ᠳᠠᠮᠫᠤᠷᠠᠯ ᠢ᠋ ᠬᠠᠮᠢᠶᠠᠷᠤᠭᠴᠢᠳ ᠤ᠋ᠨ ᠨᠡᠢᠭᠡᠮᠯᠢᠭ ᠤ᠋ᠨ ᠳᠦᠷᠢᠮᠵᠢᠭᠰᠡᠨ ᠪᠠᠢᠭᠤᠯᠤᠯᠲᠠ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠠᠷᠠᠳ ᠤ᠋ᠨ ᠰᠢᠭᠦᠬᠦ ᠬᠣᠷᠢᠶ᠎ᠠ ᠂ ᠳᠠᠮᠫᠤᠷᠠᠯ ᠢ᠋ ᠬᠠᠮᠢᠶᠠᠷᠤᠭᠴᠢᠳ ᠤ᠋ᠨ ᠬᠠᠮᠲᠤ ᠶ᠋ᠢᠨ ᠬᠦᠴᠦᠨ ᠢ᠋ ᠠᠬᠢᠭᠤᠯᠤᠨ ᠂ ᠠᠪᠴᠠᠭᠠᠲᠠᠨ ᠂ ᠥᠭᠴᠡᠭᠡᠲᠡᠨ ᠵᠡᠷᠭᠡ ᠬᠠᠤᠯᠢ ᠶᠣᠰᠣᠨ ᠤ᠋ ᠡᠷᠬᠡ ᠠᠰᠢᠭ ᠢ᠋ ᠦᠨᠡᠨᠬᠦ ᠬᠠᠮᠠᠭᠠᠯᠠᠵᠤ ᠂ ᠮᠠᠨ ᠤ᠋ ᠬᠣᠲᠠ ᠶ᠋ᠢᠨ ᠠᠵᠤ ᠠᠬᠤᠢ ᠨᠡᠢᠭᠡᠮ ᠤ᠋ᠨ ᠬᠥᠭᠵᠢᠯᠲᠡ ᠳ᠋ᠦ᠍ ᠦᠢᠯᠡᠴᠢᠯᠡᠬᠦ ᠪᠠ ᠪᠠᠲᠤᠯᠠᠬᠤ ᠳᠤᠮᠳᠠᠬᠢ ᠲᠤᠰ ᠲᠤᠰ ᠤ᠋ᠨ ᠢᠳᠡᠪᠬᠢ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠦᠷᠭᠦᠯᠵᠢᠯᠡᠨ ᠰᠢᠯᠢᠳᠡᠭᠵᠢᠭᠦᠯᠬᠦ ᠳ᠋ᠦ᠍ ᠬᠠᠤᠯᠢ ᠴᠠᠭᠠᠵᠠ ᠶ᠋ᠢᠨ ᠬᠦᠴᠦᠲᠡᠢ ᠪᠠᠲᠤᠯᠠᠭ᠎ᠠ ᠬᠠᠩᠭᠠᠬᠤ ᠶ᠋ᠢᠨ ᠲᠥᠯᠥᠭᠡ ᠂ 9 ᠰᠠᠷ᠎ᠠ ᠶ᠋ᠢᠨ 12 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠣᠯᠤᠨ ᠬᠣᠲᠠ ᠶ᠋ᠢᠨ ᠳᠠᠮᠫᠤᠷᠠᠯ ᠢ᠋ ᠬᠠᠮᠢᠶᠠᠷᠤᠭᠴᠢᠳ ᠤ᠋ᠨ ᠨᠡᠢᠭᠡᠮᠯᠢᠭ ᠡᠴᠡ ᠳᠠᠮᠫᠤᠷᠠᠯ ᠢ᠋ ᠬᠠᠮᠢᠶᠠᠷᠤᠭᠴᠢᠳ ᠤ᠋ᠨ ᠵᠢᠷᠤᠮᠵᠢᠭᠰᠠᠨ ᠪᠠᠢᠭᠤᠯᠤᠯᠲᠠ ᠶ᠋ᠢᠨ ᠶᠠᠷᠢᠯᠴᠠᠬᠤ ᠬᠤᠷᠠᠯ ᠡᠷᠬᠢᠯᠡᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠾᠧ ᠶᠠᠨ ᠴᠦᠨ ᠂ ᠬᠣᠲᠠ ᠶ᠋ᠢᠨ ᠳᠠᠮᠫᠤᠷᠠᠯ ᠢ᠋ ᠬᠠᠮᠢᠶᠠᠷᠤᠭᠴᠢᠳ ᠤ᠋ᠨ ᠨᠡᠢᠭᠡᠮᠯᠢᠭ ᠤ᠋ᠨ ᠳᠠᠷᠤᠭ᠎ᠠ ᠳ᠋ᠦᠩ ᠮᠢᠨ ᠵᠢᠴᠢ ᠬᠣᠶᠠᠷ ᠰᠠᠯᠠᠭ᠎ᠠ ᠮᠥᠴᠢᠷ ᠤ᠋ᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠵᠠᠢ ᠃
ᠬᠤᠷᠠᠯ ᠳᠡᠭᠡᠷ᠎ᠡ ᠂ ᠳ᠋ᠦᠩ ᠮᠢᠨ ᠨᠡᠢᠭᠡᠮᠯᠢᠭ ᠤ᠋ᠨ ᠪᠦᠬᠦᠢᠯᠡ ᠠᠵᠢᠯ ᠤ᠋ᠨ ᠪᠠᠢᠳᠠᠯ ᠢ᠋ ᠲᠠᠨᠢᠯᠴᠠᠭᠤᠯᠵᠤ ᠂ ᠬᠤᠷᠠᠯ ᠳ᠋ᠤ᠌ ᠣᠷᠣᠯᠴᠠᠭᠰᠠᠨ ᠬᠠᠮᠢᠶᠠᠷᠤᠭᠴᠢ ᠠ᠋ᠴᠠ ᠲᠤᠰ ᠲᠤᠰ ᠤ᠋ᠨ ᠳᠠᠮᠫᠤᠷᠠᠭᠰᠠᠨ ᠬᠡᠷᠡᠭ ᠲᠦ᠍ ᠡᠭᠦᠷᠭᠡ ᠲᠤᠰᠢᠶᠠᠯ ᠢ᠋ᠶ᠋ᠠᠨ ᠭᠦᠢᠴᠡᠳᠬᠡᠭᠰᠡᠨ ᠪᠠᠢᠳᠠᠯ ᠂ ᠬᠡᠷᠡᠭ ᠢ᠋ ᠰᠢᠢᠳᠪᠦᠷᠢᠯᠡᠭᠰᠡᠨ ᠠᠬᠢᠴᠠ ᠂ ᠣᠳᠣᠬᠠᠨ ᠳ᠋ᠤ᠌ ᠲᠤᠯᠭᠠᠷᠠᠵᠤ ᠪᠠᠢᠭ᠎ᠠ ᠬᠦᠴᠢᠷ ᠲᠦᠪᠡᠭᠲᠡᠢ ᠠᠰᠠᠭᠤᠳᠠᠯ ᠵᠢᠴᠢ ᠳᠠᠷᠠᠭᠠᠴᠢ ᠶ᠋ᠢᠨ ᠠᠯᠬᠤᠮ ᠤ᠋ᠨ ᠠᠵᠢᠯ ᠤ᠋ᠨ ᠲᠥᠯᠥᠪᠯᠡᠭᠡ ᠵᠡᠷᠭᠡ ᠳ᠋ᠦ᠍ ᠬᠠᠷᠢᠭᠤ ᠮᠡᠳᠡᠭᠦᠯᠦᠯᠲᠡ ᠬᠢᠪᠡ ᠃ ᠾᠧ ᠶᠠᠨ ᠴᠦᠨ ᠨᠡᠢᠭᠡᠮᠯᠢᠭ ᠪᠠᠢᠭᠤᠯᠤᠭᠳᠠᠭᠰᠠᠨ ᠠ᠋ᠴᠠ ᠨᠡᠰᠢ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠳᠠᠮᠫᠤᠷᠠᠯ ᠢ᠋ ᠰᠢᠭᠦᠨ ᠲᠠᠰᠤᠯᠬᠤ ᠠᠵᠢᠯ ᠢ᠋ ᠳᠡᠮᠵᠢᠭᠰᠡᠨ ᠳ᠋ᠦ᠍ ᠲᠠᠯᠠᠷᠬᠠᠵᠤ ᠪᠠᠢᠭ᠎ᠠ ᠪᠠᠨ ᠢᠯᠡᠷᠬᠡᠢᠯᠡᠭᠰᠡᠨ ᠦ᠌ ᠬᠠᠮᠲᠤ ᠳᠠᠮᠫᠤᠷᠠᠯ ᠢ᠋ ᠬᠠᠮᠢᠶᠠᠷᠤᠯᠲᠠ ᠶ᠋ᠢᠨ ᠠᠵᠢᠯᠲᠠᠨ ᠤ᠋ ᠠᠵᠢᠯ ᠡᠷᠬᠢᠯᠡᠬᠦ ᠲᠦᠪᠰᠢᠨ ᠢ᠋ ᠳᠡᠭᠡᠭᠰᠢᠯᠡᠭᠦᠯᠵᠦ ᠂ ᠳᠠᠮᠫᠤᠷᠠᠯ ᠢ᠋ ᠬᠠᠮᠢᠶᠠᠷᠬᠤ ᠬᠥᠮᠦᠨ ᠪᠣᠯᠤᠨ ᠠᠷᠠᠳ ᠤ᠋ᠨ ᠰᠢᠭᠦᠬᠦ ᠬᠣᠷᠢᠶ᠎ᠠ ᠂ ᠳᠠᠮᠫᠤᠷᠠᠭᠰᠠᠨ ᠠᠵᠤ ᠠᠬᠤᠢᠯᠠᠯ ᠂ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ ᠤ᠋ᠨ ᠬᠣᠭᠣᠷᠣᠨᠳᠣᠬᠢ ᠣᠢᠯᠠᠭᠠᠯᠴᠠᠭ᠎ᠠ ᠵᠣᠬᠢᠴᠠᠭᠤᠯᠭ᠎ᠠ ᠶ᠋ᠢ ᠠᠬᠢᠭᠤᠯᠬᠤ ᠲᠠᠯ᠎ᠠ ᠪᠠᠷ ᠦᠵᠡᠭᠦᠯᠦᠭᠰᠡᠨ ᠴᠢᠬᠤᠯᠠ ᠦᠢᠯᠡᠳᠦᠯ ᠢ᠋ ᠭᠦᠢᠴᠡᠳ ᠨᠤᠲᠠᠯᠠᠵᠤ ᠂ ᠬᠣᠢᠰᠢᠳᠠ ᠶ᠋ᠢᠨ ᠠᠵᠢᠯ ᠤ᠋ᠨ ᠥᠷᠨᠢᠯᠲᠡ ᠳ᠋ᠦ᠍ ᠪᠣᠳᠠᠲᠠᠢ ᠱᠠᠭᠠᠷᠳᠠᠯᠭ᠎ᠠ ᠳᠤᠷᠠᠳᠪᠠ ᠃ ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠬᠠᠬᠤ ᠬᠡᠷᠡᠭᠲᠡᠢ ᠃ ᠳᠠᠮᠫᠤᠷᠠᠬᠤ ᠠᠵᠢᠯ ᠤ᠋ᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠳᠡᠭᠡᠭᠰᠢᠯᠡᠭᠦᠯᠬᠦ ᠠᠵᠢᠯ ᠤ᠋ᠨ ᠴᠢᠬᠤᠯᠠ ᠠᠴᠢ ᠬᠣᠯᠪᠣᠭᠳᠠᠯ ᠢ᠋ ᠭᠦᠢᠴᠡᠳ ᠲᠠᠨᠢᠵᠤ ᠂ ᠨᠡᠢᠭᠡᠮᠯᠢᠭ ᠤ᠋ᠨ ᠡᠯ᠎ᠡ ᠭᠡᠰᠢᠭᠦᠨ ᠨᠢᠭᠡᠴᠡ ᠂ ᠳᠠᠮᠫᠤᠷᠠᠯ ᠢ᠋ ᠬᠠᠮᠢᠶᠠᠷᠤᠭᠴᠢᠳ 《 ᠳᠠᠮᠫᠤᠷᠠᠯ ᠢ᠋ ᠭᠦᠢᠴᠡᠳᠭᠡᠬᠦ 》 ᠶ᠋ᠢ ᠨᠡᠢᠭᠡᠮ ᠤ᠋ᠨ ᠲᠣᠭᠲᠠᠭᠤᠨ ᠢ᠋ ᠬᠠᠮᠠᠭᠠᠯᠠᠬᠤ ᠂ ᠠᠵᠤ ᠠᠬᠤᠢ ᠶ᠋ᠢᠨ ᠬᠥᠭᠵᠢᠯᠲᠡ ᠳ᠋ᠦ᠍ ᠲᠤᠰᠠᠯᠠᠬᠤ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠶᠡᠬᠡ ᠲᠠᠯ᠎ᠠ ᠳ᠋ᠤ᠌ ᠲᠠᠯᠪᠢᠨ ᠪᠣᠳᠣᠯᠬᠢᠯᠠᠨ ᠰᠡᠳᠬᠢᠵᠦ ᠂ ᠠᠷᠭ᠎ᠠ ᠤᠬᠠᠭᠠᠨ ᠰᠦᠪᠡᠭᠴᠢᠯᠡᠵᠦ ᠂ ᠡᠯ᠎ᠡ ᠲᠠᠯ᠎ᠠ ᠶ᠋ᠢᠨ ᠠᠰᠢᠭ ᠲᠤᠰᠠ ᠶ᠋ᠢ ᠲᠡᠩᠴᠡᠭᠦᠷᠢᠲᠡᠢ ᠪᠠᠢᠯᠭᠠᠬᠤ ᠶ᠋ᠢ ᠴᠢᠬᠤᠯᠠᠴᠢᠯᠠᠬᠤ ᠬᠡᠷᠡᠭᠲᠡᠢ ᠃ ᠬᠣᠶᠠᠷ ᠲᠤ᠌ ᠵᠢᠯᠣᠭᠣᠳᠴᠤ ᠬᠢᠨᠠᠯᠲᠠ ᠲᠠᠯᠪᠢᠬᠤ ᠪᠠᠨ ᠴᠢᠩᠭ᠋ᠠᠳᠬᠠᠨ ᠂ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠃ ᠨᠡᠢᠭᠡᠮᠯᠢᠭ ᠡᠴᠡ ᠬᠠᠮᠢᠶᠠᠷᠤᠭᠴᠢ ᠶ᠋ᠢᠨ ᠲᠤᠬᠠᠢᠯᠠᠭᠰᠠᠨ ᠠᠵᠢᠯ ᠤ᠋ᠨ ᠪᠣᠯᠪᠠᠰᠣᠷᠠᠭᠤᠯᠤᠯ ᠢ᠋ ᠬᠡᠪᠵᠢᠭᠦᠯᠦᠨ ᠡᠷᠬᠢᠯᠡᠵᠦ ᠂ ᠳᠠᠮᠫᠤᠷᠠᠯ ᠤ᠋ᠨ ᠬᠠᠮᠢᠶᠠᠷᠤᠯᠲᠠ ᠶ᠋ᠢᠨ ᠠᠵᠢᠯᠲᠠᠨ ᠤ᠋ ᠬᠢᠨᠠᠨ ᠰᠢᠯᠭᠠᠬᠤ ᠲᠣᠭᠲᠠᠴᠠ ᠶ᠋ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠳᠠᠮᠫᠤᠷᠠᠯ ᠤ᠋ᠨ ᠬᠠᠮᠢᠶᠠᠷᠤᠯᠲᠠ ᠶ᠋ᠢᠨ ᠠᠵᠢᠯᠲᠠᠨ ᠤ᠋ ᠵᠢᠯᠣᠭᠣᠳᠤᠯᠭ᠎ᠠ ᠪᠠ ᠬᠢᠨᠠᠯᠲᠠ ᠲᠠᠯᠪᠢᠯᠲᠠ ᠶ᠋ᠢ ᠦᠨᠡᠨᠬᠦ ᠴᠢᠩᠭᠠᠳᠬᠠᠵᠤ ᠂ ᠳᠠᠮᠫᠤᠷᠠᠯ ᠤ᠋ᠨ ᠬᠠᠮᠢᠶᠠᠷᠤᠯᠲᠠ ᠶ᠋ᠢᠨ ᠠᠵᠢᠯᠲᠠᠨ ᠤ᠋ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢ ᠴᠢᠷᠮᠠᠢᠨ ᠳᠡᠭᠡᠭᠰᠢᠯᠡᠭᠦᠯᠵᠦ ᠂ ᠣᠬᠢ ᠳᠠᠮᠫᠤᠷᠠᠯ ᠤ᠋ᠨ ᠬᠡᠷᠡᠭ ᠤ᠋ᠨ ᠵᠢᠱ᠌ᠢᠶ᠎ᠡ ᠶ᠋ᠢ ᠢᠳᠡᠪᠬᠢᠲᠡᠢ ᠪᠣᠢ ᠪᠣᠯᠭᠠᠵᠤ ᠂ ᠥᠨᠳᠥᠷ ᠬᠡᠪ ᠴᠢᠨᠠᠷ ᠪᠦᠬᠦᠢ ᠲᠤᠰᠬᠠᠢᠵᠢᠭᠰᠠᠨ ᠳᠠᠮᠫᠤᠷᠠᠯ ᠤ᠋ᠨ ᠬᠠᠮᠢᠶᠠᠷᠤᠯᠲᠠ ᠶ᠋ᠢᠨ ᠠᠵᠢᠯ ᠡᠷᠬᠢᠯᠡᠭᠴᠢᠳ ᠤ᠋ᠨ ᠡᠩᠨᠡᠭᠡ ᠶ᠋ᠢ ᠬᠦᠴᠦᠯᠡᠨ ᠬᠥᠮᠦᠵᠢᠭᠦᠯᠬᠦ ᠬᠡᠷᠡᠭᠲᠡᠢ ᠃ ᠭᠤᠷᠪᠠ ᠳ᠋ᠤ᠌ ᠨᠡᠪᠲᠡᠷᠡᠯᠴᠡᠭᠡ ᠬᠢᠬᠦ ᠡᠷᠴᠢᠮ ᠢ᠋ᠶ᠋ᠡᠨ ᠴᠢᠩᠭ᠋ᠠᠷᠠᠭᠤᠯᠵᠤ ᠂ ᠬᠡᠷᠡᠭ ᠰᠢᠢᠳᠪᠦᠷᠢᠯᠡᠬᠦ ᠠᠬᠢᠴᠠ ᠶ᠋ᠢ ᠲᠦᠷᠭᠡᠳᠬᠡᠬᠦ ᠬᠡᠷᠡᠭᠲᠡᠢ ᠃ ᠨᠡᠢᠭᠡᠮᠯᠢᠭ ᠨᠢ ᠬᠥᠭᠥᠷᠭᠡ ᠬᠣᠯᠪᠣᠭᠠᠰᠤ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠡᠯ᠎ᠡ ᠱᠠᠲᠤᠨ ᠤ᠋ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠯᠤᠭ᠎ᠠ ᠶ᠋ᠢᠨ ᠨᠡᠪᠲᠡᠷᠡᠯᠴᠡᠨ ᠵᠣᠯᠭᠠᠯᠳᠣᠭᠤᠯᠬᠤ ᠡᠷᠴᠢᠮ ᠢ᠋ᠶ᠋ᠡᠨ ᠴᠢᠩᠭᠠᠷᠠᠭᠤᠯᠤᠨ ᠂ ᠵᠠᠰᠠᠭ ᠤ᠋ᠨ ᠣᠷᠳᠣᠨ ᠤ᠋ ᠬᠠᠮᠲᠤᠷᠠᠨ ᠬᠥᠳᠡᠯᠦᠯᠴᠡᠬᠦ ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ ᠂ ᠬᠠᠮᠢᠶᠠᠷᠤᠭᠴᠢᠳ ᠤ᠋ᠨ ᠰᠠᠨᠠᠯ ᠰᠠᠨᠠᠭᠤᠯᠭ᠎ᠠ ᠶ᠋ᠢ ᠭᠦᠢᠴᠡᠳ ᠰᠣᠨᠣᠰᠴᠤ ᠂ ᠬᠠᠮᠢᠶᠠᠷᠤᠭᠴᠢ ᠶ᠋ᠢᠨ ᠠᠵᠢᠯ ᠳ᠋ᠤ᠌ ᠳᠥᠭᠥᠮ ᠦᠵᠡᠭᠦᠯᠵᠦ ᠂ ᠰᠠᠢᠨ ᠨᠥᠬᠥᠴᠡᠯᠳᠦᠯ ᠢ᠋ ᠪᠣᠢ ᠪᠣᠯᠭᠠᠨ ᠂ ᠳᠠᠮᠫᠤᠷᠠᠯ ᠤ᠋ᠨ ᠬᠡᠷᠡᠭ ᠢ᠋ ᠲᠦᠷᠭᠡᠨ ᠰᠢᠭᠦᠵᠦ ᠲᠦᠷᠭᠡᠨ ᠳᠠᠭᠤᠰᠬᠠᠬᠤ ᠶ᠋ᠢ ᠠᠬᠢᠭᠤᠯᠤᠨ᠎ᠠ ᠃ ᠳᠥᠷᠪᠡ ᠳ᠋ᠦ᠍ ᠂ ᠠᠵᠢᠯ ᠲᠥᠷᠥᠯ ᠤ᠋ᠨ ᠥᠪᠡᠷ ᠢ᠋ ᠪᠡᠨ ᠱᠠᠭᠠᠷᠳᠠᠬᠤ ᠶ᠋ᠢ ᠴᠢᠩᠭᠠᠳᠬᠠᠵᠤ ᠂ ᠡᠭᠦᠷᠢᠳᠡ ᠠᠷᠢᠭᠤᠨ ᠴᠢᠬᠡᠴᠢ ᠪᠠᠢᠬᠤ ᠬᠡᠷᠡᠭᠲᠡᠢ ᠃ ᠬᠠᠮᠢᠶᠠᠷᠤᠭᠴᠢ ᠨᠢ ᠥᠭᠴᠡᠭᠡᠲᠡᠨ ᠦ᠌ ᠡᠳ᠋ ᠬᠥᠷᠥᠩᠭᠡ ᠶ᠋ᠢᠨ ᠬᠠᠮᠠᠭᠠᠯᠠᠭᠴᠢ ᠪᠣᠯᠤᠭᠰᠠᠨ ᠤ᠋ ᠬᠤᠪᠢ ᠳ᠋ᠤ᠌ ᠂ ᠬᠠᠮᠢᠶᠠᠷᠤᠭᠴᠢ ᠶ᠋ᠢᠨ ᠳᠠᠩᠰᠠᠨ ᠳ᠋ᠠᠬᠢ ᠪᠡᠯᠡ ᠮᠥᠩᠭᠥ ᠶ᠋ᠢᠨ ᠠᠮᠤᠷ ᠲᠦᠪᠰᠢᠨ ᠢ᠋ ᠪᠠᠲᠤᠯᠠᠵᠤ ᠂ ᠠᠵᠢᠯ ᠮᠡᠷᠭᠡᠵᠢᠯ ᠤ᠋ᠨ ᠰᠠᠬᠢᠯᠭ᠎ᠠ ᠶ᠋ᠢ ᠪᠠᠲᠤ ᠴᠡᠭᠡᠵᠢᠯᠡᠵᠦ ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠢᠯᠭᠠᠵᠤ ᠂ ᠠᠰᠢᠭ ᠲᠤᠰᠠ ᠬᠦᠷᠭᠡᠬᠦ ᠶᠠᠪᠤᠳᠠᠯ ᠢ᠋ ᠡᠷᠡᠰ ᠬᠣᠷᠢᠭᠯᠠᠵᠤ ᠂ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠦᠨᠡᠨᠴᠢ ᠰᠢᠳᠤᠷᠭᠤ ᠪᠠᠷ ᠭᠦᠢᠴᠡᠳᠬᠡᠬᠦ ᠬᠡᠷᠡᠭᠲᠡᠢ ᠭᠡᠪᠡ᠃
ᠦᠨᠡᠯᠡᠬᠦ 0ᠦᠨᠡᠯᠡᠯᠲᠡ᠎ᠲᠠᠢ