ᠪᠥᠬᠥ ᠬᠣᠲᠠ ᠶ᠋ᠢᠨ ᠰᠢᠭᠦᠬᠦ ᠬᠣᠷᠢᠶ᠎ᠠ ᠳᠡᠯᠡᠬᠡᠢ ᠶ᠋ᠢᠨ ᠪᠠᠩᠬᠢ ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠤ᠋ ᠦᠨᠡᠯᠡᠯᠲᠡ ᠶ᠋ᠢᠨ ᠠᠵᠢᠯ ᠢ᠋ ᠤᠭᠲᠤᠬᠤ ᠳᠠᠢᠴᠢᠯᠠᠯᠲᠠ ᠪᠠᠢᠷᠢᠯᠠᠭᠤᠯᠤᠯᠲᠠ ᠶ᠋ᠢᠨ ᠬᠤᠷᠠᠯ ᠬᠤᠷᠠᠯᠳᠤᠪᠠ
2023.09.19 ᠲᠣᠰ ᠥᠷᠲᠡᠭᠡᠨ᠎ᠦ ᠨᠠᠢᠷᠠᠭᠤᠯᠤᠭᠴᠢ

    ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠠᠵᠤ ᠠᠬᠤᠢᠯᠠᠯ ᠤ᠋ᠨ ᠬᠠᠤᠯᠢ ᠶᠣᠰᠣᠨ ᠤ᠋ ᠡᠷᠬᠡ ᠠᠰᠢᠭ ᠢ᠋ ᠪᠠᠲᠤᠯᠠᠨ ᠂ ᠬᠠᠤᠯᠢ ᠴᠠᠭᠠᠵᠠ ᠶ᠋ᠢᠨ ᠪᠠᠢᠭᠤᠯᠭ᠎ᠠ ᠶ᠋ᠢᠨ ᠶᠡᠬᠡ ᠲᠠᠯ᠎ᠠ ᠳ᠋ᠤ᠌ ᠦᠢᠯᠡᠴᠢᠯᠡᠬᠦ ᠴᠢᠳᠠᠪᠤᠷᠢ ᠶ᠋ᠢ ᠳᠡᠭᠡᠭᠰᠢᠯᠡᠭᠦᠯᠵᠦ ᠂ ᠳᠡᠯᠡᠬᠡᠢ ᠶ᠋ᠢᠨ ᠪᠠᠩᠬᠢ ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠤ᠋ ᠦᠨᠡᠯᠡᠨ ᠵᠢᠱ᠌ᠢᠯᠲᠡ ᠶ᠋ᠢ ᠤᠭᠲᠤᠬᠤ ᠠᠵᠢᠯ ᠢ᠋ ᠰᠠᠢᠲᠤᠷ ᠬᠢᠬᠦ ᠶ᠋ᠢᠨ ᠲᠥᠯᠥᠭᠡ ᠂ 9 ᠰᠠᠷ᠎ᠠ ᠶ᠋ᠢᠨ 13 ᠤ᠋ ᠦᠳᠡ ᠶ᠋ᠢᠨ ᠬᠣᠢᠨ᠎ᠠ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠ᠋ᠴᠠ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠳᠡᠯᠡᠬᠡᠢ ᠶ᠋ᠢᠨ ᠪᠠᠩᠬᠢ ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠤ᠋ ᠦᠨᠡᠯᠡᠯᠲᠡ ᠶ᠋ᠢᠨ ᠠᠵᠢᠯ ᠢ᠋ ᠤᠭᠲᠤᠬᠤ ᠳᠠᠢᠴᠢᠯᠠᠯᠲᠠ ᠪᠠᠢᠷᠢᠯᠠᠭᠤᠯᠤᠯᠲᠠ ᠶ᠋ᠢᠨ ᠬᠤᠷᠠᠯ ᠢ᠋ ᠵᠣᠬᠢᠶᠠᠨ ᠪᠠᠢᠭᠤᠯᠵᠤ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠬᠤᠷᠠᠯ ᠢ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠡᠷᠬᠢᠯᠡᠪᠡ ᠃

 

 

    ᠬᠤᠷᠠᠯ ᠨᠢ ᠣᠷᠳᠣᠰ ᠬᠣᠲᠠ ᠶ᠋ᠢᠨ ᠳᠡᠯᠡᠬᠡᠢ ᠶ᠋ᠢᠨ ᠪᠠᠩᠬᠢ ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠤ᠋ ᠦᠨᠡᠯᠡᠯᠲᠡ ᠶ᠋ᠢᠨ ᠲᠤᠬᠠᠢᠯᠠᠭᠰᠠᠨ ᠠᠵᠢᠯ ᠤ᠋ᠨ ᠪᠣᠯᠪᠠᠰᠤᠷᠠᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ 《 ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠳᠡᠯᠡᠬᠡᠢ ᠶ᠋ᠢᠨ ᠪᠠᠩᠬᠢ ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠤ᠋ ᠦᠨᠡᠯᠡᠯᠲᠡ ᠶ᠋ᠢ ᠤᠭᠲᠤᠬᠤ ᠠᠵᠢᠯ ᠤ᠋ᠨ ᠲᠥᠰᠦᠯ 》 ᠢ᠋ ᠤᠩᠰᠢᠨ ᠲᠠᠢᠯᠪᠤᠷᠢᠯᠠᠭᠰᠠᠨ ᠪᠠᠢᠨ᠎ᠠ ᠃

    ᠬᠤᠷᠠᠯ ᠠ᠋ᠴᠠ ᠴᠢᠬᠤᠯᠠᠴᠢᠯᠠᠭᠰᠠᠨ ᠨᠢ ᠄ ᠨᠢᠭᠡ ᠳ᠋ᠦ᠍ ᠪᠠᠢᠳᠠᠯ ᠢ᠋ ᠲᠣᠳᠣᠷᠬᠠᠢ ᠲᠠᠨᠢᠵᠤ ᠂ ᠠᠵᠢᠯ ᠤ᠋ᠨ ᠬᠡᠪ ᠪᠠᠷᠢᠮᠵᠢᠶ᠎ᠠ ᠪᠠᠨ ᠥᠨᠳᠥᠷ ᠪᠣᠯᠭᠠᠬᠤ ᠬᠡᠷᠡᠭᠲᠡᠢ ᠃ ᠬᠠᠷᠠᠯᠲᠠ ᠡᠭᠦᠷᠭᠡ ᠶ᠋ᠢ ᠣᠨᠣᠪᠴᠢᠲᠠᠢ ᠡᠵᠡᠮᠰᠢᠨ ᠂ ᠲᠡᠷᠢᠭᠦᠨ ᠦ᠌ ᠬᠢ ᠶ᠋ᠢ ᠡᠭᠦᠳᠦᠨ ᠰᠢᠯᠢᠳᠡᠭ ᠪᠣᠯᠬᠤ ᠪᠠᠷ ᠴᠢᠷᠮᠠᠢᠬᠤ ᠤᠯᠠᠮᠵᠢᠯᠠᠯ ᠢ᠋ᠶ᠋ᠠᠨ ᠪᠠᠳᠠᠷᠠᠭᠤᠯᠬᠤ ᠬᠡᠷᠡᠭᠲᠡᠢ ; ᠭᠤᠷᠪᠠᠨ ᠱᠠᠲᠤ ᠪᠠᠷ ᠤᠭᠲᠤᠵᠤ ᠰᠢᠯᠭᠠᠷᠠᠭᠤᠯᠬᠤ ᠪᠠᠷ ᠵᠢᠯᠣᠭᠣᠳᠤᠯᠭ᠎ᠠ ᠪᠣᠯᠭᠠᠵᠤ ᠂ ᠡᠯ᠎ᠡ ᠵᠦᠢᠯ ᠤ᠋ᠨ ᠭᠡᠷᠡᠴᠢ ᠪᠠᠷᠢᠮᠲᠠ ᠶ᠋ᠢᠨ ᠮᠠᠲ᠋ᠸᠷᠢᠶᠠᠯ ᠢ᠋ ᠴᠤᠭᠯᠠᠭᠤᠯᠤᠨ ᠡᠮᠬᠢᠳᠬᠡᠬᠦ ᠠᠵᠢᠯ ᠢ᠋ ᠰᠠᠢᠲᠤᠷ ᠬᠢᠬᠦ ᠬᠡᠷᠡᠭᠲᠡᠢ ; ᠦᠨᠡᠨ ᠢ᠋ ᠪᠠᠷᠢᠨ ᠪᠣᠳᠠᠲᠠᠢ ᠪᠠᠷ ᠬᠢᠵᠦ ᠂ ᠥᠨᠳᠥᠷ ᠦᠨᠡᠯᠡᠯᠲᠡ ᠶ᠋ᠢ ᠬᠦᠯᠢᠶᠡᠨ ᠠᠪᠬᠤ ᠴᠢᠬᠤᠯᠠ ᠶᠡᠬᠡ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠦᠨᠡᠨ ᠬᠦ᠌ ᠡᠭᠦᠷᠭᠡᠯᠡᠵᠦ ᠂ ᠡᠯ᠎ᠡ ᠵᠦᠢᠯ ᠤ᠋ᠨ ᠭᠣᠣᠯᠳᠠᠯᠭ᠎ᠠ ᠲᠠᠢ ᠠᠵᠢᠯ ᠢ᠋ ᠪᠣᠳᠠᠲᠠᠢ ᠭᠠᠵᠠᠷ ᠲᠤᠨᠢ ᠨᠠᠢᠳᠠᠪᠤᠷᠢᠵᠢᠭᠤᠯᠬᠤ ᠶ᠋ᠢ ᠦᠨᠡᠨ ᠬᠦ᠌ ᠪᠠᠲᠤᠯᠠᠬᠤ ᠬᠡᠷᠡᠭᠲᠡᠢ ᠃ ᠬᠣᠶᠠᠷ ᠲᠤ᠌ ᠂ ᠠᠰᠠᠭᠤᠳᠠᠯ ᠳ᠋ᠤ᠌ ᠴᠢᠭᠯᠡᠭᠦᠯᠦᠨ ᠂ ᠪᠥᠬᠥ ᠲᠠᠯ᠎ᠠ ᠶ᠋ᠢᠨ ᠳᠡᠭᠡᠭᠰᠢᠯᠡᠯᠲᠡ ᠶ᠋ᠢ ᠪᠡᠶᠡᠯᠡᠭᠦᠯᠬᠦ ᠬᠡᠷᠡᠭᠲᠡᠢ ᠃ ᠡᠯ᠎ᠡ ᠲᠥᠷᠥᠯ ᠤ᠋ᠨ ᠪᠢᠴᠢᠭ ᠮᠠᠲ᠋ᠸᠷᠢᠶᠠᠯ ᠵᠢᠴᠢ ᠪᠣᠯᠪᠠᠰᠤᠷᠠᠯ ᠤ᠋ᠨ ᠠᠵᠢᠯᠯᠠᠭ᠎ᠠ ᠶ᠋ᠢᠨ ᠦᠷ᠎ᠡ ᠪᠦᠲᠦᠭᠡᠯ ᠢ᠋ ᠬᠡᠮᠵᠢᠶᠡᠯᠡᠨ ᠳ᠋ᠦᠩᠨᠡᠵᠦ ᠂ ᠳᠡᠯᠡᠬᠡᠢ ᠶ᠋ᠢᠨ ᠪᠠᠩᠬᠢ ᠶ᠋ᠢᠨ 《 ᠠᠵᠤ ᠠᠬᠤᠢᠯᠠᠯ ᠤ᠋ᠨ ᠪᠠᠢᠴᠠᠭᠠᠯᠲᠠ 》 ᠶ᠋ᠢᠨ ᠪᠠᠷᠢᠮᠵᠢᠶ᠎ᠠ ᠳ᠋ᠤ ᠨᠠᠷᠢᠯᠢᠭ ᠣᠨᠣᠪᠴᠢᠲᠠᠢ ᠪᠠᠷ ᠬᠠᠷᠭᠤᠭᠤᠯᠤᠯᠲᠠ ᠬᠢᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠣᠭᠲᠠᠭᠠᠭᠰᠠᠨ ᠪᠠᠢᠴᠠᠭᠠᠯᠲᠠ ᠶ᠋ᠢᠨ ᠠᠰᠠᠭᠤᠯᠲᠠ ᠶ᠋ᠢᠨ ᠬᠠᠭᠤᠳᠠᠰᠤ ᠲᠠᠢ ᠤᠶᠠᠯᠳᠤᠭᠤᠯᠤᠨ ᠂ ᠨᠢᠭᠡᠳᠦᠯᠲᠡᠢ ᠲᠥᠯᠥᠪᠯᠡᠨ ᠠᠷᠭ᠎ᠠ ᠰᠦᠪᠡᠭᠴᠢᠯᠡᠵᠦ ᠂ ᠶᠡᠷᠦᠩᠬᠡᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ ᠂ 《 ᠦᠨᠡᠯᠡᠯᠲᠡ ᠪᠡᠷ ᠥᠭᠡᠷᠡᠴᠢᠯᠡᠯᠲᠡ ᠶ᠋ᠢ ᠠᠬᠢᠭᠤᠯᠵᠤ ᠂ ᠦᠨᠡᠯᠡᠯᠲᠡ ᠪᠡᠷ ᠰᠢᠯᠢᠳᠡᠭ ᠪᠦᠲᠦᠮᠵᠢ ᠶ᠋ᠢ ᠠᠬᠢᠭᠤᠯᠬᠤ 》 ᠶ᠋ᠢ ᠪᠡᠶᠡᠯᠡᠭᠦᠯᠵᠦ ᠂ ᠦᠨᠡᠯᠡᠯᠲᠡ ᠢ᠋ ᠤᠭᠲᠤᠬᠤ ᠳ᠋ᠦ᠍ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ ᠃ ᠭᠤᠷᠪᠠ ᠳ᠋ᠤ᠌ ᠰᠠᠨᠠᠭᠠᠴᠢᠯᠠᠭ᠎ᠠ ᠠ᠋ᠴᠠ ᠪᠠᠨ ᠠᠵᠤ ᠠᠬᠤᠢᠯᠠᠯ ᠳ᠋ᠤ᠌ ᠣᠷᠣᠵᠤ ᠂ ᠤᠬᠠᠭᠤᠯᠵᠤ ᠬᠥᠲᠥᠯᠦᠨ ᠵᠢᠯᠣᠭᠣᠳᠬᠤ ᠶ᠋ᠢ ᠴᠢᠩᠭᠠᠳᠬᠠᠨ᠎ᠠ ᠃ 《 ᠬᠠᠤᠯᠢ ᠶ᠋ᠢᠨ ᠲᠤᠰᠢᠶᠠᠯᠲᠠᠨ ᠦᠨᠳᠦᠰᠦᠨ ᠱᠠᠲᠤᠨ ᠳ᠋ᠤ᠌ ᠪᠠᠢᠵᠤ᠂ ᠦᠢᠯᠡᠴᠢᠯᠡᠭᠡ ᠨᠢ ᠣᠢᠷᠠᠬᠠᠨ ᠪᠠᠢᠬᠤ 》 ᠠᠵᠢᠯᠯᠠᠭ᠎ᠠ ᠲᠠᠢ ᠤᠶᠠᠯᠳᠤᠭᠤᠯᠤᠨ ᠂ ᠭᠣᠣᠯᠳᠠᠯᠭ᠎ᠠ ᠲᠠᠢ ᠠᠵᠤ ᠠᠬᠤᠢᠯᠠᠯ ᠳ᠋ᠤ᠌ ᠭᠦᠨᠵᠡᠭᠡᠢᠷᠡᠨ ᠂ ᠠᠵᠤ ᠠᠬᠤᠢᠯᠠᠯ ᠢ᠋ ᠦᠨᠡᠨ ᠬᠦ᠌ ᠬᠠᠪᠰᠤᠷᠴᠤ ᠪᠠᠢᠭᠠᠳ ᠠᠵᠤ ᠠᠬᠤᠢᠯᠠᠯ ᠤ᠋ᠨ ᠪᠠᠢᠴᠠᠭᠠᠯᠲᠠ ᠶ᠋ᠢᠨ ᠠᠰᠠᠭᠤᠯᠲᠠ ᠶ᠋ᠢᠨ ᠬᠠᠭᠤᠳᠠᠰᠤ ᠶ᠋ᠢᠨ ᠠᠭᠤᠯᠭ᠎ᠠ ᠶ᠋ᠢ ᠣᠨᠣᠪᠴᠢᠲᠠᠢ ᠣᠢᠯᠠᠭᠠᠭᠤᠯᠵᠤ ᠂ ᠮᠠᠨ ᠤ᠋ ᠬᠣᠲᠠ ᠶ᠋ᠢᠨ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠤ᠋ ᠠᠵᠢᠯ ᠤ᠋ᠨ ᠪᠤᠰᠤᠳᠴᠢ ᠂ ᠦᠨᠡᠨ ᠪᠣᠳᠠᠲᠠᠢ ᠂ ᠵᠥᠪ ᠣᠨᠣᠪᠴᠢᠲᠠᠢ ᠲᠤᠰᠬᠠᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃ ᠳᠥᠷᠪᠡ ᠳ᠋ᠦ᠍ ᠭᠦᠨᠵᠡᠭᠡᠢ ᠪᠠᠢᠴᠠᠭᠠᠨ ᠦᠵᠡᠵᠦ ᠂ ᠦᠷ᠎ᠡ ᠳ᠋ᠦᠩ ᠤ᠋ᠨ ᠤᠳᠤᠷᠢᠳᠤᠮᠵᠢ ᠶ᠋ᠢ ᠴᠢᠬᠤᠯᠠᠴᠢᠯᠠᠬᠤ ᠬᠡᠷᠡᠭᠲᠡᠢ ᠃ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠶᠠᠪᠤᠳᠠᠯ ᠢ᠋ ᠦᠨᠡᠨᠬᠦ ᠨᠡᠩ ᠳᠣᠪᠣᠢᠮ᠎ᠠ ᠪᠠᠢᠷᠢᠨ ᠳ᠋ᠤ᠌ ᠲᠠᠯᠪᠢᠵᠤ ᠂ ᠳᠣᠲᠣᠷ᠎ᠠ ᠪᠠᠨ ᠲᠣᠭ᠎ᠠ ᠲᠠᠢ  ᠂ ᠮᠥᠷᠦᠨ ᠳᠡᠭᠡᠷ᠎ᠡ ᠪᠡᠨ ᠬᠠᠷᠢᠭᠤᠴᠠᠯᠭ᠎ᠠ ᠲᠠᠢ ᠪᠠᠢᠯᠭᠠᠬᠤ ᠬᠡᠷᠡᠭᠲᠡᠢ ︔ 《  ᠳᠠᠩᠰᠠᠯᠠᠬᠤ ᠰᠢᠭᠦᠬᠦ ᠭᠦᠢᠴᠡᠳᠬᠡᠬᠦ 》 ᠶ᠋ᠢ ᠨᠢᠭᠡ ᠴᠣᠭᠴᠠᠵᠢᠭᠤᠯᠬᠤ ᠶ᠋ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠬᠦᠴᠦᠯᠡᠨ ᠰᠢᠯᠢᠳᠡᠭᠵᠢᠭᠦᠯᠵᠦ ᠂ ᠶᠡᠬᠡ ᠲᠠᠯ᠎ᠠ ᠶ᠋ᠢᠨ ᠦᠵᠡᠯ ᠤᠬᠠᠮᠰᠠᠷ ᠢ᠋ ᠪᠣᠢ ᠪᠣᠯᠭᠠᠨ ᠂ ᠬᠠᠷᠢᠭᠤᠴᠠᠯᠭᠠᠲᠤ ᠰᠡᠳᠬᠢᠯᠭᠡ ᠪᠡᠨ ᠨᠡᠮᠡᠭᠳᠡᠭᠦᠯᠵᠦ ᠂ ᠢᠲᠡᠭᠡᠯ ᠵᠣᠷᠢᠭ ᠢ᠋ᠶ᠋ᠠᠨ ᠪᠠᠲᠤᠳᠬᠠᠨ ᠂ ᠬᠦᠴᠦᠨ ᠴᠢᠳᠠᠪᠤᠷᠢ ᠶ᠋ᠢᠨ ᠳᠠᠪᠬᠤᠴᠠᠯ ᠢ᠋ ᠪᠡᠶᠡᠯᠡᠭᠦᠯᠵᠦ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ᠋ ᠰᠢᠯᠢᠳᠡᠭᠵᠢᠭᠦᠯᠦᠯᠲᠡ ᠢ᠋ᠢᠨ ᠲᠠᠭᠯᠠᠨ ᠮᠡᠳᠡᠭᠦᠯᠬᠦ ᠠᠵᠢᠯ ᠢ᠋ ᠰᠠᠢᠲᠤᠷ ᠬᠢᠬᠦ ᠬᠡᠷᠡᠭᠲᠡᠢ ᠭᠡᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )