ᠪᠥᠬᠥ ᠬᠣᠲᠠ ᠶ᠋ᠢᠨ ᠰᠢᠭᠦᠬᠦ ᠬᠣᠷᠢᠶ᠎ᠠ  ᠬᠣᠲᠠ ᠶ᠋ᠢᠨ ᠨᠠᠮ ᠤ᠋ᠨ ᠬᠣᠷᠢᠶᠠᠨ ᠤ᠋ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠳᠠᠢᠴᠢᠯᠠᠯᠲᠠ ᠪᠠᠢᠷᠢᠯᠠᠭᠤᠯᠤᠯᠲᠠ ᠶ᠋ᠢᠨ ᠬᠤᠷᠠᠯ ᠬᠤᠷᠠᠯᠳᠤᠪᠠ
2023.09.04 ᠲᠣᠰ ᠥᠷᠲᠡᠭᠡᠨ᠎ᠦ ᠨᠠᠢᠷᠠᠭᠤᠯᠤᠭᠴᠢ

    ᠬᠣᠲᠠ ᠶ᠋ᠢᠨ ᠨᠠᠮ ᠤ᠋ᠨ ᠬᠣᠷᠢᠶᠠᠨ ᠤ᠋ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠺᠠᠲ᠌ᠷ ᠴᠠᠭᠳᠠᠭ᠎ᠠ ᠶ᠋ᠢ ᠳᠠᠢᠴᠢᠯᠠᠨ ᠪᠦᠯᠬᠦᠮᠳᠡᠨ ᠲᠡᠮᠡᠴᠡᠵᠦ ᠂ ᠡᠷᠡᠮᠡᠬᠡᠢᠯᠡᠨ  ᠤᠷᠤᠭᠰᠢᠯᠠᠨ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢᠨ ᠠᠶᠠᠨ ᠵᠠᠮ ᠳ᠋ᠠᠭᠠᠨ ᠰᠢᠨ᠎ᠡ ᠵᠠᠮ ᠰᠢᠪᠲᠤᠯᠵᠤ ᠂ ᠰᠢᠨ᠎ᠡ ᠬᠠᠭᠤᠳᠠᠰᠤ ᠶ᠋ᠢ ᠪᠢᠴᠢᠭᠯᠡᠬᠦ ᠶ᠋ᠢᠨ ᠲᠥᠯᠥᠭᠡ ᠂ 8 ᠰᠠᠷ᠎ᠠ ᠶ᠋ᠢᠨ 11 ᠦ᠌ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠣᠲᠠ ᠢ᠋ᠢᠨ ᠨᠠᠮ ᠤ᠋ᠨ ᠬᠣᠷᠢᠶᠠᠨ ᠤ᠋ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠳᠠᠢᠴᠢᠯᠠᠯᠲᠠ ᠪᠠᠢᠷᠢᠯᠠᠭᠤᠯᠤᠯᠲᠠ ᠶ᠋ᠢᠨ ᠬᠤᠷᠠᠯ ᠢ᠋ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠰᠢᠶᠠᠩ ᠭᠠᠵᠠᠷ ᠤ᠋ᠨ ᠳᠡᠰ ᠤ᠋ᠨ ᠺᠠᠲ᠌ᠷ ᠵᠢᠴᠢ ᠡᠯ᠎ᠡ ᠰᠠᠯᠠᠭ᠎ᠠ ᠮᠥᠴᠢᠷ ᠤ᠋ᠨ ᠬᠠᠷᠢᠭᠤᠴᠠᠯᠭᠠᠲᠠᠨ ᠭᠣᠣᠯ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠵᠢᠴᠢ ᠰᠠᠯᠠᠭ᠎ᠠ ᠮᠥᠴᠢᠷ ᠤ᠋ᠨ ᠬᠠᠷᠢᠭᠤᠴᠠᠯᠭᠠᠲᠠᠳ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠠᠢ ᠃

 

 

    ᠬᠤᠷᠠᠯ ᠳᠡᠭᠡᠷ᠎ᠡ ᠂ ᠯᠢ ᠵᠢᠩ ᠭᠦᠸᠧ 《〈 ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠰᠢᠨ᠎ᠡ ᠴᠠᠭ ᠦᠶ᠎ᠡ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠲᠤᠬᠠᠢ ᠰᠠᠨᠠᠯ 〉  ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ 》 ᠢ᠋ ᠤᠩᠰᠢᠨ ᠲᠠᠢᠯᠪᠤᠷᠢᠯᠠᠪᠠ ᠃

    ᠬᠤᠷᠠᠯ ᠠ᠋ᠴᠠ ᠵᠢᠭᠠᠵᠤ ᠭᠠᠷᠭᠠᠭᠰᠠᠨ ᠨᠢ ᠂ ᠬᠣᠲᠠ ᠶ᠋ᠢᠨ ᠨᠠᠮ ᠤ᠋ᠨ ᠬᠣᠷᠢᠶᠠᠨ ᠤ᠋  ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠪᠣᠯ ᠥᠪᠡᠷᠲᠡᠭᠡᠨ ᠵᠠᠰᠠᠬᠤ ᠣᠷᠣᠨ ᠤ᠋ ᠲᠦᠷᠦᠭᠦᠦ ᠠᠢᠮᠠᠭ ᠬᠣᠲᠠ ᠶ᠋ᠢᠨ ᠨᠠᠮ ᠤ᠋ᠨ ᠬᠣᠷᠢᠶ᠎ᠠ ᠠ᠋ᠴᠠ ᠰᠢᠭᠦᠬᠦ ᠬᠣᠷᠢᠶᠠᠨ ᠤ᠋ ᠠᠵᠢᠯ ᠳ᠋ᠤ᠌ ᠲᠤᠰᠬᠠᠢ ᠪᠠᠢᠷᠢᠯᠠᠭᠤᠯᠤᠯᠲᠠ ᠬᠢᠭᠰᠡᠨ ᠲᠤᠰᠬᠠᠢ ᠰᠡᠳᠦᠪᠲᠦ ᠬᠤᠷᠠᠯ ᠪᠣᠯᠤᠨ᠎ᠠ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠳ᠋ᠤ᠌ ᠴᠢᠭᠯᠡᠯ ᠢ᠋ ᠲᠣᠳᠣᠷᠬᠠᠢ ᠵᠢᠭᠠᠨ ᠥᠭᠴᠦ ᠂ ᠵᠢᠷᠤᠮᠯᠠᠯ ᠬᠠᠩᠭᠠᠨ ᠂ 《 ᠭᠤᠷᠪᠠᠨ ᠳᠥᠷᠪᠡ 》 ᠶ᠋ᠢᠨ ᠠᠵᠢᠯ ᠤ᠋ᠨ ᠡᠭᠦᠷᠭᠡ ᠪᠡᠷ ᠬᠣᠶᠠᠷ ᠶᠡᠬᠡ ᠶᠠᠪᠤᠳᠠᠯ ᠢ᠋ ᠪᠦᠬᠦ ᠬᠦᠴᠦᠨ ᠢ᠋ᠶ᠋ᠡᠷ ᠰᠠᠢᠲᠤᠷ ᠬᠢᠬᠦ ᠶᠠᠪᠤᠴᠠ ᠳ᠋ᠤ᠌ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠭᠦᠷᠭᠡ ᠨᠡᠩ ᠢᠷᠠᠭᠤ ᠠᠯᠳᠠᠷᠲᠠᠢ ᠂ ᠬᠠᠤᠯᠢ ᠴᠠᠭᠠᠵᠠ ᠶ᠋ᠢᠨ ᠠᠵᠢᠯ ᠤ᠋ᠨ ᠲᠠᠪᠴᠠᠩ ᠨᠡᠩ ᠥᠷᠭᠡᠨ ᠪᠣᠯᠵᠤ ᠂ ᠬᠣᠲᠠ ᠶ᠋ᠢᠨ ᠨᠠᠮ ᠤ᠋ᠨ ᠬᠣᠷᠢᠶᠠᠨ ᠤ᠋ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠪᠠᠷ ᠵᠢᠯᠣᠭᠣᠳᠤᠯᠭ᠎ᠠ ᠪᠣᠯᠭᠠᠨ ᠂ ᠡᠷᠡᠰ ᠵᠣᠷᠢᠭ ᠰᠠᠨᠠᠭ᠎ᠠ ᠲᠠᠢ ᠂ ᠦᠨᠡᠨ ᠪᠣᠳᠠᠲᠠᠢ ᠠᠵᠢᠯᠯᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋  ᠴᠢᠨᠠᠷ ᠰᠠᠢᠲᠠᠢ ᠬᠥᠭᠵᠢᠯᠲᠡ ᠨᠡᠩ ᠭᠣᠢᠳᠠ ᠰᠠᠢᠬᠠᠨ ᠪᠣᠯᠤᠭᠰᠠᠨ ᠰᠦᠷ ᠵᠢᠪᠬᠤᠯᠠᠩᠲᠤ ᠬᠠᠭᠤᠳᠠᠰᠤ ᠶ᠋ᠢ ᠴᠢᠷᠮᠠᠢᠨ ᠪᠢᠴᠢᠭᠯᠡᠵᠦ ᠂ ᠣᠳᠣᠬᠢᠴᠢᠯᠠᠭᠰᠠᠨ ᠣᠷᠳᠣᠰ ᠤ᠋ᠨ ᠪᠦᠲᠦᠭᠡᠨ ᠪᠠᠢᠭᠤᠯᠤᠯᠲᠠ ᠶ᠋ᠢ ᠪᠥᠬᠥ ᠲᠠᠯ᠎ᠠ ᠪᠠᠷ ᠠᠬᠢᠭᠤᠯᠬᠤ ᠳ᠋ᠤ᠌ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ ᠃

    ᠬᠤᠷᠠᠯ ᠠ᠋ᠴᠠ ᠴᠢᠩᠭᠠᠳᠭ᠍ᠠᠭᠰᠠᠨ ᠨᠢ ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠬᠤᠷᠠᠯ ᠤ᠋ᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ ᠂ ᠬᠤᠷᠠᠯ ᠳ᠋ᠤ᠌ ᠳᠤᠷᠠᠳᠤᠭᠰᠠᠨ ᠬᠠᠷᠠᠯᠲᠠ ᠪᠠᠢᠷᠢᠯᠠᠭᠤᠯᠤᠯᠲᠠ ᠪᠠᠨ ᠬᠠᠷᠭᠤᠭᠤᠯᠤᠨ ᠂ 《 ᠬᠡᠷᠡᠭᠵᠢᠭᠦᠯᠬᠦ ᠲᠥᠰᠦᠯ 》 ᠤ᠋ᠨ ᠲᠣᠳᠣᠷᠬᠠᠢ ᠡᠭᠦᠷᠭᠡ ᠪᠠ ᠠᠷᠭ᠎ᠠ ᠬᠡᠮᠵᠢᠶ᠎ᠡ ᠳ᠋ᠦ᠍ ᠠᠩᠬᠠᠷᠤᠯ ᠢ᠋ᠶ᠋ᠠᠨ ᠲᠥᠪᠯᠡᠷᠡᠭᠦᠯᠵᠦ ᠂ ᠡᠷᠡᠰ ᠭᠤᠢᠪᠢᠰᠢ ᠦᠭᠡᠢ ᠂ ᠴᠥᠬᠥᠷᠡᠰᠢ ᠦᠭᠡᠢ ᠪᠡᠷ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠰᠠᠢᠲᠤᠷ ᠠᠳᠬᠤᠬᠤ ᠬᠡᠷᠡᠭᠲᠡᠢ ᠃ ᠲᠡᠷᠢᠭᠦᠨ ᠵᠡᠷᠭᠡ ᠶ᠋ᠢᠨ ᠪᠠᠷᠢᠮᠵᠢᠶ᠎ᠠ ᠶ᠋ᠢ ᠪᠠᠷᠢᠮᠲᠠᠯᠠᠨ ᠂ ᠠᠵᠢᠯ ᠤ᠋ᠨ ᠤᠶᠠᠨ ᠬᠠᠳᠠᠨ ᠴᠢᠨᠠᠷ ᠢ᠋ ᠪᠠᠲᠤᠯᠠᠵᠤ ᠂ 《 ᠭᠤᠷᠪᠠᠨ ᠤᠬᠠᠮᠰᠠᠷ 》  ᠢ᠋ ᠴᠢᠩᠭᠠᠷᠠᠭᠤᠯᠤᠨ ᠂ ᠨᠡᠩ ᠡᠷᠡᠰ ᠪᠠᠲᠤ ᠤᠯᠤᠰ ᠲᠥᠷᠥ ᠶ᠋ᠢᠨ ᠤᠬᠠᠮᠰᠠᠷ ᠢ᠋ᠶ᠋ᠠᠷ ᠨᠠᠮ ᠤ᠋ᠨ ᠵᠢᠯᠣᠭᠣᠳᠤᠯᠭ᠎ᠠ ᠶ᠋ᠢ ᠰᠣᠨᠣᠰᠴᠤ ᠂ ᠨᠡᠩ ᠡᠷᠡᠰ ᠪᠠᠲᠤ ᠴᠢᠩᠭ᠎ᠠ ᠦᠵᠡᠯ ᠰᠠᠨᠠᠭ᠎ᠠ ᠪᠠᠷ ᠴᠢᠭᠯᠡᠯ ᠢ᠋ᠶ᠋ᠡᠨ ᠪᠠᠳᠤᠳᠬᠠᠨ ᠂ ᠨᠡᠩ  ᠡᠷᠡᠰ ᠪᠠᠲᠤ ᠦᠢᠯᠡ ᠠᠵᠢᠯᠯᠠᠭ᠎ᠠ  ᠤ᠋ᠨ ᠤᠬᠠᠮᠰᠠᠷ  ᠪᠡᠷ ᠡᠭᠦᠷᠭᠡ ᠪᠡᠨ ᠭᠦᠢᠴᠡᠳᠬᠡᠵᠦ ᠂ ᠤᠯᠤᠰ ᠲᠥᠷᠥ ᠶ᠋ᠢᠨ ᠦᠨᠡᠨᠴᠢ ᠰᠢᠳᠤᠷᠭᠤ ᠪᠠᠢᠬᠤ ᠶ᠋ᠢ ᠪᠠᠲᠤ ᠪᠣᠯᠭᠠᠬᠤ ᠬᠡᠷᠡᠭᠲᠡᠢ ︔ 《 ᠭᠤᠷᠪᠠᠨ ᠭᠣᠣᠯᠳᠠᠯᠭ᠎ᠠ 》 ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠂ ᠬᠥᠭᠵᠢᠯᠲᠡ ᠶ᠋ᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠵᠡᠮᠳᠡᠨ ᠂ ᠪᠣᠬᠢᠷᠲᠤᠯ ᠥᠬᠡᠢ ᠬᠥᠭᠵᠢᠯᠲᠡ ᠶ᠋ᠢᠨ ᠬᠣᠷᠢᠭ᠎ᠠ ᠱᠤᠭᠤᠮ ᠢ᠋ ᠭᠡᠷᠡᠯᠲᠦᠭᠦᠯᠵᠦ ᠂ ᠠᠮᠤᠷ ᠲᠦᠪᠰᠢᠨ ᠲᠣᠭᠲᠠᠭᠤᠨ ᠪᠠᠢᠳᠠᠯ ᠢ᠋ ᠬᠠᠮᠠᠭᠠᠯᠠᠬᠤ ᠰᠡᠷᠭᠡᠢᠯᠡᠯᠲᠡ ᠶ᠋ᠢᠨ ᠱᠤᠭᠤᠮ ᠤ᠋ᠨ ᠦᠢᠯᠡᠴᠢᠯᠡᠭᠡ ᠶ᠋ᠢ ᠪᠠᠲᠤᠯᠠᠬᠤ ᠪᠦᠬᠦ ᠲᠠᠯ᠎ᠠ ᠶ᠋ᠢ ᠪᠠᠲᠤᠳᠬᠠᠬᠤ ᠬᠡᠷᠡᠭᠲᠡᠢ ︔ 《 ᠭᠤᠷᠪᠠᠨ ᠵᠠᠩᠭᠢᠯᠠᠭ᠎ᠠ 》 ᠶ᠋ᠢ ᠡᠵᠡᠮᠳᠡᠵᠦ ᠂ ᠬᠠᠤᠯᠢ ᠴᠠᠭᠠᠵᠠ ᠶ᠋ᠢᠨ ᠣᠢᠯᠠᠭᠠᠭᠳᠠᠬᠤᠨ ᠤ᠋ ᠣᠳᠣᠬᠢᠴᠢᠯᠠᠯᠲᠠ ᠶ᠋ᠢ ᠲᠦᠯᠬᠢᠨ ᠠᠬᠢᠭᠤᠯᠵᠤ ᠂ ᠰᠢᠭᠦᠨ ᠲᠠᠰᠤᠯᠬᠤ ᠲᠣᠭᠲᠠᠴᠠ ᠶ᠋ᠢᠨ ᠣᠳᠣᠬᠢᠴᠢᠯᠠᠯᠲᠠ ᠶ᠋ᠢ ᠠᠬᠢᠭᠤᠯᠤᠨ ᠂ ᠰᠢᠭᠦᠨ ᠲᠠᠰᠤᠯᠬᠤ ᠬᠠᠮᠢᠶᠠᠷᠤᠯᠲᠠ ᠶ᠋ᠢᠨ ᠣᠳᠣᠬᠢᠴᠢᠯᠠᠯᠲᠠ ᠶ᠋ᠢ ᠲᠦᠯᠬᠢᠨ ᠠᠬᠢᠭᠤᠯᠵᠤ ᠂ ᠰᠢᠭᠦᠨ ᠲᠠᠰᠤᠯᠬᠤ ᠠᠵᠢᠯ ᠤ᠋ᠨ ᠣᠳᠣᠬᠢᠴᠢᠯᠠᠯᠲᠠ ᠶ᠋ᠢ ᠪᠡᠶᠡᠯᠡᠭᠦᠯᠬᠦ ᠬᠡᠷᠡᠭᠲᠡᠢ ; 《 ᠭᠤᠷᠪᠠ ᠶ᠋ᠢ ᠴᠢᠩᠭ᠎ᠠ ᠠᠳᠬᠤᠬᠤ 》 ᠶ᠋ᠢ ᠪᠠᠷᠢᠮᠲᠠᠯᠠᠵᠤ ᠂ ᠠᠷᠠᠳ ᠤ᠋ᠨ ᠠᠮᠢᠳᠤᠷᠠᠯ ᠤ᠋ᠨ ᠬᠡᠷᠡᠭ ᠤ᠋ᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠂ ᠬᠠᠤᠯᠢ   ᠴᠠᠭᠠᠵᠠ ᠢ᠋ᠢᠨ ᠦᠢᠯᠡᠴᠢᠯᠡᠭᠡᠨ ᠦ᠌ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠠᠵᠢᠯ ᠢ᠋ ᠴᠢᠩᠭ᠎ᠠ ᠠᠳᠬᠤᠵᠤ ᠂ ᠵᠠᠬᠢᠳᠠᠯ ᠰᠤᠷᠪᠤᠯᠵᠢᠯᠠᠭ᠎ᠠ ᠶ᠋ᠢ ᠨᠠᠮᠳᠠᠭᠠᠬᠤ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠶ᠋ᠢ ᠴᠢᠩᠭ᠎ᠠ ᠠᠳᠬᠤᠨ ᠂ ᠠᠷᠠᠳ ᠤ᠋ᠨ ᠲᠥᠯᠥᠭᠡ ᠬᠠᠤᠯᠢ ᠪᠠᠷᠢᠬᠤ ᠶ᠋ᠢ ᠦᠨᠡᠨ ᠬᠦ᠌ ᠬᠢᠬᠦ ᠬᠡᠷᠡᠭᠲᠡᠢ ; 《 ᠭᠤᠷᠪᠠ ᠶ᠋ᠢ  ᠨᠡᠢᠯᠡᠭᠦᠯᠬᠦ 》 ᠶ᠋ᠢ ᠠᠬᠢᠭᠤᠯᠵᠤ ᠂ ᠤᠯᠤᠰ ᠲᠥᠷᠥ ᠶ᠋ᠢᠨ ᠬᠡᠪ ᠴᠢᠨᠠᠷ ᠢ᠋  ᠪᠣᠳᠠᠲᠠᠢ ᠪᠠᠷ ᠠᠳᠬᠤᠨ ᠴᠢᠩᠭᠠᠳᠬᠠᠵᠤ ᠂ ᠲᠤᠬᠠᠢᠯᠠᠭᠰᠠᠨ ᠠᠵᠢᠯ ᠤ᠋ᠨ ᠬᠡᠪ ᠴᠢᠨᠠᠷ ᠢ᠋ ᠪᠣᠳᠠᠲᠠᠢ ᠪᠠᠷ ᠠᠳᠬᠤᠨ ᠴᠢᠩᠭᠠᠳᠬᠠᠵᠤ ᠂ ᠠᠵᠢᠯ ᠮᠡᠷᠭᠡᠵᠢᠯ ᠤ᠋ᠨ ᠶᠣᠰᠣ ᠮᠣᠷᠠᠯ ᠤ᠋ᠨ ᠬᠡᠪ ᠴᠢᠨᠠᠷ ᠢ᠋ ᠪᠣᠳᠠᠲᠠᠢ ᠪᠠᠷ ᠠᠳᠬᠤᠨ ᠴᠢᠩᠭᠠᠳᠬᠠᠵᠤ ᠂  ᠴᠠᠭᠠᠷᠠᠭᠰᠠᠨ ᠡᠩᠨᠡᠭᠡ ᠶ᠋ᠢ ᠳᠠᠪᠲᠠᠨ ᠪᠣᠯᠪᠠᠰᠤᠷᠠᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠬᠦᠴᠦᠯᠡᠨ ᠠᠬᠢᠭᠤᠯᠬᠤ ᠬᠡᠷᠡᠭᠲᠡᠢ ᠃ ᠡᠭᠦᠨ ᠦ᠌ ᠬᠠᠮᠲᠤ ᠂ ᠥᠷᠭᠡᠨ ᠪᠦᠷᠬᠦᠭᠦᠯᠬᠦ ᠂ ᠪᠣᠰᠤᠭ᠎ᠠ ᠴᠣᠭᠴᠠᠲᠤ ᠮᠠᠶᠢᠭ ᠤ᠋ᠨ ᠤᠬᠠᠭᠤᠯᠭ᠎ᠠ ᠶ᠋ᠢᠨ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠤᠭᠰᠠᠨ ᠪᠠᠢᠳᠠᠯ ᠂ ᠠᠵᠢᠯ ᠤ᠋ᠨ ᠰᠢᠨ᠎ᠡ ᠦᠷ᠎ᠡ ᠪᠦᠲᠦᠮᠵᠢ ᠶ᠋ᠢ ᠪᠥᠬᠥ ᠲᠠᠯ᠎ᠠ ᠪᠠᠷ ᠢᠯᠡᠷᠡᠭᠦᠯᠵᠦ ᠂ ᠬᠠᠤᠯᠢ ᠴᠠᠭᠠᠵᠠ ᠶ᠋ᠢᠨ ᠵᠥᠪ ᠡᠨᠧᠷᠭᠢ ᠶ᠋ᠢ ᠤᠯᠠᠮᠵᠢᠯᠠᠨ᠂ ᠰᠢᠭᠦᠬᠦ ᠬᠣᠷᠢᠶ᠎ᠠ ᠶ᠋ᠢᠨ ᠰᠢᠨ᠎ᠡ ᠳᠦᠷᠢ ᠲᠥᠷᠬᠦ ᠶ᠋ᠢ ᠪᠠᠲᠤ ᠪᠡᠬᠢ ᠴᠣᠭᠴᠠᠯᠠᠬᠤ ᠬᠡᠷᠡᠭᠲᠡᠢ ᠭᠡᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )