ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠴᠠᠭᠠᠰᠤ ᠬᠡᠷᠡᠭᠯᠡᠬᠦ ᠥᠬᠡᠶ ᠪᠡᠷ ᠬᠡᠷᠡᠭ ᠰᠢᠢᠳᠪᠦᠷᠢᠯᠡᠬᠦ ᠰᠢᠰᠲ᠋ᠧᠮ ᠦ᠋ᠨ ᠪᠣᠳᠠᠲᠠᠢ ᠠᠵᠢᠯ ᠤ᠋ᠨ ᠪᠣᠯᠪᠠᠰᠤᠷᠠᠯ ᠡᠷᠬᠢᠯᠡᠪᠡ
2023.09.05 ᠲᠣᠰ ᠥᠷᠲᠡᠭᠡᠨ᠎ᠦ ᠨᠠᠢᠷᠠᠭᠤᠯᠤᠭᠴᠢ

    ᠥᠪᠡᠷᠲᠡᠭᠡᠨ ᠵᠠᠰᠠᠬᠤ ᠣᠷᠣᠨ ᠤ᠋ ᠠᠷᠠᠳ ᠶ᠋ᠢᠨ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠴᠠᠭᠠᠰᠤ ᠬᠡᠷᠡᠭᠯᠡᠬᠦ ᠥᠬᠡᠶ ᠪᠡᠷ ᠬᠡᠷᠡᠭ ᠰᠢᠢᠳᠪᠦᠷᠢᠯᠡᠬᠦ ᠲᠤᠷᠰᠢᠯᠲᠠ ᠶ᠋ᠢᠨ ᠴᠡᠭ ᠦ᠋ᠨ ᠰᠢᠭᠦᠬᠦ ᠬᠣᠷᠢᠶ᠎ᠠ ᠶ᠋ᠢᠨ ᠱᠠᠭᠠᠷᠳᠠᠯᠭ᠎ᠠ ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠪᠦᠬᠦ ᠶᠠᠪᠤᠴᠠ ᠶ᠋ᠢᠨ ᠴᠠᠭᠠᠰᠤ ᠬᠡᠷᠡᠭᠯᠡᠬᠦ ᠥᠬᠡᠶ ᠪᠡᠷ ᠬᠡᠷᠡᠭ ᠰᠢᠢᠳᠪᠦᠷᠢᠯᠡᠬᠦ ᠲᠤᠷᠰᠢᠯᠲᠠ ᠶ᠋ᠢᠨ ᠴᠡᠭ ᠦ᠋ᠨ ᠠᠵᠢᠯ ᠢ᠋ ᠪᠥᠬᠥ ᠲᠠᠯ᠎ᠠ ᠪᠠᠷ ᠡᠮᠬᠢ ᠳᠠᠷᠠᠭ᠎ᠠ ᠲᠠᠢ ᠤᠷᠤᠭᠰᠢᠲᠠᠢ ᠥᠷᠨᠢᠭᠦᠯᠬᠦ ᠶ᠋ᠢ ᠲᠦᠷᠭᠡᠳᠬᠡᠨ ᠠᠬᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠶ᠋ᠢᠨ ᠲᠥᠯᠥᠭᠡ ᠂ 8 ᠰᠠᠷ᠎ᠠ ᠶ᠋ᠢᠨ 17 ᠤ᠋ ᠡᠳᠦᠷ ᠂ ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠬᠡᠷᠡᠭ ᠰᠢᠢᠳᠪᠦᠷᠢᠯᠡᠬᠦ ᠰᠢᠰᠲ᠋ᠧᠮ ᠦ᠋ᠨ ᠪᠣᠳᠠᠲᠠᠢ ᠠᠵᠢᠯ ᠤ᠋ᠨ ᠪᠣᠯᠪᠠᠰᠤᠷᠠᠯ ᠡᠷᠬᠢᠯᠡᠪᠡ᠃

 

 

    ᠪᠣᠯᠪᠠᠰᠤᠷᠠᠯ ᠳ᠋ᠤ᠌ ᠴᠠᠭᠠᠰᠤ ᠬᠡᠷᠡᠭᠯᠡᠬᠦ ᠥᠬᠡᠶ ᠪᠡᠷ ᠬᠡᠷᠡᠭ ᠰᠢᠢᠳᠪᠦᠷᠢᠯᠡᠬᠦ ᠪᠦᠬᠦᠯᠢ ᠴᠣᠭᠴᠠ ᠶ᠋ᠢᠨ ᠠᠵᠢᠯᠯᠠᠭᠠᠨ ᠤ᠋ ᠶᠠᠪᠤᠴᠠ ᠳ᠋ᠤ᠌ ᠨᠠᠷᠢᠨ ᠲᠣᠳᠣᠷᠬᠠᠢ ᠲᠠᠢᠯᠤᠮᠵᠢ ᠬᠢᠬᠦ ᠪᠠ ᠳᠡᠯᠭᠡᠨ ᠦᠵᠡᠭᠦᠯᠵᠦ ᠂  ᠬᠡᠷᠡᠭ ᠪᠣᠯᠭᠠᠨ ᠳᠠᠩᠰᠠᠯᠠᠬᠤ ᠂ ᠰᠢᠭᠦᠬᠦ ᠂ ᠳᠠᠩᠰᠠ ᠡᠪᠬᠡᠮᠡᠯ ᠳ᠋ᠦ᠍ ᠣᠷᠣᠭᠤᠯᠬᠤ ᠵᠡᠷᠭᠡ ᠭᠣᠭᠴᠣᠭ᠎ᠠ ᠠ᠋ᠴᠠ ᠴᠠᠭᠠᠰᠤ ᠬᠡᠷᠡᠭᠯᠡᠬᠦ ᠥᠬᠡᠶ ᠪᠡᠷ ᠬᠡᠷᠡᠭ ᠰᠢᠢᠳᠪᠦᠷᠢᠯᠡᠬᠦ ᠠᠵᠢᠯ ᠤ᠋ᠨ ᠪᠣᠳᠠᠲᠠᠢ ᠶᠠᠪᠤᠴᠠ ᠪᠠ ᠠᠵᠢᠯᠯᠠᠭᠠᠨ ᠤ᠋ ᠵᠣᠯᠭᠠᠴᠠ ᠶ᠋ᠢ ᠣᠯᠠᠨ ᠲᠠᠯ᠎ᠠ ᠠ᠋ᠴᠠ ᠢᠯᠡᠷᠡᠭᠦᠯᠵᠦ ᠂ ᠪᠣᠯᠪᠠᠰᠤᠷᠠᠯ ᠳ᠋ᠤ᠌ ᠣᠷᠣᠯᠴᠠᠭᠰᠠᠨ ᠺᠠᠳ᠋ᠷ ᠴᠠᠭᠳᠠᠭ᠎ᠠ ᠶ᠋ᠢᠨ ᠴᠠᠭᠠᠰᠤ ᠬᠡᠷᠡᠭᠯᠡᠬᠦ ᠥᠬᠡᠶ ᠪᠡᠷ ᠬᠡᠷᠡᠭ ᠰᠢᠢᠳᠪᠦᠷᠢᠯᠡᠬᠦ ᠶᠠᠪᠤᠴᠠ ᠪᠠ ᠠᠵᠢᠯᠯᠠᠭ᠎ᠠ ᠶ᠋ᠢ ᠨᠡᠩ ᠭᠦᠨᠵᠡᠭᠡᠢ ᠣᠢᠯᠠᠭᠠᠪᠠ ᠃

    ᠲᠤᠰ ᠤᠳᠠᠭᠠᠨ ᠤ᠋ ᠪᠣᠯᠪᠠᠰᠤᠷᠠᠯ ᠢ᠋ᠶ᠋ᠠᠷ ᠳᠠᠮᠵᠢᠨ ᠂ ᠺᠠᠳ᠋ᠷ ᠴᠠᠭᠳᠠᠭ᠎ᠠ ᠨᠠᠷ ᠣᠶᠤᠨᠴᠢ ᠪᠠᠢᠭᠤᠯᠤᠯᠲᠠ ᠪᠣᠯᠤᠨ ᠬᠡᠷᠡᠭᠯᠡᠭᠡᠨ ᠦ᠌ ᠠᠪᠴᠢᠷᠠᠭᠰᠠᠨ ᠳᠥᠭᠥᠮ ᠲᠦᠳᠡ ᠪᠠᠢᠳᠠᠯ ᠢ᠋ ᠭᠦᠢᠴᠡᠳ ᠲᠠᠨᠢᠵᠤ ᠂ ᠰᠤᠷᠠᠭ ᠵᠠᠩᠭᠢᠴᠢᠯᠠᠯᠲᠠ ᠶ᠋ᠢᠨ ᠮᠡᠷᠭᠡᠵᠢᠯ ᠦ᠋ᠨ ᠬᠡᠷᠡᠭᠯᠡᠯᠲᠡ ᠶ᠋ᠢᠨ ᠲᠦᠪᠰᠢᠨ ᠢ᠋ ᠪᠦᠲᠦᠮᠵᠢᠲᠡᠢ ᠳᠡᠭᠡᠭᠰᠢᠯᠡᠭᠦᠯᠵᠦ ᠂ ᠪᠦᠬᠦ ᠶᠠᠪᠤᠴᠠ ᠶ᠋ᠢ ᠴᠠᠭᠠᠰᠤ ᠬᠡᠷᠡᠭᠯᠡᠬᠦ ᠦᠭᠡᠢ ᠪᠡᠷ ᠬᠡᠷᠡᠭ ᠰᠢᠢᠳᠪᠦᠷᠢᠯᠡᠬᠦ ᠳ᠋ᠦ᠍ ᠪᠠᠲᠤ ᠪᠡᠬᠢ ᠰᠠᠭᠤᠷᠢ ᠲᠠᠯᠪᠢᠵᠤ ᠥᠭᠴᠡᠢ ᠃ ᠳᠠᠷᠠᠭ᠎ᠠ ᠠᠯᠬᠤᠮ ᠳ᠋ᠤ᠌ ᠂ ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠶᠠᠪᠤᠴᠠ ᠶ᠋ᠢᠨ ᠴᠠᠭᠠᠰᠤ ᠬᠡᠷᠡᠭᠯᠡᠬᠦ ᠦᠭᠡᠢ ᠪᠡᠷ ᠬᠡᠷᠡᠭ ᠰᠢᠢᠳᠪᠦᠷᠢᠯᠡᠬᠦ ᠲᠤᠷᠰᠢᠯᠲᠠ ᠶ᠋ᠢᠨ ᠴᠡᠭ ᠦ᠋ᠨ ᠠᠵᠢᠯ ᠢ᠋ ᠦᠷᠭᠦᠯᠵᠢᠯᠡᠨ ᠰᠠᠢᠲᠤᠷ ᠬᠢᠵᠦ ᠂ ᠴᠠᠭᠠᠰᠤ ᠬᠡᠷᠡᠭᠯᠡᠬᠦ ᠦᠭᠡᠢ ᠪᠡᠷ ᠬᠡᠷᠡᠭ ᠰᠢᠢᠳᠪᠦᠷᠢᠯᠡᠬᠦ ᠬᠡᠯᠪᠡᠷᠢ ᠶ᠋ᠢ ᠰᠦᠪᠡᠭᠴᠢᠯᠡᠨ ᠲᠡᠭᠦᠯᠳᠡᠷᠵᠢᠭᠦᠯᠵᠦ ᠂ ᠴᠠᠭᠠᠰᠤ ᠬᠡᠷᠡᠭᠯᠡᠬᠦ ᠦᠭᠡᠢ ᠪᠡᠷ ᠬᠡᠷᠡᠭ ᠰᠢᠢᠳᠪᠦᠷᠢᠯᠡᠬᠦ ᠦᠷ᠎ᠡ ᠪᠦᠲᠦᠭᠡᠯ ᠢ᠋ ᠲᠤᠬᠠᠢ ᠶ᠋ᠢᠨ ᠬᠥᠮᠦᠨ ᠨᠢᠭᠡᠪᠦᠷᠢ ᠳ᠋ᠦ᠍ ᠬᠦᠷᠲᠡᠭᠡᠵᠦ ᠂ ᠪᠥᠬᠥ ᠬᠣᠲᠠ ᠶᠢᠨ ᠰᠢᠭᠦᠬᠦ ᠬᠣᠷᠢᠶ ᠠ ᠶᠢᠨ ᠰᠢᠭᠦᠨ ᠲᠠᠰᠤᠯᠤᠯᠲᠠ ᠶ᠋ᠢᠨ ᠭᠦᠢᠴᠡᠳᠭᠡᠬᠦ ᠶᠠᠰᠤ ᠴᠢᠨᠠᠷ ᠦᠷ᠎ᠡ ᠪᠦᠲᠦᠮᠵᠢ ᠶᠢᠨ ᠠᠵᠢᠯ ᠢ ᠳᠠᠬᠢᠨ ᠰᠢᠨ᠎ᠡ ᠳᠡᠭᠲᠡᠷ ᠲᠦ ᠭᠠᠷᠬᠤ ᠶᠢ ᠳᠥᠯᠭᠢᠨ ᠠᠬᠢᠭᠤᠯᠤᠶ᠎ᠠ ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )