ᠤᠯᠠᠭᠠᠨ ᠪᠠᠲᠤᠴᠠᠭᠠᠨ ᠨᠠᠮᠤᠷ ᠢ ᠤᠭᠲᠤᠵᠤ᠂ ᠬᠣᠩᠭᠣᠷ ᠰᠠᠯᠬᠢᠨ ᠰᠡᠷᠢᠭᠦᠨ ᠢ ᠬᠦᠷᠭᠡᠪᠡᠢ ᠃ ᠭᠦᠢᠴᠡᠳᠬᠡᠬᠦ ᠡᠩᠨᠡᠭᠡᠨ ᠦ᠌ ᠨᠢᠭᠲᠠᠷᠠᠯ ᠤ᠋ᠨ ᠬᠦᠴᠦᠨ ᠂ ᠲᠥᠪᠯᠡᠩᠭᠦᠶ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ ᠂ ᠰᠢᠨ᠎ᠡ ᠴᠠᠭ ᠦᠶ᠎ᠡ ᠶ᠋ᠢᠨ ᠭᠦᠢᠴᠡᠳᠬᠡᠬᠦ ᠦᠯᠢᠭᠡᠷ ᠢ᠋ ᠰᠠᠢᠲᠤᠷ ᠶᠠᠷᠢᠵᠤ ᠂ ᠰᠢᠨ᠎ᠡ ᠴᠠᠭ ᠦᠶ᠎ᠡ ᠶ᠋ᠢᠨ ᠭᠦᠢᠴᠡᠳᠬᠡᠬᠦ ᠺᠠᠳ᠋ᠷ ᠴᠠᠭᠳᠠᠭ᠎ᠠ ᠬᠠᠷᠢᠭᠤᠴᠠᠯᠭ᠎ᠠ ᠡᠭᠦᠷᠭᠡᠯᠡᠨ ᠂ ᠬᠠᠲᠠᠭᠤᠵᠢᠯᠲᠠᠢ ᠲᠡᠮᠡᠴᠡᠵᠦ ᠤᠷᠤᠭᠰᠢᠯᠠᠨ ᠲᠠᠪᠰᠢᠬᠤ ᠴᠣᠭ ᠪᠠᠳᠠᠷᠠᠩᠭᠤᠢ ᠪᠠ ᠣᠶᠤᠨ ᠤᠬᠠᠭᠠᠨ ᠤ᠋ ᠳᠦᠷᠰᠦ ᠪᠠᠢᠳᠠᠯ ᠢ᠋ᠶ᠋ᠠᠨ ᠬᠠᠷᠠᠭᠤᠯᠬᠤ ᠶ᠋ᠢᠨ ᠲᠥᠯᠥᠭᠡ ᠂ 8 ᠰᠠᠷ᠎ᠠ ᠶ᠋ᠢᠨ 23 ᠤ᠋ ᠡᠳᠦᠷ ᠂ 《ᠲᠡᠷᠢᠭᠦᠨ ᠦ᠌ ᠨᠡᠢᠲᠡᠯᠢᠭ ᠵᠢᠱ᠌ᠢᠶ᠎ᠡ ᠶ᠋ᠢ ᠰᠤᠷᠤᠯᠴᠠᠵᠤ ᠬᠣᠰᠢᠭᠤᠴᠢ ᠪᠣᠯᠬᠤ》 ᠪᠠᠷ ᠭᠣᠣᠯ ᠰᠡᠳᠦᠪ ᠪᠣᠯᠭᠠᠭᠰᠠᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠰᠢᠰᠲ᠋ᠧᠮ ᠤ᠋ᠨ《 ᠮᠢᠨᠦ ᠳᠡᠷᠭᠡᠳᠡᠬᠢ ᠪᠤᠤ ᠸᠧᠢ ᠵᠦᠩ》 ᠭᠣᠣᠯ ᠰᠡᠳᠦᠪᠲᠦ ᠶᠠᠷᠢᠶ᠎ᠠ ᠢᠯᠡᠳᠬᠡᠯ ᠦ᠋ᠨ ᠤᠷᠤᠯᠳᠤᠭᠠᠨ ᠵᠢᠴᠢ ᠭᠣᠣᠯ ᠰᠡᠳᠦᠪᠲᠦ ᠨᠠᠮ ᠤ᠋ᠨ ᠡᠳᠦᠷ ᠤ᠋ᠨ ᠠᠵᠢᠯᠯᠠᠭ᠎ᠠ ᠲᠣᠭᠲᠠᠭᠰᠠᠨ ᠴᠠᠭ ᠬᠤᠭᠤᠴᠠᠭᠠᠨ ᠳᠠᠭᠠᠨ ᠶᠠᠪᠤᠭᠳᠠᠪᠠ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠸᠠᠩ ᠯᠢᠶᠠᠩ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠤ᠋ᠨ ᠡᠷᠬᠢᠯᠡᠭᠴᠢ ᠨᠢᠦ ᠬᠠᠢ ᠯᠢᠶᠠᠩ ᠂ ᠪᠠᠢᠭᠤᠯᠭ᠎ᠠ ᠶ᠋ᠢᠨ ᠨᠠᠮ ᠤ᠋ᠨ ᠬᠣᠷᠢᠶᠠᠨ ᠤ᠋ ᠲᠤᠰᠬᠠᠢ ᠲᠤᠰᠢᠶᠠᠯᠲᠤ ᠳᠡᠳ᠋ ᠱᠦᠵᠢ ᠴᠢᠶᠣᠤ ᠰᠧ ᠾᠧ ᠂ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠣᠷᠳᠣᠰ ᠬᠣᠲᠠ ᠶ᠋ᠢᠨ ᠠᠳᠠᠯ ᠠᠬᠤᠢ ᠶ᠋ᠢᠨ ᠠᠵᠢᠯ ᠲᠥᠷᠥᠯ ᠦ᠋ᠨ ᠨᠡᠢᠭᠡᠮᠯᠢᠭ ᠤ᠋ᠨ ᠳᠡᠳ᠋ ᠳᠠᠷᠤᠭ᠎ᠠ ᠂ ᠬᠤᠤ ᠲᠢᠶᠠᠨ ᠠᠳᠠᠯ ᠠᠬᠤᠢ ᠶ᠋ᠢᠨ ᠪᠦᠯᠦᠭᠯᠡᠯ ᠤ᠋ᠨ ᠬᠢᠵᠠᠭᠠᠷᠲᠤ ᠺᠣᠮᠫᠠᠨᠢ ᠶ᠋ᠢᠨ ᠶᠡᠷᠦᠩᠬᠡᠢ ᠳᠠᠭᠠᠭᠠᠮᠠᠯ ᠤ᠋ᠨ ᠲᠤᠰᠠᠯᠠᠭᠴᠢ ᠂ ᠳᠡᠭᠡᠳᠦ ᠵᠡᠷᠭᠡ ᠶ᠋ᠢᠨ ᠠᠳᠠᠯ ᠠᠬᠤᠢ ᠶ᠋ᠢᠨ ᠬᠠᠮᠢᠶᠠᠷᠤᠯᠲᠠ ᠶ᠋ᠢᠨ ᠪᠠᠭᠰᠢ ᠸᠠᠩ ᠯᠢ ᠬᠣᠩ ᠂ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠂ ᠬᠢᠶ᠎ᠡ ᠪᠠᠭᠰᠢ ᠲᠣᠭᠣᠷᠢᠭ ᠤ᠋ᠨ ᠨᠣᠮ ᠤᠩᠰᠢᠬᠤ ᠨᠡᠢᠭᠡᠮᠯᠢᠭ ᠤ᠋ᠨ ᠳᠠᠷᠤᠭ᠎ᠠ ᠲᠢᠶᠠᠨ ᠷᠦᠢ ᠹᠠᠩ ᠂ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠭᠦᠢᠴᠡᠳᠬᠡᠬᠦ ᠲᠣᠪᠴᠢᠶ᠎ᠠ ᠶ᠋ᠢᠨ ᠪᠦᠬᠦ ᠺᠠᠳ᠋ᠷ ᠴᠠᠭᠳᠠᠭ᠎ᠠ ᠨᠠᠷ ᠠᠵᠢᠯᠯᠠᠭ᠎ᠠ ᠳ᠋ᠤ᠌ ᠣᠷᠣᠯᠴᠠᠪᠠ ᠃
ᠤᠷᠤᠯᠳᠤᠭᠠᠨ ᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠡᠶ ᠪᠠᠶᠢᠵᠤ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠢ ᠠ ᠶᠢᠨ ᠤᠷᠤᠯᠳᠤᠭᠠᠨ ᠳ᠋ᠤ᠌ ᠣᠷᠣᠯᠴᠠᠭᠰᠠᠨ 11 ᠺᠠᠳ᠋ᠷ ᠴᠠᠭᠳᠠᠭ᠎ᠠ ᠶᠢᠨ ᠳᠣᠲᠣᠷ ᠠ᠂ ᠡᠭᠡᠯ ᠵᠢᠷ ᠦᠨ ᠠᠵᠢᠯ ᠤᠨ ᠪᠠᠢᠷᠢᠨ ᠳ᠋ᠤ᠌ ᠳᠡᠭᠡᠷ᠎ᠡ᠂ ᠰᠢᠷᠭᠠᠭᠤ ᠠᠵᠢᠯᠯᠠᠭᠰᠠᠨ ᠂ ᠰᠢᠳᠤᠷᠭᠤ ᠶᠣᠰᠣ ᠶ᠋ᠢ ᠡᠷᠬᠢᠮᠯᠡᠳᠡᠭ ᠰᠢᠭᠦᠭᠴᠢ ᠶ᠋ᠢᠨ ᠲᠤᠰᠠᠯᠠᠭᠴᠢ ᠲᠠᠢ ᠂ ᠪᠠᠰᠠ ᠬᠠᠤᠯᠢ ᠴᠠᠭᠠᠵᠠ ᠶ᠋ᠢᠨ ᠡᠷᠬᠡ ᠰᠦᠷ ᠢ᠋ ᠬᠠᠮᠠᠭᠠᠯᠠᠵᠤ ᠂ ᠮᠠᠭᠤ ᠶ᠋ᠢ ᠰᠢᠳᠬᠡᠵᠦ ᠰᠠᠢᠨ ᠢ᠋ ᠪᠠᠳᠠᠷᠠᠭᠤᠯᠬᠤ ᠰᠢᠭᠦᠭᠴᠢ ᠲᠤᠰᠢᠶᠠᠯᠲᠠᠨ ᠪᠣᠢ᠃ ᠲᠡᠳᠡ ᠪᠤᠤ ᠸᠧᠢ ᠵᠦᠩ ᠨᠥᠬᠥᠷ ᠦᠨ ᠲᠡᠷᠢᠭᠦᠨ ᠦ᠌ ᠦᠢᠯᠡ ᠠᠵᠢᠯᠯᠠᠭ᠎ᠠ ᠶ᠋ᠢ ᠰᠤᠷᠤᠯᠴᠠᠨ ᠤᠬᠠᠭᠤᠯᠬᠤ ᠪᠠ ᠰᠢ ᠵᠢᠨ ᠫᠢᠩ ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠭᠦᠨᠵᠡᠭᠡᠢ ᠥᠷᠨᠢᠭᠦᠯᠬᠦ ᠲᠡᠢ ᠤᠶᠠᠯᠳᠤᠭᠤᠯᠵᠤ ᠂ ᠭᠦᠢᠴᠡᠳᠬᠡᠬᠦ ᠠᠵᠢᠯ ᠲᠠᠢ ᠨᠢᠭᠲᠠ ᠤᠶᠠᠯᠳᠤᠭᠤᠯᠵᠤ ᠂ 《 ᠮᠢᠨᠦ ᠳᠡᠷᠭᠡᠳᠡᠬᠢ ᠪᠤᠤ ᠸᠧᠢ ᠵᠦᠩ 》 ᠶ᠋ᠢᠨ ᠬᠡᠷᠡᠭ ᠦᠨ ᠵᠢᠱ᠌ᠢᠶ᠎ᠡ ᠶ᠋ᠢ ᠠᠭᠤᠳᠠᠯᠬᠤ ᠪᠠᠷ ᠳᠠᠮᠵᠢᠭᠤᠯᠵᠤ᠂ ᠬᠠᠤᠯᠢ ᠪᠠᠷ ᠵᠠᠰᠠᠬᠤ ᠣᠢᠯᠠᠭᠠᠭᠳᠠᠬᠤᠨ ᠢ᠋ ᠳᠡᠯᠭᠡᠷᠡᠭᠦᠯᠵᠦ ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶ᠋ᠢ ᠪᠠᠳᠠᠷᠠᠭᠤᠯᠬᠤ ᠪᠣᠯᠤᠨ᠎ᠠ ᠃ ᠰᠢᠷᠦᠭᠦᠨ ᠥᠷᠢᠰᠥᠯᠳᠦᠭᠡᠨ ᠢᠶᠡᠷ ᠳᠡᠮᠵᠢᠨ ᠂ ᠤᠷᠤᠯᠳᠤᠭᠠᠨ ᠳ᠋ᠤ᠌ ᠨᠢᠭᠡᠳᠦᠭᠡᠷ ᠳᠡᠰ ᠦᠨ ᠱᠠᠩᠨᠠᠯ 1᠂ ᠬᠣᠶᠠᠳᠤᠭᠠᠷ ᠳᠡᠰ ᠦᠨ ᠱᠠᠩᠨᠠᠯ 2᠂ ᠭᠤᠷᠪᠠᠳᠤᠭᠠᠷ ᠳᠡᠰ ᠦᠨ ᠱᠠᠩᠨᠠᠯ 3᠂ ᠰᠢᠯᠢᠳᠡᠭ ᠱᠠᠩᠨᠠᠯ ᠬᠡᠳᠦᠨ ᠬᠥᠮᠦᠨ ᠢ᠋ ᠰᠢᠯᠭᠠᠷᠠᠭᠤᠯᠵᠠᠢ ᠃
ᠴᠠᠭ ᠦᠶ᠎ᠡ ᠪᠣᠯᠭᠠᠨ ᠳᠤ ᠴᠥᠮ ᠡᠮᠦᠨ᠎ᠡ ᠨᠢ ᠤᠷᠤᠭᠰᠢᠯᠠᠵᠤ᠂ ᠡᠮᠦᠨ᠎ᠡ ᠨᠢ ᠤᠷᠤᠭᠰᠢᠯᠠᠵᠤ ᠠᠵᠢᠯᠯᠠᠳᠠᠭ ᠲᠡᠷᠢᠭᠦᠨ ᠦ ᠺᠠᠳ᠋ᠷ ᠪᠠᠶᠢᠳᠠᠭ ᠂ ᠲᠡᠳᠡ ᠬᠠᠪᠤᠷ ᠤᠨ ᠬᠤᠷ᠎ᠠ ᠮᠡᠲᠦ ᠳᠠᠭᠤ ᠴᠢᠮᠡᠭᠡ ᠦᠭᠡᠢ ᠪᠡᠷ᠂ ᠦᠭᠡ ᠳᠠᠭᠤ ᠥᠬᠡᠢ ᠪᠡᠷ ᠬᠤᠪᠢ ᠨᠡᠮᠡᠷᠢ ᠪᠡᠨ ᠵᠣᠷᠢᠭᠤᠯᠳᠠᠭ᠃ ᠲᠡᠷᠢᠭᠦᠨ ᠦ᠌ ᠨᠡᠢᠲᠡᠯᠢᠭ ᠵᠢᠱ᠌ᠢᠶ᠎ᠡ ᠨᠢᠭᠡᠪᠦᠷᠢ ᠨᠢ ᠨᠢᠭᠡ ᠲᠤᠭ ᠲᠡᠮᠳᠡᠭ ᠪᠣᠯᠬᠤ ᠲᠤᠯᠠ ᠮᠠᠭᠲᠠᠨ ᠰᠠᠢᠰᠢᠶᠠᠭᠤᠰᠢᠲᠠᠢ ᠪᠥᠭᠡᠳ ᠰᠤᠷᠤᠯᠴᠠᠭᠤᠰᠢᠲᠠᠢ ᠪᠠᠢᠨ᠎ᠠ ᠃ ᠰᠢᠨ᠎ᠡ ᠴᠠᠭ ᠦᠶ᠎ᠡ ᠶ᠋ᠢᠨ ᠣᠷᠳᠣᠰ ᠤ᠋ᠨ ᠰᠢᠭᠦᠬᠦ ᠬᠣᠷᠢᠶ᠎ᠠ ᠶ᠋ᠢᠨ ᠭᠦᠢᠴᠡᠳᠬᠡᠬᠦ ᠺᠠᠳ᠋ᠷ ᠴᠠᠭᠳᠠᠭ᠎ᠠ 《 ᠮᠢᠨᠦ ᠳᠡᠷᠭᠡᠳᠡᠬᠢ ᠪᠤᠤ ᠸᠧᠢ ᠵᠦᠩ 》 ᠪᠡᠷ ᠳᠠᠭᠤᠷᠢᠶᠠᠯ ᠪᠣᠯᠭᠠᠵᠤ ᠂ ᠠᠯᠢᠪᠠ ᠶᠠᠪᠤᠳᠠᠯ ᠢ᠋ ᠪᠣᠳᠠᠲᠠᠢ ᠨᠠᠷᠢᠯᠢᠭ ᠬᠢᠵᠦ ᠂ ᠭᠦᠢᠴᠡᠳᠬᠡᠬᠦ ᠬᠡᠷᠡᠭ ᠪᠣᠯᠭᠠᠨ ᠢ᠋ ᠰᠣᠳᠣᠨ ᠬᠡᠷᠡᠭ ᠪᠣᠯᠭᠠᠨ ᠰᠢᠢᠳᠪᠦᠷᠢᠯᠡᠵᠦ ᠂ ᠠᠷᠠᠳ ᠣᠯᠠᠨ ᠳ᠋ᠤ᠌ ᠨᠡᠩ ᠣᠯᠠᠨ ᠠᠮᠤᠷ ᠲᠦᠪᠰᠢᠨ ᠤ ᠲᠥᠷᠥᠭᠳᠡᠯ᠂ ᠣᠯᠤᠯᠲᠠ ᠶᠢᠨ ᠲᠥᠷᠥᠭᠳᠡᠯ ᠂ ᠵᠣᠯ ᠵᠢᠷᠭᠠᠯ ᠤᠨ ᠲᠥᠷᠥᠭᠳᠡᠯ ᠂ ᠢᠮᠠᠭᠲᠠ ᠬᠠᠤᠯᠢ ᠴᠠᠭᠠᠵᠠ ᠶ᠋ᠢᠨ ᠲᠥᠪ ᠭᠣᠣᠯᠴᠢ ᠶ᠋ᠢ ᠬᠠᠮᠠᠭᠠᠯᠠᠵᠤ ᠂ ᠬᠠᠤᠯᠢ ᠬᠡᠷᠡᠭᠵᠢᠭᠦᠯᠦᠨ ᠬᠡᠷᠡᠭ ᠰᠢᠢᠳᠪᠦᠷᠢᠯᠡᠵᠦ ᠂ ᠣᠯᠠᠨ ᠲᠦᠮᠡᠨ ᠳ᠋ᠦ᠍ ᠦᠢᠯᠡᠴᠢᠯᠡᠬᠦ ᠶ᠋ᠢ ᠲᠡᠷᠢᠭᠦᠨ ᠪᠠᠢᠷᠢᠨ ᠳ᠋ᠤ᠌ ᠲᠠᠯᠪᠢᠵᠤ ᠂ 《 ᠪᠦᠦ ᠸᠧᠢ ᠵᠦᠩ 》 ᠭᠡᠬᠦ ᠬᠡᠯᠪᠡᠷᠢ ᠶ᠋ᠢᠨ ᠰᠠᠢᠨ ᠺᠠᠳ᠋ᠷ ᠴᠠᠭᠳᠠᠭ᠎ᠠ ᠪᠣᠯᠵᠤ᠂ ᠠᠷᠠᠳ ᠣᠯᠠᠨ ᠳ᠋ᠤ᠌ ᠬᠠᠤᠯᠢ ᠴᠠᠭᠠᠵᠠ ᠶ᠋ᠢᠨ ᠡᠷᠬᠡ ᠲᠡᠭᠰᠢ ᠪᠠ ᠲᠥᠪ ᠭᠣᠣᠯᠴᠢ ᠶ᠋ᠢ ᠵᠢᠩᠬᠢᠨᠢ ᠮᠡᠳᠡᠷᠡᠭᠦᠯᠬᠦ ᠪᠡᠷ ᠴᠢᠷᠮᠠᠢᠨ᠎ᠠ ᠃
ᠦᠨᠡᠯᠡᠬᠦ 0ᠦᠨᠡᠯᠡᠯᠲᠡ᠎ᠲᠠᠢ