ᠣᠢᠷ᠎ᠠ ᠶᠢᠨ ᠡᠳᠦᠷ᠂ ᠣᠷᠳᠣᠰ ᠬᠣᠲᠠ ᠶ᠋ᠢᠨ ᠰᠢᠭᠤᠳ ᠬᠠᠷᠢᠶ᠎ᠠ ᠪᠠᠢᠭᠤᠯᠤᠯᠭ᠎ᠠ ᠶ᠋ᠢᠨ ᠠᠵᠢᠯ ᠤ᠋ᠨ ᠵᠥᠪᠯᠡᠯ ᠡᠴᠡ 《ᠣᠷᠳᠣᠰ ᠬᠣᠲᠠ ᠶ᠋ᠢᠨ ᠰᠢᠭᠤᠳ ᠬᠠᠷᠢᠶ᠎ᠠ ᠪᠠᠢᠭᠤᠯᠤᠯᠭ᠎ᠠ ᠶ᠋ᠢᠨ ᠤᠮᠠᠷᠠᠲᠤ ᠬᠢᠯᠢ ᠶ᠋ᠢᠨ ᠵᠢᠱ᠌ᠢᠶᠡᠴᠢ ᠪᠠᠢᠭᠤᠯᠤᠯᠭ᠎ᠠ ᠨᠢᠭᠡᠴᠡ ᠪᠠ ᠲᠡᠷᠢᠭᠦᠨ ᠦ᠌ ᠨᠢᠭᠡᠴᠡ ᠶ᠋ᠢ ᠴᠣᠭᠴᠠᠯᠠᠨ ᠪᠠᠢᠭᠤᠯᠬᠤ ᠲᠤᠬᠠᠢ ᠲᠣᠭᠲᠠᠭᠠᠯ 》ᠢ᠋ ᠬᠡᠪᠯᠡᠨ ᠲᠠᠷᠬᠠᠭᠠᠵᠤ᠂ ᠡᠭᠦᠨ ᠳᠦ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ 《ᠣᠷᠳᠣᠰ ᠬᠣᠲᠠ ᠶ᠋ᠢᠨ ᠰᠢᠭᠤᠳ ᠬᠠᠷᠢᠶ᠎ᠠ ᠪᠠᠢᠭᠤᠯᠤᠯᠭ᠎ᠠ ᠶ᠋ᠢᠨ ᠤᠮᠠᠷᠠᠲᠤ ᠬᠢᠯᠢ ᠶ᠋ᠢᠨ ᠵᠢᠱ᠌ᠢᠶᠡᠴᠢ ᠪᠠᠢᠭᠤᠯᠤᠯᠭ᠎ᠠ ᠶ᠋ᠢᠨ ᠲᠡᠷᠢᠭᠦᠨ ᠦ᠌ ᠨᠢᠭᠡᠴᠡ ᠶ᠋ᠢ ᠴᠣᠭᠴᠠᠯᠠᠨ ᠪᠠᠢᠭᠤᠯᠤᠭᠴᠢ 》 ᠭᠡᠬᠦ ᠢᠷᠠᠭᠤ ᠠᠯᠳᠠᠷ ᠢ᠋ ᠬᠦᠷᠲᠡᠭᠰᠡᠨ ᠪᠠᠢᠨ᠎ᠠ ᠃
ᠣᠢᠷ᠎ᠠ ᠶ᠋ᠢᠨ ᠵᠢᠯ ᠡᠴᠡ ᠨᠡᠰᠢ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠢᠨ᠎ᠡ ᠴᠠᠭ ᠦᠶ᠎ᠡ ᠶ᠋ᠢᠨ ᠨᠠᠮ ᠤ᠋ᠨ ᠪᠠᠢᠭᠤᠯᠤᠯᠲᠠ ᠶ᠋ᠢᠨ ᠶᠡᠷᠦᠩᠬᠡᠢ ᠱᠠᠭᠠᠷᠳᠠᠯᠭ᠎ᠠ ᠪᠣᠯᠤᠨ ᠵᠣᠬᠢᠶᠠᠨ ᠪᠠᠢᠭᠤᠯᠤᠯᠲᠠ ᠶ᠋ᠢᠨ ᠱᠤᠭᠤᠮ ᠢ᠋ ᠡᠷᠡᠰ ᠲᠤᠤᠱᠯᠠᠭᠤᠯᠵᠤ ᠂ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠪᠠᠷ ᠶᠡᠷᠦᠩᠬᠡᠢᠯᠡᠨ ᠵᠢᠯᠣᠭᠣᠳᠤᠭᠤᠯᠵᠤ ᠂ ᠤᠮᠠᠷᠠᠲᠤ ᠬᠢᠯᠢ ᠶ᠋ᠢᠨ ᠵᠢᠱ᠌ᠢᠶᠡᠴᠢ ᠪᠠᠢᠭᠤᠯᠤᠯᠭ᠎ᠠ ᠶ᠋ᠢ ᠴᠣᠭᠴᠠᠯᠠᠨ ᠪᠠᠢᠭᠤᠯᠬᠤ ᠠᠵᠢᠯ ᠢ᠋ ᠨᠠᠷᠢᠨ ᠬᠢᠨᠠᠮᠠᠭᠠᠢ ᠥᠷᠨᠢᠭᠦᠯᠵᠦ ᠂ 《 ᠨᠠᠮ ᠤ᠋ᠨ ᠪᠠᠢᠭᠤᠯᠤᠯᠲᠠ ᠶᠢ ᠠᠳᠬᠤᠨ ᠠᠩᠭᠢ ᠳᠠᠭᠠᠭᠤᠯᠤᠨ ᠰᠢᠭᠦᠨ ᠲᠠᠰᠤᠯᠬᠤ ᠶ᠋ᠢ ᠠᠬᠢᠭᠤᠯᠬᠤ 》 ᠦᠷ᠎ᠡ ᠪᠦᠲᠦᠮᠵᠢ ᠶ᠋ᠢ ᠦᠷᠭᠦᠯᠵᠢᠯᠡᠨ ᠪᠠᠲᠤᠳᠬᠠᠨ ᠥᠷᠭᠡᠳᠬᠡᠵᠦ ᠂ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠬᠦᠴᠦᠨ ᠢ᠋ ᠳᠡᠭᠡᠭᠰᠢᠯᠡᠭᠦᠯᠬᠦ ᠢᠨᠵᠧᠨᠧᠷᠢᠩ ᠢ᠋ ᠢᠳᠡᠪᠬᠢᠲᠡᠢ ᠥᠷᠨᠢᠭᠦᠯᠵᠦ ᠂ 《 ᠭᠤᠷᠪᠠ ᠶ᠋ᠢ ᠠᠳᠬᠤᠵᠤ ᠭᠤᠷᠪᠠ ᠶ᠋ᠢ ᠠᠬᠢᠭᠤᠯᠬᠤ ᠭᠤᠷᠪᠠ ᠶ᠋ᠢ ᠳᠡᠭᠡᠭᠰᠢᠯᠡᠭᠦᠯᠬᠦ 》 ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠠᠷᠭ᠎ᠠ ᠪᠠᠷ ᠳᠠᠮᠵᠢᠨ ᠂ 《ᠲᠥᠪ ᠭᠣᠣᠯᠴᠢ ᠬᠠᠦᠯᠢ ᠶᠢᠨ ᠪᠠᠢᠭᠤᠯᠭ᠎ᠠ ᠂ ᠬᠣᠰᠢᠭᠤᠴᠢ ᠪᠣᠯᠬᠤ 》 ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠨᠡᠷᠡᠲᠦ ᠲᠡᠮᠳᠡᠭ ᠦ᠋ᠨ ᠰᠠᠭᠤᠷᠢ ᠶ᠋ᠢ ᠤᠯᠠᠮ ᠨᠢᠭᠡ ᠠᠯᠬᠤᠮ ᠪᠠᠲᠤᠳᠬᠠᠵᠤ ᠂ ᠰᠢᠭᠦᠬᠦ ᠬᠣᠷᠢᠶᠠᠨ ᠤ᠋ ᠡᠯ᠎ᠡ ᠲᠥᠷᠥᠯ ᠦ᠋ᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠬᠦᠴᠦᠲᠡᠢ ᠠᠬᠢᠭᠤᠯᠵᠤ ᠂ 《 ᠤᠯᠤᠰ ᠲᠥᠷᠥ ᠶ᠋ᠢ ᠡᠷᠬᠢᠮᠯᠡᠬᠦ ᠂ ᠳᠦᠷᠢᠮ ᠲᠣᠭᠲᠠᠭᠠᠯ ᠢ᠋ ᠰᠠᠬᠢᠬᠤ ᠂ ᠬᠠᠷᠢᠭᠤᠴᠠᠯᠭ᠎ᠠ ᠲᠠᠢ᠂ ᠴᠢᠨᠠᠷ ᠴᠢᠨᠰᠠᠭ᠎ᠠ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ 》 ᠵᠢᠱ᠌ᠢᠶᠡᠴᠢ ᠪᠠᠢᠭᠤᠯᠤᠯᠭ᠎ᠠ ᠶ᠋ᠢ ᠬᠦᠴᠦᠯᠡᠨ ᠪᠠᠢᠭᠤᠯᠪᠠ ᠃
〔ᠲᠡᠷᠢᠭᠦᠨ ᠤ ᠵᠢᠱᠢᠶᠡᠴᠢ ᠪᠣᠯᠬᠤ〕 《 ᠤᠮᠠᠷᠠᠲᠤ ᠬᠢᠯᠢ ᠶ᠋ᠢᠨ ᠵᠢᠱ᠌ᠢᠶᠡᠴᠢ ᠪᠠᠢᠭᠤᠯᠭ᠎ᠠ 》 ᠶ᠋ᠢ ᠴᠣᠭᠴᠠᠯᠠᠨ ᠪᠠᠢᠭᠤᠯᠤᠭᠰᠠᠨ ᠲᠡᠷᠢᠭᠦᠨ ᠦ᠌ ᠨᠢᠭᠡᠴᠡ ᠄ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ ᠠ
ᠰᠢᠨ᠎ᠡ ᠠᠶᠠᠨ ᠵᠠᠮ ᠢᠶᠡᠷ ᠵᠣᠭᠰᠤᠴᠠ ᠪᠣᠯᠭᠠᠨ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠪᠠᠢᠭᠤᠯᠤᠯᠲᠠ ᠶᠢᠨ ᠬᠥᠲᠥᠯᠦᠨ ᠵᠢᠯᠤᠭᠤᠳᠤᠯᠭ᠎ᠠ ᠂ ᠨᠠᠮ ᠤ᠋ᠨ ᠪᠠᠢᠭᠤᠯᠤᠯᠲᠠ ᠪᠠᠷ ᠡᠨᠧᠷᠭᠢ ᠣᠯᠭᠣᠬᠤ ᠶ᠋ᠢ ᠦᠷᠭᠦᠯᠵᠢᠯᠡᠨ ᠴᠢᠩᠭᠠᠳᠬᠠᠵᠤ ᠂ ᠥᠪᠡᠷᠲᠡᠭᠡᠨ ᠵᠠᠰᠠᠬᠤ ᠣᠷᠣᠨ ᠤ᠋《ᠲᠠᠪᠤᠨ ᠶᠡᠬᠡ ᠡᠭᠦᠷᠭᠡ 》 ᠂ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠢ᠋ ᠪᠠᠢᠭᠤᠯᠬᠤ ᠵᠡᠷᠭᠡ ᠬᠣᠶᠠᠷ ᠶᠡᠬᠡ ᠶᠠᠪᠤᠳᠠᠯ ᠢ᠋ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ 《 ᠭᠤᠷᠪᠠᠨ ᠳᠥᠷᠪᠡ 》 ᠶ᠋ᠢᠨ ᠡᠭᠦᠷᠭᠡ ᠶ᠋ᠢᠨ ᠬᠠᠷᠠᠯᠲᠠ ᠶ᠋ᠢ ᠪᠥᠬᠥ ᠬᠦᠴᠦᠨ ᠢ᠋ᠶ᠋ᠡᠷ ᠠᠬᠢᠭᠤᠯᠤᠨ ᠂ ᠮᠠᠨ ᠤ᠋ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠢᠰᠲ᠋ᠧᠮ ᠦ᠋ᠨ《 ᠬᠠᠤᠯᠢ ᠴᠠᠭᠠᠵᠠ ᠶ᠋ᠢᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠣᠨ 》ᠢ᠋ ᠭᠦᠨᠵᠡᠭᠡᠢ ᠥᠷᠨᠢᠭᠦᠯᠵᠦ ᠂ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠨᠡᠷᠡᠲᠦ ᠲᠡᠮᠳᠡᠭ ᠢ᠋ ᠲᠠᠰᠤᠷᠠᠯᠲᠠ ᠦᠭᠡᠢ ᠰᠢᠯᠤᠭᠤᠳᠬᠠᠵᠤ ᠂ 《 ᠲᠡᠷᠢᠭᠦᠨ ᠵᠡᠷᠭᠡ ᠶᠢ ᠲᠡᠮᠡᠴᠡᠬᠦ ᠂ ᠬᠡᠪ ᠳᠠᠭᠤᠷᠢᠶᠠᠯ ᠪᠣᠯᠬᠤ ᠂ ᠦᠯᠢᠭᠡᠷ ᠳᠠᠭᠤᠷᠢᠶᠠᠯ ᠪᠣᠯᠬᠤ》᠂ ᠶᠡᠬᠡ ᠳᠠᠪᠠᠯᠭᠠᠨ ᠤ᠋ ᠳᠤᠮᠳᠠ ᠡᠷᠡᠰ ᠬᠠᠲᠠᠭᠤ ᠵᠠᠩ ᠴᠢᠨᠠᠷ ᠢᠶᠡᠨ ᠳᠠᠪᠳᠠᠨ ᠪᠤᠯᠪᠠᠰᠤᠷᠠᠭᠤᠯᠵᠦ ᠂ ᠶᠡᠬᠡ ᠳᠠᠢᠨ ᠤ ᠳᠤᠮᠳᠠ ᠳᠠᠷᠬᠠᠨ ᠡᠭᠦᠷᠭᠡ ᠳᠤᠰᠢᠶᠠᠯ ᠢᠶᠡᠨ ᠪᠡᠶᠡᠯᠡᠭᠦᠯᠵᠦ᠂ ᠶᠡᠬᠡ ᠰᠢᠯᠭᠠᠯᠲᠠ ᠶᠢᠨ ᠲᠤᠮᠳᠠ ᠬᠢᠷᠢ ᠲᠡᠩᠴᠡᠭᠰᠡᠨ ᠰᠢᠯᠭᠠᠯᠲᠠ ᠶ᠋ᠢᠨ ᠬᠠᠭᠤᠳᠠᠰᠤ ᠢᠶᠡᠨ ᠲᠤᠰᠢᠶᠠᠵᠤ ᠂ ᠮᠠᠨ ᠤ᠋ ᠬᠣᠲᠠ ᠶ᠋ᠢᠨ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠳ᠋ᠦ᠍ ᠨᠡᠩ ᠪᠠᠲᠤ ᠴᠢᠩᠭ᠎ᠠ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ ᠭᠡᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ