8 ᠰᠠᠷ᠎ᠠ ᠶ᠋ᠢᠨ 4 ᠦ᠌ ᠡᠳᠦᠷ ᠂ ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶ᠎ᠠ ᠶᠢᠨ ᠠᠵᠢᠯ ᠤ᠋ᠨ ᠬᠤᠷᠠᠯ ᠬᠤᠷᠠᠯᠳᠤᠪᠠ ᠃ ᠣᠢᠷ᠎ᠠ ᠶ᠋ᠢᠨ ᠡᠳᠦᠷ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠳᠡᠭᠡᠳᠦ ᠬᠡᠮᠵᠢᠶᠡᠨ ᠦ᠌ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠡᠷ ᠂ ᠦᠳᠲᠡᠷ ᠲᠦᠷᠭᠡᠨ ᠬᠥᠳᠡᠯᠦᠯᠴᠡᠨ ᠂ ᠨᠠᠷᠢᠨ ᠨᠢᠮᠪᠠᠢ ᠵᠣᠬᠢᠶᠠᠨ ᠪᠠᠢᠭᠤᠯᠵᠤ ᠂ ᠪᠥᠬᠥ ᠲᠠᠯ᠎ᠠ ᠪᠠᠷ ᠪᠠᠢᠷᠢᠯᠠᠭᠤᠯᠤᠨ ᠂ ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶ᠎ᠠ ᠶᠢᠨ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠪᠥᠬᠥ ᠬᠣᠲᠠ ᠶ᠋ᠢᠨ ᠰᠢᠭᠦᠬᠦ ᠬᠣᠷᠢᠶᠠᠨ ᠳ᠋ᠤ᠌ ᠨᠠᠢᠳᠠᠪᠤᠷᠢᠵᠢᠭᠤᠯᠤᠨ ᠪᠤᠳᠠᠲᠠᠢᠵᠢᠭᠤᠯᠵᠦ ᠂ ᠪᠣᠳᠠᠲᠤ ᠠᠵᠢᠯᠯᠠᠭ᠎ᠠ ᠶᠢᠨ ᠦᠷ᠎ᠡ ᠪᠦᠲᠦᠮᠵᠢ ᠣᠯᠬᠤ ᠶ᠋ᠢ ᠡᠷᠡᠰ ᠠᠬᠢᠭᠤᠯᠪᠠ ᠃
ᠥᠷᠭᠡᠨ ᠢ᠋ᠶ᠋ᠡᠷ ᠤᠬᠠᠭᠤᠯᠵᠤ ᠬᠠᠯᠠᠮᠰᠠᠭ ᠢ ᠨᠡᠮᠡᠭᠳᠡᠭᠦᠯᠦᠶ᠎ᠡ
ᠪᠡᠬᠢᠯᠡᠯᠲᠡ ᠪᠡᠨ ᠴᠢᠩᠭᠠᠳᠬᠠᠵᠤ ᠂ ᠵᠠᠮ ᠮᠥᠷ ᠢᠶᠡᠨ ᠥᠷᠭᠡᠳᠬᠡᠬᠦ ᠬᠡᠷᠡᠭᠲᠡᠢ ᠃ 《 ᠰᠦᠯᠵᠢᠶ᠎ᠡ ᠂ ᠸᠢᠴᠠᠲ ᠂ ᠳᠡᠯᠭᠡᠴᠡ 》 ᠵᠡᠷᠭᠡ ᠠᠴᠢᠶᠠᠯᠠᠪᠤᠷᠢ ᠶ᠋ᠢ ᠭᠦᠢᠴᠡᠳ ᠠᠰᠢᠭᠯᠠᠵᠤ ᠂ ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶ᠎ᠠ ᠶᠢᠨ ᠠᠵᠢᠯ ᠤ᠋ᠨ ᠬᠤᠷᠠᠯ ᠤ᠋ᠨ ᠤᠬᠠᠭᠤᠯᠭ᠎ᠠ ᠮᠡᠳᠡᠭᠡᠯᠡᠯ ᠦ᠋ᠨ ᠠᠵᠢᠯ ᠢ᠋ ᠪᠥᠬᠥ ᠲᠠᠯ᠎ᠠ ᠪᠠᠷ ᠂ ᠣᠯᠠᠨ ᠠᠷᠭ᠎ᠠ ᠵᠠᠮ ᠢ᠋ᠶ᠋ᠠᠷ ᠥᠷᠨᠢᠭᠦᠯᠵᠦ ᠂ ᠤᠬᠠᠭᠤᠯᠭ᠎ᠠ ᠮᠡᠳᠡᠭᠡᠯᠡᠯ ᠦ᠋ᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ᠋ ᠲᠠᠰᠤᠷᠠᠯᠲᠠ ᠦᠭᠡᠢ ᠥᠷᠭᠡᠳᠬᠡᠵᠦ ᠂ ᠬᠠᠮᠢᠶ᠎ᠠ ᠪᠥᠬᠥᠢ ᠮᠡᠳᠡᠭᠡ ᠵᠠᠩᠭᠢ ᠨᠢ ᠤᠷᠢᠳ ᠬᠣᠵᠢᠳ ᠳᠤᠮᠳᠠᠳᠤ ᠤᠯᠤᠰ ᠤ᠋ᠨ ᠴᠠᠩ ᠠᠨ ᠰᠦᠯᠵᠢᠶ᠎ᠡ ᠂ ᠬᠠᠤᠯᠢ ᠪᠠᠷ ᠵᠠᠰᠠᠬᠤ ᠡᠳᠦᠷ ᠦ᠋ᠨ ᠰᠣᠨᠢᠨ ᠂ ᠥᠪᠥᠷ ᠮᠣᠩᠭᠣᠯ ᠤ᠋ᠨ ᠤᠯᠤᠰ ᠲᠥᠷᠥ ᠬᠠᠤᠯᠢ ᠴᠠᠭᠠᠵᠠ ᠂ ᠥᠪᠥᠷ ᠮᠣᠩᠭᠣᠯ ᠤ᠋ᠨ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠂ ᠣᠷᠳᠣᠰ ᠡᠳᠦᠷ ᠦ᠋ᠨ ᠰᠣᠨᠢᠨ ᠵᠡᠷᠭᠡ ᠳ᠋ᠦ᠍ ᠨᠡᠢᠲᠡᠯᠡᠭᠳᠡᠪᠡ ᠃
ᠲᠤᠰᠬᠠᠢ ᠰᠡᠳᠦᠪ ᠭᠠᠷᠭᠠᠵᠤ ᠂ ᠦᠷ᠎ᠡ ᠪᠦᠲᠦᠮᠵᠢ ᠶ᠋ᠢ ᠳᠡᠯᠭᠡᠨ ᠦᠵᠡᠭᠦᠯᠬᠦ ᠬᠡᠷᠡᠭᠲᠡᠢ ᠃ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠂ ᠺᠠᠲᠷ ᠴᠠᠭᠳᠠᠭ᠎ᠠ ᠶ᠋ᠢᠨ ᠰᠤᠷᠤᠯᠴᠠᠭᠰᠠᠨ ᠣᠯᠤᠯᠲᠠ ᠲᠥᠷᠦᠭᠳᠡᠯ ᠵᠡᠷᠭᠡ ᠠᠭᠤᠯᠭ᠎ᠠ ᠶᠢᠨ ᠬᠤᠪᠢ ᠪᠡᠷ ᠂ ᠸᠢᠴᠠᠲ ᠤ᠋ᠨ ᠣᠯᠠᠨ ᠨᠡᠢᠲᠡ ᠶ᠋ᠢᠨ ᠲᠠᠪᠴᠠᠩ ᠳ᠋ᠤ᠌ ᠰᠢᠷᠢᠰ ᠲᠤᠰᠬᠠᠢ ᠰᠡᠳᠦᠪ ᠪᠠ ᠲᠤᠰᠬᠠᠢ ᠪᠤᠯᠤᠩ ᠤ᠋ᠨ ᠮᠡᠳᠡᠭᠡᠯᠡᠯ ᠥᠷᠨᠢᠭᠦᠯᠵᠦ ᠂ ᠣᠯᠠᠨ ᠲᠠᠯ᠎ᠠ ᠵᠢᠴᠢ ᠣᠯᠠᠨ ᠳᠡᠰ ᠳᠠᠪᠬᠤᠷᠭ᠎ᠠ ᠪᠡᠷ ᠬᠤᠷᠠᠯ ᠤ᠋ᠨ ᠵᠣᠷᠢᠭ ᠰᠠᠨᠠᠭᠠᠨ ᠤ᠋ ᠰᠢᠨ᠎ᠡ ᠠᠬᠢᠴᠠ ᠰᠢᠨ᠎ᠡ ᠠᠮᠵᠢᠯᠲᠠ ᠪᠦᠲᠦᠮᠵᠢ ᠂ ᠠᠵᠢᠯ ᠢ᠋ ᠲᠦᠯᠬᠢᠨ ᠠᠬᠢᠭᠤᠯᠤᠭᠰᠠᠨ ᠰᠢᠨ᠎ᠡ ᠠᠷᠭ᠎ᠠ ᠬᠡᠮᠵᠢᠶ᠎ᠡ ᠰᠢᠨ᠎ᠡ ᠦᠷ᠎ᠡ ᠪᠦᠲᠦᠭᠡᠯ ᠢ᠋ ᠲᠤᠤᠱᠯᠠᠭᠤᠯᠤᠨ ᠰᠤᠷᠤᠯᠴᠠᠵᠦ ᠂ ᠨᠡᠢᠭᠡᠮ ᠦ᠋ᠨ ᠮᠡᠳᠡᠴᠡ ᠶᠢᠨ ᠨᠣᠷᠮ᠎ᠠ ᠶ᠋ᠢ ᠬᠦᠴᠦᠯᠡᠨ ᠳᠡᠭᠡᠭᠰᠢᠯᠡᠭᠦᠯᠵᠦ ᠂ ᠭᠦᠨ ᠵᠤᠵᠠᠭᠠᠨ ᠠᠭᠤᠷ ᠠᠮᠢᠰᠬᠤᠯ ᠢ᠋ ᠪᠣᠢ ᠪᠣᠯᠭᠠᠶ᠎ᠠ ᠃
ᠭᠦᠨ ᠰᠤᠷᠴᠤ ᠨᠠᠷᠢᠨ ᠣᠢᠯᠭᠠᠵᠤ ᠭᠦᠨᠵᠡᠭᠡᠢᠷᠡᠭᠦᠯᠦᠶᠡ
ᠤᠳᠤᠷᠢᠳᠬᠤ ᠺᠠᠲᠷ ᠬᠥᠲᠥᠯᠦᠨ ᠵᠢᠯᠤᠭᠤᠳᠬᠤ ᠃ ᠨᠠᠮ ᠤ᠋ᠨ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ ᠤ᠋ᠨ ( ᠥᠷᠭᠡᠳᠬᠡᠭᠰᠡᠨ ) ᠬᠤᠷᠠᠯ ᠂ ᠳᠡᠭᠡᠳᠦ ᠰᠤᠷᠭᠠᠭᠤᠯᠢ ᠶ᠋ᠢᠨ ᠠᠯᠪᠠᠨ ᠭᠡᠷ ᠂ ᠲᠤᠰᠬᠠᠢ ᠰᠡᠳᠦᠪᠲᠦ ᠰᠤᠷᠤᠯᠴᠠᠯᠭ᠎ᠠ ᠶ᠋ᠢᠨ ᠬᠤᠷᠠᠯ ᠵᠡᠷᠭᠡ ᠠᠷᠭ᠎ᠠ ᠮᠠᠶᠢᠭ ᠢᠶᠡᠷ ᠵᠣᠬᠢᠶᠠᠨ ᠪᠠᠢᠭᠤᠯᠤᠨ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠬᠠᠮᠤᠭ ᠲᠡᠷᠢᠭᠦᠨ ᠳ᠋ᠦ᠍ ᠳᠠᠮᠵᠢᠭᠤᠯᠵᠤ ᠂ ᠯᠢ ᠯᠢ ᠱᠦᠵᠢ ᠂ ᠸᠠᠩ ᠰᠢᠦᠢ ᠵᠢᠶᠦ᠋ᠨ ᠳᠡᠳ᠋ ᠬᠣᠷᠢᠶᠠᠨ ᠳᠠᠷᠤᠭ᠎ᠠ ᠶ᠋ᠢᠨ ᠶᠠᠷᠢᠶᠠᠨ ᠤ᠋ ᠠᠭᠤᠯᠭ᠎ᠠ ᠶ᠋ᠢ ᠲᠦᠷᠦᠭᠦᠯᠡᠨ ᠵᠣᠬᠢᠶᠠᠨ ᠪᠠᠢᠭᠤᠯᠤᠨ ᠰᠤᠷᠤᠯᠴᠠᠵᠤ ᠂ 《 ᠵᠠᠩᠭᠢᠯᠠᠭ᠎ᠠ ᠶ᠋ᠢᠨ ᠴᠥᠭᠡᠨ ᠲᠣᠭᠠᠲᠤ 》 ᠶ᠋ᠢᠨ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠣᠢᠯᠭᠠᠵᠤ ᠂ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠣᠨᠣᠪᠴᠢᠲᠠᠢ ᠡᠵᠡᠮᠰᠢᠬᠦ ᠶ᠋ᠢ ᠦᠨᠡᠨᠬᠦ ᠪᠠᠲᠤᠯᠠᠶ᠎ᠠ ᠃
ᠥᠷᠭᠡᠨ ᠣᠯᠠᠨ ᠺᠠᠲᠷ ᠴᠠᠭᠳᠠᠭ᠎ᠠ ᠭᠦᠨᠵᠡᠭᠡᠢ ᠰᠤᠷᠤᠯᠴᠠᠬᠤ᠃ 《 ᠥᠷᠯᠥᠭᠡ ᠶ᠋ᠢᠨ ᠰᠤᠷᠤᠯᠴᠠᠯᠭ᠎ᠠ ᠶᠢᠨ ᠮᠥᠴᠡ 》 ᠂ ᠬᠠᠮᠲᠤ ᠶ᠋ᠢᠨ ᠰᠤᠷᠤᠯᠴᠠᠯᠭ᠎ᠠ ᠶ᠋ᠢᠨ ᠬᠤᠷᠠᠯ ᠵᠡᠷᠭᠡ ᠡᠯᠪᠡᠭ ᠪᠠᠶᠠᠯᠢᠭ ᠣᠯᠠᠨ ᠵᠦᠢᠯ ᠦ᠋ᠨ ᠰᠤᠷᠤᠯᠴᠠᠬᠤ ᠬᠡᠯᠪᠡᠷᠢ ᠶ᠋ᠢ ᠵᠣᠬᠢᠶᠠᠨ ᠪᠠᠢᠭᠤᠯᠤᠨ ᠥᠷᠨᠢᠭᠦᠯᠬᠦ ᠪᠡᠷ ᠳᠠᠮᠵᠢᠨ ᠂ ᠬᠡᠰᠡᠭ ᠲᠠᠯ᠎ᠠ ᠪᠠ ᠪᠥᠬᠦ ᠲᠠᠯ᠎ᠠ ᠶᠢ ᠤᠶᠠᠯᠳᠤᠭᠤᠯᠤᠨ ᠂ ᠱᠤᠭᠤᠮ ᠪᠦᠷᠢ ᠶᠢ ᠨᠡᠪᠲᠡᠷᠡᠭᠦᠯᠵᠦ ᠂ ᠪᠥᠬᠦ ᠲᠠᠯ᠎ᠠ ᠪᠡᠷ ᠬᠣᠲᠠ ᠶ᠋ᠢᠨ ᠨᠠᠮ ᠤ᠋ᠨ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠥᠷᠨᠢᠯᠲᠡ ᠶ᠋ᠢ ᠨᠡᠭᠡᠭᠡᠵᠦ ᠂ ᠺᠠᠲᠷ ᠴᠠᠭᠳᠠᠭ᠎ᠠ ᠶ᠋ᠢᠨ 《 ᠰᠤᠷᠤᠯᠴᠠᠬᠤ 》 ᠰᠠᠨᠠᠭᠠᠴᠢᠯᠠᠭᠠᠲᠤ ᠴᠢᠨᠠᠷ ᠂ 《 ᠦᠢᠯᠡᠳᠦᠯᠭᠡᠵᠢᠭᠦᠯᠬᠦ》 ᠢᠳᠡᠪᠬᠢᠵᠢᠯ ᠢ᠋ ᠤᠯᠠᠮ ᠨᠢᠭᠡ ᠠᠯᠬᠤᠮ ᠨᠡᠮᠡᠭᠳᠡᠭᠦᠯᠵᠦ ᠂ ᠰᠤᠷᠤᠯᠴᠠᠯᠭ᠎ᠠ ᠶᠢᠨ ᠪᠣᠳᠠᠲᠤ ᠦᠷ᠎ᠡ ᠠᠰᠢᠭ ᠡᠴᠡ ᠨᠡᠢᠯᠡᠯ ᠬᠦᠴᠦᠨ ᠪᠤᠯᠵᠦ ᠬᠤᠪᠢᠷᠠᠬᠤ ᠶᠢ ᠥᠷᠭᠡᠨ ᠢ᠋ᠶ᠋ᠡᠷ ᠨᠢᠭᠲᠠᠷᠠᠭᠤᠯᠵᠤ ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠦᠢᠯᠡ ᠠᠵᠢᠯᠯᠠᠭ᠎ᠠ ᠶ᠋ᠢ ᠰᠢᠨ᠎ᠡ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ᠃
ᠲᠤᠤᠱᠯᠠᠭᠤᠯᠤᠨ ᠨᠠᠢᠳᠠᠪᠤᠷᠢᠵᠢᠭᠤᠯᠬᠤ ᠬᠦᠴᠦᠯᠡᠴᠡ ᠪᠡᠨ ᠴᠢᠩᠭᠠᠳᠭᠠᠶᠠ
ᠲᠠᠨᠢᠯᠲᠠ ᠪᠠᠨ ᠭᠦᠨᠵᠡᠭᠡᠢᠷᠡᠭᠦᠯᠵᠦ ᠨᠠᠢᠳᠠᠪᠤᠷᠢᠵᠢᠭᠤᠯᠤᠯᠲᠠ ᠶ᠋ᠢ ᠠᠳᠭᠤᠬᠤ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠨᠢ ᠨᠠᠮ ᠤ᠋ᠨ ᠰᠢᠭᠦᠬᠦ ᠬᠣᠷᠢᠶᠠᠨ ᠤ᠋ ᠠᠵᠢᠯ ᠢ᠋ ᠡᠷᠡᠰ ᠤᠳᠤᠷᠢᠳᠬᠤ ᠶ᠋ᠢ ᠪᠠᠲᠤ ᠪᠠᠷᠢᠮᠲᠠᠯᠠᠵᠤ ᠂ ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶ᠎ᠠ ᠶᠢᠨ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠣᠳᠣᠬᠠᠨ ᠤ᠋ ᠪᠠ ᠬᠣᠢᠰᠢᠳᠠ ᠶ᠋ᠢᠨ ᠨᠢᠭᠡ ᠬᠤᠭᠤᠴᠠᠭᠠᠨ ᠤ᠋ ᠭᠣᠣᠯᠳᠠᠯᠭ᠎ᠠ ᠲᠠᠢ ᠠᠵᠢᠯ ᠤ᠋ᠨ ᠡᠭᠦᠷᠭᠡ ᠪᠣᠯᠭᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠣᠲᠠ ᠶ᠋ᠢᠨ ᠨᠠᠮ ᠤ᠋ᠨ ᠬᠣᠷᠢᠶᠠᠨ ᠤ᠋ ᠠᠵᠢᠯ ᠤ᠋ᠨ ᠬᠤᠷᠠᠯᠳᠤᠭᠠᠨ ᠤ᠋ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠳᠠᠢᠴᠢᠯᠠᠯᠲᠠ ᠶ᠋ᠢᠨ ᠬᠤᠷᠠᠯ ᠦᠳᠲᠡᠷ ᠲᠦᠷᠭᠡᠨ ᠬᠤᠷᠠᠯᠳᠤᠭᠤᠯᠵᠤ ᠂ ᠥᠷᠭᠡᠨ ᠣᠯᠠᠨ ᠺᠠᠲᠷ ᠴᠠᠭᠳᠠᠭ᠎ᠠ ᠪᠠᠷ ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶ᠎ᠠ ᠶᠢᠨ ᠠᠵᠢᠯ ᠤ᠋ᠨ ᠬᠤᠷᠠᠯ ᠤ᠋ᠨ ᠴᠢᠬᠤᠯᠠ ᠠᠴᠢ ᠬᠣᠯᠪᠣᠭᠳᠠᠯ ᠢ᠋ ᠭᠦᠢᠴᠡᠳ ᠲᠠᠨᠢᠭᠤᠯᠵᠤ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠣᠲᠠ ᠶ᠋ᠢᠨ ᠨᠠᠮ ᠤ᠋ᠨ ᠬᠣᠷᠢᠶᠠᠨ ᠤ᠋ ᠠᠵᠢᠯ ᠤ᠋ᠨ ᠬᠤᠷᠠᠯᠳᠤᠭᠠᠨ ᠤ᠋ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠵᠦ ᠂ ᠨᠢᠭᠡ ᠰᠡᠳᠭᠢᠯ ᠢᠶᠡᠷ ᠵᠣᠷᠢᠭ ᠰᠢᠭᠤᠳᠤᠨ ᠂ ᠭᠦᠢᠴᠡᠳᠭᠡᠬᠦ ᠪᠡᠷ ᠬᠦᠴᠦᠯᠡᠨ ᠨᠢᠭᠡᠳᠴᠦ ᠂ ᠳᠠᠰᠤᠷᠠᠯᠲᠠ ᠦᠭᠡᠢ ᠰᠢᠨ᠎ᠡ ᠦᠷ᠎ᠡ ᠪᠥᠳᠦᠮᠵᠢ ᠂ ᠰᠢᠨ᠎ᠡ ᠠᠮᠵᠢᠯᠲᠠ ᠂ ᠰᠢᠨ᠎ᠡ ᠰᠢᠪᠲᠤᠯᠤᠯᠲᠠ ᠪᠠᠷ ᠪᠥᠬᠥ ᠬᠣᠲᠠ ᠶ᠋ᠢᠨ ᠠᠵᠤ ᠠᠬᠤᠢ ᠨᠡᠢᠭᠡᠮ ᠦ᠋ᠨ ᠥᠨᠳᠥᠷ ᠶᠠᠰᠤ ᠴᠢᠨᠠᠷ ᠤ᠋ᠨ ᠬᠥᠭᠵᠢᠯᠲᠡ ᠳᠦ ᠦᠢᠯᠡᠴᠢᠯᠡᠭᠡᠨ ᠤ ᠪᠠᠲᠤᠯᠠᠭ᠎ᠠ ᠪᠣᠯᠭᠠᠶ᠎ᠠ ᠃
ᠭᠣᠣᠯᠳᠠᠯᠭ᠎ᠠ ᠶ᠋ᠢ ᠳᠣᠪᠣᠢᠯᠭᠠᠵᠤ ᠂ ᠨᠠᠢᠳᠠᠪᠤᠷᠢᠵᠢᠭᠤᠯᠤᠯᠲᠠ ᠶ᠋ᠢ ᠠᠳᠭᠤᠬᠤ ᠃ 《 ᠰᠢᠨ᠎ᠡ ᠴᠠᠭ ᠦᠶ᠎ᠡ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠲᠤᠬᠠᠢ ᠣᠷᠳᠣᠰ ᠬᠣᠲᠠ ᠶ᠋ᠢᠨ ᠨᠠᠮ ᠤ᠋ᠨ ᠬᠣᠷᠢᠶᠠᠨ ᠤ᠋ ᠰᠠᠨᠠᠯ 》 ᠵᠢᠴᠢ ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶ᠎ᠠ ᠶᠢᠨ ᠠᠵᠢᠯ ᠤ᠋ᠨ ᠬᠤᠷᠠᠯ ᠠ᠋ᠴᠠ ᠳᠤᠷᠠᠳᠤᠭᠰᠠᠨ ᠪᠣᠳᠠᠲᠠᠢ ᠠᠵᠢᠯ ᠤ᠋ᠨ ᠱᠠᠭᠠᠷᠳᠠᠯᠭ᠎ᠠ ᠲᠠᠢ ᠨᠢᠭᠲᠠ ᠲᠥᠪᠯᠡᠷᠡᠭᠦᠯᠦᠨ ᠂ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠶᠠᠭ ᠰᠠᠢᠬᠠᠨ ᠭᠦᠨᠵᠡᠭᠡᠢ ᠬᠡᠷᠡᠭᠵᠢᠭᠦᠯᠵᠦ ᠪᠠᠢᠭ᠎ᠠ 《 ᠳᠣᠯᠣᠭᠠᠨ ᠶᠡᠬᠡ ᠢᠨᠵᠧᠨᠧᠷᠢᠩ 》 ᠲᠡᠢ ᠨᠢᠭᠲᠠ ᠤᠶᠠᠯᠳᠤᠭᠤᠯᠵᠤ ᠂ 《 ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ 〈 ᠰᠢᠨ᠎ᠡ ᠴᠠᠭ ᠦᠶ᠎ᠡ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠲᠤᠬᠠᠢ ᠰᠠᠨᠠᠯ 〉 ᠢ᠋ ᠲᠤᠤᠱᠯᠠᠭᠤᠯᠤᠨ ᠨᠠᠢᠳᠠᠪᠤᠷᠢᠵᠢᠭᠤᠯᠵᠤ ᠬᠡᠷᠡᠭᠵᠢᠭᠦᠯᠬᠦ ᠲᠥᠰᠦᠯ 》 ᠢ᠋ ᠦᠳᠲᠡᠷ ᠲᠦᠷᠭᠡᠨ ᠲᠣᠭᠲᠠᠭᠠᠵᠤ ᠂ ᠭᠤᠷᠪᠠᠨ ᠶᠡᠬᠡ ᠡᠭᠦᠷᠭᠡ 39 ᠵᠤᠷᠪᠤᠰ ᠪᠣᠳᠠᠲᠠᠢ ᠬᠡᠷᠡᠭᠵᠢᠭᠦᠯᠬᠦ ᠠᠷᠭ᠎ᠠ ᠬᠡᠮᠵᠢᠶ᠎ᠡ ᠪᠣᠯᠭᠠᠨ ᠨᠠᠷᠢᠯᠢᠭᠵᠢᠭᠤᠯᠤᠨ ᠬᠤᠪᠢᠶᠠᠷᠢᠯᠠᠵᠤ ᠂ ᠬᠣᠲᠠ ᠶ᠋ᠢᠨ ᠨᠠᠮ ᠤ᠋ᠨ ᠬᠣᠷᠢᠶᠠᠨ ᠤ᠋ ᠡᠯ᠎ᠡ ᠵᠦᠢᠯ ᠦ᠋ᠨ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠪᠥᠬᠥ ᠬᠣᠲᠠ ᠶ᠋ᠢᠨ ᠰᠢᠭᠦᠬᠦ ᠬᠣᠷᠢᠶ᠎ᠠ ᠪᠣᠳᠠᠲᠤ ᠭᠠᠵᠠᠷ ᠲᠤᠨᠢ ᠨᠠᠢᠳᠠᠪᠤᠷᠢᠵᠢᠭᠤᠯᠵᠤ ᠂ ᠪᠣᠳᠠᠲᠤ ᠦᠷ᠎ᠡ ᠪᠦᠲᠦᠮᠵᠢ ᠣᠯᠬᠤ ᠶ᠋ᠢ ᠪᠥᠬᠥ ᠬᠦᠴᠦᠨ ᠢ᠋ᠶ᠋ᠡᠷ ᠪᠠᠲᠤᠯᠠᠶ᠎ᠠ ᠃
ᠲᠦᠮᠡᠨ ᠭᠠᠵᠠᠷ ᠤᠨ ᠠᠶᠠᠨ ᠵᠠᠮ ᠳᠤ ᠰᠠᠯᠬᠢᠨ ᠶᠠᠭ ᠬᠦᠴᠦᠲᠡᠢ᠂ ᠮᠢᠩᠭᠠᠨ ᠵᠢᠶᠦ᠋ᠨ ᠤ ᠬᠦᠨᠳᠦ ᠡᠭᠦᠷᠭᠡ ᠳᠦ ᠳᠦᠷᠦᠭᠡ ᠪᠡᠨ ᠳᠠᠬᠢᠨ ᠴᠢᠩᠭᠠᠯᠠᠨᠠᠮ᠃ ᠳᠠᠷᠠᠭ᠎ᠠ ᠠᠯᠬᠤᠮ ᠳ᠋ᠤ᠌ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠨ ᠂ ᠬᠣᠲᠠ ᠶ᠋ᠢᠨ ᠨᠠᠮ ᠤ᠋ᠨ ᠬᠣᠷᠢᠶᠠᠨ ᠤ᠋ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠦᠷᠭᠦᠯᠵᠢᠯᠡᠨ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ 《 ᠲᠥᠪ ᠭᠣᠣᠯᠴᠢ ᠪᠣᠯᠤᠨ ᠦᠷ᠎ᠡ ᠪᠦᠲᠦᠮᠵᠢ 》 ᠲᠠᠢ ᠨᠢᠭᠲᠠ ᠤᠶᠠᠯᠳᠤᠭᠤᠯᠤᠨ᠂ ᠭᠣᠣᠯ ᠬᠠᠷᠢᠭᠤᠴᠠᠯᠭ᠎ᠠ ᠭᠣᠣᠯ ᠠᠵᠢᠯ ᠢ᠋ ᠠᠳᠬᠤᠵᠤ ᠂ ᠰᠢᠭᠦᠨ ᠲᠠᠰᠤᠯᠬᠤ ᠠᠵᠢᠯ ᠤ᠋ᠨ ᠣᠳᠣᠬᠢᠴᠢᠯᠠᠯᠲᠠ ᠶ᠋ᠢ ᠲᠦᠷᠭᠡᠳᠬᠡᠨ ᠠᠬᠢᠭᠤᠯᠵᠤ ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠶᠢᠨ ᠣᠷᠳᠣᠰ ᠤ᠋ᠨ ᠰᠢᠨ᠎ᠡ ᠬᠠᠭᠤᠳᠠᠰᠤ ᠶ᠋ᠢ ᠪᠢᠴᠢᠭᠯᠡᠬᠦ ᠳ᠋ᠦ᠍ ᠬᠦᠴᠦᠨ ᠢ᠋ᠶ᠋ᠡᠨ ᠡᠷᠭᠦᠶ᠎ᠡ !
ᠦᠨᠡᠯᠡᠬᠦ 0ᠦᠨᠡᠯᠡᠯᠲᠡ᠎ᠲᠠᠢ