ᠰᠦᠨ ᠱᠤᠤ ᠴᠸᠩ ᠠᠷᠠᠳ ᠤᠨ ᠳᠡᠭᠡᠳᠦ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠵᠠᠩ ᠵᠢᠶᠦ᠋ᠨ ᠲᠡᠶ ᠵᠣᠯᠭᠠᠪᠠ
2023.09.20 ᠲᠣᠰ ᠥᠷᠲᠡᠭᠡᠨ᠎ᠦ ᠨᠠᠢᠷᠠᠭᠤᠯᠤᠭᠴᠢ

    9 ᠰᠠᠷ᠎ᠠ ᠶ᠋ᠢᠨ13 ᠤ ᠡᠳᠦᠷ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ   ᠬᠣᠷᠢᠶᠠᠨ ᠤ ᠱᠦᠵᠢ ᠰᠦᠨ ᠱᠤᠤ ᠴᠸᠩ ᠬᠥᠬᠡᠬᠣᠲᠠ ᠳᠦ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠵᠠᠩ ᠵᠢᠶᠦ᠋ᠨ ᠲᠡᠶ ᠠᠭᠤᠯᠵᠠᠪᠠ᠃

 

 

    ᠵᠠᠩ ᠵᠢᠶᠦ᠋ᠨ ᠡᠩ ᠲᠡᠷᠢᠭᠦᠨ ᠳᠦ ᠲᠣᠰ ᠤᠳᠠᠭᠠᠨ ᠤ ᠪᠠᠢᠴᠠᠭᠠᠨ ᠰᠤᠳᠤᠯᠤᠯᠲᠠ ᠶᠢᠨ ᠵᠣᠷᠢᠯᠭ᠎ᠠ ᠶᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ ᠠ ᠶᠢᠨ ᠰᠢᠭᠦᠬᠦ ᠬᠣᠷᠢᠶ ᠠ ᠶᠢᠨ ᠠᠵᠢᠯ ᠢ ᠳᠡᠭᠡᠳᠦ ᠬᠡᠮᠵᠢᠶ ᠡ ᠪᠡᠷ ᠴᠢᠬᠤᠯᠠᠴᠢᠯᠠᠵᠤ ᠪᠠᠢᠬᠤ ᠶᠢ ᠮᠠᠭᠲᠠᠨ ᠰᠠᠢᠰᠢᠶᠠᠵᠤ ᠂ ᠥᠪᠥᠷ ᠮᠣᠩᠭᠣᠯ ᠤᠨ ᠰᠢᠭᠦᠬᠦ ᠬᠣᠷᠢᠶ ᠠ ᠶᠢᠨ ᠰᠢᠭᠦᠨ ᠲᠠᠰᠤᠯᠬᠤ ᠠᠵᠢᠯ ᠢ ᠨᠤᠲᠠᠯᠠᠪᠠ᠃ ᠲᠡᠷᠡ ᠬᠡᠯᠡᠭᠰᠡᠨ ᠨᠢ ᠂ ᠡᠨᠡ ᠤᠳᠠᠭᠠᠨ ᠤ ᠪᠠᠢᠴᠠᠭᠠᠨ ᠰᠤᠳᠤᠯᠤᠯᠲᠠ ᠪᠠᠷ ᠳᠠᠮᠵᠢᠨ ᠂ ᠪᠢᠳᠡ ᠥᠪᠥᠷ ᠮᠣᠩᠭᠣᠯ ᠤ᠋ᠨ ᠰᠢᠭᠦᠬᠦ ᠬᠣᠷᠢᠶ᠎ᠠ ᠶ᠋ᠢᠨ ᠠᠵᠢᠯ ᠤ᠋ᠨ ᠦᠷ᠎ᠡ ᠪᠦᠲᠦᠮᠵᠢ ᠶ᠋ᠢ ᠪᠡᠶ᠎ᠡ ᠪᠡᠷ ᠢ᠋ᠶ᠋ᠡᠨ ᠰᠡᠷᠡᠵᠦ ᠂ ᠥᠪᠥᠷ ᠮᠣᠩᠭᠣᠯ ᠤ᠋ᠨ ᠰᠢᠭᠦᠬᠦ ᠬᠣᠷᠢᠶ᠎ᠠ ᠶ᠋ᠢᠨ ᠺᠠᠲᠷ ᠨᠠᠷ ᠤ᠋ᠨ ᠪᠡᠶ᠎ᠡ ᠳᠡᠭᠡᠷᠡᠬᠢ ᠠᠵᠢᠯ ᠬᠢᠵᠦ ᠦᠢᠯᠡᠰ ᠪᠣᠰᠬᠠᠬᠤ ᠵᠣᠷᠢᠭ ᠰᠠᠨᠠᠭ᠎ᠠ ᠶ᠋ᠢ ᠲᠠᠨᠢᠵᠤ ᠮᠡᠳᠡᠷᠡᠪᠡ ᠃ ᠬᠠᠤᠯᠢ ᠪᠠᠷ ᠵᠠᠰᠠᠬᠤ ᠪᠠᠢᠭᠤᠯᠤᠯᠲᠠ ᠨᠢ ᠡᠴᠦᠰ ᠤᠨ ᠬᠡᠰᠡᠭ ᠢ ᠠᠳᠬᠤᠵᠤ ᠂  ᠡᠪᠡᠳᠴᠢᠯᠡᠭᠰᠡᠨ ᠢ ᠵᠠᠰᠠᠬᠤ ᠪᠡᠷ ᠪᠠᠷᠠᠬᠤ ᠦᠭᠡᠢ ᠪᠠᠰᠠ ᠡᠮᠦᠨ᠎ᠡ ᠬᠡᠰᠡᠭ ᠢ ᠠᠳᠬᠤᠵᠤ ᠂  ᠡᠪᠡᠳᠴᠢᠯᠡᠭᠰᠡᠨ ᠦᠭᠡᠢ ᠶᠢ ᠵᠠᠰᠠᠬᠤ ᠬᠡᠷᠡᠭᠲᠡᠢ ᠂ ᠥᠪᠥᠷ ᠮᠣᠩᠭᠣᠯ ᠡᠬᠢ ᠡᠭᠦᠰᠦᠯ ᠡᠴᠡ ᠨᠢ ᠵᠠᠰᠠᠬᠤ ᠶᠢ ᠠᠳᠬᠤᠬᠤ ᠲᠠᠯ ᠠ ᠪᠠᠷ ᠴᠥᠭᠡᠨ ᠪᠤᠰᠤ ᠰᠠᠢᠨ ᠲᠤᠷᠰᠢᠯᠭ᠎ᠠ ᠰᠠᠢᠨ ᠠᠷᠭ᠎ᠠ ᠶᠢ ᠪᠦᠷᠢᠯᠳᠦᠭᠦᠯᠵᠡᠢ᠃ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠡᠴᠡ  ᠳ᠋ᠥᠩᠨᠡᠯᠳᠡ ᠡᠴᠡ ᠰᠠᠢᠨ ᠬᠢᠵᠦ᠂ ᠠᠵᠢᠯ ᠢᠶᠡᠨ ᠳᠡᠯᠭᠡᠷᠡᠭᠦᠯᠦᠨ᠂ ᠡᠯ᠎ᠡ ᠭᠠᠵᠠᠷ ᠤ᠋ᠨ ᠬᠢᠨ ᠦ᠌ ᠡᠬᠢ ᠡᠭᠦᠰᠦᠯ ᠡᠴᠡ ᠨᠢ ᠵᠠᠰᠠᠬᠤ ᠶ᠋ᠢ ᠴᠢᠩᠭᠠᠳᠬᠠᠬᠤ ᠶ᠋ᠢ ᠢᠳᠡᠪᠬᠢᠲᠡᠢ ᠠᠬᠢᠭᠤᠯᠵᠤ ᠂ 《 ᠹᠧᠩ ᠴᠢᠶᠣᠤ ᠶ᠋ᠢᠨ ᠲᠤᠷᠰᠢᠯᠭ᠎ᠠ 》 ᠶ᠋ᠢ ᠰᠠᠢᠲᠤᠷ ᠦᠢᠯᠡᠳᠦᠯᠭᠡᠵᠢᠭᠦᠯᠵᠦ ᠂ ᠵᠥᠷᠢᠴᠡᠯ ᠵᠢᠭᠤᠷᠠᠯᠳᠤᠭᠠᠨ ᠢ᠋ ᠡᠪᠰᠡᠭᠦᠯᠦᠨ ᠰᠢᠢᠳᠪᠦᠷᠢᠯᠡᠵᠦ᠂ ᠵᠠᠷᠭᠤ ᠶ᠋ᠢᠨ ᠨᠡᠮᠡᠭᠳᠡᠯ ᠢ᠋ ᠪᠠᠭᠠᠰᠬᠠᠨ ᠂ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠨᠡᠩ ᠰᠠᠢᠨ ᠪᠣᠳᠠᠲᠠᠢ  ᠭᠠᠵᠠᠷ ᠳ᠋ᠤᠨᠢ ᠨᠠᠢᠳᠠᠪᠤᠷᠢᠵᠢᠭᠤᠯᠬᠤ ᠬᠡᠷᠡᠭᠲᠡᠢ᠃ ᠰᠦᠨ ᠱᠣᠣ ᠴᠸᠩ ᠵᠠᠩ ᠵᠢᠶᠦ᠋ᠨ ᠨᠠᠷ ᠢ᠋ ᠪᠠᠶᠠᠷᠯᠠᠨ ᠤᠭᠲᠤᠵᠤ ᠪᠠᠢᠬᠤ ᠪᠠᠨ ᠢᠯᠡᠳᠬᠡᠵᠦ᠂ ᠠᠷᠠᠳ ᠤᠨ ᠳᠡᠭᠡᠳᠦ ᠰᠢᠭᠦᠬᠦ ᠬᠣᠷᠢᠢ ᠠ ᠶᠢᠨ ᠥᠪᠥᠷ ᠮᠣᠩᠭᠣᠯ ᠳ᠋ᠤ᠌ ᠬᠦᠴᠦᠲᠡᠢ ᠳᠡᠮᠵᠢᠯᠭᠡ ᠦᠵᠡᠭᠦᠯᠦᠭᠰᠡᠨ ᠳ᠋ᠦ᠍ ᠲᠠᠯᠠᠷᠬᠠᠵᠤ ᠪᠠᠢᠬᠤ ᠶ᠋ᠢᠨ ᠬᠠᠮᠲᠤ ᠥᠪᠡᠷᠲᠡᠭᠡᠨ ᠵᠠᠰᠠᠬᠤ ᠣᠷᠣᠨ ᠤ᠋ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ᠌ ᠦᠭᠭᠦᠭᠰᠡᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ ᠰᠡᠳᠬᠢᠴᠡ ᠪᠠ ᠠᠷᠭ᠎ᠠ ᠬᠡᠮᠵᠢᠶ᠎ᠡ ᠶ᠋ᠢ ᠲᠠᠨᠢᠯᠴᠠᠭᠤᠯᠪᠠ ᠃ ᠲᠡᠷᠡ ᠬᠡᠯᠡᠬᠦ ᠳ᠋ᠡᠭᠡᠨ᠂ ᠡᠨᠡ ᠬᠣᠶᠠᠷ ᠵᠢᠯ ᠪᠢᠳᠡ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠂ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠪᠠᠢᠭᠤᠯᠤᠯᠲᠠ ᠶ᠋ᠢ ᠴᠢᠩᠭ᠋ᠠᠳᠬᠠᠵᠠᠶ᠃ ᠪᠢᠳᠡ ᠵᠠᠬᠢᠳᠠᠯ ᠰᠤᠷᠪᠤᠯᠵᠢᠯᠠᠭ᠎ᠠ ᠶ᠋ᠢ ᠣᠷᠣᠯᠠᠨ ᠭᠦᠢᠴᠡᠳᠬᠡᠬᠦ ᠳᠦᠷᠢᠮ ᠢ᠋ ᠶᠡᠬᠡᠪᠡᠷ ᠬᠡᠷᠡᠭᠵᠢᠭᠦᠯᠵᠦ ᠂  ᠳᠤᠭᠳᠠᠯᠴᠠᠭ᠎ᠠ ᠪᠠᠢᠭᠤᠯᠬᠤ ᠪᠠᠷ ᠳᠠᠮᠵᠢᠭᠤᠯᠤᠨ 《ᠠᠷᠪᠠᠨ ᠶᠡᠬᠡ ᠬᠢᠨᠠᠯᠲᠠ》 ᠶᠢ ᠨᠡᠪᠲᠡᠷᠡᠭᠦᠯᠦᠨ ᠵᠣᠬᠢᠴᠠᠭᠤᠯᠬᠤ ᠪᠠ ᠲᠥᠯᠥᠭᠡᠯᠡᠭᠴᠢ ᠭᠡᠰᠢᠭᠦᠳ ᠦᠨ ᠦᠢᠯᠡᠳᠦᠯ ᠢ ᠪᠠᠳᠠᠷᠠᠭᠤᠯᠬᠤ ᠶᠢ ᠠᠬᠢᠭᠤᠯᠵᠤ᠂ ᠨᠡᠢᠭᠡᠮ ᠦᠨ ᠵᠠᠰᠠᠯᠲᠠ ᠶᠢ ᠬᠦᠴᠦᠯᠡᠨ ᠴᠢᠩᠭᠠᠳᠬᠠᠪᠠ᠃ ᠠᠷᠠᠳ ᠤᠨ ᠳᠡᠭᠡᠳᠦ ᠰᠢᠭᠦᠬᠦ ᠬᠣᠷᠢᠶ᠎ᠠ ᠨᠡᠩ ᠣᠯᠠᠨ ᠵᠢᠯᠣᠭᠣᠳᠣᠯᠭ᠎ᠠ ᠥᠭᠴᠦ᠂ ᠪᠢᠳᠡᠨ ᠢ ᠬᠠᠪᠰᠤᠷᠤᠨ ᠬᠠᠤᠯᠢ ᠪᠠᠷ ᠵᠠᠰᠠᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠬᠦᠰᠡᠵᠦ ᠪᠠᠢᠨ᠎ᠠ ᠃ ᠪᠥᠬᠥ ᠣᠷᠣᠨ ᠤ ᠰᠢᠭᠦᠬᠦ ᠬᠣᠷᠢᠶ ᠠ ᠶᠢᠨ ᠰᠢᠰᠲ᠋ᠧᠮ ᠦᠨ ᠬᠢᠨ ᠵᠠᠷᠭᠤ ᠶᠢᠨ ᠢᠷᠡᠯᠲᠡ ᠶᠢ ᠵᠠᠰᠠᠬᠤ ᠵᠡᠷᠭᠡ ᠲᠠᠯ ᠠ ᠪᠠᠷ ᠭᠦᠨᠵᠡᠭᠡᠶ ᠰᠦᠪᠡᠭᠴᠢᠯᠡᠨ ᠦᠢᠯᠡᠳᠦᠯᠭᠡᠵᠢᠭᠦᠯᠵᠦ ᠂ 《ᠫᠧᠩᠰᠡᠲᠦ ᠦᠵᠡᠮᠵᠢ》 ᠶᠢ 《ᠣᠶ ᠰᠢᠭᠤᠶ》 ᠪᠣᠯᠭᠠᠨ ᠬᠤᠪᠢᠷᠠᠭᠤᠯᠬᠤ ᠬᠡᠷᠡᠭᠲᠡᠶ᠃ ᠶᠠᠩ ᠸᠧᠢ ᠳ᠋ᠦᠩ᠂ ᠶᠠᠩ ᠽᠦᠩ ᠷᠧᠨ ᠨᠠᠷ ᠲᠤᠰ ᠠᠵᠢᠯᠯᠠᠭᠠᠨ ᠳ᠋ᠤ᠌ ᠣᠷᠣᠯᠴᠠᠪᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )