8 ᠰᠠᠷ᠎ᠠ ᠶ᠋ᠢᠨ 16 ᠤ᠋ ᠦᠳᠡ ᠶ᠋ᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ᠋ ᠠᠷᠠᠳ ᠤᠨ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠮᠡᠳᠡᠭᠡ ᠵᠠᠩᠭᠢ ᠶ᠋ᠢᠨ ᠮᠡᠷᠭᠡᠵᠢᠯ ᠦ᠋ᠨ ᠭᠠᠵᠠᠷ ᠤ᠋ᠨ ᠭᠤᠷᠪᠠᠳᠤᠭᠠᠷ ᠳᠡᠰ ᠦ᠋ᠨ ᠪᠠᠢᠴᠠᠭᠠᠨ ᠰᠤᠳᠤᠯᠤᠭᠴᠢ ᠶᠤᠸᠠᠨ ᠷᠦᠩ ᠨᠠᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠬᠦᠷᠴᠦ ᠂ ᠮᠡᠳᠡᠭᠡ ᠵᠠᠩᠬᠢᠵᠢᠯᠳᠠ ᠶ᠋ᠢᠨ ᠪᠦᠲᠦᠭᠡᠨ ᠪᠠᠢᠭᠤᠯᠤᠯᠲᠠ ᠪᠠ ᠬᠡᠷᠡᠭᠯᠡᠭᠡᠨ ᠦ᠌ ᠠᠵᠢᠯ ᠢ᠋ ᠪᠠᠢᠴᠠᠭᠠᠨ ᠰᠤᠳᠤᠯᠵᠤ ᠬᠢᠨᠠᠨ ᠵᠢᠯᠣᠭᠣᠳᠴᠤ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠳᠡᠳ᠋ ᠳᠠᠷᠤᠭ᠎ᠠ ᠾᠧ ᠶᠠᠨ ᠴᠦᠨ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠪᠡ ᠂ ᠡᠭᠦᠨ ᠳᠦ ᠬᠡᠷᠡᠭ ᠪᠣᠯᠭᠠᠨ ᠳᠠᠩᠰᠠᠯᠠᠬᠤ ᠂ ᠰᠢᠭᠦᠨ ᠲᠠᠰᠤᠯᠬᠤ ᠂ ᠭᠦᠢᠴᠡᠳᠬᠡᠬᠦ ᠂ ᠲᠣᠨᠣᠭ ᠲᠥᠬᠥᠭᠡᠷᠦᠮᠵᠢ ᠂ ᠰᠢᠭᠦᠨ ᠲᠠᠰᠤᠯᠬᠤ ᠦᠢᠯᠡᠴᠢᠯᠡᠭᠡ ᠬᠠᠩᠭᠠᠬᠤ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠦ᠋ᠨ ᠰᠠᠯᠠᠭ᠎ᠠ ᠮᠥᠴᠢᠷ ᠦ᠋ᠨ ᠨᠢᠭᠡᠳᠦᠭᠡᠷ ᠹᠷᠣᠨᠲ ᠤ᠋ᠨ ᠰᠢᠭᠦᠭᠴᠢ ᠪᠣᠯᠤᠨ ᠺᠠᠳ᠋ᠷ ᠴᠠᠭᠳᠠᠭ᠎ᠠ ᠵᠢᠴᠢ ᠮᠡᠳᠡᠭᠡ ᠵᠠᠩᠭᠢᠵᠢᠯᠲᠠ ᠶ᠋ᠢᠨ ᠮᠡᠷᠭᠡᠵᠢᠯ ᠦ᠋ᠨ ᠭᠠᠵᠠᠷ ᠤ᠋ᠨ ᠪᠦᠬᠦ ᠺᠠᠳ᠋ᠷ ᠴᠠᠭᠳᠠᠭ᠎ᠠ ᠨᠠᠷ ᠪᠠᠢᠴᠠᠭᠠᠨ ᠰᠤᠳᠤᠯᠤᠯᠲᠠ ᠶ᠋ᠢᠨ ᠰᠠᠭᠤᠳᠠᠯ ᠤ᠋ᠨ ᠬᠤᠷᠠᠯ ᠳ᠋ᠤ᠌ ᠣᠷᠣᠯᠴᠠᠪᠠ ᠃
ᠶᠠᠷᠢᠯᠴᠠᠬᠤ ᠬᠤᠷᠠᠯ ᠳᠡᠭᠡᠷ᠎ᠡ ᠂ ᠾᠧ ᠶᠠᠨ ᠴᠦᠨ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠮᠡᠳᠡᠭᠡ ᠵᠠᠩᠬᠢᠵᠢᠯᠳᠠ ᠶ᠋ᠢᠨ ᠪᠠᠢᠭᠤᠯᠤᠯᠲᠠ ᠵᠢᠴᠢ ᠬᠡᠷᠡᠭᠯᠡᠯᠲᠡ ᠶ᠋ᠢᠨ ᠪᠠᠢᠳᠠᠯ ᠢ᠋ ᠲᠠᠨᠢᠯᠴᠠᠭᠤᠯᠵᠤ ᠂ ᠲᠡᠷᠡᠴᠢᠯᠡᠨ ᠣᠶᠤᠨᠴᠢ ᠰᠢᠭᠦᠬᠦ ᠬᠣᠷᠢᠶ᠎ᠠ ᠶ᠋ᠢᠨ ᠪᠦᠲᠦᠭᠡᠨ ᠪᠠᠢᠭᠤᠯᠤᠯᠲᠠ ᠶ᠋ᠢᠨ ᠲᠥᠷᠥᠯ ᠵᠦᠢᠯ ᠢ᠋ ᠰᠢᠯᠭᠠᠨ ᠬᠤᠷᠢᠶᠠᠬᠤ ᠠᠵᠢᠯ ᠂ ᠤᠯᠤᠰ ᠲᠠᠭᠠᠨ ᠦᠢᠯᠡᠳᠪᠦᠷᠢᠯᠡᠬᠦ ᠶ᠋ᠢ ᠣᠷᠣᠯᠠᠭᠤᠯᠬᠤ ᠠᠵᠢᠯ᠂ ᠰᠦᠯᠵᠢᠶ᠎ᠡ ᠶ᠋ᠢᠨ ᠠᠮᠤᠷ ᠲᠦᠪᠰᠢᠨ ᠦ᠌ ᠠᠵᠢᠯ ᠵᠢᠴᠢ ᠤᠯᠤᠰ ᠲᠥᠷᠥ ᠬᠠᠤᠯᠢ ᠴᠠᠭᠠᠵᠠ ᠶ᠋ᠢᠨ ᠲᠣᠮᠣ ᠳ᠋ᠠᠢᠲ᠋ᠠ ᠶ᠋ᠢᠨ ᠲᠠᠪᠴᠠᠩ ᠂ ᠬᠠᠮᠲᠤᠷᠠᠨ ᠠᠵᠢᠯᠯᠠᠬᠤ ᠵᠡᠷᠭᠡ ᠮᠡᠳᠡᠭᠡ ᠵᠠᠩᠬᠢᠵᠢᠯᠳᠠ ᠶ᠋ᠢᠨ ᠰᠢᠰᠲ᠋ᠧᠮ ᠦ᠋ᠨ ᠬᠡᠷᠡᠭᠯᠡᠭᠡᠨ ᠦ᠌ ᠶᠠᠪᠤᠴᠠ ᠳ᠋ᠤ᠌ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ᠋ ᠬᠠᠷᠢᠭᠤ ᠮᠡᠳᠡᠭᠦᠯᠦᠭᠰᠡᠨ ᠪᠠᠢᠨ᠎ᠠ᠃ ᠪᠠᠢᠴᠠᠭᠠᠨ ᠰᠤᠳᠤᠯᠬᠤ ᠳᠤᠭᠤᠢᠯᠠᠩ ᠬᠠᠷᠢᠭᠤ ᠮᠡᠳᠡᠭᠦᠯᠦᠯᠲᠡ ᠪᠠ ᠰᠠᠨᠠᠭᠤᠯᠭ᠎ᠠ ᠶ᠋ᠢ ᠬᠢᠨᠠᠮᠠᠭᠠᠢ ᠰᠣᠨᠣᠰᠴᠤ ᠂ ᠳᠤᠷᠠᠳᠤᠭᠰᠠᠨ ᠠᠰᠠᠭᠤᠳᠠᠯ ᠳ᠋ᠤ᠌ ᠨᠢᠭᠡᠳ ᠨᠢᠭᠡ ᠪᠡᠷ ᠬᠠᠷᠢᠭᠤᠯᠲᠠ ᠥᠭᠪᠡ ᠃ ᠬᠤᠷᠠᠯ ᠳ᠋ᠤ᠌ ᠣᠷᠣᠯᠴᠠᠭᠰᠠᠳ ᠬᠠᠤᠯᠢᠴᠢᠳ ᠤ᠋ᠨ ᠡᠯᠧᠺᠲ᠋ᠷᠣᠨ ᠡᠪᠬᠡᠮᠡᠯ ᠦᠵᠡᠬᠦ ᠂ 12368 ᠴᠢᠳᠠᠮᠵᠢ ᠶ᠋ᠢ ᠨᠡᠪᠲᠡᠷᠡᠭᠦᠯᠬᠦ ᠂ ᠮᠣᠩᠭᠣᠯ ᠰᠣᠹᠲ ᠤ᠋ᠨ ᠬᠡᠷᠡᠭᠯᠡᠯᠲᠡ ᠵᠡᠷᠭᠡ ᠠᠭᠤᠯᠭ᠎ᠠ ᠶ᠋ᠢᠨ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ ᠰᠣᠯᠢᠯᠴᠠᠭᠰᠠᠨ ᠪᠠᠢᠨ᠎ᠠ ᠃
ᠶᠤᠸᠠᠨ ᠷᠦᠩ ᠵᠢᠭᠠᠵᠤ ᠭᠠᠷᠭᠠᠭᠰᠠᠨ ᠨᠢ ᠂ ᠵᠥᠭᠡᠯᠡᠨ ᠬᠠᠲᠠᠭᠤ ᠲᠣᠨᠣᠭ ᠲᠥᠬᠥᠭᠡᠷᠦᠮᠵᠢ ᠶ᠋ᠢ ᠤᠯᠤᠰ ᠲᠠᠭᠠᠨ ᠦᠢᠯᠡᠳᠪᠦᠷᠢᠯᠡᠬᠦ 《 ᠵᠢᠩᠬᠢᠨᠢ ᠣᠷᠣᠯᠠᠬᠤ ᠵᠢᠩᠬᠢᠨᠢ ᠭᠡᠷᠡᠭᠯᠡᠬᠦ》ᠶ᠋ᠢ ᠠᠬᠢᠭᠤᠯᠵᠤ ᠂ ᠤᠯᠤᠰ ᠲᠠᠭᠠᠨ ᠦᠢᠯᠡᠳᠪᠦᠷᠢᠯᠡᠵᠦ ᠳᠡᠢᠯᠬᠦ ᠳᠠᠷᠤᠮᠠᠯᠯᠠᠬᠤ ᠮᠠᠰᠢᠨ ᠂ ᠰᠢᠷᠪᠢᠯᠲᠡ ᠶ᠋ᠢᠨ ᠮᠠᠰᠢᠨ ᠵᠡᠷᠭᠡ ᠲᠣᠨᠣᠭ ᠲᠥᠬᠥᠭᠡᠷᠦᠮᠵᠢ ᠶ᠋ᠢᠨ ᠪᠠᠲᠤᠯᠠᠭ᠎ᠠ ᠶ᠋ᠢ ᠴᠢᠩᠭᠠᠳᠬᠠᠵᠤ ᠂ ᠮᠡᠳᠡᠭᠡ ᠵᠠᠩᠭᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠪᠡᠯᠡ ᠮᠥᠩᠭᠥ ᠶ᠋ᠢ ᠳᠦᠷᠢᠮᠵᠢᠭᠦᠯᠦᠨ ᠬᠡᠷᠡᠭᠯᠡᠵᠦ ᠂ ᠲᠤᠰᠬᠠᠢ ᠵᠣᠭᠣᠰ ᠢ᠋ ᠲᠤᠰᠬᠠᠢ ᠬᠡᠷᠡᠭᠯᠡᠬᠦ ᠬᠡᠷᠡᠭᠲᠡᠢ ᠃ ᠲᠣᠣᠷ ᠰᠦᠯᠵᠢᠶᠡᠨ ᠦ᠌ ᠠᠮᠤᠷ ᠲᠦᠪᠰᠢᠨ ᠦ᠌ ᠪᠠᠲᠤᠯᠠᠭ᠎ᠠ ᠶ᠋ᠢ ᠴᠢᠩᠭᠠᠳᠬᠠᠨ ᠂ ᠲᠣᠣᠷ ᠰᠦᠯᠵᠢᠶᠡᠨ ᠦ᠌ ᠠᠮᠤᠷ ᠲᠦᠪᠰᠢᠨ ᠢ ᠰᠡᠷᠭᠡᠢᠯᠡᠨ ᠬᠠᠮᠠᠭᠠᠯᠠᠬᠤ ᠴᠢᠳᠠᠪᠤᠷᠢ ᠶ᠋ᠢ ᠳᠡᠭᠡᠭᠰᠢᠯᠡᠭᠦᠯᠵᠦ ᠂ 《ᠣᠶᠤᠨᠴᠢ ᠰᠢᠭᠦᠬᠦ ᠬᠣᠷᠢᠶ᠎ᠠ 》 ᠶ᠋ᠢᠨ ᠪᠠᠢᠭᠤᠯᠤᠯᠲᠠ ᠶ᠋ᠢ ᠠᠬᠢᠭᠤᠯᠬᠤ ᠬᠡᠷᠡᠭᠲᠡᠢ ᠭᠡᠰᠡᠨ ᠪᠠᠢᠨ᠎ᠠ ᠃
ᠪᠠᠢᠴᠠᠭᠠᠨ ᠰᠤᠳᠤᠯᠬᠤ ᠳᠤᠭᠤᠢᠯᠠᠩ ᠪᠠᠰᠠ ᠬᠢᠨᠠᠨ ᠪᠠᠢᠴᠠᠭᠠᠬᠤ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠂ ᠬᠠᠮᠵᠢᠯᠴᠠᠬᠤ ᠰᠢᠭᠦᠬᠦ ᠲᠢᠩᠬᠢᠮ ᠂ ᠪᠠᠷᠢᠮᠵᠢᠶᠠᠯᠠᠭᠰᠠᠨ ᠮᠠᠰᠢᠨ ᠵᠡᠷᠭᠡ ᠲᠠᠯᠠᠪᠤᠷ ᠢ᠋ ᠪᠠᠢᠴᠠᠭᠠᠨ ᠦᠵᠡᠵᠦ ᠂ ᠠᠵᠢᠯᠯᠠᠭᠠᠨ ᠤ ᠬᠡᠷᠡᠭᠯᠡᠯᠲᠡ ᠶᠢᠨ ᠪᠠᠢᠳᠠᠯ ᠢ᠋ ᠨᠠᠷᠢᠨ ᠣᠢᠯᠭᠠᠭᠰᠠᠨ ᠤ᠋ ᠳᠠᠷᠠᠭ᠎ᠠ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠮᠡᠳᠡᠭᠡ ᠵᠠᠨᠭ᠍ᠬᠢᠵᠢᠯᠳᠠ ᠶ᠋ᠢᠨ ᠮᠡᠷᠭᠡᠵᠢᠯ ᠦ᠋ᠨ ᠲᠠᠯ᠎ᠠ ᠪᠠᠷ ᠬᠢ ᠰᠢᠨ᠎ᠡ ᠶ᠋ᠢ ᠡᠭᠦᠳᠬᠦ ᠪᠠ ᠬᠡᠷᠡᠭᠯᠡᠭᠡᠨ ᠤ ᠲᠠᠯ᠎ᠠ ᠪᠠᠷ ᠭᠦᠢᠴᠡᠳ ᠨᠤᠲᠠᠯᠠᠯᠲᠠ ᠥᠭᠭᠦᠭᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ