《 ᠶᠠᠭᠤ ᠭᠡᠨ᠎ᠡ ? ᠭᠦᠢᠴᠡᠳᠬᠡᠬᠦ ᠶᠢ ᠡᠴᠦᠰᠯᠡᠭᠦᠯᠬᠦ ᠭᠡᠵᠦ ᠪᠠᠢᠨ᠎ᠠ ᠤᠤ ︖ 》 ᠬᠡᠷᠪᠡ ᠲᠠ ᠰᠢᠭᠦᠬᠦ ᠬᠣᠷᠢᠶᠠᠨ ᠤ᠋ ᠭᠦᠢᠴᠡᠳᠬᠡᠬᠦ ᠶᠢ ᠡᠴᠦᠰᠯᠡᠭᠦᠯᠬᠦ ᠬᠢᠨᠠᠨ ᠳᠠᠰᠤᠯᠤᠯᠲᠠ ᠶᠢ ᠬᠦᠯᠢᠶᠡᠨ ᠠᠪᠬᠤ ᠦᠶ᠎ᠡ ᠳ᠋ᠦ᠍ ᠂ ᠰᠡᠳᠬᠢᠯ ᠳᠣᠲᠣᠷ᠎ᠠ ᠪᠡᠨ ᠤᠯᠠᠨ ᠠᠷᠪᠢᠨ ᠠᠰᠠᠭᠤᠯᠲᠠ ᠣᠷᠤᠰᠢᠭᠰᠠᠨ ᠪᠠᠢᠬ᠎ᠠ ︖ ᠵᠣᠭᠣᠰ ᠢ᠋ᠶ᠋ᠠᠨ ᠪᠤᠴᠠᠭᠠᠵᠤ ᠠᠪᠴᠢᠷᠠᠭ᠎ᠠ ᠦᠭᠡᠢ ᠪᠡᠷ ᠶᠠᠭᠠᠬᠢᠭᠠᠳ ᠭᠦᠢᠴᠡᠳᠬᠡᠬᠦ ᠶᠢ ᠡᠴᠦᠰᠯᠡᠭᠦᠯᠦᠭᠰᠡᠨ ᠪᠤᠢ ︖ ᠭᠦᠢᠴᠡᠳᠬᠡᠬᠦ ᠶᠢ ᠡᠴᠦᠰᠯᠡᠭᠦᠯᠦᠭᠰᠡᠨ ᠨᠢ ᠬᠡᠷᠡᠭ ᠢ᠋ ᠳᠠᠭᠤᠰᠭᠠᠯᠠ ᠭᠡᠳᠡᠭ ᠢ ᠲᠥᠯᠥᠭᠡᠯᠡᠵᠦ ᠪᠠᠢᠨ᠎ᠠ ᠤᠤ ︖ ᠬᠡᠷᠡᠭ ᠢ᠋ ᠳᠠᠭᠤᠰᠭᠠᠭᠠᠳ ᠰᠢᠭᠦᠬᠦ ᠬᠣᠷᠢᠶ᠎ᠠ ᠡᠴᠡ ᠪᠠᠰᠠ ᠨᠠᠮᠠᠢ᠍ᠢ ᠬᠠᠮᠢᠶᠠᠷᠬᠤ ᠬᠥᠮᠦᠨ ᠪᠠᠢᠨ᠎ᠠ ᠤᠤ ︖ ᠥᠨᠥᠳᠥᠷ ᠪᠢᠳᠡ ᠲᠠᠨᠠᠷ ᠢ᠋ ᠲᠠᠢ ᠬᠠᠮᠲᠤ ᠪᠠᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠᠷᠪᠠᠨ ᠵᠢᠯ ᠪᠤᠯᠵᠦ ᠪᠠᠢᠭ᠎ᠠ ᠬᠠᠭᠤᠴᠢᠨ ᠬᠡᠷᠡᠭ ᠢ᠋ ᠭᠦᠢᠴᠡᠳᠭᠡᠭᠰᠡᠨ ᠪᠠᠢᠳᠠᠯ ᠢ ᠣᠢᠯᠠᠭᠠᠶ᠎ᠠ ᠃
ᠲᠤᠬᠠᠢ ᠶ᠋ᠢᠨ ᠬᠥᠮᠦᠨ ᠬᠤᠸᠠᠩ ᠣᠪᠣᠭᠲᠤ ᠪᠣᠯ ᠨᠢᠭᠡᠨ ᠠᠷᠠᠳ ᠤ᠋ᠨ ᠵᠢᠭᠡᠯᠡᠯᠭᠡ ᠶ᠋ᠢᠨ ᠵᠢᠭᠤᠷᠠᠯᠳᠤᠭᠠᠨ ᠤ᠋ ᠬᠡᠷᠡᠭ ᠦ᠋ᠨ ᠭᠦᠢᠴᠡᠳᠬᠡᠭᠳᠡᠭᠴᠢ ᠪᠣᠯᠤᠨ᠎ᠠ ᠃ 2015 ᠣᠨ ᠳ᠋ᠤ᠌ ᠂ ᠬᠤᠸᠠᠩ ᠣᠪᠣᠭᠲᠤ ᠵᠡᠷᠭᠡ ᠬᠥᠮᠦᠰ ᠪᠡᠯᠡ ᠮᠥᠩᠭᠥ ᠡᠷᠭᠢᠯᠳᠦᠭᠦᠯᠬᠦ ᠴᠢᠬᠤᠯᠠ ᠲᠠᠢ ᠡᠴᠡ ᠪᠣᠯᠵᠤ ᠯᠢᠦ ᠣᠪᠣᠭᠲᠤ ᠠ᠋ᠴᠠ 487 ᠲᠦᠮᠡᠨ ᠲᠥᠭᠥᠷᠢᠭ ᠵᠢᠭᠡᠯᠡᠵᠦ ᠂ ᠰᠡᠭᠦᠯᠡᠷ ᠨᠢ ᠲᠣᠭᠲᠠᠭᠰᠠᠨ ᠴᠠᠭ ᠲᠠᠭᠠᠨ ᠡᠬᠡ ᠬᠦᠦ ᠮᠥᠩᠭᠥ ᠪᠡᠨ ᠪᠤᠴᠠᠭᠠᠵᠤ ᠦᠭᠭᠦᠭᠰᠡᠨ ᠦᠭᠡᠢ ᠪᠠᠢᠯ᠎ᠠ ᠃ ᠰᠢᠭᠦᠨ ᠲᠠᠰᠤᠯᠤᠯᠲᠠ ᠬᠦᠴᠦᠨ ᠲᠡᠢ ᠪᠣᠯᠤᠭᠰᠠᠨ ᠤ᠋ ᠳᠠᠷᠠᠭ᠎ᠠ ᠂ ᠬᠤᠸᠠᠩ ᠣᠪᠣᠭᠲᠤ ᠬᠦᠴᠦᠨ ᠲᠡᠢ ᠰᠢᠭᠦᠨ ᠲᠠᠰᠤᠯᠤᠯᠲᠠ ᠳ᠋ᠤ᠌ ᠲᠣᠭᠲᠠᠭᠠᠭᠰᠠᠨ ᠡᠭᠦᠷᠭᠡ ᠪᠡᠨ ᠲᠣᠭᠲᠠᠭᠰᠠᠨ ᠬᠤᠭᠤᠴᠠᠭᠠᠨ ᠳ᠋ᠤ᠌ ᠭᠦᠢᠴᠡᠳᠬᠡᠭᠰᠡᠨ ᠦᠭᠡᠢ ᠂ ᠯᠢᠦ ᠣᠪᠣᠭᠲᠤ ᠰᠢᠭᠦᠬᠦ ᠬᠣᠷᠢᠶᠠᠨ ᠳ᠋ᠤ᠌ ᠠᠯᠪᠠᠳᠠᠯᠭ᠎ᠠ ᠪᠠᠷ ᠬᠡᠷᠡᠭᠵᠢᠭᠦᠯᠬᠦ ᠪᠡᠷ ᠭᠤᠶᠤᠴᠢᠯᠠᠪᠠ ᠃ ᠬᠡᠷᠡᠭ ᠪᠣᠯᠭᠠᠨ ᠳᠠᠩᠰᠠᠯᠠᠬᠤ ᠶ᠋ᠢ ᠭᠦᠢᠴᠡᠳᠭᠡᠭᠰᠡᠨ ᠦ᠌ ᠳᠠᠷᠠᠭ᠎ᠠ ᠰᠢᠭᠦᠬᠦ ᠬᠣᠷᠢᠶ᠎ᠠ ᠬᠤᠸᠠᠩ ᠣᠪᠣᠭᠲᠤ ᠶ᠋ᠢᠨ ᠨᠡᠷ᠎ᠡ ᠳᠣᠣᠷᠠᠬᠢ ᠡᠳ᠋ ᠬᠥᠷᠥᠩᠭᠡ ᠶᠢ ᠬᠠᠤᠯᠢ ᠶᠣᠰᠣᠭᠠᠷ ᠪᠠᠢᠴᠠᠭᠠᠨ ᠯᠠᠪᠯᠠᠭᠰᠠᠨ ᠤ ᠳ᠋ᠦᠩ ᠳᠦ ᠂ ᠬᠤᠸᠠᠩ ᠣᠪᠣᠭᠲᠤ ᠶ᠋ᠢᠨ ᠠᠵᠢᠯ ᠠ᠋ᠴᠠ ᠪᠠᠨ ᠠᠮᠠᠷᠠᠭᠰᠠᠨ ᠴᠠᠯᠢᠩ ᠠ᠋ᠴᠠ ᠭᠠᠳᠠᠨ᠎ᠠ ᠂ ᠭᠦᠢᠴᠡᠳᠬᠡᠵᠦ ᠪᠣᠯᠬᠤ ᠪᠤᠰᠤᠳ ᠡᠳ᠋ ᠬᠥᠷᠥᠩᠭᠡ ᠢᠯᠡᠷᠡᠭᠰᠡᠨ ᠦᠭᠡᠢ ᠂ ᠲᠤᠰ ᠬᠡᠷᠡᠭ ᠵᠢᠷᠥᠮ ᠶᠣᠰᠣᠭᠠᠷ《 ᠭᠦᠢᠴᠡᠳᠭᠡᠬᠦ ᠢ ᠡᠴᠦᠰᠯᠡᠭᠦᠯᠦᠭᠰᠡᠨ 》 ᠪᠠᠢᠨ᠎ᠠ ᠃
ᠲᠤᠰ ᠬᠡᠷᠡᠭ ᠨᠢ ᠭᠦᠢᠴᠡᠳᠬᠡᠬᠦ ᠶᠢ ᠡᠴᠦᠰᠯᠡᠭᠦᠯᠬᠦ ᠬᠤᠭᠤᠴᠠᠭᠠᠨ ᠳᠦ ᠣᠷᠣᠭᠰᠠᠨ ᠤ᠋ ᠳᠠᠷᠠᠭ᠎ᠠ ᠂ ᠭᠦᠢᠴᠡᠳᠬᠡᠭᠴᠢ ᠰᠢᠭᠦᠭᠴᠢ ᠲᠤᠰ ᠬᠡᠷᠡᠭ ᠲᠦ᠍ ᠠᠩᠬᠠᠷᠤᠯ ᠲᠠᠯᠪᠢᠬᠤ ᠪᠡᠨ ᠶᠡᠷᠦ ᠵᠣᠭᠰᠤᠭᠰᠠᠨ ᠥᠬᠡᠢ ᠃ ᠲᠤᠰ ᠬᠡᠷᠡᠭ ᠪᠠᠰᠠ 100 ᠭᠠᠷᠤᠢ ᠲᠦᠮᠡᠨ ᠲᠥᠭᠥᠷᠢᠭ ᠭᠦᠢᠴᠡᠳᠬᠡᠭᠡᠳᠦᠢ ᠶᠢ ᠪᠣᠳᠤᠯᠬᠢᠯᠠᠬᠤ ᠲᠠᠢ ᠵᠡᠷᠭᠡ ᠂ ᠭᠦᠢᠴᠡᠳᠬᠡᠭᠳᠡᠭᠴᠢ ᠬᠤᠸᠠᠩ ᠣᠪᠣᠭᠲᠤ ᠶ᠋ᠢᠨ ᠴᠠᠯᠢᠩ ᠰᠠᠷ᠎ᠠ ᠪᠦᠷᠢ ᠵᠥᠪᠬᠡᠨ 6000 ᠭᠠᠷᠤᠢ ᠲᠥᠭᠥᠷᠢᠭ ᠪᠠᠢᠵᠦ ᠂ ᠬᠤᠸᠠᠩ ᠣᠪᠣᠭᠲᠤ ᠶ᠋ᠢᠨ ᠤᠯᠬᠤ ᠶᠣᠰᠣᠲᠠᠢ ᠠᠮᠢᠳᠤᠷᠠᠯ ᠤᠨ ᠵᠠᠷᠤᠳᠠᠯ ᠢ ᠭᠠᠷᠭᠠᠪᠠᠯ᠂ 20 ᠵᠢᠯ ᠣᠷᠴᠢᠮ ᠬᠡᠷᠡᠭᠰᠡᠪᠡᠯ ᠰᠠᠶᠢ ᠭᠦᠢᠴᠡᠳᠬᠡᠵᠦ ᠪᠠᠷᠠᠨ᠎ᠠ ᠃ ᠭᠦᠢᠴᠡᠳᠬᠡᠭᠳᠡᠭᠴᠢ ᠬᠤᠸᠠᠩ ᠣᠪᠣᠭᠲᠤ ᠶ᠋ᠢᠨ ᠵᠢᠯ ᠪᠦᠷᠢ ᠶ᠋ᠢᠨ ᠴᠠᠯᠢᠩ ᠡᠴᠡ ᠨᠢ ᠰᠠᠭᠤᠯᠭᠠᠵᠤ ᠂ ᠦᠯᠦ ᠬᠥᠳᠡᠯᠭᠡᠬᠦ ᠂ ᠡᠳ᠋ ᠬᠥᠷᠥᠩᠭᠡ ᠶᠢᠨ ᠭᠠᠳᠠᠭᠰᠢ ᠭᠠᠷᠭᠠᠬᠤ ᠦᠭᠡᠢ ᠶᠢ ᠪᠠᠲᠤᠯᠠᠬᠤ ᠶ᠋ᠢᠨ ᠬᠠᠮᠲᠤ᠂ ᠭᠦᠢᠴᠡᠳᠭᠡᠭᠴᠢ ᠰᠢᠭᠦᠭᠴᠢ ᠭᠥᠢᠴᠡᠳᠬᠡᠯᠭᠡᠬᠦ ᠪᠡᠷ ᠭᠤᠶᠤᠴᠢᠯᠠᠭᠰᠠᠨ ᠯᠢᠦ ᠣᠪᠣᠭᠲᠤ ᠳ᠋ᠤ᠌ ᠢᠳᠡᠪᠬᠢᠲᠠᠢ ᠪᠡᠷ ᠰᠦᠪᠡᠭᠴᠢ ᠡᠷᠢᠬᠦ ᠬᠡᠷᠡᠭᠲᠡᠢ ᠭᠡᠵᠦ ᠵᠣᠷᠢᠭᠵᠢᠭᠤᠯᠵᠤ ᠂ ᠭᠦᠢᠴᠡᠳᠬᠡᠭᠳᠡᠭᠴᠢ ᠲᠡᠢ ᠰᠠᠨᠠᠭᠠᠴᠢᠯᠠᠭ᠎ᠠ ᠡᠴᠡ ᠪᠡᠨ ᠬᠠᠷᠢᠯᠴᠠᠭᠰᠠᠨ ᠪᠠᠢᠨ᠎ᠠ ᠃ ᠵᠣᠷᠢᠭᠯᠠᠪᠠᠯ ᠵᠣᠷᠢᠭᠰᠠᠨ ᠳ᠋ᠠᠭᠠᠨ ᠬᠦᠷᠬᠦ ᠭᠡᠳᠡᠭ ᠪᠡᠷ᠂ ᠬᠤᠸᠠᠩ ᠣᠪᠣᠭᠲᠤ ᠨᠢᠭᠡ ᠯᠡ ᠤᠳᠠᠭ᠎ᠠ ᠲᠣᠷ ᠰᠢᠢᠳᠪᠦᠷᠢᠯᠡᠵᠦ ᠳᠠᠭᠤᠰᠭᠠᠬᠤ ᠵᠥᠪᠳᠡᠯᠭᠡ ᠶᠢ ᠵᠥᠪᠰᠢᠶᠡᠷᠡᠭᠰᠡᠨ ᠪᠠᠢᠨ᠎ᠠ ᠂ ᠭᠦᠢᠴᠡᠳᠬᠡᠭᠴᠢ ᠰᠢᠭᠦᠭᠴᠢ ᠶ᠋ᠢᠨ ᠡᠷᠬᠢᠯᠡᠯ ᠳᠣᠣᠷ᠎ᠠ ᠬᠣᠶᠠᠷ ᠲᠠᠯ᠎ᠠ ᠪᠠᠷ ᠢ᠋ᠶ᠋ᠠᠨ ᠡᠪᠰᠡᠬᠦ ᠵᠥᠪᠯᠡᠯᠴᠡᠬᠡᠷ ᠬᠢᠵᠦ ᠂ ᠬᠤᠸᠠᠩ ᠣᠪᠣᠭᠲᠤ ᠶ᠋ᠢᠨ ᠥᠬᠢᠨ ᠨᠢ ᠲᠤᠬᠠᠢ ᠲᠠᠯᠠᠪᠤᠷ ᠳᠦ 30 ᠢᠯᠡᠭᠦᠦ ᠲᠦᠮᠡᠨ ᠲᠥᠭᠥᠷᠢᠭ ᠵᠢᠴᠢ ᠥᠪᠡᠷ ᠦ᠋ᠨ ᠮᠠᠰᠢᠨ ᠲᠡᠷᠭᠡ ᠵᠡᠷᠭᠡ ᠪᠡᠨ ᠲᠤᠯᠭᠠᠨ ᠰᠠᠭᠤᠯᠭᠠᠵᠦ ᠥᠭᠭᠦᠭᠰᠡᠨ ᠪᠠᠢᠨ᠎ᠠ ᠃ ᠡᠨᠡ ᠤᠳᠠᠭ᠎ᠠ ᠬᠤᠸᠠᠩ ᠣᠪᠣᠭᠲᠤ ᠨᠢᠭᠡ ᠯᠡ ᠤᠳᠠᠭ᠎ᠠ ᠳ᠋ᠤ᠌ 85 ᠲᠦᠮᠡᠨ ᠲᠥᠭᠥᠷᠢᠭ ᠦ᠋ᠨ ᠥᠷᠢᠲᠦᠭᠰᠡᠨ ᠵᠣᠭᠣᠰ ᠢ᠋ᠶ᠋ᠠᠨ ᠭᠦᠢᠴᠡᠳᠬᠡᠵᠦ ᠂ ᠦᠯᠡᠳᠡᠭᠰᠡᠨ 6 ᠲᠦᠮᠡᠨ ᠲᠥᠭᠥᠷᠢᠭ ᠢ᠋ ᠭᠦᠢᠴᠡᠳᠬᠡᠭᠳᠡᠭᠴᠢ ᠬᠤᠸᠠᠩ ᠣᠪᠣᠭᠲᠤ ᠠᠮᠢᠳᠤᠷᠠᠯ ᠤ᠋ᠨ ᠰᠦᠢᠳᠬᠡᠯ ᠢᠶᠡᠨ ᠠᠪᠬᠤ ᠦᠭᠡᠢ ᠪᠡᠷ ᠴᠠᠯᠢᠩ ᠢᠶᠡᠷ ᠢᠶᠡᠨ ᠰᠠᠭᠤᠯᠭᠠᠵᠦ ᠭᠦᠢᠴᠡᠳᠬᠡᠵᠦ ᠪᠠᠷᠠᠬᠤ ᠪᠡᠷ ᠪᠣᠯᠪᠠ ᠃ ᠲᠤᠰ ᠬᠡᠷᠡᠭ ᠢ᠋ ᠭᠦᠢᠴᠡᠳᠬᠡᠬᠦ ᠶᠢ ᠡᠴᠦᠰᠯᠡᠭᠦᠯᠬᠦ ᠬᠤᠭᠤᠴᠠᠭᠠᠨ ᠳ᠋ᠤ᠌ ᠰᠢᠢᠳᠪᠦᠷᠢᠯᠡᠭᠰᠡᠨ ᠪᠠᠢᠨ᠎ᠠ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 2023 ᠣᠨ ᠤ᠋ 9 ᠰᠠᠷ᠎ᠠ ᠳ᠋ᠤ᠌ ᠬᠠᠤᠯᠢ ᠶᠣᠰᠣᠭᠠᠷ ᠳᠠᠭᠤᠰᠬᠠᠵᠤ ᠭᠦᠢᠴᠡᠳᠬᠡᠭᠰᠡᠨ ᠪᠠᠢᠨ᠎ᠠ ᠃ ᠢᠩᠭᠢᠭᠰᠡᠨ ᠢ᠋ᠶ᠋ᠡᠷ ᠂ ᠠᠷᠪᠠᠨ ᠵᠢᠯ ᠦᠷᠭᠦᠯᠵᠢᠯᠡᠭᠰᠡᠨ ᠡᠨᠡ ᠬᠦ᠌ ᠬᠡᠷᠡᠭ ᠡᠴᠦᠰ ᠲᠡᠭᠡᠨ ᠲᠡᠭᠦᠰ ᠠᠮᠵᠢᠯᠲᠠ ᠲᠠᠢ ᠰᠢᠢᠳᠪᠦᠷᠢᠯᠡᠭᠳᠡᠵᠡᠢ ᠃
ᠰᠢᠭᠦᠬᠦ ᠲᠤᠰᠢᠶᠠᠯᠲᠠᠨ ᠤ᠋ ᠬᠠᠤᠯᠢ ᠲᠦᠭᠡᠮᠡᠯᠵᠢᠭᠦᠯᠬᠦ ᠴᠠᠭ
ᠶᠠᠭᠤ ᠶ᠋ᠢ 《ᠭᠦᠢᠴᠡᠳᠬᠡᠬᠦ ᠶᠢ ᠡᠴᠦᠰᠯᠡᠭᠦᠯᠬᠦ》 ᠭᠡᠳᠡᠭ ᠪᠣᠢ ?
《ᠭᠦᠢᠴᠡᠳᠬᠡᠬᠦ ᠶᠢ ᠡᠴᠦᠰᠯᠡᠭᠦᠯᠬᠦ 》 ᠭᠡᠬᠦ ᠶᠢᠨ ᠪᠥᠬᠦ ᠨᠡᠷᠡᠢᠳᠡᠯ ᠨᠢ ᠲᠤᠰ ᠤᠳᠠᠭᠠᠨ ᠤ᠋ ᠭᠦᠢᠴᠡᠳᠬᠡᠬᠦ ᠵᠢᠷᠤᠮ ᠢ᠋ ᠡᠴᠦᠰᠯᠡᠭᠦᠯᠬᠦ ᠭᠡᠳᠡᠭ ᠂ ᠭᠣᠣᠯᠳᠠᠭᠤ ᠦᠨᠡᠨᠬᠦ ᠭᠦᠢᠴᠡᠳᠭᠡᠬᠦ ᠡᠳ᠋ ᠬᠥᠷᠥᠩᠭᠡ ᠥᠬᠡᠢ ᠪᠠᠢᠳᠠᠯ ᠳᠣᠣᠷ᠎ᠠ ᠰᠢᠭᠦᠬᠦ ᠬᠣᠷᠢᠶ᠎ᠠ ᠠ᠋ᠴᠠ ᠭᠦᠢᠴᠡᠳᠬᠡᠬᠦ ᠵᠢᠷᠤᠮ ᠢ᠋ ᠲᠦᠷ ᠴᠠᠭ ᠳᠠᠭᠤᠰᠬᠠᠭᠰᠠᠨ ᠤ᠋ ᠬᠠᠮᠲᠤ ᠬᠡᠷᠡᠭ ᠢ᠋ ᠰᠢᠢᠳᠪᠦᠷᠢᠯᠡᠵᠦ ᠂ ᠡᠳ᠋ ᠬᠥᠷᠥᠩᠭᠡ ᠪᠠᠢᠬᠤ ᠶᠢ ᠣᠯᠵᠤ ᠮᠡᠳᠡᠭᠰᠡᠨ ᠦ᠌ ᠳᠠᠷᠠᠭ᠎ᠠ ᠭᠦᠢᠴᠡᠳᠬᠡᠬᠦ ᠶ᠋ᠢ ᠦᠷᠭᠦᠯᠵᠢᠯᠡᠨ ᠰᠡᠷᠭᠦᠭᠡᠬᠦ ᠨᠢᠭᠡ ᠵᠦᠢᠯ ᠦ᠋ᠨ ᠳᠦᠷᠢᠮ ᠢ᠋ ᠵᠢᠭᠠᠵᠤ ᠪᠠᠢᠨ᠎ᠠ ᠃ 《ᠭᠦᠢᠴᠡᠳᠬᠡᠬᠦ ᠶᠢ ᠡᠴᠦᠰᠯᠡᠭᠦᠯᠬᠦ 》ᠨᠢ ᠴᠢᠩᠭ᠎ᠠ ᠨᠢᠮᠪᠠᠢ ᠬᠡᠷᠡᠭᠯᠡᠬᠦ ᠨᠥᠬᠥᠴᠡᠯ ᠲᠡᠢ ᠪᠠᠢᠳᠠᠭ ᠂ 《 ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠲᠤᠰ ᠤᠳᠠᠭᠠᠨ ᠤ᠋ ᠭᠦᠢᠴᠡᠳᠬᠡᠬᠦ ᠶᠢ ᠡᠴᠦᠰᠯᠡᠭᠦᠯᠬᠦ ᠵᠢᠷᠥᠮ ᠤᠨ ᠴᠢᠩᠭ᠎ᠠ ᠳᠦᠷᠢᠮᠵᠢᠭᠦᠯᠬᠦ ᠳᠤᠬᠠᠢ ᠲᠣᠭᠲᠠᠭᠠᠯ ( ᠲᠤᠷᠰᠢᠨ ᠬᠡᠷᠡᠭᠵᠢᠭᠦᠯᠬᠦ ) 》 ᠪᠣᠯᠤᠨ 《ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠣᠢᠷ᠎ᠠ ᠶ᠋ᠢᠨ ᠬᠤᠭᠤᠴᠠᠭᠠᠨ ᠤ᠋ ᠭᠦᠢᠴᠡᠳᠬᠡᠬᠦ ᠠᠵᠢᠯ ᠢ᠋ ᠤᠯᠠᠮ ᠨᠢᠭᠡ ᠠᠯᠬᠤᠮ ᠵᠢᠷᠤᠮᠵᠢᠭᠤᠯᠬᠤ ᠬᠣᠯᠪᠣᠭᠳᠠᠯ ᠪᠦᠬᠦᠢ ᠠᠰᠠᠭᠤᠳᠠᠯ ᠤ᠋ᠨ ᠲᠤᠬᠠᠢ ᠮᠡᠳᠡᠭᠳᠡᠯ 》 ᠦ᠋ᠨ ᠬᠠᠮᠢᠶ᠎ᠠ ᠪᠦᠬᠦᠢ ᠲᠣᠭᠲᠠᠭᠠᠯ ᠢ᠋ ᠦᠨᠳᠦᠰᠦᠯᠡᠨ ᠂ ᠬᠡᠷᠡᠭ ᠢ 《 ᠭᠦᠢᠴᠡᠳᠬᠡᠬᠦ ᠶᠢ ᠡᠴᠦᠰᠯᠡᠭᠦᠯᠬᠦ 》 ᠢ᠋ᠶ᠋ᠡᠷ ᠬᠢᠨᠠᠨ ᠳᠠᠰᠤᠯᠤᠯᠲᠠ ᠳᠦ ᠡᠷᠬᠡᠪᠡᠰᠢ ᠳᠣᠣᠷᠠᠬᠢ ᠨᠥᠬᠥᠴᠡᠯ ᠳ᠋ᠦ᠍ ᠨᠡᠢᠴᠡᠭᠰᠡᠨ ᠪᠠᠢᠬᠤ ᠬᠡᠷᠡᠭᠲᠡᠢ ᠄
( ᠨᠢᠭᠡ ) ᠭᠦᠢᠴᠡᠳᠬᠡᠭᠳᠡᠭᠴᠢ ᠳ᠋ᠦ᠍ ᠭᠦᠢᠴᠡᠳᠬᠡᠬᠦ ᠮᠡᠳᠡᠭᠳᠡᠯ ᠪᠠᠭᠤᠯᠭᠠᠵᠦ ᠂ ᠭᠦᠢᠴᠡᠳᠬᠡᠭᠳᠡᠬᠦ ᠬᠥᠮᠦᠨ ᠢ᠋ ᠵᠠᠷᠯᠢᠭᠳᠠᠵᠤ ᠪᠠᠢᠭᠠᠳ ᠡᠳ᠋ ᠬᠥᠷᠥᠩᠭᠡ ᠶᠢᠨ ᠮᠡᠳᠡᠭᠦᠯᠦᠯᠲᠡ ᠬᠢᠯᠭᠡᠨ᠎ᠡ ;
( ᠬᠣᠶᠠᠷ ) ᠭᠦᠢᠴᠡᠳᠬᠡᠭᠳᠡᠭᠴᠢ ᠳ᠋ᠦ᠍ ᠬᠡᠷᠡᠭᠯᠡᠭᠡᠨ ᠢ᠋ ᠬᠢᠵᠠᠭᠠᠷᠯᠠᠬᠤ ᠵᠠᠷᠯᠢᠭ ᠪᠠᠭᠤᠯᠭᠠᠬᠤ ᠪᠥᠭᠡᠳ ᠨᠥᠬᠥᠴᠡᠯ ᠳ᠋ᠦ᠍ ᠨᠡᠢᠴᠡᠭᠰᠡᠨ ᠭᠦᠢᠴᠡᠳᠬᠡᠭᠳᠡᠭᠴᠢ ᠢ᠋ ᠢᠲᠡᠭᠡᠯ ᠢ᠋ᠶ᠋ᠡᠨ ᠠᠯᠳᠠᠭᠰᠠᠨ ᠭᠦᠢᠴᠡᠳᠬᠡᠭᠳᠡᠬᠦ ᠬᠥᠮᠦᠨ ᠦ᠌ ᠨᠡᠷᠡᠰ ᠲᠦ᠍ ᠣᠷᠤᠭᠤᠯᠤᠨ᠎ᠠ ;
( ᠭᠤᠷᠪᠠ ) ᠡᠳ᠋ ᠬᠥᠷᠥᠩᠭᠡ ᠶ᠋ᠢ ᠪᠠᠢᠴᠠᠭᠠᠬᠤ ᠠᠷᠭ᠎ᠠ ᠬᠡᠮᠵᠢᠶ᠎ᠡ ᠶ᠋ᠢ ᠪᠦᠷ ᠬᠡᠷᠡᠭᠯᠡᠭᠰᠡᠨ ᠪᠠᠢᠲᠠᠯ ᠳᠣᠣᠷ᠎ᠠ ᠭᠦᠢᠴᠡᠳᠬᠡᠭᠳᠡᠭᠴᠢ ᠶᠢᠨ ᠭᠦᠢᠴᠡᠳᠬᠡᠵᠦ ᠪᠣᠯᠬᠤ ᠡᠳ᠋ ᠬᠥᠷᠥᠩᠭᠡ ᠶᠢ ᠮᠡᠳᠡᠭᠰᠡᠨ ᠦᠭᠡᠢ ᠪᠤᠶᠤ ᠣᠯᠵᠤ ᠮᠡᠳᠡᠭᠰᠡᠨ ᠡᠳ᠋ ᠬᠥᠷᠥᠩᠭᠡ ᠨᠢ ᠰᠢᠢᠳᠪᠦᠷᠢᠯᠡᠵᠦ ᠳᠡᠢᠯᠬᠦ ᠦᠭᠡᠢ ᠦᠶᠡᠰ᠃
( ᠳᠥᠷᠪᠡ ) ᠭᠦᠢᠴᠡᠳᠬᠡᠭᠳᠡᠭᠴᠢ ᠨᠢ ᠰᠤᠷᠠᠭ ᠴᠢᠮᠡᠭᠡ ᠦᠭᠡᠢ ᠪᠠᠢᠳᠠᠯ ᠳᠣᠣᠷ᠎ᠠ ᠬᠠᠤᠯᠢ ᠶᠣᠰᠣᠭᠠᠷ ᠪᠠᠢᠴᠠᠭᠠᠨ ᠡᠷᠢᠬᠦ ; ᠭᠦᠢᠴᠡᠳᠬᠡᠭᠳᠡᠭᠴᠢ ᠪᠤᠶᠤ ᠪᠤᠰᠤᠳ ᠬᠥᠮᠦᠨ ᠭᠦᠢᠴᠡᠳᠬᠡᠬᠦ ᠶ᠋ᠢ ᠬᠠᠷᠰᠢᠯᠠᠭᠰᠠᠨ ᠪᠠᠢᠪᠠᠯ ᠂ ᠬᠠᠤᠯᠢ ᠶᠣᠰᠣᠭᠠᠷ ᠵᠣᠭᠣᠰ ᠢ᠋ᠶ᠋ᠠᠷ ᠲᠣᠷᠭᠠᠬᠤ ᠂ ᠲᠦᠷ ᠬᠣᠷᠢᠬᠤ ᠵᠡᠷᠭᠡ ᠠᠯᠪᠠᠳᠠᠯᠭ᠎ᠠ ᠶ᠋ᠢᠨ ᠠᠷᠭ᠎ᠠ ᠬᠡᠮᠵᠢᠶ᠎ᠡ ᠠᠪᠬᠤ ᠮᠥᠷᠲᠡᠭᠡᠨ ᠶᠠᠯ᠎ᠠ ᠪᠣᠯᠵᠤ ᠪᠦᠷᠢᠯᠳᠦᠭᠰᠡᠨ ᠪᠠᠢᠪᠠᠯ ᠂ ᠬᠠᠤᠯᠢ ᠶᠣᠰᠣᠭᠠᠷ ᠡᠷᠡᠭᠦᠦ ᠶ᠋ᠢᠨ ᠬᠠᠷᠢᠭᠤᠴᠠᠯᠭ᠎ᠠ ᠨᠡᠬᠡᠮᠵᠢᠯᠡᠬᠦ ᠵᠢᠷᠤᠮ ᠢ᠋ ᠬᠡᠷᠡᠭᠵᠢᠭᠦᠯᠦᠨ᠎ᠡ ᠃ ᠡᠭᠦᠨ ᠦ᠌ ᠬᠠᠮᠲᠤ ᠂ ᠡᠩ ᠦ᠋ᠨ ᠪᠠᠢᠳᠠᠯ ᠳᠣᠣᠷ᠎ᠠ ᠭᠦᠢᠴᠡᠳᠬᠡᠬᠦ ᠬᠡᠷᠡᠭ ᠢ᠋ ᠬᠡᠷᠡᠭ ᠪᠣᠯᠭᠠᠨ ᠳᠠᠩᠰᠠᠯᠠᠭᠰᠠᠨ ᠡᠳᠦᠷ ᠡᠴᠡ ᠡᠬᠢᠯᠡᠨ ᠭᠤᠷᠪᠠᠨ ᠰᠠᠷ᠎ᠠ ᠬᠡᠲᠦᠷᠡᠭᠰᠡᠨ ᠨᠥᠬᠥᠴᠡᠯ ᠢ᠋ ᠬᠠᠩᠭᠠᠬᠤ ᠵᠣᠬᠢᠰᠲᠠᠢ ᠂ ᠭᠡᠪᠡᠴᠦ ᠭᠦᠢᠴᠡᠳᠬᠡᠬᠦ ᠰᠢᠭᠦᠬᠦ ᠬᠣᠷᠢᠶ᠎ᠠ ᠬᠠᠮᠢᠶ᠎ᠠ ᠪᠦᠬᠦᠢ ᠵᠢᠷᠤᠮ ᠤᠨ ᠪᠠᠷᠢᠮᠵᠢᠶ᠎ᠠ ᠪᠠ ᠮᠥᠨ ᠴᠢᠨᠠᠷ ᠤ᠋ᠨ ᠪᠠᠷᠢᠮᠵᠢᠶ᠎ᠠ ᠪᠡᠷ ᠭᠦᠢᠴᠡᠳᠬᠡᠬᠦ ᠴᠢᠬᠤᠯᠠ ᠪᠥᠬᠦᠢ ᠠᠷᠭ᠎ᠠ ᠪᠠᠷᠢᠯ ᠢᠶᠡᠷ ᠪᠡᠶᠡᠯᠡᠭᠦᠯᠦᠭᠰᠡᠨ ᠪᠠᠢᠪᠠᠯ ᠂ ᠲᠤᠰ ᠨᠥᠬᠥᠴᠡᠯ ᠳ᠋ᠦ᠍ ᠬᠢᠵᠠᠭᠠᠷᠯᠠᠭᠳᠠᠬᠤ ᠦᠭᠡᠢ ᠪᠠᠢᠵᠤ ᠪᠣᠯᠤᠨ᠎ᠠ ᠃
ᠦᠨᠡᠯᠡᠬᠦ 0ᠦᠨᠡᠯᠡᠯᠲᠡ᠎ᠲᠠᠢ