵᠢᠯᠠᠯ ᠤ᠋ᠨ ᠬᠡᠷᠡᠭ ᠢ᠋ ᠣᠯᠠᠨ ᠲᠦᠮᠡᠨ ᠦ᠌ ᠳᠡᠷᠭᠡᠳᠡ ᠨᠢ ᠰᠢᠢᠳᠪᠦᠷᠢᠯᠡᠵᠦ ᠂ ᠵᠥᠷᠢᠴᠡᠯ ᠵᠢᠭᠤᠷᠠᠯᠳᠤᠭᠠᠨ ᠢ᠋ ᠦᠨᠳᠦᠰᠦᠨ ᠡᠬᠢ ᠡᠭᠦᠰᠦᠯ ᠡᠴᠡ ᠨᠢ ᠠᠷᠢᠯᠭᠠᠬᠤ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )