ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ 《 ᠦᠨᠳᠦᠰᠦᠨ ᠱᠠᠲᠤᠨ ᠤ᠋ ᠰᠠᠭᠤᠷᠢ ᠶ᠋ᠢ ᠳᠡᠭᠡᠭᠰᠢᠯᠡᠭᠦᠯᠬᠦ ᠣᠨ 》 ᠤ᠋ ᠠᠵᠢᠯ ᠢ᠋ ᠠᠬᠢᠭᠤᠯᠬᠤ ᠬᠤᠷᠠᠯ ᠬᠤᠷᠠᠯᠳᠤᠪᠠ
2023.09.01 ᠲᠣᠰ ᠥᠷᠲᠡᠭᠡᠨ᠎ᠦ ᠨᠠᠢᠷᠠᠭᠤᠯᠤᠭᠴᠢ

    ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ ᠪᠠ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 《 ᠦᠨᠳᠦᠰᠦᠨ ᠱᠠᠲᠤᠨ ᠤ᠋ ᠰᠠᠭᠤᠷᠢ ᠶ᠋ᠢ ᠳᠡᠭᠡᠭᠰᠢᠯᠡᠭᠦᠯᠬᠦ ᠣᠨ 》  ᠤ᠋ ᠠᠵᠢᠯ ᠤ᠋ᠨ ᠪᠠᠢᠷᠢᠯᠠᠭᠤᠯᠤᠯᠲᠠ ᠶ᠋ᠢ ᠭᠦᠨᠵᠡᠭᠡᠢ ᠲᠤᠤᠱᠯᠠᠭᠤᠯᠵᠤ ᠂ ᠠᠵᠢᠯ ᠢ᠋ᠶ᠋ᠠᠨ ᠳ᠋ᠦᠩᠨᠡᠨ ᠂ ᠠᠰᠠᠭᠤᠳᠠᠯ ᠢ᠋ ᠡᠷᠢᠵᠦ ᠂ ᠪᠠᠢᠳᠠᠯ ᠢ᠋ ᠲᠣᠳᠣᠷᠬᠠᠢ ᠲᠠᠨᠢᠨ ᠂ ᠰᠡᠳᠬᠢᠮᠵᠢ ᠪᠡᠨ ᠲᠣᠳᠣᠷᠬᠠᠢ ᠪᠣᠯᠭᠠᠵᠤ ᠂ 《 ᠦᠨᠳᠦᠰᠦᠨ ᠱᠠᠲᠤᠨ ᠤ᠋ ᠰᠠᠭᠤᠷᠢ ᠶ᠋ᠢ ᠳᠡᠭᠡᠭᠰᠢᠯᠡᠭᠦᠯᠬᠦ ᠣᠨ 》  ᠤ᠋ ᠠᠵᠢᠯ ᠤ᠋ᠨ ᠡᠭᠦᠷᠭᠡ ᠶ᠋ᠢ ᠥᠨᠳᠥᠷ ᠵᠣᠭᠰᠣᠴᠠ ᠪᠠ ᠥᠨᠳᠥᠷ ᠪᠠᠷᠢᠮᠵᠢᠶ᠎ᠠ ᠪᠠᠷ ᠠᠬᠢᠭᠤᠯᠬᠤ ᠶ᠋ᠢ ᠪᠠᠲᠤᠯᠠᠬᠤ ᠶ᠋ᠢᠨ ᠲᠥᠯᠥᠭᠡ ᠂ 8 ᠰᠠᠷ᠎ᠠ ᠶ᠋ᠢᠨ 17  ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ 《 ᠦᠨᠳᠦᠰᠦᠨ ᠱᠠᠲᠤᠨ ᠤ᠋ ᠰᠠᠭᠤᠷᠢ ᠶ᠋ᠢ ᠳᠡᠭᠡᠭᠰᠢᠯᠡᠭᠦᠯᠬᠦ ᠣᠨ 》  ᠤ᠋ ᠠᠵᠢᠯ ᠢ᠋ ᠠᠬᠢᠭᠤᠯᠬᠤ ᠬᠤᠷᠠᠯ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠾᠧ ᠶᠠᠨ ᠴᠦᠨ ᠬᠤᠷᠠᠯ ᠳ᠋ᠤ᠌ ᠣᠷᠣᠯᠴᠠᠨ ᠶᠠᠷᠢᠶ᠎ᠠ ᠲᠠᠯᠪᠢᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠠᠮᠢᠶ᠎ᠠ ᠪᠦᠬᠦᠢ ᠰᠠᠯᠠᠭ᠎ᠠ ᠮᠥᠴᠢᠷ ᠤ᠋ᠨ ᠬᠠᠷᠢᠭᠤᠴᠠᠯᠭᠠᠲᠠᠨ ᠂ ᠬᠣᠯᠪᠣᠭᠠᠴᠢᠨ ᠵᠢᠴᠢ ᠠᠷᠠᠳ ᠤ᠋ᠨ ᠨᠢᠭᠡᠳᠦᠭᠡᠷ ᠲᠢᠩᠬᠢᠮ ᠤ᠋ᠨ ᠪᠦᠬᠦ ᠺᠠᠳ᠋ᠷ ᠴᠠᠭᠳᠠᠭ᠎ᠠ  ᠭᠣᠣᠯ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠠᠢ ᠃

 

 

    ᠬᠤᠷᠠᠯ ᠳᠡᠭᠡᠷ᠎ᠡ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ᠎ᠠ 《 ᠦᠨᠳᠦᠰᠦᠨ ᠱᠠᠲᠤᠨ ᠤ᠋ ᠰᠠᠭᠤᠷᠢ ᠶ᠋ᠢ ᠳᠡᠭᠡᠭᠰᠢᠯᠡᠭᠦᠯᠬᠦ ᠣᠨ 》 ᠤ᠋ ᠠᠵᠢᠯ ᠳ᠋ᠤ᠌ ᠣᠷᠣᠰᠢᠵᠤ ᠪᠠᠢᠭ᠎ᠠ ᠠᠰᠠᠭᠤᠳᠠᠯ ᠂ ᠭᠢᠯᠠᠯᠵᠠᠮ᠎ᠠ ᠠᠷᠭ᠎ᠠ ᠪᠠᠷᠢᠯ ᠪᠠ ᠳᠠᠷᠠᠭᠠᠴᠢ ᠶ᠋ᠢᠨ ᠠᠯᠬᠤᠮ ᠤ᠋ᠨ ᠠᠵᠢᠯ ᠤ᠋ᠨ ᠲᠥᠯᠥᠪᠯᠡᠭᠡ ᠵᠡᠷᠭᠡ ᠲᠠᠯ᠎ᠠ ᠪᠠᠷ ᠬᠠᠷᠢᠭᠤ ᠮᠡᠳᠡᠭᠦᠯᠦᠯᠲᠡ ᠬᠢᠪᠡ ᠃

    ᠬᠤᠷᠠᠯ ᠠ᠋ᠴᠠ ᠵᠢᠭᠠᠨ ᠭᠠᠷᠭᠠᠭᠰᠠᠨ ᠨᠢ ᠂ 《 ᠦᠨᠳᠦᠰᠦᠨ ᠱᠠᠲᠤᠨ ᠤ᠋ ᠰᠠᠭᠤᠷᠢ ᠳᠡᠭᠡᠭᠰᠢᠯᠡᠭᠦᠯᠬᠦ ᠣᠨ 》  ᠤ᠋ ᠠᠵᠢᠯ ᠪᠣᠯ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ 《 ᠬᠠᠮᠤᠭ ᠡᠴᠦᠰ ᠤ᠋ᠨ ᠨᠢᠭᠡ ᠺᠢᠯᠣᠮᠧᠲ᠋ᠷ 》  ᠢ᠋ ᠨᠡᠪᠲᠡᠷᠡᠭᠦᠯᠬᠦ ᠵᠠᠩᠭᠢᠯᠠᠭ᠎ᠠ ᠶ᠋ᠢᠨ ᠠᠷᠭ᠎ᠠ ᠬᠡᠮᠵᠢᠶ᠎ᠡ ᠪᠣᠯᠤᠨ᠎ᠠ ᠃ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ᠥᠨᠳᠦᠷ ᠪᠠᠷᠢᠮᠵᠢᠶ᠎ᠠ ᠂ ᠴᠢᠩᠭ᠎ᠠ ᠱᠠᠭᠠᠷᠳᠠᠯᠭ᠎ᠠ ᠪᠠᠷ ᠡᠭᠦᠷᠭᠡ ᠪᠡᠨ ᠨᠠᠢᠳᠠᠪᠤᠷᠢᠵᠢᠭᠤᠯᠬᠤ ᠶ᠋ᠢ ᠠᠬᠢᠭᠤᠯᠵᠤ ᠂ 《 ᠦᠨᠳᠦᠰᠦᠨ ᠱᠠᠲᠤᠨ ᠤ᠋ ᠰᠠᠭᠤᠷᠢ ᠶ᠋ᠢ ᠳᠡᠭᠡᠭᠰᠢᠯᠡᠭᠦᠯᠬᠦ ᠣᠨ 》  ᠤ᠋ ᠠᠵᠢᠯ ᠤ᠋ᠨ ᠪᠣᠳᠠᠲᠤ ᠦᠷ᠎ᠡ ᠪᠦᠲᠦᠮᠵᠢ ᠣᠯᠬᠤ ᠶ᠋ᠢ ᠦᠨᠡᠨᠬᠦ ᠪᠠᠲᠤᠯᠠᠬᠤ  ᠳ᠋ᠤ᠂ ᠨᠢᠭᠡ ᠳ᠋ᠦ᠍ ᠦᠵᠡᠯ ᠰᠠᠨᠠᠭ᠎ᠠ ᠲᠠᠨᠢᠯᠲᠠ ᠪᠠᠨ ᠤᠯᠠᠮ ᠭᠦᠨᠵᠡᠭᠡᠢᠷᠡᠭᠦᠯᠬᠦ ᠬᠡᠷᠡᠭᠲᠡᠢ ᠃ ᠡᠯ᠎ᠡ ᠬᠣᠷᠢᠶ᠎ᠠ ᠶ᠋ᠢᠨ ᠬᠠᠷᠢᠭᠤᠴᠠᠯᠭᠠᠲᠤ ᠤᠳᠤᠷᠢᠳᠤᠯᠭ᠎ᠠ ᠨᠢ 《 ᠳᠠᠷᠤᠯᠲᠠ ᠶ᠋ᠢ ᠳᠠᠮᠵᠢᠭᠤᠯᠬᠤ ᠂ ᠠᠮᠢᠵᠢᠷᠠᠯ ᠤ᠋ᠨ ᠬᠦᠴᠦᠨ ᠢ᠋ ᠬᠥᠭᠵᠢᠭᠡᠬᠦ ᠂ ᠨᠡᠢᠯᠡᠮᠡᠯ ᠬᠦᠴᠦᠨ ᠢ᠋ ᠨᠢᠭᠲᠠᠷᠠᠭᠤᠯᠬᠤ 》 ᠳᠡᠭᠡᠷ᠎ᠡ ᠢᠯᠡᠭᠦᠬᠡᠨ ᠰᠠᠨᠠᠭ᠎ᠠ ᠬᠥᠳᠡᠯᠭᠡᠵᠦ ᠂ ᠠᠷᠭ᠎ᠠ ᠪᠣᠳᠣᠯᠭ᠎ᠠ ᠠᠪᠴᠤ ᠂ ᠺᠠᠳ᠋ᠷ ᠴᠠᠭᠳᠠᠭ᠎ᠠ ᠶ᠋ᠢ ᠳᠠᠢᠴᠢᠯᠠᠨ ᠢᠳᠡᠪᠬᠢᠲᠡᠢ ᠰᠠᠨᠠᠭᠠᠴᠢᠯᠠᠭ᠎ᠠ ᠠ᠋ᠴᠠ ᠠᠵᠢᠯ ᠤ᠋ᠨ ᠳᠤᠮᠳᠠ ᠣᠷᠤᠯᠴᠠᠵᠤ ᠂ 《 ᠦᠨᠳᠦᠰᠦᠨ ᠱᠠᠲᠤᠨ ᠤ᠋ ᠰᠠᠭᠤᠷᠢ ᠶ᠋ᠢ ᠳᠡᠭᠡᠭᠰᠢᠯᠡᠭᠦᠯᠬᠦ ᠣᠨ 》 ᠤ᠋ ᠡᠭᠦᠷᠭᠡ ᠬᠠᠷᠢᠭᠤᠴᠠᠯᠭ᠎ᠠ ᠶ᠋ᠢ ᠲᠡᠷᠡ ᠶᠣᠰᠣᠭᠠᠷ ᠨᠢ ᠨᠠᠢᠳᠠᠪᠤᠷᠢᠵᠢᠭᠤᠯᠬᠤ ᠬᠡᠷᠡᠭᠲᠡᠢ ᠃ ᠬᠣᠶᠠᠷ ᠲᠤ᠌ ᠂ ᠪᠣᠭᠣᠮᠲᠠ ᠰᠢᠪᠲᠤᠯᠬᠤ ᠡᠷᠴᠢᠮ ᠢ᠋ ᠴᠢᠩᠭᠠᠷᠠᠭᠤᠯᠤᠨ᠎ᠠ ᠃ ᠠᠰᠠᠭᠤᠳᠠᠯ ᠤ᠋ᠨ ᠡᠬᠡ ᠳᠠᠩᠰᠠ ᠶ᠋ᠢ ᠬᠢᠨᠠᠮᠠᠭᠠᠢ ᠬᠠᠷᠢᠴᠠᠭᠤᠯᠤᠨ ᠂ ᠠᠵᠢᠯ ᠤ᠋ᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠤᠨ ᠂ ᠲᠥᠷᠥᠯ ᠳᠠᠷᠠᠭᠠᠯᠠᠨ ᠴᠡᠭᠴᠡᠯᠡᠨ ᠥᠭᠡᠷᠡᠴᠢᠯᠡᠵᠦ ᠂ ᠬᠦᠴᠦᠨ ᠲᠡᠭᠦᠯᠳᠡᠷ ᠰᠢᠨ᠎ᠡ ᠰᠡᠳᠬᠢᠴᠡ ᠂ ᠰᠢᠨ᠎ᠡ ᠠᠷᠭ᠎ᠠ ᠬᠡᠮᠵᠢᠶ᠎ᠡ ᠂ ᠰᠢᠨ᠎ᠡ ᠠᠷᠭ᠎ᠠ ᠶ᠋ᠢ ᠪᠣᠳᠠᠲᠠᠢ ᠳᠤᠷᠠᠳᠴᠤ ᠂ ᠳᠠᠪᠠᠭᠤᠯᠢᠭ ᠢ᠋ᠶ᠋ᠠᠨ ᠬᠠᠮᠤᠭ ᠶᠡᠬᠡᠪᠡᠷ ᠪᠠᠳᠠᠷᠠᠭᠤᠯᠤᠨ ᠂ ᠳᠤᠲᠠᠭᠳᠠᠯ ᠢ᠋ᠶ᠋ᠠᠨ ᠭᠦᠢᠴᠡᠳ ᠨᠥᠬᠥᠪᠥᠷᠢᠯᠡᠬᠦ ᠶ᠋ᠢᠨ ᠬᠠᠮᠲᠤ ᠂ ᠲᠤᠷᠰᠢᠯᠭ᠎ᠠ ᠪᠠᠨ ᠳ᠋ᠦᠩᠨᠡᠬᠦ ᠂ ᠤᠬᠠᠭᠤᠯᠬᠤ ᠪᠠ ᠳᠡᠭᠡᠭᠰᠢ ᠮᠡᠳᠡᠭᠦᠯᠬᠦ ᠶ᠋ᠢ ᠴᠢᠩᠭᠠᠳᠬᠠᠵᠤ ᠂ 《 ᠦᠨᠳᠦᠰᠦᠨ ᠱᠠᠲᠤᠨ ᠤ᠋ ᠰᠠᠭᠤᠷᠢ ᠶ᠋ᠢ ᠳᠡᠭᠡᠭᠰᠢᠯᠡᠭᠦᠯᠬᠦ ᠣᠨ 》  ᠤ᠋ ᠠᠵᠢᠯ ᠢ᠋ ᠣᠯᠠᠨ ᠲᠠᠯ᠎ᠠ ᠪᠠᠷ ᠴᠡᠴᠡᠭᠯᠡᠵᠦ ᠂  ᠭᠢᠯᠠᠯᠵᠠᠮ᠎ᠠ ᠴᠡᠭ ᠣᠯᠠᠨ ᠢᠯᠡᠷᠡᠨ ᠭᠠᠷᠬᠤ ᠶ᠋ᠢ ᠬᠠᠮᠲᠤᠪᠠᠷ ᠠᠬᠢᠭᠤᠯᠬᠤ ᠬᠡᠷᠡᠭᠲᠡᠢ ᠃ ᠭᠤᠷᠪᠠ ᠳ᠋ᠤ᠌ ᠂ ᠮᠥᠷᠳᠡᠨ ᠳᠠᠭᠠᠵᠤ ᠦᠷ᠎ᠡ ᠪᠦᠲᠦᠮᠵᠢ ᠶ᠋ᠢ ᠨᠢ ᠠᠰᠠᠭᠤᠬᠤ ᠶ᠋ᠢ ᠳᠠᠬᠢᠨ ᠴᠢᠩᠭᠠᠳᠬᠠᠬᠤ ᠬᠡᠷᠡᠭᠲᠡᠢ ᠃ ᠬᠡᠷᠡᠭᠵᠢᠭᠦᠯᠬᠦ ᠲᠥᠰᠦᠯ ᠳ᠋ᠡᠬᠢ ᠡᠯ᠎ᠡ ᠵᠦᠢᠯ ᠤ᠋ᠨ ᠠᠵᠢᠯ ᠤ᠋ᠨ ᠬᠠᠷᠠᠯᠲᠠ ᠶ᠋ᠢᠨ ᠱᠠᠭᠠᠷᠳᠠᠯᠭ᠎ᠠ ᠪᠣᠯᠤᠨ ᠴᠠᠭ ᠬᠤᠭᠤᠴᠠᠭᠠᠨ ᠤ᠋ ᠵᠠᠩᠭᠢᠯᠠᠭ᠎ᠠ ᠶ᠋ᠢ ᠦᠨᠳᠦᠰᠦᠯᠡᠨ ᠂ ᠠᠵᠢᠯ ᠤ᠋ᠨ ᠠᠬᠢᠴᠠ ᠪᠠᠨ ᠴᠠᠭ ᠲᠤᠬᠠᠢ ᠳ᠋ᠤᠨᠢ ᠲᠣᠬᠢᠷᠠᠭᠤᠯᠵᠤ ᠂ ᠠᠵᠢᠯ ᠤ᠋ᠨ ᠬᠠᠷᠢᠭᠤ ᠮᠡᠳᠡᠭᠦᠯᠦᠯᠲᠡ ᠶ᠋ᠢ  ᠰᠣᠨᠤᠰᠤᠨ ᠂ ᠲᠤᠬᠠᠢ ᠶ᠋ᠢᠨ ᠭᠠᠵᠠᠷ ᠲᠤᠨᠢ ᠬᠦᠷᠴᠦ ᠪᠠᠢᠴᠠᠭᠠᠨ ᠰᠤᠳᠤᠯᠤᠯᠲᠠ ᠬᠢᠵᠦ ᠂ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤ᠋ᠳ ᠡᠬᠡ ᠳᠠᠩᠰᠠ ᠶ᠋ᠢᠨ ᠬᠠᠮᠢᠶᠠᠷᠤᠯᠲᠠ ᠂ ᠡᠭᠦᠷᠭᠡ ᠶ᠋ᠢᠨ ᠲᠣᠬᠢᠷᠠᠭᠤᠯᠤᠯᠲᠠ ᠶ᠋ᠢ ᠰᠠᠢᠲᠤᠷ ᠠᠳᠬᠤᠵᠤ ᠂ ᠠᠬᠢᠴᠠ ᠶ᠋ᠢ ᠴᠠᠭ ᠲᠤᠬᠠᠢ ᠳ᠋ᠤᠨᠢ ᠡᠵᠡᠮᠰᠢᠨ ᠂ ᠪᠠᠢᠳᠠᠯ ᠢ᠋ᠶ᠋ᠠᠨ ᠮᠡᠳᠡᠭᠳᠡᠵᠦ ᠂ ᠨᠡᠪᠲᠡᠷᠡᠯᠴᠡᠵᠦ ᠬᠠᠷᠢᠯᠴᠠᠬᠤ ᠪᠠᠨ ᠴᠢᠩᠭᠠᠳᠬᠠᠬᠤ ᠬᠡᠷᠡᠭᠲᠡᠢ ᠃ ᠰᠢᠮᠳᠠᠭᠤᠯᠤᠨ ᠪᠠᠢᠴᠠᠭᠠᠵᠤ ᠬᠢᠨᠠᠨ ᠵᠢᠯᠣᠭᠣᠳᠬᠤ ᠪᠠᠨ ᠴᠢᠩᠭᠠᠳᠬᠠᠵᠤ ᠂ ᠠᠵᠢᠯ ᠤ᠋ᠨ ᠬᠠᠷᠢᠭᠤᠴᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠤᠨ ᠂ ᠡᠯ᠎ᠡ ᠵᠦᠢᠯ ᠤ᠋ᠨ ᠠᠰᠠᠭᠤᠳᠠᠯ ᠢ᠋ ᠬᠤᠭᠤᠴᠠᠭ᠎ᠠ ᠶᠣᠰᠣᠭᠠᠷ ᠴᠡᠭᠴᠡᠯᠡᠨ ᠰᠠᠢᠵᠢᠷᠠᠭᠤᠯᠬᠤ ᠶ᠋ᠢ ᠦᠨᠡᠨᠬᠦ ᠪᠠᠲᠤᠯᠠᠵᠤ ᠂ 《 ᠠᠰᠠᠭᠤᠳᠠᠯ ᠤ᠋ᠨ ᠨᠠᠷᠢᠨ ᠬᠠᠭᠤᠳᠠᠰᠤ 》 ᠶ᠋ᠢ ᠦᠨᠡᠨᠬᠦ 《 ᠦᠷ᠎ᠡ ᠪᠦᠲᠦᠭᠡᠯ ᠤ᠋ᠨ ᠨᠠᠷᠢᠨ ᠬᠠᠭᠤᠳᠠᠰᠤ 》 ᠪᠣᠯᠭᠠᠨ ᠬᠤᠪᠢᠷᠠᠭᠤᠯᠬᠤ ᠬᠡᠷᠡᠭᠲᠡᠢ ᠃ ᠳᠥᠷᠪᠡ ᠳ᠋ᠦ᠍ ᠳᠦᠷᠢᠮ ᠲᠣᠭᠲᠠᠭᠠᠯ ᠲᠣᠭᠲᠠᠭᠠᠬᠤ ᠢ᠋ ᠳᠠᠬᠢᠨ ᠲᠡᠭᠦᠯᠳᠡᠷᠵᠢᠭᠦᠯᠬᠦ ᠬᠡᠷᠡᠭᠲᠡᠢ ᠃ 《 ᠣᠳᠣ ᠳᠣᠣᠷ᠎ᠠ ᠨᠢ ᠵᠠᠰᠠᠬᠤ 》 ᠪᠠ 《 ᠤᠷᠲᠤ ᠬᠤᠭᠤᠴᠠᠭ᠎ᠠ ᠪᠠᠷ ᠲᠣᠭᠲᠠᠭᠠᠬᠤ 》 ᠶ᠋ᠢ ᠨᠢᠭᠡ ᠴᠣᠭᠴᠠᠵᠢᠭᠤᠯᠤᠨ ᠠᠬᠢᠭᠤᠯᠬᠤ ᠶ᠋ᠢ ᠪᠠᠷᠢᠮᠲᠠᠯᠠᠵᠤ ᠂ ᠠᠰᠠᠭᠤᠳᠠᠯ ᠢ᠋ ᠴᠡᠭᠴᠡᠯᠡᠨ ᠥᠭᠡᠷᠡᠴᠢᠯᠡᠬᠦ ᠪᠠ ᠳᠦᠷᠢᠮ ᠲᠣᠭᠲᠠᠭᠠᠯ ᠲᠣᠭᠲᠠᠭᠠᠬᠤ ᠶ᠋ᠢ ᠪᠦᠲᠦᠮᠵᠢᠲᠡᠢ ᠤᠶᠠᠯᠳᠤᠭᠤᠯᠤᠨ ᠂ ᠨᠢᠭᠡ ᠠ᠋ᠴᠠ ᠨᠥᠭᠥᠭᠡ ᠶ᠋ᠢ ᠮᠡᠳᠡᠬᠦ ᠲᠣᠭᠲᠠᠴᠠ ᠶ᠋ᠢ  ᠲᠡᠭᠦᠯᠳᠡᠷᠵᠢᠭᠦᠯᠵᠦ ᠂ ᠳᠦᠷᠢᠮ ᠲᠣᠭᠲᠠᠭᠠᠯ ᠲᠣᠭᠲᠠᠭᠠᠬᠤ ᠠᠵᠢᠯ ᠢ᠋ ᠰᠠᠢᠲᠤᠷ ᠬᠢᠵᠦ ᠂ ᠠᠵᠢᠯ ᠤ᠋ᠨ ᠪᠠᠢᠷᠢᠯᠠᠭᠤᠯᠤᠯᠲᠠ ᠨᠢ ᠲᠣᠳᠣᠷᠬᠠᠢ ᠦᠭᠡᠢ ᠂ ᠬᠡᠷᠡᠭᠵᠢᠭᠦᠯᠦᠯᠲᠡ ᠨᠢ ᠨᠢᠭᠡᠳᠦᠯ ᠦᠭᠡᠢ ᠂ ᠬᠢᠨᠠᠯᠲᠠ ᠲᠠᠯᠪᠢᠬᠤ ᠨᠢ ᠪᠣᠳᠠᠲᠠᠢ ᠪᠢᠰᠢ ᠂ ᠦᠷ᠎ᠡ ᠪᠦᠲᠦᠮᠵᠢ ᠨᠢ ᠢᠯᠡᠷᠬᠡᠢ ᠪᠤᠰᠤ ᠵᠡᠷᠭᠡ ᠠᠰᠠᠭᠤᠳᠠᠯ ᠢ᠋ ᠪᠦᠲᠦᠮᠵᠢᠲᠡᠢ ᠰᠢᠢᠳᠪᠦᠷᠢᠯᠡᠵᠦ ᠂ ᠠᠷᠠᠳ ᠤ᠋ᠨ ᠰᠢᠭᠦᠬᠦ ᠲᠢᠩᠬᠢᠮ ᠤ᠋ᠨ ᠦᠨᠳᠦᠰᠦᠨ ᠱᠠᠲᠤᠨ ᠤ᠋ ᠨᠡᠢᠭᠡᠮ ᠢ᠋ ᠵᠠᠰᠠᠬᠤ ᠳ᠋ᠤ᠌ ᠣᠷᠣᠯᠴᠠᠬᠤ ᠦᠷ᠎ᠡ ᠪᠦᠲᠦᠮᠵᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ 《 ᠦᠨᠳᠦᠰᠦᠨ ᠱᠠᠲᠤᠨ ᠤ᠋ ᠰᠠᠭᠤᠷᠢ ᠶ᠋ᠢ ᠳᠡᠭᠡᠭᠰᠢᠯᠡᠭᠦᠯᠬᠦ ᠣᠨ 》  ᠤ᠋ ᠠᠵᠢᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ ᠬᠦᠴᠦᠨ ᠢ᠋ ᠪᠥᠬᠥ ᠲᠠᠯ᠎ᠠ ᠪᠠᠷ ᠠᠬᠢᠭᠤᠯᠬᠤ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )