ᠣᠢᠷ᠎ᠠ ᠳ᠋ᠤ᠌ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠵᠠᠷᠭᠤ ᠶᠢᠨ ᠡᠮᠦᠨᠡᠬᠢ ᠡᠶᠡᠳᠡᠭᠦᠯᠬᠦ ᠲᠥᠪ ᠦᠨ ᠺᠠᠳ᠋ᠷ ᠴᠠᠭᠳᠠᠭ᠎ᠠ ᠶ᠋ᠢᠨ ᠪᠠᠷ᠎ᠠ ᠪᠣᠯᠣᠯᠭ᠎ᠠ ᠪᠠ ᠭᠡᠷᠡᠴᠢᠯᠡᠭᠡ ᠶ᠋ᠢᠨ ᠳᠣᠣᠷ᠎ᠠ ᠂ ᠠᠪᠴᠠᠭᠠᠲᠠᠨ ᠲᠢᠶᠠᠨ ᠣᠪᠣᠭᠲᠤ ᠬᠢᠭᠡᠳ ᠥᠭᠴᠡᠭᠡᠲᠡᠨ ᠸᠠᠩ ᠣᠪᠣᠭᠲᠤ ᠬᠠᠮᠲᠤᠪᠠᠷ ᠪᠠᠩᠬᠢ ᠳ᠋ᠤ᠌ ᠬᠦᠷᠴᠦ 70 ᠲᠦᠮᠡᠨ ᠲᠥᠭᠥᠷᠢᠭ ᠦᠨ ᠪᠡᠯᠡᠨ ᠮᠥᠩᠭᠥ ᠶ᠋ᠢ ᠰᠢᠯᠭᠠᠨ ᠪᠠᠢᠴᠠᠭᠠᠵᠦ ᠲᠣᠭᠠᠴᠠᠨ ᠪᠦᠷᠢᠳᠬᠡᠵᠡᠶ᠂ ᠪᠤᠷᠤᠭᠤ ᠦᠭᠡᠢ ᠭᠡᠵᠦ ᠨᠤᠲᠠᠯᠠᠭᠰᠠᠨ ᠤ᠋ ᠳᠠᠷᠠᠭ᠎ᠠ ᠂ ᠬᠣᠶᠠᠷ ᠲᠠᠯ᠎ᠠ ᠪᠠᠷ ᠢ᠋ᠶ᠋ᠠᠨ ᠲᠤᠬᠠᠢ ᠶ᠋ᠢᠨ ᠲᠠᠯᠠᠪᠠᠢ ᠶᠢᠨ ᠡᠶᠡᠳᠡᠭᠦᠯᠭᠡ ᠶ᠋ᠢᠨ ᠬᠡᠯᠡᠯᠴᠡᠭᠡᠷ ᠳᠡᠭᠡᠷ᠎ᠡ ᠭᠠᠷ ᠤ᠋ᠨ ᠦᠰᠦᠭ ᠵᠢᠷᠤᠬᠤ ᠶ᠋ᠢᠨ ᠬᠠᠮᠲᠤ ᠡᠶᠡᠳᠡᠭᠦᠯᠭᠡ ᠶ᠋ᠢᠨ ᠪᠢᠴᠢᠭ ᠢᠶᠡᠨ ᠲᠤᠰᠤᠨ ᠠᠪᠤᠪᠠ ᠃ ᠢᠩᠭᠢᠭᠡᠳ ᠂ ᠡᠨᠡ ᠬᠦ᠌ 14 ᠵᠢᠯ ᠦᠷᠭᠦᠯᠵᠢᠯᠡᠭᠰᠡᠨ ᠠᠷᠠᠳ ᠤ᠋ᠨ ᠬᠣᠭᠣᠷᠣᠨᠳᠣᠬᠢ ᠵᠢᠭᠡᠯᠡᠯᠭᠡ ᠶ᠋ᠢᠨ ᠵᠢᠭᠤᠷᠠᠯᠳᠤᠭᠠᠨ ᠨᠢ ᠵᠠᠷᠭᠤ ᠶᠢᠨ ᠡᠮᠦᠨᠡᠬᠢ ᠡᠶᠡᠳᠡᠭᠦᠯᠭᠡ ᠂ ᠵᠠᠭᠠᠯᠳᠤᠯᠭ᠎ᠠ ᠶᠢᠨ ᠳᠤᠮᠳᠠᠬᠢ ᠡᠶᠡᠳᠡᠭᠦᠯᠭᠡ᠂ ᠬᠠᠮᠤᠭ ᠰᠡᠭᠦᠯ ᠳᠦ ᠲᠠᠰᠤᠯᠤᠯᠲᠠ ᠶᠢᠨ ᠳᠠᠷᠠᠭᠠᠬᠢ ᠡᠶᠡᠳᠡᠭᠦᠯᠭᠡ ᠪᠡᠷ ᠳᠠᠮᠵᠢᠭᠤᠯᠤᠨ ᠲᠡᠭᠦᠰ ᠠᠮᠵᠢᠯᠲᠠ ᠲᠠᠶ ᠰᠢᠶᠳᠪᠦᠷᠢᠯᠡᠭᠰᠡᠨ ᠪᠠᠶᠢᠨ᠎ᠠ᠃
2023 ᠣᠨ ᠤ᠋ 4 ᠰᠠᠷ᠎ᠠ ᠳ᠋ᠤ᠌ ᠂ ᠵᠠᠷᠭᠤ ᠶᠢᠨ ᠡᠮᠦᠨᠡᠬᠢ ᠡᠶᠡᠳᠡᠭᠦᠯᠬᠦ ᠲᠥᠪ ᠦᠨ ᠡᠶᠡᠳᠡᠭᠦᠯᠦᠭᠴᠢ ᠡᠴᠡ ᠳᠡᠭᠡᠭᠰᠢ ᠵᠠᠭᠠᠯᠳᠤᠭᠴᠢ ᠲᠢᠶᠠᠨ ᠣᠪᠣᠭᠲᠤ ᠪᠣᠯᠤᠨ ᠳᠡᠭᠡᠭᠰᠢ ᠵᠠᠭᠠᠯᠳᠤᠭᠳᠠᠭᠴᠢ ᠸᠠᠩ ᠣᠪᠣᠭᠲᠤ᠂ ᠨᠢᠭᠡᠨ ᠭᠡᠷ ᠪᠠᠢᠰᠢᠩ ᠭᠠᠵᠠᠷ ᠬᠥᠷᠥᠩᠭᠡ ᠶ᠋ᠢᠨ ᠺᠣᠮᠫᠠᠨᠢ ᠶ᠋ᠢᠨ ᠠᠷᠠᠳ ᠤ᠋ᠨ ᠬᠣᠭᠣᠷᠣᠨᠳᠣᠬᠢ ᠵᠢᠭᠡᠯᠡᠯᠭᠡ ᠠᠪᠤᠭᠰᠠᠨ ᠬᠡᠷᠡᠭ ᠦᠨ ᠬᠣᠶᠠᠳᠤᠭᠠᠷ ᠰᠢᠭᠦᠯᠲᠡ ᠳ᠋ᠦ᠍ ᠬᠡᠷᠡᠭ ᠪᠣᠯᠭᠠᠨ ᠳᠠᠩᠰᠠᠯᠠᠬᠤ ᠠᠴᠠ ᠡᠮᠦᠨ᠎ᠡ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠢ᠋ ᠵᠣᠬᠢᠶᠠᠨ ᠪᠠᠢᠭᠤᠯᠵᠤ ᠡᠶᠡᠳᠡᠭᠦᠯᠵᠦ ᠂ ᠵᠣᠭᠣᠰ ᠪᠤᠴᠠᠭᠠᠭᠰᠠᠨ ᠴᠠᠭ ᠪᠠ ᠲᠣᠭ᠎ᠠ ᠬᠡᠮᠵᠢᠶ᠎ᠡ ᠨᠢ ᠬᠤᠶᠠᠷ ᠲᠠᠯ᠎ᠠ ᠪᠡᠷ ᠢᠶᠡᠨ ᠰᠠᠨᠠᠯ ᠨᠢᠭᠡᠳᠴᠦ ᠳᠡᠢᠯᠦᠭᠰᠡᠨ ᠦᠭᠡᠢ ᠡᠴᠡ ᠪᠣᠯᠵᠤ ᠬᠡᠷᠡᠭ ᠢ᠋ ᠬᠠᠤᠯᠢ ᠶᠣᠰᠣᠭᠠᠷ ᠰᠠᠯᠭᠠᠵᠤ ᠰᠢᠭᠦᠬᠦ ᠵᠢᠷᠤᠮ ᠳ᠋ᠤ᠌ ᠣᠷᠣᠭᠤᠯᠪᠠ ᠃
ᠲᠤᠰ ᠬᠡᠷᠡᠭ ᠬᠡᠳᠦᠢᠪᠡᠷ ᠰᠠᠯᠭᠠᠨ ᠭᠠᠷᠭᠠᠭᠰᠠᠨ ᠪᠣᠯᠪᠠᠴᠤ ᠡᠶᠡᠳᠡᠭᠦᠯᠦᠭᠴᠢ ᠶᠠᠨ ᠶᠦᠩ ᠮᠧᠢ ᠶᠢᠨ ᠦᠵᠡᠬᠦ ᠪᠡᠷ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠦ᠌ ᠵᠢᠭᠡᠯᠡᠯᠭᠡ ᠶ᠋ᠢᠨ ᠪᠣᠳᠠᠲᠤ ᠶᠠᠪᠤᠳᠠᠯ ᠤ᠋ᠨ ᠲᠤᠬᠠᠢ ᠮᠠᠷᠭᠤᠯᠳᠤᠭᠠᠨ ᠨᠢ ᠨᠡᠯᠢᠶᠡᠳ ᠪᠠᠭ᠎ᠠ ᠪᠠᠶᠢᠵᠤ ᠂ ᠥᠭᠴᠡᠭᠡᠲᠡᠨ ᠦ᠌ ᠭᠡᠷ ᠪᠠᠢᠰᠢᠩ ᠭᠠᠵᠠᠷ ᠰᠢᠷᠣᠢ ᠶ᠋ᠢᠨ ᠺᠣᠮᠫᠠᠨᠢ ᠶ᠋ᠢᠨ ᠡᠵᠡᠩᠨᠡᠯᠲᠡ ᠠᠨᠠᠢ ᠂ ᠲᠡᠭᠦᠨ ᠦ᠌ ᠦᠭᠭᠦᠭᠰᠡᠨ ᠭᠦᠢᠴᠡᠳᠬᠡᠬᠦ ᠲᠥᠰᠦᠯ ᠨᠢ ᠪᠣᠳᠠᠲᠤ ᠪᠠᠢᠳᠠᠯ ᠳ᠋ᠤ᠌ ᠨᠡᠯᠢᠶᠡᠳ ᠨᠡᠢᠴᠡᠭᠰᠡᠨ ᠪᠠᠢᠨ᠎ᠠ ᠭᠡᠵᠦ ᠦᠵᠡᠵᠡᠢ ᠃ ᠠᠪᠴᠠᠭᠠᠲᠠᠨ ᠨᠢ ᠳᠠᠯ᠎ᠠ ᠰᠢᠬᠠᠮ ᠬᠦᠷᠦᠭᠰᠡᠨ ᠨᠠᠰᠤᠲᠠᠨ ᠂ ᠰᠢᠭᠦᠨ ᠲᠠᠰᠤᠯᠤᠭᠰᠠᠨ ᠤ᠋ ᠳᠠᠷᠠᠭ᠎ᠠ ᠭᠦᠢᠴᠡᠳᠬᠡᠬᠦ ᠪᠡᠷ ᠭᠤᠶᠤᠴᠢᠯᠠᠬᠤ ᠳ᠋ᠤ᠌ ᠶᠡᠬᠡ ᠬᠡᠮᠵᠢᠶᠡᠨ ᠦ᠌ ᠴᠠᠭ ᠪᠣᠯᠤᠨ ᠬᠦᠴᠦ ᠬᠡᠷᠡᠭᠰᠡᠨ᠎ᠡ ᠂ ᠡᠶᠡᠳᠡᠭᠦᠯᠦᠨ ᠰᠢᠢᠳᠪᠦᠷᠢᠯᠡᠬᠦ ᠨᠢ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠳ᠋ᠦ᠍ ᠴᠥᠮ ᠠᠰᠢᠭᠲᠠᠢ ᠂ ᠡᠶᠡᠳᠡᠭᠦᠯᠦᠭᠴᠢ ᠡᠴᠡ ᠵᠠᠷᠭᠤ ᠶᠢᠨ ᠡᠮᠦᠨ᠎ᠡ ᠡᠶᠡᠳᠡᠭᠦᠯᠵᠦ ᠪᠠᠢᠭ᠎ᠠ ᠪᠠᠢᠳᠠᠯ ᠢ᠋ ᠢᠷᠭᠡᠨ ᠦ ᠲᠠᠪᠤᠳᠤᠭᠠᠷ ᠲᠢᠩᠬᠢᠮ ᠦᠨ ᠳᠠᠭᠠᠭᠠᠨ ᠰᠢᠢᠳᠪᠦᠷᠢᠯᠡᠬᠦ ᠰᠢᠭᠦᠭᠴᠢ ᠲᠡᠢ ᠣᠯᠠᠨ ᠤᠳᠠᠭ᠎ᠠ ᠨᠡᠪᠲᠡᠷᠡᠯᠴᠡᠵᠦ ᠂ ᠬᠣᠶᠠᠷ ᠲᠠᠯ᠎ᠠ ᠶ᠋ᠢᠨ ᠡᠶᠡᠳᠡᠭᠦᠯᠭᠡ ᠶᠢ ᠢᠳᠡᠪᠬᠢᠲᠡᠢ ᠠᠬᠢᠭᠤᠯᠪᠠ ᠃
ᠰᠢᠭᠦᠭᠴᠢ ᠶ᠋ᠢᠨ ᠵᠠᠷᠭᠤ ᠶᠢᠨ ᠡᠮᠦᠨᠡᠬᠢ ᠡᠶᠡᠳᠡᠭᠦᠯᠦᠭᠰᠡᠨ ᠪᠠᠢᠳᠠᠯ ᠢ᠋ ᠣᠢᠯᠠᠭᠠᠭᠰᠠᠨ ᠤ᠋ ᠳᠠᠷᠠᠭ᠎ᠠ ᠂ ᠲᠤᠰ ᠬᠡᠷᠡᠭ ᠦᠨ ᠵᠢᠭᠡᠯᠡᠭᠦᠯᠦᠭᠰᠡᠨ ᠵᠣᠭᠣᠰ ᠤ᠋ᠨ ᠲᠣᠭ᠎ᠠ ᠨᠢ ᠨᠡᠯᠢᠶᠡᠳ ᠶᠡᠬᠡ ᠂ ᠪᠤᠴᠠᠭᠠᠬᠤ ᠵᠣᠭᠣᠰ ᠤ᠋ᠨ ᠲᠣᠭ᠎ᠠ ᠨᠢ ᠣᠯᠠᠨ ᠂ ᠴᠠᠭ ᠬᠤᠭᠤᠴᠠᠭ᠎ᠠ ᠨᠢ ᠤᠷᠲᠤ ᠂ ᠬᠣᠶᠠᠷ ᠲᠠᠯ᠎ᠠ ᠶ᠋ᠢᠨ ᠬᠦᠦ ᠮᠥᠩᠭᠥ ᠶ᠋ᠢᠨ ᠨᠣᠷᠮ᠎ᠠ ᠶ᠋ᠢᠨ ᠲᠣᠬᠢᠷᠠᠯᠴᠠᠭ᠎ᠠ ᠨᠢ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠳᠡᠭᠡᠳᠦ ᠬᠢᠵᠠᠭᠠᠷ ᠠ᠋ᠴᠠ ᠳᠠᠪᠠᠭᠰᠠᠨ ᠂ ᠳᠠᠩᠰᠠ ᠨᠢ ᠨᠡᠯᠢᠶᠡᠳ ᠪᠤᠳᠤᠯᠢᠶᠠᠨᠲᠠᠢ ᠵᠡᠷᠭᠡ ᠪᠤᠰᠤᠳᠴᠢ ᠪᠣᠳᠠᠲᠤ ᠪᠠᠢᠳᠠᠯ ᠲᠠᠢ ᠤᠶᠠᠯᠳᠤᠭᠤᠯᠤᠨ ᠂ ᠣᠢᠷ᠎ᠠ ᠶ᠋ᠢᠨ ᠵᠢᠯ ᠡᠴᠡ ᠨᠡᠰᠢ ᠲᠤᠰ ᠬᠣᠷᠢᠶᠠᠨ ᠤ᠋ ᠭᠠᠷᠭᠠᠭᠰᠠᠨ ᠲᠥᠷᠥᠯ ᠦᠨ ᠬᠡᠷᠡᠭ ᠦᠨ ᠲᠠᠰᠤᠯᠤᠨ ᠲᠣᠭᠲᠠᠭᠠᠯᠲᠠ ᠶ᠋ᠢᠨ ᠪᠢᠴᠢᠭ ᠬᠠᠷ᠎ᠠ ᠪᠠᠷ ᠵᠢᠱ᠌ᠢᠶᠡᠯᠡᠪᠡᠯ ᠂ ᠲᠤᠬᠠᠢ ᠶ᠋ᠢᠨ ᠬᠥᠮᠦᠨ ᠳ᠋ᠦ᠍ ᠥᠷᠢᠲᠦᠭᠰᠡᠨ ᠵᠣᠭᠣᠰ ᠤ᠋ᠨ ᠲᠣᠭ᠎ᠠ ᠶ᠋ᠢ ᠪᠣᠳᠣᠬᠤ ᠦᠨᠳᠦᠰᠦᠯᠡᠯ ᠵᠢᠴᠢ ᠪᠣᠳᠣᠬᠤ ᠠᠷᠭ᠎ᠠ ᠶ᠋ᠢ ᠲᠠᠢᠯᠪᠤᠷᠢᠯᠠᠵᠤ ᠂ ᠲᠤᠬᠠᠢ ᠶ᠋ᠢᠨ ᠬᠥᠮᠦᠨ ᠢ᠋ ᠬᠥᠲᠥᠯᠦᠨ ᠵᠢᠯᠣᠭᠣᠳᠴᠤ ᠬᠡᠷᠡᠭ ᠦᠨ ᠦᠷ᠎ᠡ ᠳ᠋ᠦᠩ ᠳ᠋ᠦ᠍ ᠵᠣᠬᠢᠰᠲᠠᠢ ᠵᠢᠱ᠌ᠢᠯᠲᠡ ᠬᠢᠯᠭᠡᠵᠡᠢ ᠃ ᠬᠡᠳᠦᠢᠪᠡᠷ ᠳᠠᠬᠢᠨ ᠳᠠᠪᠲᠠᠨ ᠡᠶᠡᠳᠡᠭᠦᠯᠦᠭᠰᠡᠨ ᠪᠣᠯᠪᠠᠴᠤ ᠬᠣᠶᠠᠷ ᠲᠠᠯ ᠠ ᠪᠠᠷ ᠢᠶᠠᠨ ᠮᠥᠨ ᠯᠡ ᠡᠶᠡᠳᠡᠭᠦᠯᠬᠦ ᠪᠡᠷ ᠰᠠᠨᠠᠯ ᠨᠢᠭᠡᠳᠦᠭᠰᠡᠨ ᠦᠭᠡᠢ ᠪᠠᠶᠢᠵᠤ ᠂ ᠡᠶᠡᠳᠡᠭᠦᠯᠵᠦ ᠪᠣᠯᠬᠤ ᠶ᠋ᠢ ᠨᠢ ᠡᠶᠡᠳᠡᠭᠦᠯᠵᠦ ᠂ ᠰᠢᠭᠦᠨ ᠲᠠᠰᠤᠯᠵᠤ ᠪᠣᠯᠬᠤ ᠵᠠᠷᠴᠢᠮ ᠢ᠋ ᠪᠠᠷᠢᠮᠲᠠᠯᠠᠨ ᠂ ᠬᠠᠮᠲᠤᠷᠠᠨ ᠵᠥᠪᠯᠡᠬᠦ ᠲᠢᠩᠬᠢᠮ ᠨᠢ 7 ᠰᠠᠷ᠎ᠠ ᠳ᠋ᠤ᠌ ᠰᠢᠭᠦᠬᠦ ᠬᠤᠭᠤᠴᠠᠭ᠎ᠠ ᠳᠦᠭᠦᠷᠬᠦ ᠡᠴᠡ ᠡᠮᠦᠨ᠎ᠡ ᠰᠢᠭᠦᠨ ᠲᠠᠰᠤᠯᠤᠯᠲᠠ ᠶ᠋ᠢᠨ ᠪᠢᠴᠢᠭ ᠬᠠᠷ᠎ᠠ ᠶ᠋ᠢ ᠵᠣᠬᠢᠶᠠᠭᠰᠠᠨ ᠪᠠᠢᠨ᠎ᠠ ᠃
ᠵᠢᠷᠤᠭ
ᠲᠤᠬᠠᠢ ᠶ᠋ᠢᠨ ᠬᠥᠮᠦᠨ ᠢ᠋ ᠰᠢᠭᠦᠨ ᠲᠠᠰᠤᠯᠬᠤ ᠠ᠋ᠴᠠ ᠡᠮᠦᠨ᠎ᠡ ᠂ ᠵᠠᠷᠭᠤ ᠶᠢᠨ ᠡᠮᠦᠨᠡᠬᠢ ᠡᠶᠡᠳᠡᠭᠦᠯᠬᠦ ᠲᠥᠪ ᠦᠨ ᠺᠠᠳ᠋ᠷ ᠴᠠᠭᠳᠠᠭ᠎ᠠ ᠬᠠᠮᠲᠤᠷᠠᠨ ᠵᠥᠪᠯᠡᠬᠦ ᠲᠢᠩᠬᠢᠮ ᠦᠨ ᠰᠠᠨᠠᠯ ᠤ᠋ᠨ ᠰᠠᠭᠤᠷᠢᠨ ᠳᠡᠭᠡᠷ᠎ᠡ ᠪᠠᠰᠠ ᠤᠯᠠᠮ ᠨᠢᠭᠡ ᠠᠯᠬᠤᠮ ᠡᠶᠡᠳᠡᠭᠦᠯᠬᠦ ᠲᠥᠰᠦᠯ ᠲᠣᠭᠲᠠᠭᠠᠵᠤ ᠂ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠲᠡᠢ ᠰᠢᠨ᠎ᠡ ᠨᠢᠭᠡ ᠡᠭᠡᠯᠵᠢ ᠶ᠋ᠢᠨ ᠡᠶᠡᠳᠡᠭᠦᠯᠬᠦ ᠠᠵᠢᠯ ᠢ᠋ ᠦᠷᠭᠦᠯᠵᠢᠯᠡᠨ ᠬᠦᠯᠢᠴᠡᠩᠭᠦᠢ ᠬᠢᠵᠦ ᠂ ᠰᠢᠭᠦᠭᠴᠢ ᠪᠣᠯᠤᠨ ᠡᠶᠡᠳᠡᠭᠦᠯᠬᠦ ᠲᠥᠪ ᠦᠨ ᠠᠵᠢᠯᠳᠠᠨ ᠤ ᠤᠯᠠᠨ ᠲᠠᠯ ᠠ ᠶᠢᠨ ᠴᠢᠷᠮᠠᠢᠯᠭ᠎ᠠ ᠪᠠᠷ ᠬᠣᠶᠠᠷ ᠲᠠᠯ ᠠ ᠶᠢᠨ ᠲᠤᠬᠠᠶ ᠶᠢᠨ ᠬᠥᠮᠦᠨ ᠡᠴᠦᠰ ᠲᠡᠬᠡᠨ ᠤᠷᠢᠳᠤ ᠶᠢᠨ ᠰᠡᠵᠢᠭ ᠢᠶᠡᠨ ᠠᠯᠳᠠᠷᠠᠭᠠᠵᠤ᠂ ᠥᠭᠴᠡᠭᠡᠲᠡᠨ ᠲᠡᠷᠡ ᠳᠠᠷᠤᠶ ᠳᠤᠨᠢ ᠭᠦᠢᠴᠡᠳᠬᠡᠬᠦ ᠶᠢ ᠵᠥᠪᠰᠢᠶᠡᠷᠡᠵᠦ᠂ ᠬᠣᠶᠠᠷ ᠲᠠᠯ ᠠ ᠶᠢᠨ ᠵᠢᠭᠤᠷᠠᠯᠳᠤᠭᠠᠨ ᠢ ᠲᠡᠭᠦᠰ ᠠᠮᠵᠢᠯᠲᠠ ᠲᠠᠶ ᠪᠠᠷ ᠰᠢᠶᠳᠪᠦᠷᠢᠯᠡᠭᠰᠡᠨ ᠪᠠᠶᠢᠨ ᠠ᠃
ᠣᠢᠷ᠎ᠠ ᠶ᠋ᠢᠨ ᠵᠢᠯ ᠡᠴᠡ ᠨᠡᠰᠢ ᠂ ᠠᠷᠠᠳ ᠤ᠋ᠨ ᠬᠣᠭᠣᠷᠣᠨᠳᠣᠬᠢ ᠵᠢᠭᠡᠯᠡᠯᠭᠡ ᠶ᠋ᠢᠨ ᠬᠡᠷᠡᠭ ᠨᠢ ᠣᠷᠳᠣᠰ ᠬᠣᠲᠠ ᠶ᠋ᠢᠨ ᠬᠠᠷᠢᠶ᠎ᠠ ᠲᠣᠭᠣᠷᠢᠭ ᠳᠠᠬᠢ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠬᠡᠷᠡᠭ ᠦᠨ ᠲᠣᠭ᠎ᠠ ᠬᠡᠮᠵᠢᠶ᠎ᠡ ᠪᠡᠷ ᠬᠠᠮᠤᠭ ᠣᠯᠠᠨ ᠬᠡᠷᠡᠭ ᠪᠠᠢᠵᠤ ᠂ ᠲᠤᠬᠠᠢ ᠶ᠋ᠢᠨ ᠬᠥᠮᠦᠨ ᠦ᠌ ᠭᠡᠷᠡᠴᠢ ᠶ᠋ᠢᠨ ᠤᠬᠠᠮᠰᠠᠷ ᠢᠶᠠᠷ ᠳᠤᠲᠠᠮᠠᠭ ᠂ ᠪᠣᠳᠠᠲᠤ ᠶᠠᠪᠤᠳᠠᠯ ᠤ᠋ᠨ ᠨᠤᠲᠠᠯᠠᠯᠲᠠ ᠳ᠋ᠤ᠌ ᠨᠡᠯᠢᠶᠡᠳ ᠬᠦᠴᠢᠷ ᠂ ᠵᠠᠷᠢᠮ ᠬᠡᠷᠡᠭ ᠦᠨ ᠬᠠᠷᠠᠯᠲᠠ ᠲᠣᠭ᠎ᠠ ᠶᠡᠬᠡ ᠂ ᠳᠠᠩᠰᠠ ᠶᠠᠪᠤᠳᠠᠯ ᠪᠤᠳᠤᠯᠢᠶᠠᠨᠲᠠᠢ ᠂ ᠠᠷᠠᠳ ᠤ᠋ᠨ ᠬᠣᠭᠣᠷᠣᠨᠳᠣᠬᠢ ᠵᠢᠭᠡᠯᠡᠯᠭᠡ ᠶ᠋ᠢᠨ ᠬᠡᠷᠡᠭ ᠢ᠋ ᠬᠣᠶᠠᠳᠤᠭᠠᠷ ᠰᠢᠭᠦᠯᠲᠡ ᠳ᠋ᠦ᠍ ᠬᠡᠷᠡᠭᠵᠢᠭᠦᠯᠵᠦ ᠪᠠᠢᠭᠰᠠᠨ ᠢ᠋ ᠥᠭᠡᠷᠡᠴᠢᠯᠡᠨ ᠰᠠᠢᠵᠢᠷᠠᠭᠤᠯᠬᠤ ᠨᠣᠷᠮ᠎ᠠ ᠨᠡᠯᠢᠶᠡᠳ ᠥᠨᠳᠥᠷ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠨᠡᠯᠢᠶᠡᠳ ᠠᠷᠪᠢᠨ ᠪᠠᠢᠯ᠎ᠠ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠳᠤᠮᠳᠠᠬᠢ ᠵᠢᠭᠡᠯᠡᠯᠭᠡ ᠶ᠋ᠢᠨ ᠬᠡᠷᠡᠭ ᠦᠨ ᠲᠤᠰᠬᠠᠢ ᠰᠢᠭᠦᠨ ᠲᠠᠰᠤᠯᠬᠤ ᠲᠢᠩᠬᠢᠮ 2022 ᠣᠨ ᠳ᠋ᠤ᠌ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《ᠭᠤᠷᠪᠠᠨ ᠦᠵᠦᠭᠦᠷ ᠲᠠᠪᠤᠨ ᠰᠡᠷᠭᠡᠶᠢᠯᠡᠯᠲᠡ ᠶᠢᠨ ᠱᠤᠭᠤᠮ》ᠶ᠋ᠢᠨ ᠵᠠᠭᠠᠯᠳᠤᠯᠭ᠎ᠠ ᠶ᠋ᠢ ᠵᠠᠰᠠᠬᠤ ᠠᠵᠢᠯ ᠢ᠋ ᠪᠥᠬᠥ ᠬᠦᠴᠦᠨ ᠢ᠋ᠶ᠋ᠡᠷ ᠠᠬᠢᠭᠤᠯᠵᠤ ᠂ ᠬᠡᠷᠡᠭ ᠪᠣᠯᠭᠠᠨ ᠳᠠᠩᠰᠠᠯᠠᠬᠤ ᠲᠢᠩᠬᠢᠮ ᠦᠨ ᠵᠠᠷᠭᠤ ᠠ᠋ᠴᠠ ᠡᠮᠦᠨ᠎ᠡ ᠡᠶᠡᠳᠡᠭᠦᠯᠬᠦ ᠲᠥᠪ ᠲᠦ᠍ ᠠᠷᠠᠳ ᠤ᠋ᠨ ᠬᠣᠭᠣᠷᠣᠨᠳᠣᠬᠢ ᠵᠢᠭᠡᠯᠡᠯᠭᠡ ᠶ᠋ᠢᠨ ᠬᠡᠷᠡᠭ ᠢ᠋ ᠲᠤᠰᠬᠠᠢ ᠡᠶᠡᠳᠡᠭᠦᠯᠬᠦ ᠠᠵᠢᠯ ᠤ᠋ᠨ ᠳᠤᠭᠤᠢᠯᠠᠩ ᠪᠠᠢᠭᠤᠯᠵᠤ ᠂ ᠬᠣᠶᠠᠷ ᠰᠠᠯᠠᠭ᠎ᠠ ᠮᠥᠴᠢᠷ ᠢᠳᠡᠪᠬᠢᠲᠡᠢ ᠬᠠᠮᠵᠢᠯᠴᠠᠨ ᠂ 《ᠵᠠᠷᠭᠤ ᠠ᠋ᠴᠠ ᠡᠮᠦᠨᠡᠬᠢ ᠡᠶᠡᠳᠡᠭᠦᠯᠭᠡ ᠂ ᠵᠠᠷᠭᠤ ᠡᠶᠡᠳᠡᠭᠦᠯᠭᠡ ᠶ᠋ᠢ ᠵᠣᠯᠭᠠᠭᠤᠯᠴᠠᠬᠤ ᠂ ᠬᠡᠷᠡᠭ ᠢ᠋ ᠰᠢᠭᠦᠬᠦ + ᠵᠠᠷᠭᠤ ᠶ᠋ᠢᠨ ᠳᠤᠮᠳᠠᠬᠢ ᠡᠶᠡᠳᠡᠬᠦ ᠶ᠋ᠢ ᠲᠣᠮᠢᠯᠠᠬᠤ ᠂ ᠰᠢᠭᠦᠨ ᠲᠠᠰᠤᠯᠤᠭᠰᠠᠨ ᠤ᠋ ᠳᠠᠷᠠᠭ᠎ᠠ ᠡᠶᠡᠳᠡᠭᠦᠯᠬᠦ 》ᠪᠠᠷ ᠳᠠᠮᠵᠢᠭᠤᠯᠤᠨ ᠂ ᠠᠷᠠᠳ ᠤ᠋ᠨ ᠬᠣᠭᠣᠷᠣᠨᠳᠣᠬᠢ ᠵᠢᠭᠡᠯᠡᠯᠭᠡ ᠶ᠋ᠢᠨ ᠵᠢᠭᠤᠷᠠᠯᠳᠤᠭᠠᠨ ᠢ᠋ ᠡᠶᠡᠳᠡᠭᠦᠯᠬᠦ ᠠᠵᠢᠯ ᠢ᠋ ᠵᠣᠬᠢᠴᠠᠭᠤᠯᠤᠨ ᠂ ᠠᠷᠠᠳ ᠤ᠋ᠨ ᠬᠣᠭᠣᠷᠣᠨᠳᠣᠬᠢ ᠵᠢᠭᠡᠯᠡᠯᠭᠡ ᠶ᠋ᠢᠨ ᠵᠢᠭᠤᠷᠠᠯᠳᠤᠭᠠᠨ ᠢ᠋ ᠠᠷᠢᠯᠭᠠᠵᠤ 《ᠳᠥᠷᠪᠡᠨ ᠠᠯᠬᠤᠮ ᠢ᠋ᠶ᠋ᠠᠷ ᠶᠠᠪᠤᠬᠤ》 ᠠᠵᠢᠯ ᠤ᠋ᠨ ᠬᠡᠯᠪᠡᠷᠢ ᠶ᠋ᠢ ᠵᠣᠬᠢᠴᠠᠭᠤᠯᠤᠨ ᠬᠢᠵᠦ ᠂ ᠠᠰᠠᠭᠤᠳᠠᠯ ᠢ᠋ ᠰᠢᠢᠳᠪᠦᠷᠢᠯᠡᠬᠦ ᠪᠡᠷ ᠤᠳᠤᠷᠢᠳᠤᠮᠵᠢ ᠪᠣᠯᠭᠠᠵᠤ ᠂ ᠣᠯᠠᠨ ᠲᠦᠮᠡᠨ ᠦ᠌ ᠣᠢᠯᠠᠭᠠᠵᠤ ᠮᠡᠳᠡᠳᠡᠭ ᠦᠭᠡ ᠬᠡᠯᠡ ᠂ ᠣᠢᠯᠠᠭᠠᠵᠤ ᠳᠡᠢᠯᠬᠦ ᠯᠣᠭᠢᠭ ᠂ ᠬᠦᠯᠢᠶᠡᠨ ᠠᠪᠴᠤ ᠳᠡᠢᠯᠬᠦ ᠠᠷᠭ᠎ᠠ ᠮᠠᠶ᠋ᠢᠭ ᠢᠶᠠᠷ ᠨᠡᠪᠲᠡᠷᠡᠯᠴᠡᠵᠦ ᠂ ᠬᠠᠤᠯᠢ ᠴᠠᠭᠠᠵᠠ ᠶ᠋ᠢᠨ ᠲᠠᠢᠯᠪᠤᠷᠢᠯᠠᠯ ᠂ ᠵᠥᠷᠢᠴᠡᠯ ᠵᠢᠭᠤᠷᠠᠯᠳᠤᠭᠠᠨ ᠢ ᠠᠷᠢᠯᠭᠠᠭᠠᠳ ᠮᠠᠰᠢ ᠰᠠᠢᠢᠨ ᠦᠷ᠎ᠡ ᠪᠦᠲᠦᠮᠵᠢ ᠤᠯᠪᠠ ᠃ ᠳᠠᠷᠠᠭᠠᠴᠢ ᠪᠠᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠮᠥᠩᠭᠥᠨ ᠭᠦᠢᠯᠭᠡᠭᠡᠨ ᠦ᠌ ᠬᠡᠷᠡᠭ ᠢ᠋ ᠰᠢᠭᠦᠨ ᠲᠠᠰᠤᠯᠬᠤ ᠵᠠᠭᠪᠤᠷ ᠢ᠋ ᠤᠯᠠᠮ ᠨᠢᠭᠡ ᠠᠯᠬᠤᠮ ᠰᠦᠪᠡᠭᠴᠢᠯᠡᠵᠦ ᠂ ᠮᠥᠩᠭᠥᠨ ᠭᠦᠢᠯᠭᠡᠭᠡᠨ ᠦ᠌ ᠲᠦᠭᠰᠢᠭᠦᠷᠢ ᠶ᠋ᠢ ᠰᠡᠷᠭᠡᠢᠯᠡᠨ ᠂ ᠠᠵᠤ ᠠᠬᠤᠢᠯᠠᠯ ᠪᠣᠯᠤᠨ ᠣᠯᠠᠨ ᠲᠦᠮᠡᠨ ᠦ᠌ ᠮᠠᠷᠭᠤᠭᠠᠨ ᠵᠢᠭᠤᠷᠠᠭᠠᠨ ᠢ ᠡᠶᠡᠳᠡᠬᠦ ᠥᠪᠡᠷ ᠤᠨ ᠥᠷᠲᠡᠭ ᠢ᠋ ᠪᠠᠭᠠᠰᠬᠠᠵᠤ ᠂ ᠤᠯᠠᠮ ᠨᠢᠭᠡ ᠠᠯᠬᠤᠮ ᠠᠷᠠᠳ ᠣᠯᠠᠨ ᠳᠦ ᠬᠠᠤᠯᠢ ᠬᠡᠷᠡᠭᠵᠢᠭᠦᠯᠬᠦ ᠣᠯᠤᠯᠲᠠ ᠲᠥᠷᠦᠭᠳᠡᠯ ᠪᠠ ᠬᠠᠨᠤᠮᠵᠢ ᠶᠢᠨ ᠬᠡᠮᠵᠢᠶ᠎ᠡ ᠶ᠋ᠢ ᠳᠡᠭᠡᠭᠰᠢᠯᠡᠭᠦᠯᠦᠶ᠎ᠡ ᠃
ᠦᠨᠡᠯᠡᠬᠦ 0ᠦᠨᠡᠯᠡᠯᠲᠡ᠎ᠲᠠᠢ