ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠢᠨ᠎ᠡ ᠪᠡᠷ ᠲᠤᠰᠢᠶᠠᠯ ᠳ᠋ᠤ᠌ ᠭᠠᠷᠤᠭᠰᠠᠨ ᠺᠠᠲᠷ ᠴᠠᠭᠳᠠᠭ᠎ᠠ ᠶ᠋ᠢᠨ ᠬᠠᠮᠲᠤ ᠶ᠋ᠢᠨ ᠴᠢᠬᠡᠴᠢ ᠵᠠᠰᠠᠭ ᠤ᠋ᠨ ᠶᠠᠷᠢᠯᠴᠠᠬᠤ ᠬᠤᠷᠠᠯ ᠬᠤᠷᠠᠯᠳᠤᠭᠤᠯᠪᠠ
2023.09.19 ᠲᠣᠰ ᠥᠷᠲᠡᠭᠡᠨ᠎ᠦ ᠨᠠᠢᠷᠠᠭᠤᠯᠤᠭᠴᠢ

    ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠺᠠᠲᠷ ᠤ᠋ᠨ ᠬᠢᠨᠠᠯᠲᠠ ᠬᠠᠮᠢᠶᠠᠷᠤᠯᠲᠠ ᠶ᠋ᠢ ᠪᠡᠬᠢᠵᠢᠭᠦᠯᠬᠦ ᠶ᠋ᠢᠨ ᠲᠥᠯᠥᠭᠡ ᠂ 9 ᠰᠠᠷ᠎ᠠ ᠶ᠋ᠢᠨ 14 ᠦ᠌ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠢᠨ᠎ᠡ ᠪᠡᠷ ᠲᠤᠰᠢᠶᠠᠯ ᠳ᠋ᠤ᠌ ᠭᠠᠷᠤᠭᠰᠠᠨ ᠺᠠᠲᠷ ᠴᠠᠭᠳᠠᠭ᠎ᠠ ᠶ᠋ᠢᠨ ᠬᠠᠮᠲᠤ ᠶ᠋ᠢᠨ ᠴᠢᠬᠡᠴᠢ ᠵᠠᠰᠠᠭ ᠤ᠋ᠨ ᠶᠠᠷᠢᠯᠴᠠᠬᠤ ᠬᠤᠷᠠᠯ ᠬᠤᠷᠠᠯᠳᠤᠭᠤᠯᠪᠠ ᠃ ᠬᠣᠲᠠ ᠶ᠋ᠢᠨ  ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠨᠢᠦ ᠬᠠᠢ ᠯᠢᠶᠠᠩ ᠬᠤᠷᠠᠯ ᠡᠷᠬᠢᠯᠡᠵᠦ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋  ᠬᠣᠷᠢᠶᠠᠨ ᠳᠠᠷᠤᠭ᠎ᠠ ᠯᠢ ᠵᠢᠩ ᠭᠦᠸᠧ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠲᠣᠮᠢᠯᠠᠨ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠳᠤᠭᠤᠢᠯᠠᠩ ᠤᠨ ᠳᠠᠷᠤᠭ᠎ᠠ ᠯᠢ ᠭᠦᠸᠧ ᠴᠢᠤᠸᠠᠨ ᠵᠢᠴᠢ ᠰᠢᠨ᠎ᠡ ᠪᠡᠷ ᠳᠠᠪᠰᠢᠭᠰᠠᠨ ᠰᠢᠭᠦᠭᠴᠢ ᠲᠤᠰᠢᠶᠠᠯᠲᠠᠨ ᠤ᠋ ᠵᠡᠷᠭᠡ ᠳᠡᠰ ᠂ ᠳᠤᠰᠢᠶᠠᠯ ᠤᠨ ᠳᠡᠰ  ᠤᠨ ᠨᠥᠬᠥᠳ ᠨᠠᠷ ᠬᠤᠷᠠᠯ ᠳ᠋ᠤ᠌ ᠣᠷᠣᠯᠴᠠᠪᠠ ᠃

 

 

    ᠬᠤᠷᠠᠯ ᠳᠡᠭᠡᠷ᠎ᠡ ᠰᠢᠨ᠎ᠡ ᠪᠡᠷ ᠲᠤᠰᠢᠶᠠᠯ ᠡᠭᠦᠷᠭᠡᠯᠡᠭᠰᠡᠨ ᠺᠠᠲᠷ ᠴᠠᠭᠳᠠᠭ᠎ᠠ ᠶ᠋ᠢᠨ ᠰᠢᠭᠦᠭᠴᠢ ᠲᠤᠰᠢᠶᠠᠯᠲᠠᠨ ᠤ᠋ ᠵᠡᠷᠭᠡ ᠳᠡᠰ ᠵᠢᠴᠢ ᠳᠤᠰᠢᠶᠠᠯ ᠤᠨ ᠳᠡᠰ ᠢ᠋ ᠳᠡᠪᠰᠢᠭᠦᠯᠬᠦ ᠪᠢᠴᠢᠭ᠌ ᠮᠠᠲ᠋ᠧᠷᠢᠶᠠᠯ ᠢ᠋ ᠤᠩᠰᠢᠨ ᠨᠡᠢᠲᠡᠯᠡᠪᠡ ᠃ ᠯᠢ ᠭᠦᠸᠧ ᠴᠢᠤᠸᠠᠨ ᠰᠢᠨ᠎ᠡ ᠲᠤᠰᠢᠶᠠᠯ ᠳ᠋ᠤ᠌ ᠭᠠᠷᠤᠭᠰᠠᠨ ᠺᠠᠲᠷ ᠴᠠᠭᠳᠠᠭ᠎ᠠ ᠲᠠᠢ ᠬᠠᠮᠲᠤ ᠶ᠋ᠢᠨ ᠴᠢᠬᠡᠴᠢ ᠵᠠᠰᠠᠭ ᠤ᠋ᠨ ᠶᠠᠷᠢᠯᠴᠠᠭ᠎ᠠ ᠬᠢᠵᠦ ᠂ ᠰᠢᠨ᠎ᠡ ᠪᠡᠷ ᠲᠤᠰᠢᠶᠠᠯ ᠳ᠋ᠤ᠌ ᠭᠠᠷᠤᠭᠰᠠᠨ ᠺᠠᠲᠷ ᠴᠠᠭᠳᠠᠭ᠎ᠠ ᠨᠠᠷ  ᠢ 《 ᠬᠣᠶᠠᠷ ᠢ᠋ ᠬᠠᠮᠠᠭᠠᠯᠠᠬᠤ 》 ᠶ᠋ᠢ ᠡᠷᠡᠰ ᠦᠢᠯᠡᠳᠦᠯᠭᠡᠵᠢᠭᠦᠯᠦᠨ ᠬᠡᠪ ᠪᠣᠯᠪᠠᠰᠤᠷᠠᠯ ᠢ᠋ᠶ᠋ᠠᠨ ᠳᠡᠭᠡᠭᠰᠢᠯᠡᠭᠦᠯᠵᠦ ᠦᠨᠡᠨᠴᠢ ᠰᠢᠳᠤᠷᠭᠤ ᠪᠠᠢᠬᠤ ᠬᠡᠷᠡᠭᠲᠡᠢ ᠭᠡᠵᠦ ᠱᠠᠭᠠᠷᠳᠠᠵᠠᠢ ᠃ ᠤᠯᠤᠰ ᠲᠥᠷᠥ ᠶ᠋ᠢ ᠡᠷᠬᠢᠮᠯᠡᠬᠦ ᠶ᠋ᠢ ᠲᠡᠷᠢᠭᠦᠨ ᠱᠠᠭᠠᠷᠳᠠᠯᠭ᠎ᠠ ᠪᠣᠯᠭᠠᠵᠤ ᠂ ᠦᠨᠡᠨᠴᠢ ᠰᠢᠳᠤᠷᠭᠤ ᠪᠠᠢᠬᠤ ᠶ᠋ᠢ ᠲᠡᠷᠢᠭᠦᠨ ᠪᠠᠷᠢᠮᠵᠢᠶ᠎ᠠ ᠪᠣᠯᠭᠠᠨ ᠂ ᠤᠯᠤᠰ ᠲᠥᠷᠥ ᠶ᠋ᠢᠨ ᠰᠤᠷᠤᠯᠴᠠᠯᠭ᠎ᠠ ᠶ᠋ᠢ ᠨᠠᠰᠤᠨ ᠲᠤᠷᠰᠢᠲᠠ ᠲᠤᠤᠱᠯᠠᠭᠤᠯᠵᠤ ᠂ 《 ᠳᠥᠷᠪᠡᠨ ᠤᠬᠠᠮᠰᠠᠷ 》 ᠢ᠋ ᠲᠠᠰᠤᠷᠠᠯᠲᠠ ᠦᠭᠡᠢ ᠴᠢᠩᠭᠠᠷᠠᠭᠤᠯᠵᠤ ᠂ 《 ᠳᠥᠷᠪᠡᠨ ᠢᠲᠡᠭᠡᠯ 》 ᠢ᠋ ᠪᠠᠲᠤᠳᠬᠠᠵᠤ ᠂ 《 ᠬᠣᠶᠠᠷ ᠢ᠋ ᠲᠣᠭᠲᠠᠭᠠᠬᠤ 》 ᠶ᠋ᠢ ᠦᠨᠡᠨᠴᠢ ᠰᠢᠳᠤᠷᠭᠤ ᠪᠠᠷ ᠬᠦᠷᠢᠶᠡᠯᠡᠵᠦ ᠂ 《 ᠬᠣᠶᠠᠷ ᠢ᠋ ᠬᠠᠮᠠᠭᠠᠯᠠᠬᠤ 》 ᠶ᠋ᠢ ᠡᠷᠡᠰ ᠪᠡᠶᠡᠯᠡᠭᠦᠯᠬᠦ ᠬᠡᠷᠡᠭᠲᠡᠢ ᠃ ᠨᠠᠮ ᠤ᠋ᠨ ᠵᠣᠷᠢᠯᠲᠠ ᠶ᠋ᠢ ᠪᠠᠲᠤ ᠰᠠᠬᠢᠵᠤ ᠂ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠰᠡᠳᠬᠢᠯᠭᠡ ᠶ᠋ᠢ ᠵᠤᠵᠠᠭᠠᠳᠬᠠᠬᠤ ᠬᠡᠷᠡᠭᠲᠡᠢ ᠃ ᠬᠠᠤᠯᠢ ᠪᠠᠷᠢᠬᠤ ᠪᠣᠯ ᠲᠥᠪ ᠭᠣᠣᠯᠴᠢ ᠰᠢᠳᠤᠷᠭᠤ ᠶᠣᠰᠣ ᠶ᠋ᠢ ᠬᠠᠮᠠᠭᠠᠯᠠᠬᠤ ᠬᠠᠮᠤᠭ ᠡᠴᠦᠰ ᠦ᠋ᠨ ᠰᠡᠷᠭᠡᠢᠯᠡᠯᠲᠡ ᠶ᠋ᠢᠨ ᠱᠤᠭᠤᠮ ᠪᠣᠯᠬᠤ ᠶ᠋ᠢ ᠢᠮᠠᠭᠲᠠ ᠪᠠᠲᠤ ᠴᠡᠭᠡᠵᠢᠯᠡᠵᠦ ᠂ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠬᠣᠷᠢᠭ᠎ᠠ ᠱᠤᠭᠤᠮ ᠢ᠋ ᠪᠠᠲᠤ ᠰᠠᠬᠢᠵᠤ ᠂ ᠵᠣᠷᠢᠭ ᠥᠯᠦ ᠰᠢᠯᠵᠢᠬᠦ᠂  ᠰᠡᠳᠭᠢᠯ ᠥᠯᠦ ᠬᠤᠪᠢᠷᠠᠬᠤ᠂ ᠦᠨᠳᠦᠰᠦ ᠪᠡᠨ ᠥᠯᠦ ᠮᠠᠷᠲᠠᠬᠤ ᠶᠢ ᠪᠠᠷᠢᠮᠲᠠᠯᠠᠵᠦ ᠂ ᠣᠯᠠᠨ ᠲᠦᠮᠡᠨ ᠦ᠌ ᠠᠰᠢᠭ ᠲᠤᠰᠠ ᠶ᠋ᠢ ᠦᠨᠡᠨ ᠬᠦ᠌  ᠬᠠᠮᠠᠭᠠᠯᠠᠬᠤ ᠬᠡᠷᠡᠭᠲᠡᠢ ᠃ ᠡᠷᠬᠡ ᠶ᠋ᠢᠨ ᠵᠠᠭᠠᠭ ᠢ᠋ ᠡᠷᠡᠰ ᠰᠠᠬᠢᠨ ᠂ ᠰᠡᠷᠭᠡᠢᠯᠡᠯᠲᠡ ᠶ᠋ᠢᠨ ᠱᠤᠭᠤᠮ ᠢ᠋ ᠪᠠᠲᠤ ᠰᠠᠬᠢᠬᠤ ᠬᠡᠷᠡᠭᠲᠡᠢ ᠃ ᠭᠦᠨ ᠬᠥᠪ  ᠤᠨ ᠢᠷᠮᠡᠭ ᠳᠡᠭᠡᠷ᠎ᠡ ᠶᠤᠮ ᠰᠢᠭ᠌᠂ ᠨᠢᠮᠭᠡᠨ ᠮᠥᠰᠤᠨ ᠳᠡᠭᠡᠷ᠎ᠡ ᠬᠢᠰᠬᠢᠬᠦ ᠮᠡᠲᠦ ᠬᠢᠴᠢᠶᠡᠬᠦ ᠶᠢ ᠢᠮᠠᠭᠲᠠ ᠪᠠᠷᠢᠮᠲᠠᠯᠠᠵᠦ ᠂ ᠴᠠᠭ ᠢᠮᠠᠭᠲᠠ ᠪᠡᠶ᠎ᠡ ᠪᠡᠨ ᠬᠢᠨᠠᠵᠦ ᠂ ᠨᠠᠮ ᠤ᠋ᠨ ᠰᠠᠬᠢᠯᠭ᠎ᠠ ᠤᠯᠤᠰ ᠤ᠋ᠨ ᠬᠠᠤᠯᠢ ᠶ᠋ᠢ ᠴᠢᠩᠭ᠎ᠠ ᠰᠠᠬᠢᠵᠤ ᠂ ᠲᠤᠰ ᠪᠡᠶ᠎ᠡ ᠶ᠋ᠢᠨ ᠲᠥᠪ ᠭᠣᠣᠯᠴᠢ ᠰᠢᠭᠦᠨ ᠲᠠᠰᠤᠯᠤᠯᠲᠠ ᠂ ᠠᠷᠢᠭᠤᠨ ᠴᠢᠬᠡᠴᠢ ᠪᠡᠷ ᠬᠠᠤᠯᠢ ᠪᠠᠷᠢᠬᠤ ᠂ ᠬᠠᠲᠠᠭᠤ ᠳᠠᠭᠠᠭᠠᠮᠠᠭᠠᠢ ᠬᠡᠪ ᠰᠤᠷᠲᠠᠯ ᠢ᠋ᠶ᠋ᠠᠷ ᠰᠢᠨ᠎ᠡ ᠴᠠᠭ ᠦᠶ᠎ᠡ ᠶ᠋ᠢᠨ ᠨᠠᠮ ᠪᠠ ᠠᠷᠠᠳ ᠲᠦᠮᠡᠨ ᠦ᠌ ᠬᠦᠰᠡᠯ ᠡᠷᠡᠮᠡᠯᠵᠡᠯ ᠪᠠ ᠬᠦᠨᠳᠦ ᠨᠠᠢᠳᠠᠯᠭ᠎ᠠ  ᠳᠦ ᠬᠠᠷᠢᠭᠤ ᠥᠭᠭᠦᠨ᠎ᠡ ᠃

    ᠯᠢ ᠵᠢᠩ ᠭᠦᠸᠧ ᠰᠢᠨ᠎ᠡ ᠪᠡᠷ ᠲᠤᠰᠢᠶᠠᠯ ᠳ᠋ᠤ᠌ ᠭᠠᠷᠤᠭᠰᠠᠨ ᠺᠠᠲᠷ ᠴᠠᠭᠳᠠᠭ᠎ᠠ ᠳ᠋ᠤ᠌ ᠭᠤᠷᠪᠠᠨ ᠬᠦᠰᠡᠯ ᠱᠠᠭᠠᠷᠳᠠᠯᠭ᠎ᠠ ᠳᠤᠷᠠᠳᠴᠠᠢ ᠄ ᠨᠢᠭᠡ ᠳ᠋ᠦ᠍ ᠂ ᠰᠤᠷᠤᠯᠴᠠᠯᠭ᠎ᠠ ᠪᠡᠷ ᠪᠡᠶ᠎ᠡ ᠪᠡᠨ ᠴᠢᠬᠢᠷᠠᠭᠵᠢᠭᠤᠯᠵᠦ  ᠂ ᠤᠯᠤᠰ ᠲᠥᠷᠥ ᠶ᠋ᠢᠨ ᠲᠠᠯ᠎ᠠ ᠪᠠᠷ 《 ᠶᠣᠰᠤ ᠤᠴᠢᠷ ᠮᠡᠳᠡᠳᠡᠭ ᠬᠥᠮᠦᠨ 》 《 ᠰᠢᠳᠤᠷᠭᠤ ᠬᠥᠮᠦᠨ 》 ᠪᠣᠯᠤᠨ᠎ᠠ ᠃ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠶ᠋ᠢ ᠢᠮᠠᠭᠲᠠ ᠲᠡᠷᠢᠭᠦᠨ ᠪᠠᠢᠷᠢᠨ ᠳ᠋ᠤ᠌ ᠲᠠᠯᠪᠢᠵᠤ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠲᠡᠷᠢᠭᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠵᠤ ᠂ ᠰᠤᠷᠤᠯᠴᠠᠯᠭ᠎ᠠ ᠶ᠋ᠢᠨ ᠠᠵᠢᠯ ᠤ᠋ᠨ ᠪᠣᠳᠠᠲᠤ ᠪᠠᠢᠳᠠᠯ ᠲᠠᠢ ᠬᠠᠷᠢᠴᠠᠭᠤᠯᠤᠨ ᠵᠥᠷᠢᠶ᠎ᠡ ᠪᠡᠨ ᠡᠷᠢᠵᠦ ᠂ ᠬᠦᠷᠦᠯᠴᠡᠬᠦ ᠦᠭᠡᠢ ᠲᠠᠯ᠎ᠠ  ᠪᠡᠨ ᠡᠷᠢᠵᠦ ᠭᠠᠷᠭᠠᠨ᠎ᠠ ᠃ ᠬᠣᠶᠠᠷ ᠲᠤ᠌ ᠂ ᠰᠢᠷᠭᠠᠭᠤ ᠠᠵᠢᠯᠯᠠᠬᠤ ᠪᠡᠷ ᠲᠣᠭᠲᠠᠨ ᠤᠷᠤᠰᠢᠵᠦ ᠂ ᠠᠵᠢᠯᠯᠠᠭ᠎ᠠ ᠳᠡᠭᠡᠷ᠎ᠡ ᠪᠡᠨ 《 ᠵᠣᠷᠢᠭᠲᠠᠢ ᠬᠥᠮᠦᠨ 》 《  ᠳᠠᠭᠠᠭᠤᠯᠤᠭᠴᠢ ᠬᠥᠮᠦᠨ 》 ᠪᠣᠯᠬᠤ ᠬᠡᠷᠡᠭᠲᠡᠢ ᠃ ᠬᠣᠲᠠ ᠶ᠋ᠢᠨ ᠨᠠᠮ ᠤ᠋ᠨ ᠬᠣᠷᠢᠶᠠᠨ ᠤ᠋ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ 《 ᠰᠢᠨ᠎ᠡ ᠴᠠᠭ ᠦᠶ᠎ᠡ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠲᠤᠬᠠᠢ ᠣᠷᠳᠣᠰ ᠬᠣᠲᠠ ᠶ᠋ᠢᠨ ᠨᠠᠮ ᠤ᠋ᠨ ᠬᠣᠷᠢᠶᠠᠨ ᠤ᠋ ᠰᠠᠨᠠᠯ 》 ᠤ᠋ᠨ ᠲᠣᠭᠣᠷᠢᠨ ᠳ᠋ᠤ᠌ ᠂ ᠲᠤᠬᠠᠢᠯᠠᠭᠰᠠᠨ ᠠᠵᠢᠯ ᠤ᠋ᠨ ᠪᠠᠢᠷᠢᠨ ᠳ᠋ᠠᠭᠠᠨ ᠰᠠᠭᠤᠷᠢᠯᠠᠨ ᠂ ᠲᠤᠬᠠᠢᠯᠠᠭᠰᠠᠨ ᠠᠵᠢᠯ ᠤ᠋ᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠬᠦᠴᠢᠷ ᠪᠡᠷᠬᠡ ᠶ᠋ᠢ ᠢᠯᠠᠨ ᠳᠠᠪᠠᠵᠤ ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ᠌ ᠭᠦᠢᠴᠡᠳᠬᠡᠬᠦ ᠬᠡᠷᠡᠭᠲᠡᠢ ᠃ ᠣᠯᠠᠨ ᠲᠦᠮᠡᠨ ᠦ᠌ ᠵᠣᠭᠰᠣᠴᠠ ᠠ᠋ᠴᠠ ᠭᠦᠨ ᠪᠣᠳᠤᠯᠬᠢᠯᠠᠨ ᠂ ᠬᠡᠷᠡᠭ ᠢ᠋ ᠰᠢᠢᠳᠪᠦᠷᠢᠯᠡᠬᠦ ᠡᠯ᠎ᠡ ᠶᠠᠪᠤᠴᠠ ᠳ᠋ᠤ᠌ ᠬᠠᠤᠯᠢ ᠶ᠋ᠢᠨ ᠲᠠᠢᠯᠪᠤᠷᠢᠯᠠᠯᠲᠠ ᠪᠣᠯᠤᠨ ᠵᠥᠷᠢᠴᠡᠯ ᠢ᠋ ᠡᠶᠡᠳᠡᠭᠦᠯᠦᠨ ᠰᠢᠢᠳᠪᠦᠷᠢᠯᠡᠬᠦ ᠠᠵᠢᠯ ᠢ᠋ ᠰᠠᠢᠲᠤᠷ ᠬᠢᠵᠦ ᠂ ᠲᠤᠬᠠᠢ ᠶ᠋ᠢᠨ ᠬᠥᠮᠦᠨ ᠢ᠋ ᠦᠨᠡᠨ ᠰᠡᠳᠭᠢᠯ ᠡᠴᠡ ᠪᠡᠨ ᠪᠢᠰᠢᠷᠡᠭᠦᠯᠦᠨ ᠂ ᠰᠢᠭᠦᠨ ᠲᠠᠰᠤᠯᠤᠯᠲᠠ ᠶ᠋ᠢ  ᠬᠦᠯᠢᠶᠡᠨ ᠠᠪᠴᠦ ᠵᠠᠷᠭᠤ ᠪᠠᠨ ᠵᠣᠭᠰᠣᠭᠠᠬᠤ ᠶᠢ ᠦᠨᠡᠨᠬᠦ ᠬᠢᠬᠦ ᠬᠡᠷᠡᠭᠲᠡᠢ ᠃ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠢ᠋ ᠪᠥᠬᠥ ᠲᠠᠯ᠎ᠠ ᠪᠠᠷ ᠣᠨᠣᠪᠴᠢᠲᠠᠢ ᠲᠤᠤᠱᠯᠠᠭᠤᠯᠤᠨ ᠂ ᠰᠢᠭᠦᠬᠦ ᠬᠣᠷᠢᠶᠠᠨ ᠤ᠋ ᠳᠠᠷᠤᠭ᠎ᠠ ᠨᠠᠷ ᠤ᠋ᠨ ᠤᠩᠰᠢᠯᠭ᠎ᠠ ᠶ᠋ᠢᠨ ᠳᠦᠷᠢᠮ ᠢ᠋ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠠᠵᠢᠯ ᠢ᠋ ᠤᠯᠠᠮ ᠨᠢᠭᠡ ᠠᠯᠬᠤᠮ ᠴᠢᠩᠭᠠᠳᠬᠠᠨ ᠂ ᠰᠠᠯᠠᠭ᠎ᠠ ᠮᠥᠴᠢᠷ ᠦ᠋ᠨ ᠳᠣᠲᠣᠭᠠᠳᠤ ᠶ᠋ᠢᠨ ᠡᠩᠨᠡᠭᠡ ᠶ᠋ᠢᠨ ᠬᠠᠮᠢᠶᠠᠷᠤᠯᠲᠠ ᠶ᠋ᠢᠨ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠰᠠᠢᠲᠤᠷ ᠭᠦᠢᠴᠡᠳᠬᠡᠵᠦ ᠂ ᠪᠡᠶ᠎ᠡ ᠪᠡᠷ ᠢ᠋ᠶ᠋ᠡᠨ ᠬᠡᠪ ᠳᠦᠷᠢᠮ ᠪᠤᠯᠵᠦ ᠰᠠᠯᠠᠭ᠎ᠠ ᠮᠥᠴᠢᠷ ᠦ᠋ᠨ ᠳᠣᠲᠣᠭᠠᠳᠤ ᠶ᠋ᠢᠨ ᠠᠵᠢᠯᠲᠠᠨ ᠢ᠋ ᠳᠠᠢᠴᠢᠯᠠᠨ ᠬᠡᠷᠡᠭ ᠢ᠋ ᠰᠠᠢᠲᠤᠷ ᠰᠢᠢᠳᠪᠦᠷᠢᠯᠡᠬᠦ ᠂ ᠬᠠᠷᠢᠭᠤᠴᠠᠯᠭ᠎ᠠ ᠪᠡᠨ ᠰᠠᠢᠨ  ᠡᠭᠦᠷᠭᠡᠯᠡᠬᠦ ᠂ ᠡᠭᠦᠷᠭᠡ ᠬᠠᠷᠢᠭᠤᠴᠠᠯᠭ᠎ᠠ ᠪᠠᠨ ᠰᠠᠢᠲᠤᠷ ᠭᠦᠢᠴᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ ᠭᠤᠷᠪᠠ ᠳ᠋ᠤ᠌ ᠠᠷᠢᠭᠤᠨ ᠴᠢᠬᠡᠴᠢ ᠪᠡᠷ ᠪᠡᠶ᠎ᠡ ᠪᠡᠨ ᠵᠠᠰᠠᠵᠤ ᠂ ᠣᠪᠣᠷ ᠰᠤᠷᠲᠠᠯ ᠤ᠋ᠨ ᠲᠠᠯ᠎ᠠ ᠪᠠᠷ《 ᠶᠣᠰᠣ ᠳᠦᠷᠢᠮ ᠲᠡᠢ ᠬᠥᠮᠦᠨ 》 《ᠠᠷᠢᠭᠤᠨ ᠴᠡᠪᠡᠷ ᠬᠥᠮᠦᠨ 》 ᠪᠣᠯᠬᠤ ᠬᠡᠷᠡᠭᠲᠡᠢ ᠃ ᠠᠵᠢᠯ ᠤ᠋ᠨ ᠰᠤᠷᠲᠠᠯ ᠤ᠋ᠨ ᠪᠠᠢᠭᠤᠯᠤᠯᠲᠠ ᠶ᠋ᠢ ᠤᠬᠠᠮᠰᠠᠷ ᠠ᠋ᠴᠠ ᠪᠠᠨ ᠴᠢᠩᠭᠠᠳᠬᠠᠵᠤ ᠂ ᠠᠷᠢᠭᠤᠨ ᠴᠢᠬᠡᠴᠢ ᠣᠪᠣᠷ ᠰᠤᠷᠲᠠᠯ ᠢ᠋ ᠤᠬᠠᠮᠰᠠᠷ ᠠ᠋ᠴᠠ ᠪᠠᠨ ᠪᠠᠲᠤᠯᠠᠨ ᠂ ᠳᠦᠷᠢᠮ ᠲᠣᠭᠲᠠᠭᠠᠯ ᠤ᠋ᠨ ᠬᠣᠷᠢᠭ᠎ᠠ ᠱᠤᠭᠤᠮ ᠢ᠋ ᠴᠢᠩᠭ᠎ᠠ ᠰᠠᠬᠢᠵᠤ ᠂ 《 ᠦᠵᠡᠯ ᠰᠠᠨᠠᠭᠠᠨ ᠤ᠋ ᠲᠣᠭᠣᠰᠣ 》 ᠶ᠋ᠢ ᠦᠷᠭᠦᠯᠵᠢ ᠭᠦᠪᠢᠵᠦ ᠂ 《 ᠬᠣᠪᠳᠣᠭ ᠰᠢᠨᠤᠬᠠᠢ ᠶᠢᠨ ᠬᠣᠣᠷ ᠬᠥᠨᠦᠭᠡᠯ 》 ᠶ᠋ᠢ  ᠪᠠᠢᠩᠭᠤ ᠪᠣᠳᠣᠯᠬᠢᠯᠠᠵᠤ ᠂ 《 ᠰᠡᠳᠬᠢᠯ ᠵᠢᠷᠦᠬᠡᠨ ᠦ᠌ ᠬᠤᠯᠠᠭᠠᠢ 》 ᠶ᠋ᠢ ᠦᠷᠭᠦᠯᠵᠢ ᠡᠪᠳᠡᠵᠦ ᠂ ᠠᠷᠢᠭᠤᠨ ᠴᠢᠬᠡᠴᠢ ᠤᠯᠤᠰ ᠲᠥᠷᠥ ᠶ᠋ᠢᠨ ᠣᠣᠷ ᠴᠢᠨᠠᠷ ᠢ᠋ᠶ᠋ᠠᠨ ᠢᠮᠠᠭᠲᠠ ᠪᠠᠷᠢᠮᠲᠠᠯᠠᠬᠤ ᠬᠡᠷᠡᠭᠲᠡᠢ ᠃

    ᠬᠤᠷᠠᠯ ᠳᠡᠭᠡᠷ᠎ᠡ ᠂ ᠰᠢᠨ᠎ᠡ ᠪᠡᠷ ᠲᠤᠰᠢᠶᠠᠯ ᠳ᠋ᠤ᠌ ᠭᠠᠷᠤᠭᠰᠠᠨ ᠺᠠᠲᠷ ᠴᠠᠭᠳᠠᠭ᠎ᠠ ᠠᠵᠢᠯ ᠤ᠋ᠨ ᠪᠠᠢᠷᠢ ᠶ᠋ᠢᠨ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠰᠠᠨᠠᠯ ᠢ᠋ᠶ᠋ᠠᠨ ᠢᠯᠡᠷᠬᠡᠢᠯᠡᠭᠰᠡᠨ ᠪᠥᠭᠡᠳ ᠲᠤᠰᠢᠶᠠᠯ ᠳ᠋ᠤ᠌ ᠭᠠᠷᠬᠤ ᠠᠮᠠᠯᠠᠯᠲᠠ ᠶ᠋ᠢᠨ ᠪᠢᠴᠢᠭ᠌ ᠪᠠ ᠵᠥᠪ ᠪᠤᠷᠤᠭᠤ ᠲᠠᠯ᠎ᠠ ᠶ᠋ᠢᠨ ᠨᠠᠷᠢᠨ ᠳᠠᠩᠰᠠᠨ ᠳ᠋ᠤ᠌ ᠭᠠᠷ ᠤ᠋ᠨ ᠥᠰᠥᠭ ᠵᠢᠷᠤᠪᠠ ᠃ ᠰᠢᠨ᠎ᠡ ᠲᠤᠰᠢᠶᠠᠯ ᠳ᠋ᠤ᠌ ᠭᠠᠷᠤᠭᠰᠠᠨ ᠺᠠᠲᠷ ᠴᠠᠭᠳᠠᠭ᠎ᠠ  ᠨᠠᠷ ᠤᠨ ᠢᠯᠡᠷᠬᠡᠢᠯᠡᠭᠰᠡᠨ ᠨᠢ ᠂ ᠳᠠᠷᠠᠭᠠᠴᠢ ᠶ᠋ᠢᠨ ᠠᠵᠢᠯ ᠤ᠋ᠨ ᠳᠤᠮᠳᠠ ᠪᠠᠨ ᠦᠵᠡᠯ ᠰᠠᠨᠠᠭ᠎ᠠ ᠤᠯᠤᠰ ᠲᠥᠷᠥ ᠶ᠋ᠢᠨ ᠪᠠᠢᠭᠤᠯᠤᠯᠲᠠ ᠶ᠋ᠢ  ᠤᠯᠠᠮ ᠨᠢᠭᠡ ᠠᠯᠬᠤᠮ ᠴᠢᠩᠭᠠᠳᠬᠠᠵᠤ ᠂ ᠶᠡᠬᠡ ᠲᠠᠯ᠎ᠠ ᠶ᠋ᠢᠨ ᠦᠵᠡᠯ ᠤᠬᠠᠮᠰᠠᠷ ᠢ᠋ ᠴᠢᠩᠭᠠᠳᠬᠠᠵᠤ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ  ᠣᠢᠯᠠᠭᠠᠵᠤ ᠂ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠰᠤᠷᠤᠯᠴᠠᠨ ᠦᠢᠯᠡᠳᠦᠯᠭᠡᠵᠢᠭᠦᠯᠵᠦ ᠂ ᠬᠠᠷᠢᠭᠤᠴᠠᠯᠭᠠᠲᠤ ᠦᠵᠡᠯ ᠤᠬᠠᠮᠰᠠᠷ ᠢ᠋ᠶ᠋ᠠᠨ ᠤᠯᠠᠮ ᠴᠢᠨᠠᠭᠰᠢᠳᠠ ᠴᠢᠩᠭᠠᠳᠬᠠᠵᠤ ᠂ ᠬᠠᠤᠯᠢ ᠴᠠᠭᠠᠵᠠ ᠶ᠋ᠢᠨ 《 ᠭᠤᠷᠪᠠᠨ ᠲᠣᠭᠲᠠᠭᠠᠯ 》 ᠳ᠋ᠤ᠌ ᠭᠠᠷ ᠲᠦᠷᠦᠬᠦ ᠶ᠋ᠢ ᠰᠡᠷᠭᠡᠢᠯᠡᠨ ᠬᠣᠷᠢᠭᠯᠠᠵᠤ ᠂ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠬᠣᠷᠢᠭ᠎ᠠ ᠱᠤᠭᠤᠮ ᠢ᠋ ᠰᠠᠢᠲᠤᠷ ᠰᠠᠬᠢᠵᠤ ᠂ ᠰᠠᠨᠠᠭᠠᠴᠢᠯᠠᠭ᠎ᠠ ᠠ᠋ᠴᠠ ᠪᠠᠨ ᠬᠠᠷᠢᠭᠤᠴᠠᠯᠭ᠎ᠠ ᠡᠭᠦᠷᠭᠡᠯᠡᠨ ᠂ ᠬᠡᠷᠡᠭ ᠢ᠋ ᠰᠢᠭᠦᠨ ᠰᠢᠢᠳᠪᠦᠷᠢᠯᠡᠬᠦ ᠶᠠᠰᠤ ᠴᠢᠨᠠᠷ ᠢ᠋ᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠠᠮ ᠳᠦ ᠰᠠᠨᠠᠭ᠎ᠠ ᠠᠮᠤᠷ ᠂ ᠠᠷᠠᠳ ᠲᠦᠮᠡᠨ ᠦ᠌ ᠰᠠᠨᠠᠭᠠᠨ ᠳ᠋ᠤ᠌ ᠬᠠᠨᠤᠮᠵᠢᠲᠠᠢ ᠰᠠᠢᠨ ᠰᠢᠭᠦᠭᠴᠢ  ᠪᠣᠯᠤᠶ᠎ᠠ ᠭᠡᠵᠠᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )