8 ᠰᠠᠷ᠎ᠠ ᠶ᠋ᠢᠨ 18 ᠤ᠋ ᠡᠳᠦᠷ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶᠢᠨ ᠭᠦᠢᠴᠡᠳᠬᠡᠬᠦ ᠰᠢᠰᠲ᠋ᠧᠮ ᠦ᠋ᠨ ᠬᠢᠨ ᠪᠦᠦ ᠸᠧᠢ ᠵᠦᠩ ᠨᠥᠬᠥᠷ ᠦ᠋ᠨ ᠲᠡᠷᠢᠭᠦᠨ ᠦ᠌ ᠦᠢᠯᠡ ᠠᠵᠢᠯᠯᠠᠭ᠎ᠠ ᠶ᠋ᠢ ᠭᠦᠨᠵᠡᠭᠡᠢ ᠰᠤᠷᠤᠯᠴᠠᠵᠤ ᠂ 《 ᠭᠤᠷᠪᠠ ᠶ᠋ᠢ ᠦᠢᠯᠡᠳᠦᠯᠭᠡᠵᠢᠭᠦᠯᠵᠦ ᠭᠤᠷᠪᠠ ᠶ᠋ᠢ ᠳᠡᠭᠡᠭᠰᠢᠯᠡᠭᠦᠯᠬᠦ 》 ᠠᠵᠢᠯᠯᠠᠭ᠎ᠠ ᠶ᠋ᠢ ᠪᠥᠬᠥ ᠲᠠᠯ᠎ᠠ ᠪᠠᠷ ᠥᠷᠨᠢᠭᠦᠯᠬᠦ ᠵᠢᠴᠢ ᠪᠥᠬᠦ ᠰᠢᠭᠦᠬᠦ ᠬᠣᠷᠢᠶ᠎ᠠ ᠶᠢᠨ ᠮᠣᠩᠭᠤᠯ ᠮᠣᠷᠢ ᠶᠢᠨ ᠲᠥᠪᠡᠷᠭᠡᠨ ᠂ ᠭᠦᠢᠴᠡᠳᠬᠡᠬᠦ ᠡᠷᠳᠡᠮ ᠴᠢᠳᠠᠪᠤᠷᠢ ᠪᠡᠨ ᠠᠳᠠᠯᠢᠳᠭᠠᠬᠤ 《 ᠨᠠᠮᠤᠷ ᠤ᠋ᠨ ᠬᠤᠷᠴᠠ ᠰᠡᠯᠡᠮ᠎ᠡ 》ᠭᠡᠬᠦ ᠭᠦᠢᠴᠡᠳᠬᠡᠬᠦ ᠲᠤᠰᠬᠠᠢ ᠠᠵᠢᠯᠯᠠᠭ᠎ᠠ ᠶ᠋ᠢᠨ ᠪᠠᠢᠷᠢᠯᠠᠭᠤᠯᠤᠯᠲᠠ ᠶ᠋ᠢᠨ ᠬᠤᠷᠠᠯ ᠬᠤᠷᠠᠯᠳᠤᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠸᠠᠩ ᠯᠢᠶᠠᠩ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠲᠤᠮᠢᠯᠠᠵᠦ ᠰᠠᠭᠤᠯᠭᠠᠭᠰᠠᠨ ᠰᠠᠬᠢᠯᠭ᠎ᠠ ᠪᠠᠲᠤ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠯᠢ ᠭᠦᠸᠧ ᠴᠢᠤᠸᠠᠨ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠨᠢᠦ ᠬᠠᠢ ᠯᠢᠶᠠᠩ ᠵᠢᠴᠢ ᠭᠦᠢᠴᠡᠳᠬᠡᠬᠦ ᠲᠣᠪᠴᠢᠶᠠᠨ ᠤ᠋ ᠪᠦᠬᠦ ᠺᠠᠲᠷ ᠴᠠᠭᠳᠠᠭ᠎ᠠ ᠨᠠᠷ ᠬᠤᠷᠠᠯ ᠤ᠋ᠨ ᠲᠠᠯᠠᠪᠠᠢ ᠳ᠋ᠤ᠌ ᠢᠷᠡᠵᠦ ᠬᠤᠷᠠᠯ ᠳ᠋ᠤ᠌ ᠣᠷᠣᠯᠴᠠᠵᠤ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠂ ᠭᠦᠢᠴᠡᠳᠬᠡᠬᠦ ᠠᠵᠢᠯ ᠢ ᠬᠤᠪᠢᠳᠠᠨ ᠬᠠᠮᠢᠶᠠᠷᠠᠬᠤ ᠬᠣᠷᠢᠶ᠎ᠠ ᠶᠢᠨ ᠤᠳᠤᠷᠢᠳᠤᠯᠭ᠎ᠠ ᠪᠠ ᠭᠦᠢᠴᠡᠳᠬᠡᠬᠦ ᠲᠣᠪᠴᠢᠶᠠᠨ ᠤ᠋ ᠪᠦᠬᠦ ᠺᠠᠲᠷ ᠴᠠᠭᠳᠠᠭ᠎ᠠ ᠨᠠᠷ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠢᠷᠡᠵᠦ ᠸᠢᠳᠢᠣ᠋ ᠬᠤᠷᠠᠯ ᠳ᠋ᠤ᠌ ᠣᠷᠣᠯᠴᠠᠪᠠ ᠃
ᠬᠤᠷᠠᠯ ᠳᠡᠭᠡᠷ᠎ᠡ 《ᠪᠥᠬᠥ ᠬᠣᠲᠠ ᠶ᠋ᠢᠨ ᠰᠢᠭᠦᠬᠦ ᠬᠣᠷᠢᠶ᠎ᠠ ᠶᠢᠨ ᠭᠦᠢᠴᠡᠳᠬᠡᠬᠦ ᠰᠢᠰᠲ᠋ᠧᠮ ᠦ᠋ᠨ ᠬᠢᠨ ᠪᠦᠦ ᠸᠧᠢ ᠵᠦᠩ ᠨᠥᠬᠥᠷ ᠦ᠋ᠨ ᠲᠡᠷᠢᠭᠦᠨ ᠦ᠌ ᠦᠢᠯᠡ ᠠᠵᠢᠯᠯᠠᠭ᠎ᠠ ᠶ᠋ᠢ ᠭᠦᠨᠵᠡᠭᠡᠢ ᠰᠤᠷᠤᠯᠴᠠᠵᠤ ᠂ < ᠭᠤᠷᠪᠠ ᠶ᠋ᠢ ᠦᠢᠯᠡᠳᠦᠯᠭᠡᠵᠢᠭᠦᠯᠵᠦ ᠭᠤᠷᠪᠠ ᠶ᠋ᠢ ᠳᠡᠭᠡᠭᠰᠢᠯᠡᠭᠦᠯᠬᠦ > ᠠᠵᠢᠯᠯᠠᠭ᠎ᠠ ᠶ᠋ᠢ ᠪᠥᠬᠥ ᠲᠠᠯ᠎ᠠ ᠪᠠᠷ ᠥᠷᠨᠢᠭᠦᠯᠬᠦ ᠵᠢᠴᠢ ᠪᠥᠬᠦ ᠬᠣᠲᠠ ᠶᠢᠨ ᠰᠢᠭᠦᠬᠦ ᠬᠣᠷᠢᠶ᠎ᠠ ᠶᠢᠨ ᠮᠣᠩᠭᠤᠯ ᠮᠣᠷᠢ ᠶᠢᠨ ᠲᠥᠪᠡᠷᠭᠡᠨ ᠂ ᠭᠦᠢᠴᠡᠳᠬᠡᠬᠦ ᠡᠷᠳᠡᠮ ᠴᠢᠳᠠᠪᠤᠷᠢ ᠪᠡᠨ ᠠᠳᠠᠯᠢᠳᠭᠠᠬᠤ < ᠨᠠᠮᠤᠷ ᠤ᠋ᠨ ᠬᠤᠷᠴᠠ ᠰᠡᠯᠡᠮ᠎ᠡ > ᠭᠡᠬᠦ ᠭᠦᠢᠴᠡᠳᠬᠡᠬᠦ ᠲᠤᠰᠬᠠᠢ ᠠᠵᠢᠯᠯᠠᠭ᠎ᠠ ᠶᠢᠨ ᠠᠵᠢᠯ ᠤᠨ ᠳᠥᠰᠦᠯ 》 ᠢ᠋ ᠤᠩᠰᠢᠨ ᠨᠡᠢᠲᠡᠯᠡᠪᠡ ᠃
ᠬᠤᠷᠠᠯ ᠠ᠋ᠴᠠ ᠱᠠᠭᠠᠷᠳᠠᠭᠰᠠᠨ ᠨᠢ ᠂ ᠨᠢᠭᠡ ᠳ᠋ᠦ᠍ ᠪᠤᠤ ᠸᠧᠢ ᠵᠦᠩ ᠨᠥᠬᠥᠷ ᠦ᠋ᠨ ᠲᠡᠷᠢᠭᠦᠨ ᠦ᠌ ᠦᠢᠯᠡ ᠠᠵᠢᠯᠯᠠᠭ᠎ᠠ ᠶ᠋ᠢ ᠪᠦᠬᠦ ᠲᠠᠯ᠎ᠠ ᠪᠠᠷ ᠰᠤᠷᠤᠯᠴᠠᠵᠤ ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠬᠡ ᠬᠦᠴᠦᠨ ᠢ᠋ ᠨᠢᠭᠲᠠᠷᠠᠭᠤᠯᠬᠤ ᠬᠡᠷᠡᠭᠲᠡᠢ ᠃ ᠭᠦᠢᠴᠡᠳᠬᠡᠬᠦ ᠠᠵᠢᠯ ᠤ᠋ᠨ ᠴᠢᠬᠤᠯᠠ ᠠᠴᠢ ᠬᠣᠯᠪᠣᠭᠳᠠᠯ ᠢ᠋ ᠭᠦᠨᠵᠡᠭᠡᠢ ᠲᠠᠨᠢᠵᠤ ᠂ ᠪᠦᠦ ᠸᠧᠢ ᠵᠦᠩ ᠨᠥᠬᠥᠷ ᠦ᠋ᠨ ᠲᠡᠷᠢᠭᠦᠨ ᠦ᠌ ᠦᠢᠯᠡ ᠠᠵᠢᠯᠯᠠᠭ᠎ᠠ ᠶ᠋ᠢ ᠦᠷᠭᠦᠯᠵᠢᠯᠡᠨ ᠭᠦᠨᠵᠡᠭᠡᠢ ᠰᠤᠷᠤᠯᠴᠠᠵᠤ ᠂ ᠪᠠᠭᠠᠲᠤᠷ ᠵᠢᠱ᠌ᠢᠶᠡᠴᠢ ᠶ᠋ᠢᠨ ᠵᠣᠷᠢᠭ ᠰᠠᠨᠠᠭ᠎ᠠ ᠶ᠋ᠢ ᠪᠠᠳᠠᠷᠠᠭᠤᠯᠵᠤ ᠂ ᠥᠪᠡᠷ ᠤᠨ ᠪᠡᠶ᠎ᠡ᠂ ᠳᠤᠰᠢᠶᠠᠯ ᠬᠠᠷᠢᠭᠤᠴᠠᠯᠭ᠎ᠠ᠂ᠠᠵᠢᠯ ᠢᠶᠡᠨ ᠵᠥᠪ ᠪᠠᠢᠷᠢᠯᠠᠭᠤᠯᠤᠨ ᠂ ᠰᠤᠷᠤᠯᠴᠠᠯᠭ᠎ᠠ ᠶᠢᠨ ᠶᠠᠪᠤᠴᠠ ᠳ᠋ᠠᠭᠠᠨ ᠠᠵᠢᠯ ᠢᠶᠠᠨ ᠭᠦᠢᠴᠡᠳᠬᠡᠬᠦ ᠂ ᠭᠦᠢᠴᠡᠳᠬᠡᠬᠦ ᠶᠠᠪᠤᠴᠠ ᠳ᠋ᠠᠭᠠᠨ ᠳᠡᠭᠡᠭᠰᠢᠯᠡᠭᠦ ᠶ᠋ᠢ ᠪᠠᠷᠢᠮᠲᠠᠯᠠᠬᠤ ᠬᠡᠷᠡᠭᠲᠡᠢ ︔ ᠬᠣᠶᠠᠷ ᠲᠤ᠌ ᠂ 《 ᠭᠤᠷᠪᠠ ᠶ᠋ᠢ ᠦᠢᠯᠡᠳᠦᠯᠭᠡᠵᠢᠭᠦᠯᠵᠦ ᠭᠤᠷᠪᠠ ᠶ᠋ᠢ ᠳᠡᠭᠡᠭᠰᠢᠯᠡᠭᠦᠯᠬᠦ 》 ᠠᠵᠢᠯᠯᠠᠭ᠎ᠠ ᠪᠠ 《 ᠨᠠᠮᠤᠷ ᠤ᠋ᠨ ᠬᠤᠷᠴᠠ ᠰᠡᠯᠡᠮ᠎ᠡ 》 ᠭᠡᠬᠦ ᠲᠤᠰᠬᠠᠢ ᠠᠵᠢᠯᠯᠠᠭᠠᠨ ᠤ᠋ ᠡᠭᠦᠷᠭᠡ ᠶᠢᠨ ᠨᠠᠢᠳᠠᠪᠤᠷᠢᠵᠢᠭᠤᠯᠤᠯᠲᠠ ᠶ᠋ᠢ ᠰᠠᠢᠲᠤᠷ ᠠᠳᠬᠤᠵᠤ ᠂ ᠭᠦᠢᠴᠡᠳᠬᠡᠬᠦ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠬᠡᠷᠡᠭᠲᠡᠢ ᠃ ᠤᠯᠤᠰ ᠲᠥᠷᠥ ᠶ᠋ᠢᠨ ᠵᠣᠭᠰᠣᠴᠠ ᠪᠠᠨ ᠦᠨᠡᠨ ᠬᠦ᠌ ᠳᠡᠭᠡᠭᠰᠢᠯᠡᠭᠦᠯᠵᠦ ᠂ ᠬᠠᠷᠢᠭᠤᠴᠠᠯᠭ᠎ᠠ ᠡᠭᠦᠷᠭᠡᠯᠡᠯ ᠢᠶᠡᠨ ᠴᠢᠩᠭᠠᠳᠬᠠᠨ ᠂ ᠭᠦᠢᠴᠡᠳᠬᠡᠬᠦ ᠬᠡᠷᠡᠭ ᠤᠨ ᠮᠥᠩᠭᠦᠨ ᠤ᠋ ᠬᠠᠮᠢᠶᠠᠷᠤᠯᠲᠠ ᠶ᠋ᠢ ᠤᠯᠠᠮ ᠨᠢᠭᠡ ᠠᠯᠬᠤᠮ ᠵᠢᠷᠤᠮᠵᠢᠭᠤᠯᠵᠤ ᠂ ᠳᠦᠷᠢᠮ ᠲᠣᠭᠲᠠᠭᠠᠯ ᠢ᠋ ᠵᠥᠷᠢᠴᠡᠨ ᠡᠴᠦᠰᠯᠡᠭᠦᠯᠬᠦ ᠂ ᠲᠣᠭᠲᠠᠭᠠᠯ ᠡᠴᠡ ᠵᠥᠷᠢᠴᠡᠨ ᠬᠡᠷᠡᠭ ᠢ ᠳᠠᠭᠤᠰᠭᠠᠬᠤ᠂ ᠲᠣᠭᠲᠠᠭᠠᠯ ᠡᠴᠡ ᠵᠥᠷᠢᠴᠡᠨ ᠬᠡᠷᠡᠭ ᠢ ᠳᠠᠩᠰᠠᠨ ᠡᠴᠡ ᠬᠠᠰᠤᠬᠤ ᠵᠡᠷᠭᠡ ᠬᠤᠳᠠᠯ ᠬᠠᠭᠤᠷᠮᠠᠭ ᠪᠡᠷ ᠬᠡᠷᠡᠭ ᠳᠠᠭᠤᠰᠬᠠᠭᠰᠠᠨ ᠠᠰᠠᠭᠤᠳᠠᠯ ᠢ᠋ ᠴᠡᠭᠴᠡᠯᠡᠨ ᠵᠠᠰᠠᠵᠤ ᠂ ᠭᠦᠢᠴᠡᠳᠬᠡᠬᠦ ᠶᠢ ᠳᠡᠪᠴᠢᠭᠰᠡᠨ ᠶᠠᠯᠠᠳᠦ ᠬᠡᠷᠡᠭ ᠲᠦ ᠴᠣᠬᠢᠯᠲᠠ ᠥᠭᠬᠦ ᠠᠵᠢᠯ ᠢ ᠢᠳᠡᠪᠬᠢᠲᠠᠢ ᠥᠷᠨᠢᠭᠦᠯᠵᠦ᠂ 《 ᠰᠦᠷ ᠬᠦᠴᠦᠲᠦ 2023 》 ᠂ ᠮᠣᠩᠭᠤᠯ ᠮᠣᠷᠢ ᠶᠢᠨ ᠲᠦᠪᠡᠷᠭᠡᠨ ᠂ ᠭᠦᠢᠴᠡᠳᠬᠡᠬᠦ ᠡᠷᠳᠡᠮ ᠴᠢᠳᠠᠪᠤᠷᠢ ᠪᠡᠨ ᠠᠳᠠᠯᠢᠳᠭᠠᠬᠤ 《 ᠨᠠᠮᠤᠷ ᠤ᠋ᠨ ᠬᠤᠷᠴᠠ ᠰᠡᠯᠡᠮ᠎ᠡ 》 ᠵᠡᠷᠭᠡ ᠭᠦᠢᠴᠡᠳᠬᠡᠬᠦ ᠲᠤᠰᠬᠠᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ ᠂ ᠭᠦᠢᠴᠡᠳᠬᠡᠬᠦ ᠡᠩᠨᠡᠭᠡᠨ ᠦ᠌ ᠪᠠᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ ᠂ ᠰᠤᠷᠤᠯᠴᠠᠬᠤ ᠠᠵᠢᠯᠯᠠᠭ᠎ᠠ ᠶ᠋ᠢ ᠦᠨᠡᠨ ᠬᠦ᠌ ᠭᠦᠨ ᠭᠦᠨᠵᠡᠭᠡᠢ ᠦᠷ᠎ᠡ ᠪᠦᠲᠦᠮᠵᠢ ᠭᠠᠷᠭᠠᠬᠤ ᠬᠡᠷᠡᠭᠲᠡᠢ ; ᠭᠤᠷᠪᠠ ᠳ᠋ᠤ᠌ ᠭᠦᠢᠴᠡᠳᠬᠡᠬᠦ ᠡᠩᠨᠡᠭᠡ ᠶ᠋ᠢ ᠪᠠᠢᠭᠤᠯᠤᠨ ᠬᠦᠴᠦᠷᠬᠡᠭᠵᠢᠭᠦᠯᠵᠦ ᠂ ᠥᠨᠳᠦᠷ ᠴᠢᠨᠠᠷ ᠰᠠᠢᠲᠠᠢ ᠬᠥᠭᠵᠢᠯᠲᠡ ᠶ᠋ᠢᠨ ᠪᠠᠲᠤ ᠪᠡᠬᠢ ᠰᠠᠭᠤᠷᠢ ᠶ᠋ᠢ ᠪᠡᠬᠢᠵᠢᠭᠦᠯᠬᠦ ᠬᠡᠷᠡᠭᠲᠡᠢ ᠃ ᠭᠦᠢᠴᠡᠳᠬᠡᠬᠦ ᠡᠩᠨᠡᠭᠡ ᠶᠢᠨ ᠤᠯᠤᠰ ᠲᠥᠷᠥ ᠶ᠋ᠢᠨ ᠬᠡᠪ ᠴᠢᠨᠠᠷ ᠂ ᠲᠤᠬᠠᠢᠯᠠᠭᠰᠠᠨ ᠠᠵᠢᠯ ᠤ᠋ᠨ ᠬᠡᠪ ᠴᠢᠨᠠᠷ ᠂ ᠠᠵᠢᠯ ᠮᠡᠷᠭᠡᠵᠢᠯ ᠤ᠋ᠨ ᠶᠣᠰᠣ ᠮᠣᠷᠠᠯ ᠤ᠋ᠨ ᠬᠡᠪ ᠴᠢᠨᠠᠷ ᠤ᠋ᠨ ᠪᠠᠢᠭᠤᠯᠤᠯᠲᠠ ᠶ᠋ᠢ ᠨᠢᠭᠡ ᠴᠤᠭᠴᠠᠵᠢᠭᠤᠯᠤᠯᠲᠠ ᠶᠢ ᠲᠦᠯᠬᠢᠨ ᠠᠬᠢᠭᠤᠯᠵᠤ ᠂ ᠲᠥᠪ ᠭᠣᠣᠯᠴᠢ ᠂ ᠥᠨᠳᠥᠷ ᠪᠦᠲᠦᠮᠵᠢᠲᠡᠢ ᠂ ᠠᠷᠢᠭᠤᠨ ᠴᠢᠬᠡᠴᠢ ᠂ ᠪᠣᠯᠪᠠᠰᠤᠨ ᠭᠦᠢᠴᠡᠳᠬᠡᠬᠦ ᠡᠩᠨᠡᠭᠡ ᠶ᠋ᠢ ᠳᠠᠪᠲᠠᠨ ᠬᠥᠮᠦᠵᠢᠭᠦᠯᠵᠦ ᠂ ᠠᠷᠠᠳ ᠣᠯᠠᠨ ᠳ᠋ᠤ᠌ ᠬᠠᠤᠯᠢ ᠴᠠᠭᠠᠵᠠ ᠶ᠋ᠢᠨ ᠲᠥᠪ ᠭᠣᠣᠯᠴᠢ ᠪᠠ ᠰᠢᠳᠤᠷᠭᠤ ᠶᠣᠰᠣ ᠶ᠋ᠢ ᠵᠢᠩᠬᠢᠨᠢ ᠪᠡᠷ ᠮᠡᠳᠡᠷᠡᠭᠦᠯᠬᠦ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ