ᠪᠥᠬᠥ ᠬᠣᠲᠠ ᠶ᠋ᠢᠨ ᠰᠢᠭᠦᠬᠦ ᠬᠣᠷᠢᠶ ᠠ ᠶᠢᠨ ᠨᠢᠭᠡᠨ ᠥᠷᠲᠡᠭᠡᠴᠢᠯᠡᠭᠰᠡᠨ ᠬᠡᠯᠪᠡᠷᠢ ᠶ᠋ᠢᠨ ᠣᠯᠠᠨ ᠡᠰᠢᠲᠦ ᠵᠢᠭᠤᠷᠠᠯᠳᠤᠭᠠᠨ ᠶᠢ ᠰᠢᠢᠳᠪᠦᠷᠢᠯᠡᠬᠦ ᠂ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠦ᠋ᠨ ᠪᠠᠢᠭᠤᠯᠤᠯᠲᠠ ᠶ᠋ᠢᠨ ᠬᠢᠷᠢ ᠲᠦᠪᠰᠢᠨ ᠢ᠋ ᠤᠯᠠᠮ ᠨᠢᠭᠡ ᠠᠯᠬᠤᠮ ᠳᠡᠭᠡᠭᠰᠢᠯᠡᠭᠦᠯᠵᠦ ᠂ 《ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》ᠤ᠋ᠨ ᠵᠠᠷᠭᠤ ᠶ᠋ᠢᠨ ᠡᠬᠢ ᠰᠤᠷᠪᠤᠯᠵᠢ ᠶ᠋ᠢ ᠵᠠᠰᠠᠬᠤ ᠠᠵᠢᠯ ᠤ᠋ᠨ ᠦᠷ᠎ᠡ ᠪᠦᠲᠦᠭᠡᠯ ᠢ᠋ ᠪᠡᠬᠢᠵᠢᠭᠦᠯᠵᠦ ᠂ ᠬᠡᠷᠡᠭ ᠪᠣᠯᠭᠠᠨ ᠳᠠᠩᠰᠠᠯᠠᠬᠤ ᠬᠠᠮᠢᠶᠠᠷᠤᠯᠲᠠ ᠂ ᠲᠦᠷᠭᠡᠨ ᠲᠠᠰᠤᠯᠬᠤ ᠲᠦᠷᠭᠡᠨ ᠰᠢᠭᠦᠯᠲᠡ ᠪᠠ《 ᠹᠧᠩ ᠴᠢᠶᠣᠤ ᠬᠡᠯᠪᠡᠷᠢ ᠶ᠋ᠢᠨ ᠰᠢᠭᠦᠬᠦ ᠲᠢᠩᠬᠢᠮ》ᠦ᠋ᠨ ᠪᠠᠢᠭᠤᠯᠤᠯᠲᠠ ᠶ᠋ᠢᠨ ᠠᠵᠢᠯ ᠢ᠋ ᠴᠢᠩᠭᠠᠳᠬᠠᠵᠤ ᠂ ᠪᠥᠬᠥ ᠬᠣᠲᠠ ᠶ᠋ᠢᠨ ᠰᠢᠭᠦᠬᠦ ᠬᠣᠷᠢᠶ ᠠ ᠶᠢᠨ ᠣᠢᠷ᠎ᠠ ᠶ᠋ᠢᠨ ᠵᠢᠯ ᠦ᠋ᠨ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠠᠵᠢᠯ ᠤ᠋ᠨ ᠪᠠᠢᠳᠠᠯ ᠢ᠋ ᠳ᠋ᠦᠩᠨᠡᠵᠦ ᠂ 8 ᠰᠠᠷ᠎ᠠ ᠶ᠋ᠢᠨ 28 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠠᠵᠢᠯ ᠤ᠋ᠨ ᠬᠠᠷᠠᠭᠠᠨ ᠳᠠᠪᠲᠠᠮᠵᠢ ᠶ᠋ᠢᠨ ᠬᠤᠷᠠᠯ ᠬᠤᠷᠠᠯᠳᠤᠭᠤᠯᠪᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠳᠠᠷᠤᠭ᠎ᠠ ᠯᠢ ᠵᠢᠩ ᠭᠦᠸᠧ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠾᠧ ᠶᠠᠨ ᠴᠦᠨ ᠂ ᠡᠯ᠎ᠡ ᠢᠷᠭᠡᠨ ᠦ᠌ ᠬᠡᠷᠡᠭ ᠦ᠋ᠨ ᠰᠢᠭᠦᠬᠦ ᠲᠢᠩᠬᠢᠮ ᠦ᠋ᠨ ᠬᠠᠷᠢᠭᠤᠴᠠᠯᠭᠠᠲᠠᠨ ᠵᠢᠴᠢ ᠬᠡᠷᠡᠭ ᠪᠣᠯᠭᠠᠬᠤ ᠲᠢᠩᠬᠢᠮ ᠂ ᠵᠠᠷᠭᠤ ᠶ᠋ᠢᠨ ᠦᠢᠯᠡᠴᠢᠯᠡᠭᠡᠨ ᠦ᠌ ᠲᠥᠪ ᠦ᠋ᠨ ᠪᠦᠬᠦ ᠺᠠᠳ᠋ᠷ ᠴᠠᠭᠳᠠᠭ᠎ᠠ ᠨᠠᠷ ᠬᠤᠷᠠᠯ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ ᠠ ᠶᠢᠨ ᠤᠳᠤᠷᠢᠳᠬᠤ ᠪᠠᠭ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠨᠤᠭᠤᠳ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠢᠷᠡᠵᠦ ᠬᠤᠷᠠᠯ ᠳ᠋ᠤ᠌ ᠣᠷᠣᠯᠴᠠᠪᠠ ᠃
ᠬᠤᠷᠠᠯ ᠳᠡᠭᠡᠷ᠎ᠡ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠠᠵᠢᠯ ᠳ᠋ᠤ᠌ ᠣᠷᠣᠰᠢᠵᠤ ᠪᠠᠢᠭ᠎ᠠ ᠠᠰᠠᠭᠤᠳᠠᠯ ᠂ ᠭᠢᠯᠠᠰ ᠴᠡᠭ ᠦ᠋ᠨ ᠠᠷᠭ᠎ᠠ ᠪᠠᠷᠢᠯ ᠪᠠ ᠳᠠᠷᠠᠭᠠᠴᠢ ᠶ᠋ᠢᠨ ᠠᠯᠬᠤᠮ ᠤ᠋ᠨ ᠠᠵᠢᠯ ᠤ᠋ᠨ ᠲᠥᠯᠥᠪᠯᠡᠭᠡ ᠵᠡᠷᠭᠡ ᠲᠤᠬᠠᠢ ᠬᠠᠷᠢᠭᠤ ᠮᠡᠳᠡᠭᠦᠯᠦᠯᠲᠡ ᠬᠢᠵᠦ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ ᠠ ᠶᠢᠨ ᠬᠡᠷᠡᠭ ᠪᠣᠯᠭᠠᠨ ᠳᠠᠩᠰᠠᠯᠠᠬᠤ ᠲᠢᠩᠬᠢᠮ ᠦ᠋ᠨ ᠬᠠᠷᠢᠭᠤᠴᠠᠯᠭᠠᠲᠠᠨ ᠰᠢᠦᠸᠠᠢ ᠴᠦᠨ ᠮᠧᠢ ᠂ ᠰᠢᠭᠦᠬᠦ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠦ᠋ᠨ ᠡᠷᠬᠢᠯᠡᠭᠴᠢ ᠳ᠋ᠤᠸᠠᠨ ᠰᠢᠶᠣᠤ ᠵᠢᠩ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠂ ᠵᠠᠷᠭᠤ ᠶ᠋ᠢᠨ ᠡᠮᠦᠨᠡᠬᠢ ᠡᠶᠡᠳᠡᠭᠦᠯᠭᠡ ᠂ ᠲᠦᠷᠭᠡᠨ ᠰᠢᠭᠦᠯᠲᠡ ᠶ᠋ᠢᠨ ᠲᠠᠰᠤᠯᠤᠨ ᠲᠣᠭᠲᠠᠭᠠᠯᠲᠠ ᠂ ᠵᠠᠷᠭᠤ ᠶ᠋ᠢᠨ ᠦᠢᠯᠡᠴᠢᠯᠡᠭᠡ ᠵᠡᠷᠭᠡ ᠲᠠᠯ᠎ᠠ ᠶ᠋ᠢᠨ ᠠᠵᠢᠯ ᠳ᠋ᠤ᠌ ᠲᠤᠰ ᠲᠤᠰ ᠮᠡᠳᠡᠭᠡᠯᠡᠯ ᠬᠢᠬᠦ ᠶ᠋ᠢᠨ ᠬᠠᠮᠲᠤ ᠳᠠᠷᠠᠭ᠎ᠠ ᠠᠯᠬᠤᠮ ᠤ᠋ᠨ ᠠᠵᠢᠯ ᠤ᠋ᠨ ᠱᠠᠭᠠᠷᠳᠠᠯᠭ᠎ᠠ ᠶ᠋ᠢ ᠳᠤᠷᠠᠳᠤᠨ ᠭᠠᠷᠭᠠᠪᠠ ᠃
ᠬᠤᠷᠠᠯ ᠠᠴᠠ ᠵᠢᠭᠠᠵᠤ ᠭᠠᠷᠭᠠᠭᠰᠠᠨ ᠨᠢ ᠂ ᠬᠡᠷᠡᠭ ᠪᠣᠯᠭᠠᠨ ᠳᠠᠩᠰᠠᠯᠠᠬᠤ ᠲᠢᠩᠬᠢᠮ ᠪᠣᠯ ᠣᠯᠠᠨ ᠲᠦᠮᠡᠨ ᠦ᠌ ᠬᠠᠤᠯᠢ ᠴᠠᠭᠠᠵᠠ ᠪᠠᠷ ᠡᠷᠬᠡ ᠪᠡᠨ ᠬᠠᠮᠠᠭᠠᠯᠠᠬᠤ ᠡᠭᠦᠳᠡ ᠪᠤᠯᠤᠨ᠎ᠠ᠂ ᠮᠥᠨᠴᠦ ᠲᠤᠬᠠᠢ ᠶ᠋ᠢᠨ ᠬᠥᠮᠦᠨ ᠢ᠋ ᠬᠦᠯᠢᠶᠡᠨ ᠠᠪᠬᠤ ᠪᠠ ᠬᠡᠷᠡᠭ ᠢ᠋ ᠬᠦᠯᠢᠶᠡᠨ ᠠᠪᠬᠤ ᠰᠢᠢᠳᠪᠦᠷᠢᠯᠡᠬᠦ ᠨᠢᠭᠡᠳᠦᠭᠡᠷ ᠴᠣᠩᠬᠣ ᠮᠥᠨ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠠᠵᠢᠯ ᠳᠤ ᠨᠡᠯᠢᠶᠡᠳ ᠰᠠᠢᠨ ᠠᠮᠵᠢᠯᠲᠠ ᠣᠯᠵᠤ ᠂ ᠵᠠᠷᠭᠤ ᠶ᠋ᠢᠨ ᠡᠬᠢ ᠶ᠋ᠢ ᠵᠠᠰᠠᠬᠤ ᠂ ᠣᠯᠠᠨ ᠡᠰᠢᠲᠦ ᠵᠢᠭᠤᠷᠠᠯᠳᠤᠭᠠᠨ ᠢ᠋ ᠰᠢᠢᠳᠪᠦᠷᠢᠯᠡᠬᠦ ᠦᠷ᠎ᠡ ᠪᠦᠲᠦᠮᠵᠢ ᠢᠯᠡᠳᠲᠡ ᠪᠠᠢᠵᠤ ᠂ ᠣᠯᠠᠨ ᠵᠦᠢᠯ ᠦ᠋ᠨ ᠭᠦᠢᠴᠡᠳᠬᠡᠬᠦ ᠲᠣᠭ᠎ᠠ ᠨᠢ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳ᠋ᠦ᠍ ᠵᠢᠭᠰᠠᠭᠠᠭᠳᠠᠪᠠ ᠃ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ ᠠ ᠶᠢᠨ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠰᠠᠯᠠᠭ᠎ᠠ ᠮᠥᠴᠢᠷ ᠦ᠋ᠨ ᠺᠠᠳ᠋ᠷ ᠴᠠᠭᠳᠠᠭ᠎ᠠ ᠶ᠋ᠢ ᠨᠢᠭᠡᠳᠦᠨ ᠪᠦᠯᠬᠦᠮᠳᠡᠵᠦ ᠂ ᠰᠢᠷᠭᠠᠭᠤ ᠦᠨᠡᠨᠴᠢ ᠠᠵᠢᠯᠯᠠᠬᠤ᠂ ᠪᠡᠷᠬᠡ ᠶᠢ ᠲᠤᠭᠤᠯᠤᠨ ᠬᠦᠴᠢᠷ ᠢ ᠳᠠᠪᠠᠵᠤ᠂ ᠰᠠᠢᠨ ᠰᠠᠢᠬᠠᠨ ᠣᠶᠤᠨ ᠰᠠᠨᠠᠭᠠᠨ ᠤ᠋ ᠳᠦᠷᠰᠦ ᠪᠠᠢᠳᠠᠯ ᠢ᠋ᠶ᠋ᠠᠨ ᠢᠯᠡᠷᠡᠭᠦᠯᠪᠡ ᠃
ᠬᠤᠷᠠᠯ ᠠ᠋ᠴᠠ ᠴᠢᠬᠤᠯᠠᠴᠢᠯᠠᠭᠰᠠᠨ ᠨᠢ ᠂ ᠦᠵᠡᠯ ᠰᠠᠨᠠᠭ᠎ᠠ ᠪᠠᠨ ᠨᠢᠭᠡᠳᠬᠡᠨ ᠂ ᠵᠣᠭᠰᠣᠴᠠ ᠪᠠᠨ ᠳᠡᠭᠡᠭᠰᠢᠯᠡᠭᠦᠯᠵᠦ ᠂ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠠᠵᠢᠯ ᠢ᠋ ᠰᠠᠢᠲᠤᠷ ᠬᠢᠬᠦ ᠶ᠋ᠢᠨ ᠴᠢᠬᠤᠯᠠ ᠴᠢᠨᠠᠷ ᠢ᠋ ᠭᠦᠨᠵᠡᠭᠡᠢ ᠲᠠᠨᠢᠬᠤ ᠬᠡᠷᠡᠭᠲᠡᠢ ᠃ ᠤᠯᠤᠰ ᠲᠥᠷᠥ ᠶ᠋ᠢ ᠡᠷᠬᠢᠮᠯᠡᠬᠦ ᠥᠨᠳᠥᠷᠴᠡ ᠡᠴᠡ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠠᠵᠢᠯ ᠤ᠋ᠨ ᠴᠢᠬᠤᠯᠠ ᠴᠢᠨᠠᠷ ᠢ᠋ ᠭᠦᠨᠵᠡᠭᠡᠢ ᠲᠠᠨᠢᠵᠤ ᠂ 《ᠬᠣᠶᠠᠷ ᠢ᠋ ᠭᠦᠨᠵᠡᠭᠡᠢ ᠲᠠᠨᠢᠬᠤ 》᠂ 《 ᠬᠣᠶᠠᠷ ᠢ᠋ ᠪᠠᠲᠤ ᠪᠡᠬᠢ ᠪᠣᠢ ᠪᠣᠯᠭᠠᠬᠤ 》 ᠶ᠋ᠢ ᠪᠡᠶᠡᠯᠡᠭᠦᠯᠵᠦ ᠂ 《 ᠪᠥᠬᠥ ᠬᠣᠲᠠ ᠶ᠋ᠢᠨ ᠰᠢᠭᠦᠬᠦ ᠬᠣᠷᠢᠢ ᠠ ᠶᠢᠨ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠠᠵᠢᠯ ᠢ᠋ ᠬᠦᠴᠦᠲᠡᠢ ᠠᠬᠢᠭᠤᠯᠬᠤ 》 ᠵᠢᠩᠬᠢᠨᠢ ᠠᠭᠤᠯᠤᠭᠳᠠᠬᠤᠨ ᠢ᠋ ᠤᠯᠠᠮ ᠨᠢᠭᠡ ᠠᠯᠬᠤᠮ ᠣᠢᠯᠠᠭᠠᠵᠤ ᠂《ᠨᠢᠭᠡᠨ ᠥᠷᠲᠡᠭᠡᠴᠢᠯᠡᠭᠰᠡᠨ ᠮᠠᠶᠢᠭ ᠤ᠋ᠨ ᠥᠨᠳᠥᠷ ᠬᠢᠷᠢ ᠲᠦᠪᠰᠢᠨ ᠲᠡᠢ ᠣᠷᠳᠣᠰ ᠤ᠋ᠨ ᠰᠢᠭᠦᠬᠦ ᠬᠣᠷᠢᠶ ᠠ ᠶᠢᠨ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ 》ᠦ᠌ ᠠᠵᠢᠯ ᠤ᠋ᠨ ᠨᠡᠷᠡᠲᠦ ᠲᠡᠮᠳᠡᠭ ᠢ᠋ ᠪᠥᠬᠥ ᠬᠦᠴᠦᠨ ᠢ᠋ᠶ᠋ᠡᠷ ᠡᠭᠦᠳᠬᠦ ᠬᠡᠷᠡᠭᠲᠡᠢ ᠃ ᠬᠣᠶᠠᠷ ᠲᠤ᠌ ᠂ ᠴᠢᠭᠯᠡᠯ ᠢ᠋ᠶ᠋ᠠᠨ ᠵᠥᠪ ᠣᠨᠣᠪᠴᠢᠲᠠᠢ ᠡᠵᠡᠮᠳᠡᠵᠦ ᠂ ᠭᠣᠣᠯᠳᠠᠯᠭ᠎ᠠ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠂ ᠬᠣᠶᠠᠷ ᠱᠠᠲᠤᠨ ᠤ᠋ ᠰᠢᠭᠦᠬᠦ ᠬᠣᠷᠢᠶ ᠠ ᠶᠢᠨ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠠᠵᠢᠯ ᠢ᠋ ᠨᠠᠷᠢᠯᠢᠬᠵᠢᠭᠤᠯᠤᠨ ᠵᠢᠷᠤᠮᠵᠢᠭᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶ ᠠ ᠶᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢᠨ ᠬᠠᠷᠠᠯᠲᠠ ᠶ᠋ᠢ ᠠᠬᠢᠭᠤᠯᠬᠤ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠂ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠦ᠋ᠨ ᠪᠠᠢᠭᠤᠯᠤᠯᠲᠠ ᠶ᠋ᠢ ᠪᠥᠬᠥ ᠲᠠᠯ᠎ᠠ ᠪᠠᠷ ᠭᠦᠨᠵᠡᠭᠡᠢᠷᠡᠭᠦᠯᠵᠦ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠰᠢᠨ᠎ᠡ ᠪᠠᠢᠷᠢᠰᠢᠯ ᠳ᠋ᠤ᠌ ᠢᠳᠡᠪᠬᠢᠲᠡᠢ ᠠᠭᠤᠰᠤᠯᠴᠠᠵᠤ ᠂ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠡᠯ᠎ᠡ ᠲᠥᠷᠥᠯ ᠦ᠋ᠨ ᠠᠵᠢᠯ ᠢ᠋ ᠲᠣᠭᠲᠠᠭᠤᠨ ᠤ᠋ ᠳᠤᠮᠳᠠ ᠠᠬᠢᠯᠲᠠ ᠲᠠᠢ ᠪᠣᠯᠭᠠᠵᠤ ᠂ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠶ᠋ᠢ ᠠᠬᠢᠭᠤᠯᠤᠨ᠎ᠠ ᠃ ᠭᠤᠷᠪᠠ ᠳ᠋ᠤ᠌ ᠣᠪᠣᠷ ᠰᠤᠷᠲᠠᠯ ᠢ᠋ᠶ᠋ᠠᠨ ᠬᠤᠪᠢᠷᠠᠭᠤᠯᠵᠤ ᠂ ᠳᠦᠷᠢ ᠲᠦᠷᠬᠦ ᠪᠡᠨ ᠳᠡᠭᠡᠭᠰᠢᠯᠡᠭᠦᠯᠵᠦ ᠂ ᠨᠢᠭᠡ ᠪᠥᠯᠦᠭ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡ ᠶᠢᠨ ᠲᠡᠮᠦᠷ ᠴᠡᠷᠢᠭ ᠪᠠᠢᠭᠤᠯᠤᠶ᠎ᠠ ᠃ ᠣᠯᠠᠨ ᠲᠦᠮᠡᠨ ᠦ᠌ ᠬᠡᠷᠡᠭᠴᠡᠭᠡ ᠱᠠᠭᠠᠷᠳᠠᠯᠭ᠎ᠠ ᠶ᠋ᠢᠨ ᠴᠡᠭ ᠂ ᠬᠠᠯᠠᠮᠵᠢᠯᠠᠨ ᠠᠩᠬᠠᠷᠬᠤ ᠴᠡᠭ ᠢ᠋ᠶ᠋ᠡᠷ ᠤᠳᠤᠷᠢᠳᠤᠮᠵᠢ ᠪᠣᠯᠭᠠᠵᠤ ᠂ ᠠᠵᠢᠯ ᠤ᠋ᠨ ᠣᠷᠭᠢᠯᠤᠮ᠎ᠠ ᠬᠠᠯᠠᠭᠤᠨ ᠰᠡᠳᠬᠢᠯᠭᠡ ᠲᠡᠢ ᠂ ᠪᠣᠳᠠᠲᠠᠢ ᠶ᠋ᠢ ᠡᠷᠬᠢᠮᠯᠡᠬᠦ ᠠᠵᠢᠯ ᠤ᠋ᠨ ᠠᠷᠭ᠎ᠠ ᠬᠡᠮᠵᠢᠶ᠎ᠡ ᠂ ᠠᠵᠢᠯ ᠤ᠋ᠨ ᠰᠢᠯᠢᠳᠡᠭ ᠰᠤᠷᠲᠠᠯ ᠂ ᠴᠢᠩᠭ᠎ᠠ ᠲᠣᠳᠣᠷᠬᠠᠢ ᠠᠵᠢᠯ ᠤ᠋ᠨ ᠰᠠᠬᠢᠯᠭ᠎ᠠ ᠪᠠᠲᠤ ᠪᠠᠷ ᠂ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠡᠩᠨᠡᠭᠡ ᠶᠢᠨ ᠪᠠᠢᠭᠤᠯᠤᠯᠲᠠ ᠶ᠋ᠢ ᠬᠦᠴᠦᠯᠡᠨ ᠴᠢᠩᠭᠠᠳᠬᠠᠵᠤ ᠂ ᠡᠯ᠎ᠡ ᠵᠦᠢᠯ ᠦ᠋ᠨ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠬᠦ ᠳ᠋ᠦ᠍ ᠪᠠᠲᠤ ᠪᠡᠬᠢ ᠪᠠᠲᠤᠯᠠᠭ᠎ᠠ ᠬᠠᠩᠭᠠᠬᠤ ᠬᠡᠷᠡᠭᠲᠡᠢ᠃
ᠦᠨᠡᠯᠡᠬᠦ 0ᠦᠨᠡᠯᠡᠯᠲᠡ᠎ᠲᠠᠢ