ᠲᠠᠨ ᠳᠤ ᠠᠰᠠᠭᠤᠳᠠᠯ ᠲᠠᠶ ᠪᠣᠯ ᠬᠠᠤᠯᠢ ᠶ᠋ᠢᠨ ᠬᠠᠷᠢᠭᠤᠯᠲᠠ ᠪᠠᠷ ᠰᠢᠶᠳᠪᠦᠷᠢᠯᠡᠨ᠎ᠡ ︱ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠣᠯᠠᠨ ᠵᠦᠶᠯ ᠦᠨ ᠠᠷᠭ᠎ᠠ ᠠᠪᠴᠠᠯ ᠢ᠋ᠶ᠋ᠠᠷ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠳᠡᠯᠭᠡᠷᠡᠭᠦᠯᠦᠨ ᠬᠡᠷᠡᠭᠯᠡᠬᠦ ᠠᠵᠢᠯ ᠢ᠋ ᠲᠦᠯᠬᠢᠨ ᠠᠬᠢᠭᠤᠯᠪᠠ
2023.09.20 ᠲᠣᠰ ᠥᠷᠲᠡᠭᠡᠨ᠎ᠦ ᠨᠠᠢᠷᠠᠭᠤᠯᠤᠭᠴᠢ

    ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠪᠣᠯ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠪᠦᠬᠦ ᠤᠯᠤᠰ ᠤ᠋ᠨ ᠰᠢᠭᠦᠬᠦ ᠬᠣᠷᠢᠶᠠᠨ ᠤ᠋ ᠺᠠᠳ᠋ᠷ ᠴᠠᠭᠳᠠᠭ᠎ᠠ ᠨᠠᠷ ᠲᠤ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠬᠠᠤᠯᠢ ᠴᠠᠭᠠᠵᠠ ᠲᠥᠷᠥ ᠶ᠋ᠢᠨ ᠪᠣᠳᠣᠯᠭ᠎ᠠ ᠶ᠋ᠢᠨ ᠬᠡᠷᠡᠭᠯᠡᠯᠲᠡ ᠂ ᠰᠢᠭᠦᠨ ᠲᠠᠰᠤᠯᠬᠤ ᠲᠤᠬᠠᠢᠯᠠᠭᠰᠠᠨ ᠠᠵᠢᠯ ᠤ᠋ᠨ ᠯᠠᠪᠯᠠᠭ᠎ᠠ ᠬᠠᠷᠢᠭᠤᠯᠬᠤ ᠪᠠ ᠰᠤᠷᠤᠯᠴᠠᠯᠭ᠎ᠠ ᠰᠣᠯᠢᠯᠴᠠᠭ᠎ᠠ ᠶ᠋ᠢᠨ ᠦᠢᠯᠡᠴᠢᠯᠡᠭᠡ ᠬᠠᠩᠭᠠᠭᠰᠠᠨ ᠮᠡᠳᠡᠭᠡ ᠵᠠᠩᠭᠢ ᠶ᠋ᠢ ᠬᠠᠮᠲᠤᠪᠠᠷ ᠡᠳ᠋ᠯᠡᠬᠦ ᠲᠠᠪᠴᠠᠩ ᠪᠣᠯᠤᠨ᠎ᠠ ᠂ ᠡᠨᠡ ᠨᠢ ᠨᠢᠭᠡᠨᠲᠡ 7 ᠰᠠᠷ᠎ᠠ ᠶ᠋ᠢᠨ 1 ᠦ᠌ ᠡᠳᠦᠷ ᠡᠴᠡ ᠡᠬᠢᠯᠡᠨ ᠵᠢᠩᠬᠢᠨᠢ ᠪᠡᠷ ᠠᠵᠢᠯᠯᠠᠵᠠᠶ᠃ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠺᠠᠳ᠋ᠷ ᠴᠠᠭᠳᠠᠭ᠎ᠠ ᠶ᠋ᠢᠨ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠲᠤᠬᠠᠢ ᠲᠠᠨᠢᠯᠲᠠ ᠶ᠋ᠢᠨ ᠬᠡᠮᠵᠢᠶ᠎ᠡ ᠶ᠋ᠢᠨ ᠣᠷᠣᠯᠴᠠᠬᠤ ᠬᠡᠮᠵᠢᠶ᠎ᠡ ᠶ᠋ᠢ ᠦᠨᠡᠨᠬᠦ ᠳᠡᠭᠡᠭᠰᠢᠯᠡᠭᠦᠯᠵᠦ ᠂ ᠰᠢᠭᠦᠨ ᠭᠦᠶᠴᠡᠳᠬᠡᠬᠦ ᠠᠵᠢᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠶ᠋ᠢ ᠤᠯᠠᠮ ᠨᠢᠭᠡ ᠠᠯᠬᠤᠮ ᠠᠬᠢᠭᠤᠯᠬᠤ ᠶ᠋ᠢᠨ ᠲᠥᠯᠥᠭᠡ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠣᠯᠠᠨ ᠠᠷᠭ᠎ᠠ ᠬᠡᠮᠵᠢᠶ᠎ᠡ ᠶ᠋ᠢ ᠵᠡᠷᠭᠡᠪᠡᠷ ᠠᠪᠴᠤ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠳᠡᠯᠭᠡᠷᠡᠭᠦᠯᠦᠨ ᠬᠡᠷᠡᠭᠯᠡᠬᠦ ᠠᠵᠢᠯ ᠢ᠋ ᠥᠷᠨᠢᠭᠦᠯᠵᠦ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠺᠠᠳ᠋ᠷ ᠴᠠᠭᠳᠠᠭ᠎ᠠ ᠶ᠋ᠢᠨ ᠢᠳᠡᠪᠬᠢᠲᠡᠶ ᠪᠡᠷ ᠣᠷᠣᠯᠴᠠᠬᠤ ᠪᠠ ᠢᠳᠡᠪᠬᠢᠲᠡᠶ ᠪᠡᠷ ᠠᠰᠠᠭᠤᠨ ᠯᠠᠪᠯᠠᠬᠤ ᠶᠢ ᠳᠥᠯᠭᠢᠨ ᠠᠬᠢᠭᠤᠯᠪᠠ ᠃ ᠣᠳᠣᠬᠠᠨ ᠪᠣᠯᠲᠠᠯ᠎ᠠ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠨᠢᠭᠡᠨᠲᠡ 247 ᠠᠰᠠᠭᠤᠳᠠᠯ ᠢ᠋ ᠳᠤᠷᠠᠳᠤᠨ ᠭᠠᠷᠭᠠᠵᠤ ᠂ ᠠᠭᠤᠯᠭ᠎ᠠ ᠨᠢ ᠬᠡᠷᠡᠭ ᠪᠣᠯᠭᠠᠨ ᠳᠠᠩᠰᠠᠯᠠᠬᠤ ᠂ ᠡᠷᠡᠭᠦᠦ ᠶ᠋ᠢᠨ ᠬᠡᠷᠡᠭ ᠂ ᠢᠷᠭᠡᠨ ᠦ᠌ ᠬᠡᠷᠡᠭ ᠬᠤᠳᠠᠯᠳᠤᠭᠠᠨ ᠤ᠋ ᠬᠡᠷᠡᠭ ᠂ ᠵᠠᠰᠠᠭ ᠵᠠᠬᠢᠷᠭᠠᠨ ᠂ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠂ ᠭᠦᠢᠴᠡᠳᠬᠡᠬᠦ ᠵᠡᠷᠭᠡ ᠣᠯᠠᠨ ᠬᠦᠷᠢᠶ᠎ᠡ ᠬᠡᠪᠴᠢᠶ᠎ᠡ ᠶ᠋ᠢ ᠬᠠᠮᠤᠷᠴᠤ᠂ 5 ᠲᠤᠬᠠᠢᠯᠠᠭᠰᠠᠨ ᠠᠵᠢᠯ ᠤ᠋ᠨ ᠭᠣᠣᠯᠯᠠᠭᠴᠢ ᠬᠦᠴᠦᠨ ᠪᠦᠬᠦ ᠣᠷᠣᠨ ᠤ᠋ ᠰᠢᠭᠦᠬᠦ ᠬᠣᠷᠢᠶᠠᠨ ᠤ᠋ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠲᠤᠰᠬᠠᠢ ᠮᠡᠷᠭᠡᠵᠢᠯᠲᠡᠨ ᠦ᠌ ᠬᠥᠮᠥᠷᠭᠡ ᠳ᠋ᠦ᠍ ᠰᠣᠩᠭᠣᠭᠳᠠᠨ ᠣᠷᠣᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ 《ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ》 ᠠᠵᠢᠯ ᠤ᠋ᠨ ᠤᠷᠤᠭᠰᠢᠲᠠᠢ ᠡᠮᠬᠢ ᠴᠡᠭᠴᠡ ᠲᠡᠢ ᠶᠠᠪᠤᠭᠳᠠᠵᠤ ᠪᠠᠢᠨ᠎ᠠ ᠃

 

 

    ᠨᠢᠭᠡ ᠂ ᠰᠤᠷᠤᠯᠴᠠᠯᠭ᠎ᠠ ᠤᠬᠠᠭᠤᠯᠭ᠎ᠠ ᠪᠠᠷ ᠨᠠᠢᠳᠠᠪᠤᠷᠢᠵᠢᠭᠤᠯᠤᠯᠲᠠ ᠶ᠋ᠢ ᠠᠬᠢᠭᠤᠯᠤᠨ᠎ᠠ

    ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠠᠵᠢᠯᠯᠠᠭ᠎ᠠ ᠳ᠋ᠤ᠌ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠪᠥᠬᠥ ᠤᠯᠤᠰ ᠤ᠋ᠨ ᠰᠢᠭᠦᠬᠦ ᠬᠣᠷᠢᠶᠠᠨ ᠤ᠋ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠳᠡᠭᠡᠷᠡᠬᠢ ᠠᠵᠢᠯᠯᠠᠭᠠᠨ ᠤ᠋ ᠸᠢᠳᠢᠣ᠋ ᠶ᠋ᠢᠨ ᠪᠠᠢᠷᠢᠯᠠᠭᠤᠯᠤᠯᠲᠠ ᠶ᠋ᠢᠨ ᠬᠤᠷᠠᠯ ᠵᠢᠴᠢ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠸᠢᠳᠢᠣ᠋ ᠪᠣᠯᠪᠠᠰᠣᠷᠠᠭᠤᠯᠤᠯ ᠤ᠋ᠨ ᠬᠤᠷᠠᠯ ᠢ᠋ ᠬᠤᠷᠠᠯᠳᠤᠭᠰᠠᠨ ᠤ᠋ ᠳᠠᠷᠠᠭ᠎ᠠ ᠂ ᠬᠤᠷᠠᠯ ᠤ᠋ᠨ ᠵᠣᠷᠢᠭ ᠰᠠᠨᠠᠭ᠎ᠠ ᠶ᠋ᠢ ᠬᠠᠮᠤᠭ ᠲᠡᠷᠢᠭᠦᠨ ᠳ᠋ᠦ᠍ ᠲᠤᠤᠱᠯᠠᠭᠤᠯᠤᠨ ᠨᠠᠢᠳᠠᠪᠤᠷᠢᠵᠢᠭᠤᠯᠵᠤ ᠂ 《 < ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠬᠡᠷᠡᠭᠯᠡᠯᠲᠡ ᠶ᠋ᠢᠨ ᠬᠠᠮᠢᠶᠠᠷᠤᠯᠲᠠ ᠶ᠋ᠢᠨ ᠠᠷᠭ᠎ᠠ > ᠶ᠋ᠢ ᠬᠡᠷᠡᠭᠵᠢᠭᠦᠯᠬᠦ ᠳᠦᠷᠢᠮ》 ᠨᠢ ᠨᠠᠷᠢᠨ ᠬᠢᠨᠠᠮᠠᠭᠠᠢ ᠰᠤᠷᠤᠯᠴᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠡᠪᠴᠢᠶᠡᠨ ᠳ᠋ᠦ᠍ 《 ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠠᠵᠢᠯ ᠤ᠋ᠨ ᠵᠦᠭᠯᠡᠭᠦᠷ》 《ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠳᠡᠭᠡᠷᠡᠬᠢ ᠠᠵᠢᠯᠯᠠᠭ᠎ᠠ ᠶ᠋ᠢᠨ ᠲᠣᠳᠣᠷᠬᠠᠢᠯᠠᠯᠲᠠ》 ᠵᠢᠴᠢ 《 ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠬᠡᠪ ᠤ᠋ᠨ ᠠᠰᠠᠭᠤᠳᠠᠯ ᠢ᠋ ᠰᠢᠢᠳᠪᠦᠷᠢᠯᠡᠬᠦ ᠠᠷᠭ᠎ᠠ》 ᠵᠡᠷᠭᠡ ᠶ᠋ᠢ ᠦᠳᠲᠡᠷ ᠲᠦᠷᠭᠡᠨ ᠳᠡᠯᠭᠡᠷᠡᠭᠦᠯᠦᠨ ᠰᠤᠷᠤᠯᠴᠠᠵᠤ ᠂ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠤᠬᠠᠭᠤᠯᠭ᠎ᠠ ᠳᠡᠯᠭᠡᠷᠡᠭᠦᠯᠦᠯᠲᠡ ᠶ᠋ᠢ ᠲᠦᠷᠭᠡᠳᠬᠡᠵᠦ ᠂ ᠺᠠᠳ᠋ᠷ ᠴᠠᠭᠳᠠᠭ᠎ᠠ ᠨᠢᠭᠡᠪᠦᠷᠢ ᠶ᠋ᠢ ᠬᠥᠲᠥᠯᠦᠨ ᠵᠢᠯᠣᠭᠣᠳᠴᠤ 《ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ 》 ᠶ᠋ᠢᠨ ᠪᠠᠢᠷᠢ ᠲᠣᠭᠲᠠᠭᠠᠯᠲᠠ ᠂ ᠠᠵᠢᠯᠯᠠᠬᠤ ᠶᠠᠪᠤᠴᠠ ᠶ᠋ᠢ ᠣᠢᠯᠠᠭᠠᠭᠤᠯᠵᠤ ᠂ ᠺᠠᠳ᠋ᠷ ᠴᠠᠭᠳᠠᠭ᠎ᠠ ᠶ᠋ᠢᠨ 《ᠢᠯᠡᠭᠦᠦ ᠠᠰᠠᠭᠤᠯᠲᠠ ᠠᠰᠠᠭᠤᠬᠤ 》 《 ᠰᠠᠶᠢᠲᠤᠷ ᠠᠰᠠᠭᠤᠯᠲᠠ ᠳᠤᠷᠠᠳᠬᠤ ᠶᠢ ᠵᠣᠷᠢᠭᠵᠢᠭᠤᠯᠤᠨ᠎ᠠ》 ᠃

    ᠬᠣᠶᠠᠷ ᠂ ᠮᠡᠷᠭᠡᠵᠢᠯ ᠤ᠋ᠨ ᠪᠣᠯᠪᠠᠰᠣᠷᠠᠭᠤᠯᠤᠯ ᠢ᠋ᠶ᠋ᠠᠷ ᠠᠵᠢᠯᠯᠠᠭᠠᠨ ᠢ᠋ ᠠᠬᠢᠭᠤᠯᠬᠤ ᠬᠡᠷᠡᠭᠲᠡᠢ

        ᠨᠢᠭᠡ ᠳ᠋ᠦ᠍ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ 《ᠺᠠᠳ᠋ᠷ ᠴᠠᠭᠳᠠᠭ᠎ᠠ ᠨᠢᠭᠡᠪᠦᠷᠢ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢ ᠮᠡᠳᠡᠬᠦ ᠂ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠬᠡᠷᠡᠭᠯᠡᠬᠦ》 ᠱᠠᠭᠠᠷᠳᠠᠯᠭ᠎ᠠ ᠶᠣᠰᠣᠭᠠᠷ ᠂ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠡᠩ ᠲᠡᠷᠢᠭᠦᠨ ᠳ᠋ᠦ᠍ ᠪᠦᠬᠦ ᠺᠠᠳ᠋ᠷ ᠴᠠᠭᠳᠠᠭ᠎ᠠ ᠳ᠋ᠤ᠌ ᠳᠠᠩᠰᠠᠨ ᠤ᠋ ᠨᠣᠮᠧᠷ ᠨᠡᠭᠡᠭᠡᠵᠦ ᠂ ᠡᠬᠡ ᠳᠠᠩᠰᠠ ᠶ᠋ᠢᠨ ᠬᠡᠯᠪᠡᠷᠢ ᠶ᠋ᠢᠨ ᠬᠠᠮᠢᠶᠠᠷᠤᠯᠲᠠ ᠬᠢᠬᠦ ᠶ᠋ᠢᠨ ᠬᠠᠮᠲᠤ ᠱᠠᠲᠤ ᠱᠠᠲᠤ ᠪᠠᠷ ᠪᠣᠯᠪᠠᠰᠤᠷᠠᠯ ᠬᠦᠷᠲᠡᠭᠡᠬᠦ ᠪᠠ 《 ᠨᠢᠭᠡ ᠳ᠋ᠦ᠍ ᠨᠢᠭᠡ 》 ᠵᠢᠯᠣᠭᠣᠳᠤᠯᠭ᠎ᠠ ᠬᠢᠵᠦ ᠂ ᠺᠠᠳ᠋ᠷ ᠴᠠᠭᠳᠠᠭ᠎ᠠ ᠶ᠋ᠢᠨ ᠠᠵᠢᠯ ᠳ᠋ᠤ᠌ ᠭᠠᠷᠬᠤ ᠨᠣᠷᠮ᠎ᠠ ᠂ ᠬᠡᠷᠡᠭᠯᠡᠬᠦ ᠨᠣᠷᠮ᠎ᠠ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ ᠬᠣᠶᠠᠷ ᠲᠤ᠌ ᠮᠡᠷᠭᠡᠵᠢᠯ  ᠤ᠋ᠨ ᠰᠠᠯᠠᠭ᠎ᠠ ᠮᠥᠴᠢᠷ ᠨᠢ ᠠᠵᠢᠯᠯᠠᠭᠠᠨ ᠤ᠋ ᠱᠠᠭᠠᠷᠳᠠᠯᠭ᠎ᠠ ᠶ᠋ᠢ ᠪᠦᠬᠦ ᠲᠠᠯ᠎ᠠ ᠪᠠᠷ ᠡᠮᠬᠢᠯᠡᠵᠦ ᠂ ᠺᠠᠳ᠋ᠷ ᠴᠠᠭᠳᠠᠭ᠎ᠠ ᠳ᠋ᠤ᠌ ᠪᠦᠬᠦ ᠲᠠᠯ᠎ᠠ ᠶ᠋ᠢᠨ ᠮᠡᠷᠭᠡᠵᠢᠯ ᠤ᠋ᠨ ᠠᠵᠢᠯᠯᠠᠭ᠎ᠠ ᠬᠢᠬᠦ ᠪᠠ ᠦᠢᠯᠡᠴᠢᠯᠡᠭᠡ ᠬᠠᠩᠭᠠᠬᠤ ᠪᠠᠲᠤᠯᠠᠭ᠎ᠠ ᠶ᠋ᠢᠨ ᠠᠵᠢᠯ ᠢ᠋ ᠬᠢᠵᠦ ᠂ ᠣᠳᠣᠬᠠᠨ ᠳ᠋ᠤ᠌ ᠨᠢᠭᠡᠨᠲᠡ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠮᠡᠳᠡᠭᠡ ᠵᠠᠩᠭᠢ ᠶ᠋ᠢ 30 ᠭᠠᠷᠤᠢ ᠤᠳᠠᠭ᠎ᠠ ᠬᠠᠮᠠᠭᠠᠯᠠᠵᠤ ᠂ ᠮᠡᠷᠭᠡᠵᠢᠯ ᠤ᠋ᠨ ᠪᠣᠯᠪᠠᠰᠤᠷᠠᠯ ᠶᠢ 3 ᠤᠳᠠᠭ᠎ᠠ ᠬᠢᠵᠦ ᠂ ᠡᠳᠦᠷ ᠳᠣᠳᠣᠮ ᠤ᠋ᠨ ᠵᠢᠯᠣᠭᠣᠳᠤᠯᠭ᠎ᠠ ᠶᠢ16 ᠤᠳᠠᠭ᠎ᠠ ᠵᠡᠷᠭᠡ ᠠᠵᠢᠯ ᠢ᠋ ᠭᠦᠢᠴᠡᠳᠬᠡᠵᠦ ᠪᠠᠢᠨ᠎ᠠ ᠃

    ᠭᠤᠷᠪᠠ ᠂ ᠬᠠᠮᠢᠶᠠᠷᠤᠯᠲᠠ ᠪᠠᠷ ᠬᠢᠨᠠᠨ ᠵᠢᠯᠣᠭᠣᠳᠴᠤ ᠪᠣᠳᠠᠲᠤ ᠦᠷ᠎ᠡ ᠪᠦᠲᠦᠮᠵᠢ ᠶ᠋ᠢ ᠠᠬᠢᠭᠤᠯᠬᠤ ᠬᠡᠷᠡᠭᠲᠡᠢ

    ᠨᠢᠭᠡ ᠳ᠋ᠦ᠍ ᠂ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠬᠡᠷᠡᠭᠯᠡᠬᠦ ᠴᠢᠩᠳᠠᠯᠢᠭ ᠴᠢᠨᠠᠷ ᠤ᠋ᠨ ᠱᠠᠭᠠᠷᠳᠠᠯᠭ᠎ᠠ ᠶ᠋ᠢ ᠳᠤᠷᠠᠳᠴᠤ ᠂ 《 ᠠᠷᠠᠳ ᠤ᠋ᠨ ᠳᠡᠭᠡᠳᠦ ᠰᠢᠭᠦᠬᠦ ᠬᠣᠷᠢᠶ᠎ᠠ ᠶ᠋ᠢᠨ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠬᠡᠷᠡᠭᠯᠡᠵᠦ ᠰᠤᠷᠤᠯᠴᠠᠬᠤ ᠠᠵᠢᠯ ᠢ᠋ ᠰᠠᠢᠲᠤᠷ ᠬᠢᠬᠦ ᠲᠤᠬᠠᠢ ᠮᠡᠳᠡᠭᠳᠡᠯ 》 ᠵᠢᠴᠢ 《 ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠬᠡᠷᠡᠭᠯᠡᠨ ᠬᠡᠷᠡᠭᠯᠡᠬᠦ ᠠᠵᠢᠯ ᠢ᠋ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ 》 ᠵᠡᠷᠭᠡ ᠮᠡᠳᠡᠭᠳᠡᠯ ᠭᠠᠷᠭᠠᠵᠤ ᠂ ᠺᠠᠳ᠋ᠷ ᠴᠠᠭᠳᠠᠭ᠎ᠠ ᠶ᠋ᠢ ᠱᠠᠭᠠᠷᠳᠠᠨ ᠵᠢᠯᠣᠭᠣᠳᠴᠤ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠲᠥᠭᠡᠷᠢᠭᠳᠡᠯ ᠢ ᠨᠢ ᠲᠠᠶᠢᠯᠬᠤ ᠰᠠᠢᠨ ᠰᠠᠢᠬᠠᠨ ᠳᠠᠳᠬᠠᠯ ᠲᠠᠢ ᠪᠣᠯᠭᠠᠵᠤ ᠂ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠤᠯᠠᠮ ᠨᠢᠭᠡ ᠠᠯᠬᠤᠮ ᠬᠠᠤᠯᠢ ᠴᠠᠭᠠᠵᠠ ᠶ᠋ᠢᠨ ᠴᠢᠳᠠᠪᠤᠷᠢ ᠶ᠋ᠢ ᠳᠡᠭᠡᠭᠰᠢᠯᠡᠭᠦᠯᠬᠦ ᠂ ᠬᠠᠤᠯᠢ ᠴᠠᠭᠠᠵᠠ ᠶ᠋ᠢ ᠵᠥᠪ ᠣᠨᠣᠪᠴᠢᠲᠠᠢ ᠨᠢᠭᠡᠳᠦᠯᠲᠡᠢ ᠬᠡᠷᠡᠭᠯᠡᠬᠦ ᠶ᠋ᠢ ᠠᠬᠢᠭᠤᠯᠬᠤ ᠪᠦᠲᠦᠮᠵᠢᠲᠡᠢ ᠠᠷᠭ᠎ᠠ ᠵᠠᠮ ᠪᠣᠯᠭᠠᠨ᠎ᠠ ᠃ ᠬᠣᠶᠠᠷ ᠲᠤ᠌ ᠂ ᠪᠥᠬᠥ ᠬᠣᠲᠠ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠬᠡᠷᠡᠭᠯᠡᠯᠲᠡ ᠶ᠋ᠢᠨ ᠪᠠᠢᠳᠠᠯ ᠢ᠋ ᠮᠡᠳᠡᠭᠡᠯᠡᠬᠦ ᠳᠦᠷᠢᠮ ᠢ᠋ ᠪᠠᠢᠭᠤᠯᠵᠤ ᠂ ᠰᠠᠷ᠎ᠠ ᠪᠦᠷᠢ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠬᠡᠷᠡᠭᠯᠡᠯᠲᠡ ᠶ᠋ᠢᠨ ᠪᠠᠢᠳᠠᠯ ᠢ᠋ ᠮᠡᠳᠡᠭᠳᠡᠵᠦ ᠂ ᠣᠳᠣᠬᠠᠨ ᠳ᠋ᠤ᠌ ᠨᠢᠭᠡᠨᠲᠡ 3 ᠬᠤᠭᠤᠴᠠᠭ᠎ᠠ ᠵᠠᠷᠯᠠᠨ ᠨᠡᠢᠲᠡᠯᠡᠵᠦ ᠂ ᠺᠠᠳ᠋ᠷ ᠴᠠᠭᠳᠠᠭ᠎ᠠ ᠶ᠋ᠢᠨ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠬᠡᠷᠡᠭᠯᠡᠬᠦ ᠬᠦᠴᠦᠯᠡᠴᠡ ᠶ᠋ᠢ ᠤᠯᠠᠮ ᠱᠠᠯᠠᠪᠳᠠᠭᠤᠯᠵᠤ ᠂ 《ᠠᠰᠠᠭᠤᠳᠠᠯ ᠲᠠᠶ ᠪᠣᠯ ᠂ ᠬᠠᠤᠯᠢ ᠶ᠋ᠢᠨ ᠬᠠᠷᠢᠭᠤᠯᠲᠠ ᠶ᠋ᠢ ᠡᠷᠢᠬᠦ᠌》 ᠰᠠᠢᠨ ᠰᠠᠢᠬᠠᠨ ᠪᠠᠢᠳᠠᠯ ᠢ᠋ ᠪᠦᠷᠢᠯᠳᠦᠭᠦᠯᠬᠦ ᠶ᠋ᠢ ᠠᠬᠢᠭᠤᠯᠪᠠ ᠃ 

    ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠡᠯ᠎ᠡ ᠵᠦᠢᠯ ᠤ᠋ᠨ ᠠᠷᠭ᠎ᠠ ᠬᠡᠮᠵᠢᠶ᠎ᠡ ᠶ᠋ᠢ ᠦᠷᠭᠦᠯᠵᠢᠯᠡᠨ ᠨᠠᠢᠳᠠᠪᠤᠷᠢᠵᠢᠭᠤᠯᠵᠤ ᠂ ᠰᠠᠯᠠᠭ᠎ᠠ ᠮᠥᠴᠢᠷ  ᠤ᠋ᠨ ᠬᠣᠯᠪᠣᠭᠠᠯᠠᠨ ᠬᠥᠳᠡᠯᠦᠯᠴᠡᠬᠦ ᠶ᠋ᠢ ᠴᠢᠩᠭᠠᠷᠠᠭᠤᠯᠵᠤ ᠂ ᠠᠵᠢᠯ ᠤ᠋ᠨ ᠨᠡᠢᠯᠡᠮᠡᠯ ᠬᠦᠴᠦᠨ ᠢ᠋ ᠪᠦᠷᠢᠯᠳᠦᠭᠦᠯᠦᠨ ᠂ ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ ᠶ᠋ᠢᠨ ᠵᠢᠷᠤᠮᠵᠢᠭᠤᠨ ᠥᠨᠳᠥᠷ ᠪᠦᠲᠦᠮᠵᠢᠲᠡᠢ ᠠᠵᠢᠯᠯᠠᠭᠠᠨ ᠢ᠋ ᠤᠯᠠᠮ ᠴᠢᠨᠠᠭᠰᠢᠳᠠ ᠠᠬᠢᠭᠤᠯᠤᠨ᠎ᠠ ᠃ ᠡᠭᠦᠨ ᠦ᠌ ᠬᠠᠮᠲᠤ ᠣᠨᠣᠪᠴᠢᠲᠠᠢ ᠠᠰᠠᠭᠤᠯᠲᠠ ᠠᠰᠠᠭᠤᠬᠤ ᠪᠠᠷ ᠳᠠᠮᠵᠢᠨ ᠂ ᠠᠰᠠᠭᠤᠯᠲᠠ ᠬᠠᠷᠢᠭᠤᠯᠬᠤ ᠪᠠᠨ ᠵᠢᠷᠤᠮᠵᠢᠭᠤᠯᠵᠤ ᠂ ᠵᠢᠮ᠎ᠡ ᠶᠣᠰᠣᠴᠢ ᠴᠢᠨᠠᠷᠲᠠᠢ ᠠᠰᠠᠭᠤᠳᠠᠯ ᠢ᠋ ᠢᠯᠡᠷᠡᠭᠦᠯᠵᠦ ᠂ ᠴᠠᠭ ᠲᠤᠬᠠᠢ ᠳ᠋ᠤᠨᠢ ᠳ᠋ᠦᠩᠨᠡᠨ ᠪᠣᠯᠪᠠᠰᠤᠷᠠᠭᠤᠯᠵᠤ ᠂ 《 ᠬᠠᠤᠯᠢ ᠶ᠋ᠢᠨ ᠬᠠᠷᠢᠭᠤᠯᠲᠠ ᠶ᠋ᠢᠨ ᠰᠦᠯᠵᠢᠶ᠎ᠡ 》 ᠬᠠᠤᠯᠢ ᠴᠠᠭᠠᠵᠠ ᠶ᠋ᠢᠨ ᠬᠡᠷᠡᠭᠯᠡᠭᠡᠨ ᠦ᠌ ᠬᠦᠷᠢᠶ᠎ᠡ ᠬᠡᠪᠴᠢᠶᠡᠨ ᠦ᠌ 《 ᠴᠠᠭ ᠠᠭᠤᠷ ᠤ᠋ᠨ ᠬᠡᠮᠵᠢᠭᠦᠷ 》 ᠪᠠ 《 ᠰᠠᠯᠬᠢᠨ ᠤ᠋ ᠵᠦᠭᠴᠢ》 ᠪᠣᠯᠬᠤ ᠶ᠋ᠢ ᠶᠡᠬᠡᠪᠡᠷ ᠠᠬᠢᠭᠤᠯᠬᠤ ᠬᠡᠷᠡᠭᠲᠡᠢ ᠭᠡᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )