ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠡᠷᠡᠰ ᠪᠠᠲᠦ ᠬᠦᠰᠡᠯᠡᠩ ᠂ ᠨᠠᠮᠴᠢ ᠴᠢᠨᠠᠷ ᠢ᠋ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶ᠋ᠢ ᠵᠢᠭᠠᠨ ᠵᠢᠯᠤᠭᠤᠳᠤᠯᠬᠤ ᠂ ᠠᠵᠢᠯ ᠢ᠋ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭᠠᠨ ᠬᠤᠪᠢᠷᠠᠭᠤᠯᠬᠤ ᠶ᠋ᠢᠨ ᠲᠤᠰᠠᠳᠠ ᠂ 9 ᠰᠠᠷ᠎ᠠ ᠶ᠋ᠢᠨ 14 ᠦ᠌ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ 《 ᠬᠦᠰᠡᠯᠡᠩ ᠢᠲᠡᠭᠡᠯ ᠵᠣᠷᠢᠭ ᠢ᠋ᠶ᠋ᠠᠨ ᠪᠠᠲᠤᠳᠬᠠᠨ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠬᠦ 》 ᠭᠡᠬᠦ ᠰᠡᠳᠦᠪ ᠢ᠋ᠶ᠋ᠡᠷ᠂ ᠵᠢᠷᠭᠤᠳᠤᠭᠠᠷ ᠤᠳᠠᠭᠠᠨ ᠤ ᠨᠠᠮ ᠤ᠋ᠨ ᠡᠭᠦᠷ ᠦ᠋ᠨ ᠪᠦᠬᠦ ᠨᠠᠮ ᠤ᠋ᠨ ᠭᠡᠰᠢᠭᠦᠨ ᠺᠠᠲᠷ ᠴᠠᠭᠳᠠᠭ᠎ᠠ ᠨᠠᠷ ᠲᠦ ᠨᠢᠭᠡᠨ ᠭᠣᠣᠯ ᠰᠡᠳᠦᠪ ᠨᠢ ᠢᠯᠡ ᠲᠣᠳᠣ ᠂ ᠭᠣᠣᠯᠳᠠᠯᠭ᠎ᠠ ᠨᠢ ᠳᠣᠪᠣᠢᠮ᠎ᠠ ᠨᠠᠮ ᠤ᠋ᠨ ᠬᠥᠮᠦᠵᠢᠯ ᠡᠷᠬᠢᠯᠡᠭᠰᠡᠨ ᠪᠠᠢᠨ᠎ᠠ ᠃
ᠨᠠᠮ ᠤ᠋ᠨ ᠬᠥᠮᠦᠵᠢᠯ ᠨᠢ《 ᠵᠥᠪ ᠣᠨᠣᠪᠴᠢᠲᠠᠢ ᠤᠯᠤᠰ ᠲᠥᠷᠥ ᠶ᠋ᠢᠨ ᠴᠢᠭᠯᠡᠯ ᠢ᠋ ᠪᠠᠲᠤᠯᠠᠬᠤ ᠂ < ᠬᠣᠶᠠᠷ ᠢ᠋ ᠪᠠᠢᠭᠤᠯᠬᠤ > ᠶ᠋ᠢ ᠡᠷᠡᠰ ᠬᠠᠮᠠᠭᠠᠯᠠᠬᠤ ᠂ ᠪᠣᠳᠠᠲᠠᠢ ᠶᠢ ᠬᠢᠵᠦ ᠬᠠᠷᠢᠭᠤᠴᠠᠯᠭ᠎ᠠ ᠡᠭᠦᠷᠭᠡᠯᠡᠵᠦ ᠬᠥᠭᠵᠢᠯᠲᠡ ᠶ᠋ᠢ ᠠᠬᠢᠭᠤᠯᠬᠤ ᠂ ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠦᠮᠡᠨ ᠳ᠋ᠦ᠍ ᠦᠢᠯᠡᠴᠢᠯᠡᠬᠦ ᠪᠠ ᠠᠷᠢᠭᠤᠨ ᠴᠢᠬᠡᠴᠢ ᠪᠡᠷ ᠨᠡᠢᠲᠡ ᠶ᠋ᠢᠨ ᠲᠥᠯᠥᠭᠡ ᠵᠢᠳᠬᠦᠵᠦ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ 》 ᠭᠡᠬᠦ ᠲᠠᠪᠤᠨ ᠲᠠᠯ᠎ᠠ ᠪᠠᠷ ᠠᠷᠠᠳ ᠤ᠋ᠨ ᠰᠢᠭᠦᠬᠦ ᠬᠣᠷᠢᠶ᠎ᠠ ᠠᠵᠢᠯ ᠤ᠋ᠨ ᠦᠢᠯᠡᠳᠦᠯᠭᠡ ᠶ᠋ᠢᠨ ᠳᠤᠮᠳᠠ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠬᠡᠷᠬᠢᠨ ᠲᠤᠤᠱᠯᠠᠭᠤᠯᠤᠨ ᠨᠠᠢᠳᠠᠪᠤᠷᠢᠵᠢᠭᠤᠯᠬᠤ ᠲᠤᠬᠠᠢ ᠠᠭᠤᠯᠭ᠎ᠠ ᠶᠢᠨ ᠲᠣᠭᠤᠷᠢᠨ ᠳᠦ ᠡᠷᠬᠢᠯᠡᠭᠰᠡᠨ ᠪᠠᠢᠨ᠎ᠠ᠃
ᠨᠠᠮ ᠤ᠋ᠨ ᠬᠥᠮᠦᠵᠢᠯ ᠵᠢᠭᠠᠵᠤ ᠭᠠᠷᠭᠠᠭᠰᠠᠨ ᠨᠢ ᠂ ᠨᠠᠮ ᠤ᠋ᠨ ᠬᠣᠷᠢᠳᠤᠭᠠᠷ ᠶᠡᠬᠡ ᠬᠤᠷᠠᠯ ᠠ᠋ᠴᠠ ᠨᠠᠮ ᠪᠠ ᠤᠯᠤᠰ ᠤ᠋ᠨ ᠠᠵᠢᠯ ᠦᠢᠯᠡᠰ ᠦ᠋ᠨ ᠤᠷᠤᠭᠰᠢᠯᠠᠯᠲᠠ ᠶ᠋ᠢᠨ ᠴᠢᠭᠯᠡᠯ ᠢ᠋ ᠤᠯᠠᠮ ᠨᠢᠭᠡ ᠠᠯᠬᠤᠮ ᠲᠣᠳᠣᠷᠬᠠᠢ ᠵᠢᠭᠠᠵᠤ ᠂ ᠨᠡᠢᠭᠡᠮ ᠵᠢᠷᠤᠮ ᠤ᠋ᠨ ᠣᠳᠣᠬᠢᠴᠢᠯᠠᠭᠰᠠᠨ ᠤᠯᠤᠰ ᠢ᠋ ᠪᠥᠬᠥ ᠲᠠᠯ᠎ᠠ ᠪᠠᠷ ᠪᠦᠲᠦᠭᠡᠨ ᠪᠠᠢᠭᠤᠯᠬᠤ ᠂ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠲᠠ ᠶ᠋ᠢ ᠪᠥᠬᠥ ᠲᠠᠯ᠎ᠠ ᠪᠠᠷ ᠲᠦᠯᠬᠢᠨ ᠠᠬᠢᠭᠤᠯᠬᠤ ᠳ᠋ᠤ᠌ ᠪᠠᠢᠯᠳᠤᠬᠤ ᠪᠣᠳᠣᠯᠭ᠎ᠠ ᠶ᠋ᠢᠨ ᠠᠷᠭ᠎ᠠ ᠤᠬᠠᠭᠠᠨ ᠢ ᠵᠢᠭᠠᠨ ᠭᠠᠷᠭᠠᠵᠤ ᠂ ᠳᠡᠭᠡᠳᠦ ᠳᠡᠰ ᠦ᠋ᠨ ᠵᠢᠷᠤᠭ ᠲᠥᠯᠥᠪᠯᠡᠭᠡ ᠶ᠋ᠢ ᠰᠠᠢᠲᠤᠷ ᠬᠢᠵᠦ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠦᠵᠡᠯ ᠰᠠᠨᠠᠭᠠᠨ ᠤ᠋ ᠤᠬᠠᠮᠰᠠᠷ ᠪᠠ ᠠᠵᠢᠯᠯᠠᠭᠠᠨ ᠤ᠋ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ ᠂ ᠰᠤᠷᠤᠯᠴᠠᠯᠭ᠎ᠠ ᠶ᠋ᠢᠨ ᠦᠷ᠎ᠡ ᠪᠦᠲᠦᠮᠵᠢ ᠶ᠋ᠢ ᠦᠨᠡᠨᠬᠦ ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠬᠦ ᠂ ᠬᠦᠴᠢᠷ ᠪᠡᠷᠬᠡᠰᠢᠶᠡᠯ ᠢ᠋ ᠢᠯᠠᠨ ᠳᠠᠪᠠᠬᠤ ᠢᠲᠡᠭᠡᠯ ᠵᠣᠷᠢᠭ ᠪᠣᠯᠭᠠᠨ ᠬᠤᠪᠢᠷᠠᠭᠤᠯᠵᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠂ ᠬᠦᠴᠢᠷ ᠠᠰᠠᠭᠤᠳᠠᠯ ᠢ᠋ ᠰᠢᠢᠳᠪᠦᠷᠢᠯᠡᠬᠦ ᠴᠢᠳᠠᠪᠤᠷᠢ ᠪᠣᠯᠭᠠᠨ ᠬᠤᠪᠢᠷᠠᠭᠤᠯᠵᠤ ᠂ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠲᠦᠯᠬᠢᠨ ᠠᠬᠢᠭᠤᠯᠬᠤ ᠂ ᠠᠵᠢᠯ ᠤ᠋ᠨ ᠰᠢᠨ᠎ᠡ ᠪᠠᠢᠳᠠᠯ ᠢ᠋ ᠪᠣᠢ ᠪᠣᠯᠭᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠠᠢ᠃
ᠨᠠᠮ ᠤ᠋ᠨ ᠬᠥᠮᠦᠵᠢᠯ ᠴᠢᠬᠤᠯᠠᠴᠢᠯᠠᠭᠰᠠᠨ ᠨᠢ ᠂ ᠬᠣᠲᠠ ᠶ᠋ᠢᠨ ᠨᠠᠮ ᠤ᠋ᠨ ᠬᠣᠷᠢᠶ᠎ᠠ ᠣᠢᠷ᠎ᠠ ᠶ᠋ᠢᠨ ᠬᠤᠭᠤᠴᠠᠭᠠᠨ ᠳ᠋ᠤ᠌ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠢ᠋ ᠬᠤᠷᠠᠯᠳᠤᠭᠤᠯᠬᠤ ᠶ᠋ᠢᠨ ᠬᠠᠮᠲᠤ 《ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠡᠴᠡ ᠰᠢᠨ᠎ᠡ ᠴᠠᠭ ᠦᠶ᠎ᠡ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠲᠤᠬᠠᠢ ᠰᠠᠨᠠᠯ 》ᠢ᠋ ᠨᠡᠢᠲᠡᠯᠡᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠥᠷᠨᠢᠭᠦᠯᠦᠯᠲᠡ ᠳ᠋ᠦ᠍ ᠰᠢᠨ᠎ᠡ ᠱᠠᠭᠠᠷᠳᠠᠯᠭ᠎ᠠ ᠂ ᠰᠢᠨ᠎ᠡ ᠡᠭᠦᠷᠭᠡ ᠶ᠋ᠢ ᠳᠤᠷᠠᠳᠴᠠᠢ ᠃ ᠡᠭᠦᠨ ᠦ᠌ ᠬᠠᠮᠲᠤ ᠂ ᠡᠨᠡ ᠵᠢᠯ ᠪᠠᠰᠠ ᠪᠥᠬᠥ ᠬᠣᠲᠠ ᠶ᠋ᠢᠨ ᠰᠢᠭᠦᠬᠦ ᠬᠣᠷᠢᠶ᠎ᠠ 《 ᠳᠦᠷᠢᠮᠵᠢᠭᠰᠡᠨ ᠂ ᠰᠢᠯᠢᠳᠡᠭᠴᠢᠯᠡᠨ ᠴᠣᠮᠬᠠᠳᠭᠠᠭᠰᠠᠨ ᠂ ᠬᠤᠷᠳᠤᠴᠠ ᠪᠡᠨ ᠳᠡᠭᠡᠭᠰᠢᠯᠡᠭᠦᠯᠬᠦ》 ᠶ᠋ᠢ ᠠᠬᠢᠭᠤᠯᠬᠤ ᠵᠢᠯ ᠵᠢᠴᠢ 《 ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠣᠨ 》 ᠤ᠋ ᠠᠵᠢᠯᠯᠠᠭ᠎ᠠ ᠶ᠋ᠢ ᠪᠥᠬᠥ ᠲᠠᠯ᠎ᠠ ᠪᠠᠷ ᠥᠷᠨᠢᠭᠦᠯᠵᠦ ᠂ 《 ᠳᠣᠯᠣᠭᠠᠨ ᠶᠡᠬᠡ ᠢᠨᠵᠧᠨᠧᠷᠢᠩ 》 ᠢ᠋ ᠭᠦᠨᠵᠡᠭᠡᠢ ᠬᠡᠷᠡᠭᠵᠢᠭᠦᠯᠵᠦ ᠂ ᠬᠣᠶᠠᠷ ᠶᠡᠬᠡ ᠶᠠᠪᠤᠳᠠᠯ ᠢ᠋ ᠢᠳᠡᠪᠬᠢᠲᠡᠢ ᠰᠠᠢᠲᠤᠷ ᠬᠢᠬᠦ ᠪᠠ 《 ᠭᠤᠷᠪᠠᠨ ᠳᠥᠷᠪᠡᠨ 》 ᠦ᠌ ᠬᠠᠷᠠᠯᠲᠠ ᠶ᠋ᠢᠨ ᠡᠭᠦᠷᠭᠡ ᠶ᠋ᠢ ᠨᠠᠢᠳᠠᠪᠤᠷᠢᠵᠢᠭᠤᠯᠬᠤ ᠶ᠋ᠢ ᠲᠦᠯᠬᠢᠨ ᠠᠬᠢᠭᠤᠯᠬᠤ ᠪᠡᠷᠬᠡ ᠶᠢ ᠳᠠᠪᠠᠬᠤ ᠵᠢᠯ ᠂ ᠴᠠᠭ ᠬᠤᠭᠤᠴᠠᠭ᠎ᠠ ᠪᠠᠴᠢᠮ ᠂ ᠡᠭᠦᠷᠭᠡ ᠬᠦᠨᠳᠦ ᠂ ᠡᠷᠬᠡᠪᠰᠢ ᠤᠯᠤᠰ ᠲᠥᠷᠥ ᠶ᠋ᠢᠨ ᠵᠣᠭᠰᠣᠴᠠ ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ᠋ᠶ᠋ᠠᠨ ᠦᠨᠡᠨᠬᠦ ᠳᠡᠭᠡᠭᠰᠢᠯᠡᠭᠦᠯᠵᠦ ᠂ ᠳᠡᠭᠡᠳᠦ ᠬᠡᠮᠵᠢᠶᠡᠨ ᠦ᠌ ᠤᠯᠤᠰ ᠲᠥᠷᠥ ᠶ᠋ᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠡᠷ ᠨᠠᠮ ᠤ᠋ᠨ ᠡᠭᠦᠷ ᠦ᠋ᠨ《 ᠤᠭ ᠰᠠᠨᠠᠭ᠎ᠠ ᠪᠡᠨ ᠪᠠᠲᠤ ᠰᠠᠬᠢᠵᠤ ᠂ ᠨᠠᠷᠢᠯᠢᠭ ᠣᠨᠣᠪᠴᠢᠲᠠᠢ ᠪᠠᠲᠤᠯᠠᠭ᠎ᠠ 》 ᠨᠠᠮ ᠤ᠋ᠨ ᠪᠠᠢᠭᠤᠯᠤᠯᠲᠠ ᠶ᠋ᠢᠨ ᠨᠡᠷᠡᠲᠦ ᠲᠡᠮᠳᠡᠭ ᠦ᠋ᠨ ᠪᠦᠲᠦᠭᠡᠨ ᠪᠠᠢᠭᠤᠯᠤᠯᠲᠠ ᠶ᠋ᠢ ᠴᠢᠩᠭᠠᠳᠬᠠᠵᠤ ᠂ ᠡᠳ᠋ ᠦ᠋ᠨ ᠶᠠᠪᠤᠳᠠᠯ ᠤ᠋ᠨ ᠬᠠᠮᠢᠶᠠᠷᠤᠯᠲᠠ ᠂ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠂ ᠪᠠᠢᠭᠤᠯᠭ᠎ᠠ ᠶ᠋ᠢᠨ ᠠᠵᠢᠯ ᠶᠠᠪᠤᠳᠠᠯ ᠤ᠋ᠨ ᠦᠢᠯᠡᠴᠢᠯᠡᠭᠡ ᠵᠡᠷᠭᠡ ᠭᠣᠣᠯᠳᠠᠯᠭ᠎ᠠ ᠲᠠᠢ ᠠᠵᠢᠯ ᠢᠶᠡᠨ ᠤᠬᠠᠮᠰᠠᠷ ᠠ᠋ᠴᠠ ᠪᠠᠨ ᠳᠤᠬᠠᠢᠯᠠᠭᠰᠠᠨ ᠠᠵᠢᠯ ᠢᠶᠡᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢᠨ ᠶᠡᠬᠡ ᠲᠠᠯ᠎ᠠ ᠳ᠋ᠤ᠌ ᠠᠭᠤᠰᠬᠠᠨ ᠣᠷᠣᠭᠤᠯᠵᠤ ᠂ ᠭᠠᠷᠳᠠᠨ ᠬᠢᠬᠦ ᠴᠢᠭ᠌ ᠢᠶᠡᠨ ᠣᠨᠣᠪᠴᠢᠲᠠᠢ ᠡᠷᠢᠵᠦ ᠂ ᠭᠣᠣᠯᠳᠠᠯᠭ᠎ᠠ ᠪᠡᠨ ᠠᠳᠭᠤᠨ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶᠠᠪᠤᠳᠠᠯ ᠢ ᠡᠯ᠎ᠡ ᠲᠥᠷᠥᠯ ᠦ᠋ᠨ ᠠᠵᠢᠯ ᠢ ᠳᠦᠯᠬᠢᠨ ᠠᠬᠢᠭᠤᠯᠬᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠦ᠂ ᠥᠨᠳᠥᠷ ᠬᠢᠷᠢ ᠲᠦᠪᠰᠢᠨ ᠲᠡᠢ ᠠᠵᠢᠯ ᠤ᠋ᠨ ᠪᠣᠳᠠᠲᠤ ᠦᠷ᠎ᠡ ᠪᠦᠲᠦᠮᠵᠢ ᠪᠡᠷ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠳ᠋ᠦ᠍ ᠰᠢᠨ᠎ᠡ ᠦᠷ᠎ᠡ ᠪᠦᠲᠦᠮᠵᠢ ᠣᠯᠭᠠᠭᠤᠯᠬᠤ ᠪᠠ ᠰᠢᠨ᠎ᠡ ᠰᠢᠪᠲᠤᠯᠤᠯᠲᠠ ᠶ᠋ᠢ ᠪᠡᠶᠡᠯᠡᠭᠦᠯᠬᠦ ᠳ᠋ᠦ᠍ ᠬᠦᠴᠦ ᠨᠡᠮᠡᠷᠢᠯᠡᠬᠦ ᠶ᠋ᠢ ᠦᠨᠡᠨᠬᠦ ᠪᠡᠶᠡᠯᠡᠭᠦᠯᠬᠦ ᠬᠡᠷᠡᠭᠲᠡᠢ ᠃
ᠵᠢᠷᠭᠤᠳᠤᠭᠠᠷ ᠤᠳᠠᠭᠠᠨ ᠤ ᠨᠠᠮ ᠤ᠋ᠨ ᠡᠭᠦᠷ ᠦ᠋ᠨ ᠨᠠᠮ ᠤ᠋ᠨ ᠭᠡᠰᠢᠭᠦᠨ ᠺᠠᠲᠷ ᠴᠠᠭᠳᠠᠭ᠎ᠠ ᠨᠠᠷ ᠢᠯᠡᠷᠬᠡᠢᠯᠡᠭᠰᠡᠨ ᠨᠢ ᠂ ᠡᠨᠡᠬᠦ ᠨᠠᠮ ᠤ᠋ᠨ ᠬᠥᠮᠦᠵᠢᠯ ᠨᠢ ᠮᠠᠰᠢ ᠴᠢᠩᠭ᠎ᠠ ᠣᠨᠣᠯ ᠤ᠋ᠨ ᠴᠢᠨᠠᠷ ᠂ ᠬᠠᠨᠳᠤᠯᠭᠠᠲᠤ ᠴᠢᠨᠠᠷ ᠪᠠ ᠵᠢᠯᠣᠭᠣᠳᠬᠤ ᠴᠢᠨᠠᠷ ᠲᠠᠢ ᠃ ᠬᠣᠢᠰᠢᠳᠠ ᠶ᠋ᠢᠨ ᠠᠵᠢᠯ ᠤ᠋ᠨ ᠳᠤᠮᠳᠠ ᠂ ᠤᠬᠠᠮᠰᠠᠷ ᠠ᠋ᠴᠠ ᠪᠠᠨ ᠣᠨᠣᠯ ᠤ᠋ᠨ ᠵᠡᠪᠰᠡᠭᠯᠡᠯ ᠢ᠋ᠶ᠋ᠡᠨ ᠭᠦᠨᠵᠡᠭᠡᠢᠷᠡᠭᠦᠯᠵᠦ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ ᠂ ᠪᠣᠳᠠᠲᠠᠢ ᠠᠵᠢᠯᠯᠠᠨ ᠂ ᠪᠣᠳᠠᠲᠠᠢ ᠦᠷ᠎ᠡ ᠪᠦᠲᠦᠮᠵᠢ ᠂ ᠪᠣᠳᠠᠲᠠᠢ ᠠᠮᠵᠢᠯᠲᠠ ᠪᠡᠷ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠠᠷᠠᠳ ᠤ᠋ᠨ ᠰᠢᠭᠦᠬᠦ ᠬᠣᠷᠢᠶᠠᠨ ᠳ᠋ᠤ᠌ ᠨᠠᠢᠳᠠᠪᠤᠷᠢᠵᠢᠭᠤᠯᠤᠨ ᠦᠨᠳᠦᠰᠦᠯᠡᠬᠦ ᠶ᠋ᠢ ᠦᠷᠭᠦᠯᠵᠢᠯᠡᠨ ᠠᠬᠢᠭᠤᠯᠵᠤ ᠂ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠳ᠋ᠦ᠍ ᠬᠦᠴᠦᠨ ᠴᠢᠳᠠᠯ ᠢ᠋ᠶ᠋ᠠᠨ ᠡᠷᠭᠦᠨ᠎ᠡ ᠭᠡᠵᠠᠢ᠃
ᠦᠨᠡᠯᠡᠬᠦ 0ᠦᠨᠡᠯᠡᠯᠲᠡ᠎ᠲᠠᠢ