ᠣᠢᠷ᠎ᠠ ᠳ᠋ᠤ᠌ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦᠢᠨ ᠣᠲᠣᠭ ᠤ᠋ᠨ ᠡᠮᠦᠨᠡᠲᠦ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠶ᠋ᠢᠨ ᠪᠤᠷᠤᠪᠠᠯᠭᠠᠰᠤ ᠶ᠋ᠢᠨ ᠠᠷᠠᠳ ᠤ᠋ᠨ ᠰᠢᠭᠦᠬᠦ ᠲᠢᠩᠬᠢᠮ ᠳ᠋ᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠂ ᠰᠢᠭᠦᠬᠦ ᠲᠢᠩᠬᠢᠮ ᠤ᠋ᠨ ᠠᠵᠢᠯ ᠢ᠋ ᠵᠢᠭᠠᠨ ᠵᠢᠯᠣᠭᠣᠳᠴᠤ ᠂ ᠣᠷᠳᠣᠰ ᠬᠣᠲᠠ ᠶ᠋ᠢᠨ ᠠᠷᠠᠳ ᠤ᠋ᠨ ᠰᠢᠭᠦᠬᠦ ᠬᠣᠷᠢᠶ᠎ᠠ ᠶ᠋ᠢᠨ ᠳᠡᠳ᠋ ᠳᠠᠷᠤᠭ᠎ᠠ ᠾᠧ ᠶᠠᠨ ᠴᠦᠨ ᠂ ᠣᠲᠣᠭ ᠤ᠋ᠨ ᠡᠮᠦᠨᠡᠲᠦ ᠬᠤᠰᠢᠭᠤᠨ ᠤ᠋ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶ᠎ᠠ ᠶ᠋ᠢᠨ ᠳᠠᠷᠤᠭ᠎ᠠ ᠭᠣᠣ ᠹᠧᠩ ᠪᠠᠷ᠎ᠠ ᠪᠣᠯᠤᠭᠰᠠᠨ ᠪᠠᠢᠨ᠎ᠠ ᠃
ᠰᠦ ᠯᠢ ᠵᠢᠶᠦ᠋ᠨ ᠡᠨᠡ ᠠᠶᠠᠯᠠᠯ ᠳ᠋ᠤ ᠰᠢᠭᠦᠬᠦ ᠲᠢᠩᠬᠢᠮ ᠤ᠋ᠨ ᠪᠦᠲᠦᠭᠡᠨ ᠪᠠᠢᠭᠤᠯᠤᠯᠲᠠ ᠥᠭᠡᠷᠡᠴᠢᠯᠡᠯᠲᠡ ᠶ᠋ᠢᠨ ᠪᠠᠢᠳᠠᠯ ᠢ᠋ ᠪᠣᠳᠠᠲᠤ ᠭᠠᠵᠠᠷ ᠲᠤ ᠨᠢ ᠪᠠᠢᠴᠠᠭᠠᠨ ᠦᠵᠡᠵᠦ ᠂ ᠪᠣᠷᠣᠪᠠᠯᠭᠠᠰᠤ ᠢ᠋ᠢᠨ ᠰᠢᠭᠦᠬᠦ ᠲᠢᠩᠬᠢᠮ ᠤ᠋ᠨ ᠰᠢᠭᠦᠨ ᠭᠦᠢᠴᠡᠳᠭᠡᠬᠦ ᠠᠵᠢᠯ ᠂ ᠵᠠᠷᠭᠤ ᠶ᠋ᠢᠨ ᠡᠭᠦᠰᠦᠯ ᠤ᠋ᠨ ᠵᠠᠰᠠᠯᠲᠠ ᠂ 《 ᠹᠧᠩ ᠴᠢᠶᠣᠤ ᠮᠠᠶᠢᠭ ᠤ᠋ᠨ ᠠᠷᠠᠳ ᠤ᠋ᠨ ᠰᠢᠭᠦᠬᠦ ᠲᠢᠩᠬᠢᠮ 》 ᠢ᠋ ᠴᠣᠭᠴᠠᠯᠠᠨ ᠪᠠᠢᠭᠤᠯᠬᠤ ᠂ ᠡᠩᠨᠡᠭᠡ ᠶ᠋ᠢᠨ ᠪᠠᠢᠭᠤᠯᠤᠯᠲᠠ ᠵᠡᠷᠭᠡ ᠠᠵᠢᠯ ᠤ᠋ᠨ ᠪᠠᠢᠳᠠᠯ ᠢ᠋ ᠰᠣᠨᠣᠰᠴᠠᠢ ᠃ ᠰᠦ ᠯᠢ ᠵᠢᠶᠦ᠋ᠨ ᠰᠢᠭᠦᠬᠦ ᠲᠢᠩᠬᠢᠮ ᠤ᠋ᠨ ᠺᠠᠲ᠋ᠷ ᠴᠠᠭᠳᠠᠭ᠎ᠠ ᠶ᠋ᠢᠨ ᠦᠨᠳᠦᠰᠦᠨ ᠱᠠᠲᠤᠨ ᠳ᠋ᠤ᠌ ᠭᠦᠨᠵᠡᠭᠡᠢᠷᠡᠨ ᠂ ᠣᠯᠠᠨ ᠲᠦᠮᠡᠨ ᠳ᠋ᠦ᠍ ᠦᠢᠯᠡᠴᠢᠯᠡᠬᠦ ᠠᠵᠢᠯ ᠤ᠋ᠨ ᠦᠷ᠎ᠡ ᠪᠦᠲᠦᠮᠵᠢ ᠶ᠋ᠢ ᠭᠦᠢᠴᠡᠳ ᠨᠤᠲᠠᠯᠠᠵᠤ ᠂ ᠪᠣᠷᠣᠪᠠᠯᠭᠠᠰᠤ ᠢ᠋ᠢᠨ ᠠᠷᠠᠳ ᠤ᠋ᠨ ᠰᠢᠭᠦᠬᠦ ᠲᠢᠩᠬᠢᠮ ᠳ᠋ᠤ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠢᠷᠡᠯᠲᠡ ᠶ᠋ᠢ ᠵᠠᠰᠠᠬᠤ ᠬᠡᠪ ᠵᠠᠭᠪᠤᠷ ᠳ᠋ᠤ᠌ ᠲᠦᠰᠢᠭᠯᠡᠨ ᠂ ᠲᠤᠰ ᠪᠡᠶ᠎ᠡ ᠶ᠋ᠢᠨ ᠣᠷᠣᠨ ᠪᠦᠰᠡ ᠶ᠋ᠢᠨ ᠣᠨᠴᠠᠯᠢᠭ ᠪᠠ ᠳᠠᠪᠠᠭᠤᠯᠢᠭ ᠲᠠᠢ ᠪᠠᠨ ᠤᠶᠠᠯᠳᠤᠭᠤᠯᠵᠤ ᠂ ᠵᠠᠷᠭᠤ ᠶ᠋ᠢᠨ ᠢᠷᠡᠯᠲᠡ ᠶ᠋ᠢ ᠵᠠᠰᠠᠬᠤ ᠰᠢᠨ᠎ᠡ ᠠᠷᠭ᠎ᠠ ᠬᠡᠯᠪᠡᠷᠢ ᠂ ᠰᠢᠨ᠎ᠡ ᠠᠷᠭ᠎ᠠ ᠬᠡᠮᠵᠢᠶ᠎ᠡ ᠶ᠋ᠢᠨ ᠲᠠᠯ᠎ᠠ ᠪᠠᠷ ᠭᠦᠨᠵᠡᠭᠡᠢ ᠦᠨᠡᠯᠡᠯᠲᠡ ᠥᠭᠬᠦ ᠶ᠋ᠢᠨ ᠬᠠᠮᠲᠤ ᠳᠠᠷᠠᠭᠠᠴᠢ ᠶ᠋ᠢᠨ ᠠᠯᠬᠤᠮ ᠤ᠋ᠨ ᠠᠷᠠᠳ ᠤ᠋ᠨ ᠰᠢᠭᠦᠬᠦ ᠲᠢᠩᠬᠢᠮ ᠤ᠋ᠨ ᠠᠵᠢᠯ ᠢ᠋ ᠰᠠᠢᠲᠤᠷ ᠬᠢᠬᠦ ᠳ᠋ᠦ᠍ ᠶᠡᠬᠡ ᠬᠦᠰᠡᠯ ᠲᠠᠯᠪᠢᠵᠠᠢ ᠃
ᠰᠦ ᠯᠢ ᠵᠢᠶᠦ᠋ᠨ ᠴᠢᠬᠤᠯᠠᠴᠢᠯᠠᠭᠰᠠᠨ ᠨᠢ ᠂ ᠪᠤᠷᠤᠪᠠᠯᠭᠠᠰᠤ ᠪᠠᠯᠭᠠᠰᠤ ᠶ᠋ᠢᠨ ᠬᠤᠪᠢᠰᠬᠠᠯᠲᠤ ᠰᠣᠶᠣᠯ ᠥᠳᠬᠡᠨ ᠂ ᠬᠤᠪᠢᠰᠬᠠᠯᠲᠤ ᠰᠠᠭᠤᠷᠢ ᠵᠤᠵᠠᠭᠠᠨ ᠪᠠᠢᠵᠤ ᠂ ᠪᠤᠷᠤᠪᠠᠯᠭᠠᠰᠤ ᠶ᠋ᠢᠨ ᠠᠷᠠᠳ ᠤ᠋ᠨ ᠰᠢᠭᠦᠬᠦ ᠬᠣᠷᠢᠶ᠎ᠠ 《 ᠬᠤᠪᠢᠰᠬᠠᠯ 》 ᠪᠡᠷ ᠰᠦᠨᠡᠰᠦ ᠪᠣᠯᠭᠠᠵᠤ ᠂ 《 ᠬᠤᠪᠢᠰᠬᠠᠯᠲᠤ ᠥᠩᠭᠡ ᠲᠡᠮᠳᠡᠭᠲᠦ 》 ᠶ᠋ᠢ ᠰᠠᠢᠲᠤᠷ ᠦᠢᠯᠡᠳᠴᠦ ᠂ ᠬᠤᠪᠢᠰᠬᠠᠯᠲᠤ ᠡᠬᠢ ᠪᠠᠶᠠᠯᠢᠭ ᠢ᠋ ᠬᠡᠷᠡᠭᠯᠡᠨ ᠂ ᠰᠢᠯᠢᠳᠡᠭ 《 ᠬᠤᠪᠢᠰᠬᠠᠯᠲᠤ ᠰᠢᠭᠦᠬᠦ ᠲᠢᠩᠬᠢᠮ 》 ᠤ᠋ᠨ ᠨᠡᠷᠡᠲᠦ ᠲᠡᠮᠳᠡᠭ ᠢ᠋ ᠪᠦᠲᠦᠭᠡᠬᠦ ᠬᠡᠷᠡᠭᠲᠡᠢ ᠃ ᠨᠢᠭᠡ ᠳ᠋ᠦ᠍ ᠤᠯᠤᠰ ᠲᠥᠷᠥ ᠶ᠋ᠢᠨ ᠪᠠᠢᠭᠤᠯᠤᠯᠲᠠ ᠶ᠋ᠢ ᠲᠡᠷᠢᠭᠦᠨ ᠪᠠᠢᠷᠢᠨ ᠳ᠋ᠤ᠌ ᠲᠠᠯᠪᠢᠬᠤ ᠶ᠋ᠢ ᠪᠠᠷᠢᠮᠲᠠᠯᠠᠵᠤ ᠂ ᠨᠠᠮ ᠤ᠋ᠨ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠢᠮᠠᠭᠲᠠ ᠪᠠᠷᠢᠮᠲᠠᠯᠠᠨ ᠂ ᠤᠯᠤᠰ ᠲᠥᠷᠥ ᠶ᠋ᠢᠨ ᠴᠢᠳᠠᠪᠤᠷᠢ ᠪᠠᠨ ᠴᠢᠩᠭᠠᠳᠬᠠᠵᠤ ᠂ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠣᠢᠯᠠᠭᠠᠬᠤ ᠴᠢᠳᠠᠪᠤᠷᠢ ᠂ ᠤᠯᠤᠰ ᠲᠥᠷᠥ ᠶ᠋ᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠬᠣᠶᠠᠷ ᠲᠤ᠌ ᠬᠤᠪᠢᠰᠬᠠᠯᠲᠤ 《 ᠹᠧᠩ ᠴᠢᠶᠣᠤ ᠮᠠᠶᠢᠭ ᠤ᠋ᠨ ᠠᠷᠠᠳ ᠤ᠋ᠨ ᠰᠢᠭᠦᠬᠦ ᠲᠢᠩᠬᠢᠮ 》 ᠢ᠋ ᠪᠠᠢᠭᠤᠯᠵᠤ ᠂ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠪᠠ ᠤᠷᠲᠤᠳᠬᠠᠵᠤ ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠬᠠᠤᠯᠢ ᠪᠠᠷ ᠵᠠᠰᠠᠬᠤ ᠬᠡᠷᠡᠭᠴᠡᠭᠡ ᠱᠠᠭᠠᠷᠳᠠᠯᠭ᠎ᠠ ᠪᠠᠷ ᠡᠭᠦᠰᠦᠴᠡ ᠪᠣᠯᠭᠠᠨ ᠂ ᠬᠤᠪᠢᠰᠬᠠᠯᠲᠤ ᠰᠣᠶᠣᠯ ᠢ᠋ᠶ᠋ᠠᠷ ᠰᠢᠭᠦᠨ ᠲᠠᠰᠤᠯᠬᠤ ᠠᠵᠢᠯ ᠢ᠋ ᠲᠦᠯᠬᠢᠨ ᠠᠬᠢᠭᠤᠯᠵᠤ ᠂ ᠦᠨᠳᠦᠰᠦᠨ ᠱᠠᠲᠤᠨ ᠤ᠋ ᠵᠠᠰᠠᠯᠲᠠ ᠶ᠋ᠢᠨ ᠳᠤᠮᠳᠠ 《 ᠬᠥᠭᠦᠷᠭᠡᠨ ᠪᠡᠬᠢᠯᠡᠯᠲᠡ 》 ᠪᠣᠯᠬᠤ ᠪᠠᠷ ᠴᠢᠷᠮᠠᠢᠵᠤ ᠂ 《 ᠬᠣᠰᠢᠭᠤᠴᠢ ᠴᠡᠷᠢᠭ 》 ᠪᠣᠯᠬᠤ ᠪᠠᠷ ᠮᠡᠷᠡᠢᠨ ᠴᠢᠷᠮᠠᠢᠬᠤ ᠬᠡᠷᠡᠭᠲᠡᠢ ᠃ ᠭᠤᠷᠪᠠ ᠳ᠋ᠤ᠌ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠠᠵᠢᠯ ᠢ᠋ ᠭᠦᠨᠵᠡᠭᠡᠢ ᠠᠬᠢᠭᠤᠯᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠡᠭᠦᠰᠦᠯ ᠤ᠋ᠨ ᠵᠠᠰᠠᠯᠲᠠ ᠶ᠋ᠢᠨ ᠬᠡᠪ ᠵᠠᠭᠪᠤᠷ ᠤ᠋ᠨ ᠲᠣᠭᠣᠷᠢᠨ ᠳ᠋ᠤ᠌ ᠂ ᠲᠣᠭᠣᠷᠢᠨ ᠶᠠᠪᠤᠵᠤ ᠰᠢᠭᠦᠨ ᠲᠠᠰᠤᠯᠬᠤ ᠂ ᠰᠢᠭᠦᠭᠴᠢ ᠲᠤᠰᠢᠶᠠᠯᠲᠠᠨ ᠲᠣᠰᠬᠣᠨ ᠳ᠋ᠤ᠌ ᠰᠠᠭᠤᠬᠤ ᠂ 《 ᠰᠡᠳᠬᠢᠯ ᠬᠣᠯᠪᠣᠯᠴᠠᠭᠰᠠᠨ ᠰᠢᠭᠦᠬᠦ ᠲᠢᠩᠬᠢᠮ 》 ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯ ᠢ᠋ ᠭᠦᠨᠵᠡᠭᠡᠢ ᠠᠬᠢᠭᠤᠯᠵᠤ ᠂ ᠵᠥᠷᠢᠴᠡᠯ ᠵᠢᠭᠤᠷᠠᠯᠳᠤᠭᠠᠨ ᠢ᠋ ᠪᠠᠢᠴᠠᠭᠠᠨ ᠰᠢᠢᠳᠪᠦᠷᠢᠯᠡᠬᠦ ᠠᠵᠢᠯ ᠢ᠋ ᠢᠳᠡᠪᠬᠢᠲᠡᠢ ᠥᠷᠨᠢᠭᠦᠯᠦᠨ ᠂ ᠵᠥᠷᠢᠴᠡᠯ ᠵᠢᠭᠤᠷᠠᠯᠳᠤᠭᠠᠨ ᠢ᠋ ᠲᠤᠬᠠᠢ ᠶ᠋ᠢᠨ ᠭᠠᠵᠠᠷ ᠲᠤᠨᠢ ᠰᠢᠢᠳᠪᠦᠷᠢᠯᠡᠬᠦ ᠂ ᠡᠬᠢ ᠡᠭᠦᠰᠦᠯ ᠡᠴᠡ ᠨᠢ ᠰᠢᠢᠳᠪᠦᠷᠢᠯᠡᠬᠦ ᠶ᠋ᠢ ᠠᠬᠢᠭᠤᠯᠬᠤ ᠬᠡᠷᠡᠭᠲᠡᠢ ᠭᠡᠪᠡ ᠃
ᠦᠨᠡᠯᠡᠬᠦ 0ᠦᠨᠡᠯᠡᠯᠲᠡ᠎ᠲᠠᠢ