ᠵᠠᠩ ᠵᠢᠶᠦ᠋ᠨ ᠬᠣᠷᠢᠶᠠᠨ ᠳᠠᠷᠤᠭ᠎ᠠ ᠶ᠋ᠢᠨ ᠤᠯᠤᠰ ᠤ᠋ᠨ ᠰᠢᠭᠦᠬᠦ ᠲᠤᠰᠢᠶᠠᠯᠲᠠᠨ ᠤ ᠳᠡᠭᠡᠳᠦ ᠰᠤᠷᠭᠠᠭᠤᠯᠢ ᠶ᠋ᠢᠨ ᠨᠠᠮᠤᠷ ᠤ᠋ᠨ ᠤᠯᠠᠷᠢᠯ ᠤ᠋ᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ 《 ᠰᠢ ᠵᠢᠨ ᠫᠢᠩ ᠤ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠭᠦᠨᠵᠡᠭᠡᠢ ᠦᠢᠯᠡᠳᠦᠯᠭᠡᠵᠢᠭᠦᠯᠵᠦ ᠂ ᠰᠢᠭᠦᠨ ᠲᠠᠰᠤᠯᠬᠤ ᠬᠠᠮᠢᠶᠠᠷᠤᠯᠲᠠ ᠶ᠋ᠢᠨ ᠣᠳᠣᠬᠢᠴᠢᠯᠠᠯᠲᠠ ᠶ᠋ᠢ ᠬᠦᠴᠦᠯᠡᠨ ᠠᠬᠢᠭᠤᠯᠤᠶ᠎ᠠ 》 ᠭᠡᠰᠡᠨ ᠶᠠᠷᠢᠶᠠᠨ ᠤ᠋ ᠱᠠᠭᠠᠷᠳᠠᠯᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠣᠳᠣᠬᠠᠨ ᠤ᠋ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠠᠵᠢᠯᠯᠠᠭᠠᠨ ᠤ᠋ ᠪᠠᠢᠳᠠᠯ ᠢ᠋ ᠭᠦᠨᠵᠡᠭᠡᠢ ᠵᠠᠳᠠᠯᠵᠤ ᠂ ᠳᠠᠪᠠᠭᠤᠯᠢᠭ ᠢ᠋ᠶ᠋ᠠᠨ ᠤᠯᠠᠮ ᠨᠢᠭᠡ ᠠᠯᠬᠤᠮ ᠪᠡᠬᠢᠵᠢᠭᠦᠯᠦᠨ ᠂ ᠳᠤᠲᠠᠭᠳᠠᠯ ᠢ᠋ᠶ᠋ᠠᠨ ᠵᠠᠳᠠᠯᠵᠤ ᠂ ᠴᠢᠭᠯᠡᠯ ᠢ᠋ᠶ᠋ᠡᠨ ᠲᠣᠳᠣᠷᠬᠠᠢᠯᠠᠨ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠴᠢᠨᠠᠷ ᠦᠷ᠎ᠡ ᠠᠰᠢᠭ ᠢ᠋ ᠪᠥᠬᠥ ᠬᠦᠴᠦᠨ ᠢ᠋ᠶ᠋ᠡᠷ ᠳᠡᠭᠡᠭᠰᠢᠯᠡᠭᠦᠯᠬᠦ ᠶ᠋ᠢᠨ ᠲᠥᠯᠥᠭᠡ ᠂ 9 ᠰᠠᠷ᠎ᠠ ᠶ᠋ᠢᠨ 13 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ 2023 ᠣᠨ ᠤ᠋ ᠳᠣᠯᠣᠳᠤᠭᠠᠷ ᠤᠳᠠᠭᠠᠨ ᠤ᠋ ᠰᠢᠭᠦᠨ ᠭᠦᠢᠴᠡᠳᠭᠡᠬᠦ ᠶ᠋ᠢᠨ ᠴᠢᠨᠠᠷ ᠦᠷ᠎ᠡ ᠠᠰᠢᠭ ᠢ᠋ ᠲᠣᠬᠢᠷᠠᠭᠤᠯᠬᠤ ᠬᠤᠷᠠᠯ ᠢ᠋ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠪᠡ ᠃
ᠬᠤᠷᠠᠯ ᠠ᠋ᠴᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ 2023 ᠣᠨ ᠤ᠋ 1 — 8 ᠰᠠᠷ᠎ᠠ ᠶ᠋ᠢᠨ ᠰᠢᠭᠦᠨ ᠭᠦᠢᠴᠡᠳᠬᠡᠬᠦ ᠴᠢᠨᠠᠷ ᠦᠷ᠎ᠡ ᠠᠰᠢᠭ ᠤ᠋ᠨ ᠭᠦᠢᠴᠡᠳᠬᠡᠯ ᠲᠣᠭ᠎ᠠ ᠶ᠋ᠢᠨ ᠪᠠᠢᠳᠠᠯ ( ᠮᠣᠩᠭᠣᠯ ᠮᠣᠷᠢ ᠢ᠋ᠢᠨ ᠲᠦᠪᠡᠷᠭᠡᠨ ) ᠪᠣᠯᠤᠨ ᠰᠢᠭᠦᠨ ᠲᠠᠰᠤᠯᠤᠯᠲᠠ ᠶ᠋ᠢᠨ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠭᠦᠢᠴᠡᠳᠬᠡᠯ ᠲᠣᠭ᠎ᠠ ( ᠲᠤᠷᠰᠢᠯᠲᠠ ᠶ᠋ᠢᠨ ᠴᠡᠭ ᠭᠦᠢᠴᠡᠳᠬᠡᠯ ᠲᠣᠭ᠎ᠠ ) ᠤ᠋ᠨ ᠪᠠᠢᠳᠠᠯ ᠢ᠋ ᠵᠠᠷᠯᠠᠨ ᠂ ᠰᠤᠳᠤᠯᠤᠨ ᠮᠠᠭᠠᠳᠯᠠᠵᠤ ᠂ ᠪᠠᠭᠤᠷᠠᠢ ᠭᠦᠢᠴᠡᠳᠬᠡᠯ ᠲᠣᠭ᠎ᠠ ᠂ ᠳᠣᠪᠣᠢᠮ᠎ᠠ ᠠᠰᠠᠭᠤᠳᠠᠯ ᠂ ᠭᠣᠣᠯᠳᠠᠯᠭ᠎ᠠ ᠲᠠᠢ ᠠᠵᠢᠯ ᠳ᠋ᠤ᠌ ᠳᠠᠷᠠᠭ᠎ᠠ ᠠᠯᠬᠤᠮ ᠤ᠋ᠨ ᠠᠵᠢᠯ ᠤ᠋ᠨ ᠱᠠᠭᠠᠷᠳᠠᠯᠭ᠎ᠠ ᠳᠤᠷᠠᠳᠪᠠ ︔ ᠡᠭᠦᠨ ᠦ᠌ ᠬᠠᠮᠲᠤ ᠤᠷᠲᠤ ᠬᠤᠭᠤᠴᠠᠭ᠎ᠠ ᠪᠠᠷ ᠰᠢᠢᠳᠪᠦᠷᠢᠯᠡᠵᠦ ᠳᠡᠢᠯᠦᠭᠡᠳᠦᠢ ᠬᠡᠷᠡᠭ ᠤ᠋ᠨ ᠲᠥᠪᠯᠡᠷᠡᠭᠦᠯᠦᠨ ᠴᠡᠪᠡᠷᠯᠡᠵᠦ ᠪᠣᠭᠣᠮᠲᠠ ᠰᠢᠪᠲᠤᠯᠵᠤ ᠪᠠᠢᠭ᠎ᠠ ᠪᠠᠢᠳᠠᠯ ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠢ᠋ ᠥᠷᠨᠢᠭᠦᠯᠵᠦ ᠪᠠᠢᠭ᠎ᠠ ᠪᠠᠢᠳᠠᠯ ᠢ᠋ ᠵᠠᠷᠯᠠᠵᠠᠢ ᠃
ᠬᠤᠷᠠᠯ ᠠ᠋ᠴᠠ ᠵᠢᠭᠠᠵᠤ ᠭᠠᠷᠭᠠᠭᠰᠠᠨ ᠨᠢ ᠂ 8 ᠰᠠᠷ᠎ᠠ ᠶ᠋ᠢᠨ ᠲᠣᠷᠰᠢ ᠂ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠥᠷᠭᠡᠨ ᠣᠯᠠᠨ ᠺᠠᠲ᠌ᠷ ᠴᠠᠭᠳᠠᠭ᠎ᠠ ᠶ᠋ᠢᠨ ᠬᠠᠮᠲᠤ ᠶ᠋ᠢᠨ ᠴᠢᠷᠮᠠᠢᠯᠭ᠎ᠠ ᠂ ᠰᠢᠷᠭᠠᠭᠤ ᠴᠢᠷᠮᠠᠢᠯᠭ᠎ᠠ ᠪᠠᠷ ᠳᠠᠮᠵᠢᠨ ᠂ 《 ᠮᠣᠩᠭᠣᠯ ᠮᠣᠷᠢ ᠢ᠋ᠢᠨ ᠲᠦᠪᠡᠷᠭᠡᠨ 》 ᠭᠦᠢᠴᠡᠳᠬᠡᠬᠦ ᠲᠣᠭ᠎ᠠ ᠨᠢ ᠪᠦᠬᠦ ᠣᠷᠣᠨ ᠤ᠋ ᠨᠢᠭᠡᠳᠦᠭᠡᠷ ᠵᠢᠭᠰᠠᠯ ᠳ᠋ᠤ ᠪᠠᠢᠬᠤ ᠶ᠋ᠢ ᠪᠠᠲᠤᠯᠠᠪᠠ ᠂ ᠭᠡᠪᠡᠴᠦ ᠳᠠᠪᠠᠭᠤᠯᠢᠭ ᠭᠦᠢᠴᠡᠳᠬᠡᠬᠦ ᠲᠣᠭ᠎ᠠ ᠨᠢ ᠬᠠᠰᠤᠭᠳᠠᠬᠤ ᠬᠠᠨᠳᠤᠰᠢ ᠲᠠᠢ ᠪᠠᠢᠵᠤ ᠂ ᠪᠦᠬᠦ ᠣᠷᠣᠨ ᠤ᠋ ᠨᠡᠷᠡᠰ ᠤ᠋ᠨ ᠵᠢᠭᠰᠠᠭᠠᠯᠲᠠ ᠳ᠋ᠤ᠌ ᠪᠠᠭᠤᠷᠠᠬᠤ ᠪᠠᠢᠳᠠᠯ ᠲᠠᠢ ᠪᠠᠢᠵᠤ ᠂ ᠡᠷᠬᠡᠪᠰᠢ ᠬᠢᠷᠢ ᠪᠦᠲᠦᠮᠵᠢ ᠶ᠋ᠢ ᠡᠷᠬᠢᠮᠯᠡᠨ ᠂ ᠬᠦᠷᠦᠯᠴᠡᠬᠦ ᠥᠬᠡᠢ ᠲᠠᠯ᠎ᠠ ᠪᠠᠨ ᠪᠠᠢᠴᠠᠭᠠᠨ ᠢᠯᠡᠷᠡᠭᠦᠯᠵᠦ ᠂ ᠡᠷᠴᠢ ᠵᠣᠷᠢᠭ ᠢ᠋ᠶ᠋ᠠᠨ ᠭᠦᠢᠴᠡᠳ ᠳᠡᠭᠡᠭᠰᠢᠯᠡᠭᠦᠯᠦᠨ ᠂ 《 ᠠᠭᠤᠯᠠᠨ ᠣᠷᠣᠢ ᠶ᠋ᠢ ᠳᠠᠭᠠᠷᠢᠬᠤ 》 ᠪᠠᠲᠤ ᠵᠣᠷᠢᠭ ᠪᠣᠯᠤᠨ ᠰᠥᠰᠥ ᠵᠣᠷᠢᠭ ᠢ᠋ᠶ᠋ᠠᠷ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠯ᠎ᠡ ᠵᠦᠢᠯ ᠤ᠋ᠨ ᠠᠵᠢᠯ ᠳ᠋ᠤ᠌ ᠳᠠᠬᠢᠨ ᠰᠢᠨ᠎ᠡ ᠬᠢᠷᠢ ᠪᠦᠲᠦᠮᠵᠢ ᠭᠠᠷᠭᠠᠵᠤ ᠂ ᠳᠠᠬᠢᠨ ᠰᠢᠨ᠎ᠡ ᠭᠢᠯᠠᠰ ᠴᠡᠭ ᠢ᠋ ᠡᠭᠦᠳᠴᠦ ᠭᠠᠷᠭᠠᠵᠤ ᠂ ᠳᠠᠬᠢᠨ ᠰᠢᠨ᠎ᠡ ᠣᠷᠭᠢᠯ ᠳ᠋ᠤ᠌ ᠠᠪᠠᠷᠢᠬᠤ ᠬᠡᠷᠡᠭᠲᠡᠢ ᠃
ᠬᠤᠷᠠᠯ ᠠ᠋ᠴᠠ ᠴᠢᠬᠤᠯᠠᠴᠢᠯᠠᠭᠰᠠᠨ ᠨᠢ ᠂ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠢ᠋ ᠭᠦᠨᠵᠡᠭᠡᠢ ᠥᠷᠨᠢᠭᠦᠯᠵᠦ ᠂ ᠰᠢᠭᠦᠨ ᠲᠠᠰᠤᠯᠬᠤ ᠬᠠᠮᠢᠶᠠᠷᠤᠯᠲᠠ ᠶ᠋ᠢᠨ ᠣᠳᠣᠬᠢᠴᠢᠯᠠᠭᠰᠠᠨ ᠠᠭᠤᠯᠤᠭᠳᠠᠬᠤᠨ ᠢ᠋ ᠭᠦᠨᠵᠡᠭᠡᠢ ᠡᠵᠡᠮᠰᠢᠵᠦ ᠂ ᠰᠢᠭᠦᠨ ᠲᠠᠰᠤᠯᠬᠤ ᠬᠠᠮᠢᠶᠠᠷᠤᠯᠲᠠ ᠶ᠋ᠢᠨ ᠣᠳᠣᠬᠢᠴᠢᠯᠠᠭᠰᠠᠨ ᠱᠠᠭᠠᠷᠳᠠᠯᠭ᠎ᠠ ᠲᠠᠢ ᠬᠠᠷᠢᠴᠠᠭᠤᠯᠤᠨ ᠂ ᠰᠢᠭᠦᠨ ᠲᠠᠰᠤᠯᠬᠤ ᠬᠠᠮᠢᠶᠠᠷᠤᠯᠲᠠ ᠶ᠋ᠢᠨ ᠳᠣᠪᠣᠢᠮ᠎ᠠ ᠠᠰᠠᠭᠤᠳᠠᠯ ᠢ᠋ ᠰᠢᠢᠳᠪᠦᠷᠢᠯᠡᠬᠦ ᠲᠠᠨᠢᠯᠲᠠ ᠪᠠᠨ ᠭᠦᠨᠵᠡᠭᠡᠢᠷᠡᠭᠦᠯᠬᠦ ᠬᠡᠷᠡᠭᠲᠡᠢ ; ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠣᠳᠣᠬᠢᠴᠢᠯᠠᠭᠰᠠᠨ ᠱᠠᠭᠠᠷᠳᠠᠯᠭ᠎ᠠ ᠳ᠋ᠤ᠌ ᠵᠣᠬᠢᠴᠠᠵᠤ ᠂ ᠺᠠᠲ᠌ᠷ ᠤ᠋ᠨ ᠡᠩᠨᠡᠭᠡᠨ ᠦ᠌ ᠪᠠᠢᠭᠤᠯᠤᠯᠲᠠ ᠶ᠋ᠢᠨ ᠬᠠᠮᠢᠶᠠᠷᠤᠯᠲᠠ ᠶ᠋ᠢ ᠠᠳᠬᠤᠵᠤ ᠂ ᠴᠢᠩᠬ᠎ᠠ ᠬᠠᠮᠢᠶᠠᠷᠬᠤ ᠪᠠ ᠭᠦᠨ ᠬᠠᠢᠷᠠᠯᠠᠬᠤ ᠶ᠋ᠢ ᠤᠶᠠᠯᠳᠤᠭᠤᠯᠬᠤ ᠂ ᠤᠷᠮᠠᠰᠢᠭᠤᠯᠬᠤ ᠪᠠ ᠬᠢᠵᠠᠭᠠᠷᠯᠠᠬᠤ ᠶ᠋ᠢ ᠵᠡᠷᠭᠡᠪᠡᠷ ᠴᠢᠬᠤᠯᠠᠴᠢᠯᠠᠬᠤ ᠶ᠋ᠢ ᠪᠠᠷᠢᠮᠲᠠᠯᠠᠵᠤ ᠂ 《 ᠭᠤᠷᠪᠠᠨ ᠲᠣᠭᠲᠠᠭᠠᠯ 》 ᠢ᠋ ᠴᠢᠩᠭ᠎ᠠ ᠨᠠᠢᠳᠠᠪᠤᠷᠢᠵᠢᠭᠤᠯᠵᠤ ᠂ ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢᠨ ᠦᠷ᠎ᠡ ᠪᠦᠲᠦᠮᠵᠢ ᠶ᠋ᠢ ᠭᠦᠨᠵᠡᠭᠡᠢᠷᠡᠭᠦᠯᠦᠨ ᠂ ᠮᠠᠨ ᠤ᠋ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠬᠢᠵᠦ ᠦᠢᠯᠡᠰ ᠪᠣᠰᠬᠠᠬᠤ ᠰᠠᠢᠨ ᠰᠠᠢᠬᠠᠨ ᠬᠡᠪ ᠰᠤᠷᠲᠠᠯ ᠢ᠋ ᠪᠣᠢ ᠪᠣᠯᠭᠠᠨ᠎ᠠ ᠃ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ ᠪᠡᠷ ᠳᠠᠮᠵᠢᠭᠤᠯᠤᠨ᠂ ᠂ ᠬᠡᠷᠡᠭ ᠢ᠋ ᠰᠢᠢᠳᠪᠦᠷᠢᠯᠡᠬᠦ ᠶᠠᠰᠤ ᠴᠢᠨᠠᠷ ᠢ᠋ ᠳᠡᠭᠡᠭᠰᠢᠯᠡᠭᠦᠯᠵᠦ ᠂ ᠮᠠᠭᠤ ᠬᠠᠨᠳᠤᠰᠢ ᠲᠠᠢ ᠭᠦᠢᠴᠡᠳᠬᠡᠬᠦ ᠲᠣᠭ᠎ᠠ ᠶ᠋ᠢ ᠦᠳᠲᠡᠷ ᠲᠦᠷᠭᠡᠨ ᠳᠡᠭᠡᠭᠰᠢᠯᠡᠭᠦᠯᠬᠦ ᠶ᠋ᠢᠨ ᠬᠠᠮᠲᠤ ᠲᠤᠷᠰᠢᠯᠲᠠ ᠶ᠋ᠢᠨ ᠠᠵᠢᠯ ᠢ᠋ ᠬᠡᠷᠡᠭᠵᠢᠭᠦᠯᠬᠦ ᠲᠥᠰᠦᠯ ᠢ᠋ ᠨᠠᠢᠳᠠᠪᠤᠷᠢᠵᠢᠭᠤᠯᠬᠤ ᠬᠠᠷᠢᠭᠤᠴᠠᠯᠭ᠎ᠠ ᠶ᠋ᠢ ᠴᠢᠩᠭᠠᠳᠬᠠᠵᠤ ᠂ ᠲᠤᠤᠱᠯᠠᠭᠤᠯᠤᠨ ᠬᠡᠷᠡᠭᠵᠢᠭᠦᠯᠬᠦ ᠶ᠋ᠢ ᠦᠷᠭᠦᠯᠵᠢᠯᠡᠨ ᠰᠠᠢᠲᠤᠷ ᠠᠳᠬᠤᠬᠤ ᠬᠡᠷᠡᠭᠲᠡᠢ ᠭᠡᠪᠡ ᠃ ᠳᠠᠷᠠᠭ᠎ᠠ ᠠᠯᠬᠤᠮ ᠳ᠋ᠤ᠌ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠬᠣᠶᠠᠳᠤᠭᠠᠷ ᠤᠳᠠᠭᠠᠨ ᠤ᠋ ᠭᠣᠣᠯ ᠰᠡᠳᠦᠪᠲᠦ ᠰᠤᠷᠭᠠᠨ ᠬᠥᠮᠦᠵᠢᠯ ᠢ᠋ ᠥᠷᠨᠢᠭᠦᠯᠬᠦ ᠪᠡᠷ ᠲᠣᠬᠢᠶᠠᠯ ᠪᠣᠯᠭᠠᠨ ᠂ 《 ᠲᠥᠪ ᠭᠣᠣᠯᠴᠢ 》 ᠭᠡᠬᠦ ᠡᠨᠡᠬᠦ ᠦᠨᠳᠦᠰᠦᠨ ᠱᠠᠭᠠᠷᠳᠠᠯᠭ᠎ᠠ ᠶ᠋ᠢ ᠪᠠᠲᠤ ᠡᠵᠡᠮᠳᠡᠵᠦ ᠂ 《 ᠠᠰᠢᠭᠯᠠᠮᠵᠢ 》 ᠭᠡᠬᠦ ᠡᠨᠡᠬᠦ ᠠᠷᠠᠳ ᠲᠦᠮᠡᠨ ᠦ᠌ ᠬᠦᠰᠡᠯ ᠡᠷᠡᠮᠡᠯᠵᠡᠯ ᠳ᠋ᠦ᠍ ᠢᠳᠡᠪᠬᠢᠲᠡᠢ ᠬᠠᠷᠢᠭᠤ ᠥᠭᠴᠦ ᠂ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠣᠳᠣᠬᠢᠴᠢᠯᠠᠯᠲᠠ ᠶ᠋ᠢ ᠦᠨᠡᠨᠬᠦ ᠪᠡᠶᠡᠯᠡᠭᠦᠯᠬᠦ ᠶ᠋ᠢ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠴᠢᠬᠤᠯᠠ ᠭᠠᠷᠳᠠᠴᠠ ᠂ ᠬᠠᠮᠤᠭ ᠬᠦᠴᠦᠷᠬᠡᠭ ᠬᠥᠳᠡᠯᠭᠡᠬᠦ ᠬᠦᠴᠦᠨ ᠪᠣᠯᠭᠠᠵᠤ ᠂ ᠠᠷᠠᠳ ᠣᠯᠠᠨ ᠤ᠋ ᠬᠠᠤᠯᠢ ᠴᠠᠭᠠᠵᠠ ᠶ᠋ᠢᠨ ᠬᠦᠷᠢᠶᠡᠨ ᠳ᠋ᠡᠬᠢ 《 ᠪᠠᠴᠢᠮ ᠬᠦᠴᠢᠷ ᠵᠣᠪᠠᠯᠠᠩ 》 ᠤ᠋ᠨ ᠠᠰᠠᠭᠤᠳᠠᠯ ᠳ᠋ᠤ᠌ ᠤᠯᠠᠮ ᠨᠢᠭᠡ ᠠᠯᠬᠤᠮ ᠠᠩᠬᠠᠷᠤᠯ ᠢ᠋ᠶ᠋ᠠᠨ ᠲᠥᠪᠯᠡᠷᠡᠭᠦᠯᠵᠦ ᠂ ᠬᠠᠤᠯᠢ ᠴᠠᠭᠠᠵᠠ ᠶ᠋ᠢᠨ ᠣᠢᠯᠠᠭᠠᠭᠳᠠᠬᠤᠨ ᠢ᠋ᠶ᠋ᠠᠨ ᠲᠥᠪ ᠭᠣᠣᠯᠴᠢ ᠂ ᠬᠠᠤᠯᠢ ᠴᠠᠭᠠᠵᠠ ᠶ᠋ᠢ ᠯᠠᠪᠳᠠᠭᠤᠨ ᠪᠠᠲᠤᠲᠠᠢ ᠬᠢᠵᠦ ᠂ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠦᠨᠡᠨ ᠪᠣᠳᠠᠲᠠᠢ ᠪᠠᠷ ᠮᠡᠳᠡᠷᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ