《 ᠵᠠᠰᠠᠭ ᠤ᠋ᠨ ᠣᠷᠳᠣᠨ ᠤ᠋ ᠬᠣᠯᠪᠣᠭ᠎ᠠ 》ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠢᠭᠡᠳ ᠬᠣᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠸᠢᠳᠢᠣ᠋ ᠪᠡᠷ ᠠᠯᠤᠰ ᠠᠴᠠ ᠬᠠᠤᠯᠢ ᠬᠡᠷᠡᠭᠵᠢᠭᠦᠯᠬᠦ ᠪᠣᠯᠤᠮᠵᠢᠲᠤ ᠴᠢᠨᠠᠷ ᠢ᠋ ᠰᠤᠳᠤᠯᠤᠨ ᠶᠠᠷᠢᠯᠴᠠᠬᠤ ᠬᠤᠷᠠᠯ ᠬᠢᠪᠠ
2023.09.01 ᠲᠣᠰ ᠥᠷᠲᠡᠭᠡᠨ᠎ᠦ ᠨᠠᠢᠷᠠᠭᠤᠯᠤᠭᠴᠢ

    ᠬᠣᠲᠠ ᠶ᠋ᠢᠨ ᠨᠠᠮ ᠤ᠋ᠨ ᠬᠣᠷᠢᠶᠠᠨ ᠤ᠋ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠨᠢ ᠬᠠᠤᠯᠢᠵᠢᠭᠰᠠᠨ ᠣᠷᠳᠣᠰ ᠤ᠋ᠨ ᠪᠦᠲᠦᠭᠡᠨ ᠪᠠᠢᠭᠤᠯᠤᠯᠲᠠ ᠶ᠋ᠢ ᠠᠬᠢᠭᠤᠯᠬᠤ ᠴᠢᠬᠤᠯᠠ ᠦᠢᠯᠡᠳᠦᠯ ᠢ᠋ ᠭᠦᠢᠴᠡᠳ ᠪᠠᠳᠠᠷᠠᠭᠤᠯᠬᠤ ᠶ᠋ᠢᠨ ᠲᠥᠯᠥᠭᠡ᠂ ᠣᠢᠷ᠎ᠠ ᠳ᠋ᠤ᠌ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠣᠲᠠ ᠶ᠋ᠢᠨ ᠵᠠᠮ ᠬᠠᠷᠢᠯᠴᠠᠭᠠᠨ ᠤ᠋ ᠬᠠᠮᠢᠶᠠᠷᠤᠯᠲᠠ ᠶ᠋ᠢᠨ ᠰᠠᠯᠪᠤᠷᠢ ᠠᠩᠭᠢ ᠲᠠᠢ ᠶᠠᠷᠢᠯᠴᠠᠬᠤ ᠬᠤᠷᠠᠯ ᠬᠢᠵᠦ ᠂ ᠸᠢᠳᠢᠣ᠋ ᠪᠡᠷ ᠠᠯᠤᠰ ᠠᠴᠠ ᠬᠠᠤᠯᠢ ᠬᠡᠷᠡᠭᠵᠢᠭᠦᠯᠬᠦ ᠪᠣᠯᠤᠮᠵᠢᠲᠤ ᠴᠢᠨᠠᠷ ᠢ᠋ ᠶᠠᠷᠢᠯᠴᠠᠵᠤ ᠂ ᠲᠡᠷᠡᠴᠢᠯᠡᠨ ᠵᠠᠰᠠᠭ ᠵᠠᠬᠢᠷᠭᠠᠨ ᠤ᠋ ᠮᠠᠷᠭᠤᠯᠳᠤᠭᠠᠨ ᠂ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠦᠯᠲᠡ ᠂ ᠵᠠᠰᠠᠭ ᠵᠠᠬᠢᠷᠭᠠᠨ ᠤ᠋ ᠰᠢᠳᠬᠡᠯ ᠲᠣᠷᠭᠠᠭᠤᠯᠢ ᠂ ᠬᠤᠳᠠᠯᠳᠤᠭ᠎ᠠ ᠡᠷᠬᠢᠯᠡᠬᠦ ᠬᠠᠤᠯᠢ ᠪᠠᠷ ᠵᠠᠰᠠᠬᠤ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠵᠡᠷᠭᠡ ᠠᠵᠢᠯ ᠢ᠋ ᠰᠤᠳᠤᠯᠵᠤ ᠠᠷᠭᠠᠴᠠᠬᠤ ᠠᠷᠭ᠎ᠠ ᠬᠡᠮᠵᠢᠶ᠎ᠡ ᠶ᠋ᠢ ᠵᠥᠪᠯᠡᠨ ᠶᠠᠷᠢᠯᠴᠠᠪᠠ ᠃

 

 

    ᠸᠢᠳᠢᠣ᠋ ᠪᠡᠷ ᠠᠯᠤᠰ ᠠᠴᠠ ᠬᠠᠤᠯᠢ ᠬᠡᠷᠡᠭᠵᠢᠭᠦᠯᠬᠦ ᠠᠵᠢᠯ ᠭᠡᠳᠡᠭ ᠨᠢ ᠰᠦᠯᠵᠢᠶᠡᠨ ᠳᠡᠭᠡᠷ᠎ᠡ ᠪᠠ ᠰᠦᠯᠵᠢᠶᠡᠨ ᠳᠣᠣᠷ᠎ᠠ ᠬᠠᠮᠲᠤᠪᠠᠷ ᠬᠠᠮᠵᠢᠯᠴᠠᠬᠤ ᠶ᠋ᠢ ᠠᠰᠢᠭᠯᠠᠨ ᠂ ᠮᠡᠳᠡᠭᠳᠡᠬᠦ ᠂ ᠠᠰᠠᠭᠤᠬᠤ ᠂ ᠬᠦᠷᠭᠡᠬᠦ ᠵᠡᠷᠭᠡ ᠳᠡᠰ ᠳᠠᠷᠠᠭᠠᠯᠠᠯ ᠢ᠋ ᠲᠡᠭᠦᠯᠳᠡᠷᠵᠢᠭᠦᠯᠵᠦ᠂ ᠲᠤᠬᠠᠢ ᠶ᠋ᠢᠨ ᠬᠥᠮᠦᠨ ᠦ᠌ ᠲᠣᠭᠠᠴᠢᠬᠤ ᠂ ᠵᠥᠪᠲᠦᠭᠡᠨ ᠲᠣᠳᠣᠷᠬᠠᠢᠯᠠᠬᠤ ᠵᠡᠷᠭᠡ ᠬᠠᠤᠯᠢ ᠳ᠋ᠤ᠌ ᠲᠣᠭᠲᠠᠭᠠᠭᠰᠠᠨ ᠡᠷᠬᠡ ᠶ᠋ᠢ ᠬᠠᠮᠤᠭ ᠤ᠋ᠨ ᠶᠡᠬᠡ ᠬᠡᠮᠵᠢᠶ᠎ᠡ ᠪᠡᠷ ᠪᠠᠲᠤᠯᠠᠬᠤ ᠪᠥᠭᠡᠳ ᠂ ᠪᠠᠰᠠ ᠲᠤᠬᠠᠢ ᠶ᠋ᠢᠨ ᠬᠥᠮᠦᠨ ᠦ᠌ ᠵᠢᠭᠤᠷᠠᠯᠳᠤᠭᠠᠨ ᠢ᠋ ᠰᠢᠢᠳᠪᠦᠷᠢᠯᠡᠬᠦ ᠴᠠᠭ ᠢ᠋ ᠠᠷᠪᠢᠯᠠᠵᠤ ᠂ ᠵᠠᠮ ᠬᠠᠷᠢᠯᠴᠠᠭᠠᠨ ᠤ᠋ ᠡᠮᠬᠢ ᠵᠢᠷᠤᠮ ᠢ᠋ ᠲᠦᠷᠭᠡᠨ ᠰᠡᠷᠭᠦᠭᠡᠵᠦ ᠪᠣᠯᠤᠨ᠎ᠠ ᠃

    ᠶᠠᠷᠢᠯᠴᠠᠬᠤ ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠮ ᠬᠠᠷᠢᠯᠴᠠᠭᠠᠨ ᠤ᠋ ᠬᠠᠮᠢᠶᠠᠷᠤᠯᠲᠠ ᠶ᠋ᠢᠨ ᠤᠬᠠᠭᠤᠯᠭ᠎ᠠ ᠶ᠋ᠢᠨ ᠲᠠᠪᠴᠠᠩ ᠢ᠋ ᠠᠰᠢᠭᠯᠠᠨ ᠂ ᠸᠢᠳᠢᠣ᠋ ᠪᠡᠷ ᠠᠯᠤᠰ ᠠᠴᠠ ᠬᠠᠤᠯᠢ ᠬᠡᠷᠡᠭᠵᠢᠭᠦᠯᠬᠦ ᠰᠢᠨ᠎ᠡ ᠶ᠋ᠢ ᠡᠭᠦᠳᠬᠦ ᠤᠬᠠᠭᠤᠯᠭ᠎ᠠ ᠬᠢᠵᠦ ᠂ ᠣᠯᠠᠨ ᠲᠦᠮᠡᠨ ᠦ᠌ ᠣᠢᠯᠠᠭᠠᠬᠤ ᠪᠠ ᠰᠠᠨᠠᠭᠠᠴᠢᠯᠠᠭ᠎ᠠ ᠠ᠋ᠴᠠ ᠪᠠᠨ ᠭᠤᠶᠤᠴᠢᠯᠠᠯ ᠬᠡᠷᠡᠭᠯᠡᠬᠦ ᠳ᠋ᠦ᠍ ᠳᠥᠭᠥᠮ ᠦᠵᠡᠭᠦᠯᠬᠦ ᠬᠡᠷᠡᠭᠲᠡᠢ ᠃ ᠡᠭᠦᠨ ᠦ᠌ ᠬᠠᠮᠲᠤ ᠂ ᠸᠢᠳᠢᠣ᠋ ᠪᠡᠷ ᠠᠯᠤᠰ ᠠᠴᠠ ᠬᠠᠤᠯᠢ ᠬᠡᠷᠡᠭᠵᠢᠭᠦᠯᠬᠦ ᠵᠢᠷᠤᠮᠵᠢᠯ ᠤ᠋ᠨ ᠴᠢᠨᠠᠷᠲᠠᠢ ᠠᠵᠢᠯᠯᠠᠭᠠᠨ ᠤ᠋ ᠵᠦᠭᠯᠡᠭᠦᠷ ᠢ᠋ ᠪᠦᠷᠢᠨᠰᠢᠭᠦᠯᠵᠦ  ᠂ ᠬᠡᠷᠡᠭᠯᠡᠬᠦ ᠬᠦᠷᠢᠶ᠎ᠡ ᠬᠡᠪᠴᠢᠶ᠎ᠡ ᠶ᠋ᠢ ᠨᠠᠷᠢᠯᠢᠭᠵᠢᠭᠤᠯᠬᠤ ᠶ᠋ᠢᠨ ᠬᠠᠮᠲᠤ ᠬᠠᠤᠯᠢ ᠬᠡᠷᠡᠭᠵᠢᠭᠦᠯᠬᠦ ᠭᠣᠣᠯ ᠴᠣᠭᠴᠠ ᠶ᠋ᠢᠨ ᠬᠢᠷᠢ ᠭᠡᠮ ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠂ ᠬᠡᠷᠡᠭᠵᠢᠭᠦᠯᠬᠦ ᠦᠨᠳᠦᠰᠦ ᠪᠠᠷᠢᠮᠲᠠ ᠪᠣᠯᠤᠨ ᠬᠠᠤᠯᠢ ᠴᠠᠭᠠᠵᠠ ᠶ᠋ᠢ ᠬᠡᠷᠡᠭᠯᠡᠬᠦ ᠲᠠᠯ᠎ᠠ ᠪᠠᠷ ᠬᠠᠤᠯᠢ ᠳᠦ ᠲᠣᠬᠢᠷᠠᠬᠤ ᠴᠢᠨᠠᠷᠲᠠᠢ ᠰᠠᠨᠠᠭᠤᠯᠭ᠎ᠠ ᠭᠠᠷᠭᠠᠬᠤ ᠬᠡᠷᠡᠭᠲᠡᠢ ᠃

    ᠳᠠᠷᠠᠭ᠎ᠠ ᠠᠯᠬᠤᠮ ᠳ᠋ᠤ᠌ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠣᠲᠠ ᠶ᠋ᠢᠨ ᠵᠠᠮ ᠬᠠᠷᠢᠯᠴᠠᠭᠠᠨ ᠤ᠋ ᠬᠠᠮᠢᠶᠠᠷᠤᠯᠲᠠ ᠶ᠋ᠢᠨ ᠰᠠᠯᠪᠤᠷᠢ ᠠᠩᠭᠢ ᠲᠠᠢ ᠬᠠᠮᠵᠢᠯᠴᠠᠨ ᠬᠠᠤᠯᠢ ᠬᠡᠷᠡᠭᠵᠢᠭᠦᠯᠬᠦ ᠦᠨᠳᠦᠰᠦᠯᠡᠯ ᠢ᠋ ᠲᠡᠭᠦᠯᠳᠡᠷᠵᠢᠭᠦᠯᠵᠦ ᠂ ᠬᠠᠤᠯᠢ ᠬᠡᠷᠡᠭᠵᠢᠭᠦᠯᠬᠦ ᠶᠠᠪᠤᠴᠠ ᠶ᠋ᠢ ᠳᠦᠷᠢᠮᠵᠢᠭᠦᠯᠵᠦ ᠂ ᠠᠵᠢᠯ ᠤ᠋ᠨ ᠵᠦᠭᠯᠡᠭᠦᠷ ᠢ᠋ ᠨᠠᠷᠢᠯᠢᠭᠵᠢᠭᠤᠯᠵᠤ ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠂ ᠬᠠᠤᠯᠢ ᠬᠡᠷᠡᠭᠵᠢᠭᠦᠯᠬᠦ ᠦᠨᠳᠦᠰᠦᠯᠡᠯ ᠂ ᠰᠢᠭᠦᠨ ᠲᠠᠰᠤᠯᠬᠤ ᠪᠠᠷᠢᠮᠵᠢᠶ᠎ᠠ ᠶ᠋ᠢ ᠨᠢᠭᠡᠳᠬᠡᠵᠦ ᠂ ᠵᠠᠮ ᠬᠠᠷᠢᠯᠴᠠᠭᠠᠨ ᠤ᠋ ᠬᠠᠤᠯᠢ ᠬᠡᠷᠡᠭᠵᠢᠭᠦᠯᠬᠦ ᠳ᠋ᠦ᠍ ᠳᠥᠭᠥᠮ ᠲᠦᠳᠡ ᠂ ᠥᠨᠳᠥᠷ ᠦᠷ᠎ᠡ ᠪᠦᠲᠦᠮᠵᠢᠲᠡᠢ ᠪᠠᠢᠬᠤ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠷᠳᠣᠰ ᠬᠣᠲᠠ ᠶ᠋ᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶ᠋ᠢ ᠳᠡᠭᠡᠭᠰᠢᠯᠡᠭᠦᠯᠬᠦ ᠶ᠋ᠢ ᠠᠬᠢᠭᠤᠯᠵᠤ ᠂ ᠬᠠᠤᠯᠢ ᠪᠠᠷ ᠵᠠᠰᠠᠬᠤ ᠵᠠᠰᠠᠭ ᠤ᠋ᠨ ᠣᠷᠳᠣᠨ᠂ ᠬᠠᠤᠯᠢ ᠪᠠᠷ ᠵᠠᠰᠠᠬᠤ ᠨᠡᠢᠭᠡᠮ ᠦ᠋ᠨ ᠪᠠᠢᠭᠤᠯᠤᠯᠲᠠ ᠳ᠋ᠤ᠌ ᠰᠢᠭᠦᠬᠦ ᠬᠣᠷᠢᠶᠠᠨ ᠤ᠋ ᠬᠦᠴᠦᠨ ᠴᠢᠳᠠᠯ ᠢ᠋ᠶ᠋ᠠᠨ ᠡᠷᠭᠦᠶ᠎ᠡ ᠭᠡᠵᠠᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )