ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠶᠠᠷᠢᠶ᠎ᠠ ᠥᠭᠦᠯᠡᠯ ᠤ᠋ᠨ ᠵᠠᠮ ᠢ᠋ ᠥᠷᠭᠡᠳᠬᠡᠵᠦ ᠬᠦᠴᠦ ᠪᠡᠨ ᠬᠠᠮᠲᠤᠳᠬᠠᠨ ᠬᠠᠤᠯᠢ ᠴᠠᠭᠠᠵᠠ ᠶ᠋ᠢᠨ ᠠᠵᠢᠯ ᠮᠡᠷᠭᠡᠵᠢᠯ ᠤ᠋ᠨ ᠬᠠᠮᠲᠤ ᠶ᠋ᠢᠨ ᠴᠣᠭᠴᠠ ᠶ᠋ᠢ ᠪᠠᠢᠭᠤᠯᠬᠤ 》 ᠰᠠᠨᠠᠯ ᠬᠤᠷᠢᠶᠠᠬᠤ ᠵᠢᠴᠢ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ
2023.09.28 ᠲᠣᠰ ᠥᠷᠲᠡᠭᠡᠨ᠎ᠦ ᠨᠠᠢᠷᠠᠭᠤᠯᠤᠭᠴᠢ

    ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠢ᠋ ᠭᠦᠨᠵᠡᠭᠡᠢ ᠥᠷᠨᠢᠭᠦᠯᠵᠦ ᠂ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠪᠠ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠨᠠᠷᠢᠨ ᠬᠢᠨᠠᠮᠠᠭᠠᠢ ᠲᠤᠤᠱᠯᠠᠭᠤᠯᠵᠤ ᠂ ᠬᠠᠤᠯᠢ ᠴᠠᠭᠠᠵᠠ ᠶ᠋ᠢᠨ ᠬᠦᠷᠢᠶᠡᠨ ᠤ᠋ ᠬᠠᠮᠲᠤ ᠠᠵᠢᠯᠯᠠᠭᠴᠢᠳ ᠤ᠋ᠨ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠳ᠋ᠤ᠌ ᠬᠦᠷᠲᠡᠭᠡᠬᠦ ᠰᠠᠨᠠᠯ ᠪᠠ ᠰᠠᠨᠠᠭᠤᠯᠭ᠎ᠠ ᠶ᠋ᠢ ᠭᠦᠢᠴᠡᠳ ᠰᠣᠨᠣᠰᠴᠤ ᠂ ᠪᠥᠬᠥ ᠬᠣᠲᠠ ᠶ᠋ᠢᠨ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠤ᠋ᠨ ᠪᠦᠬᠦᠯᠢ ᠴᠣᠭᠴᠠ ᠶ᠋ᠢᠨ ᠳᠡᠭᠡᠭᠰᠢᠯᠡᠯᠲᠡ ᠶ᠋ᠢ ᠪᠥᠬᠥ ᠬᠦᠴᠦᠨ ᠢ᠋ᠶ᠋ᠡᠷ ᠠᠬᠢᠭᠤᠯᠬᠤ ᠶ᠋ᠢᠨ ᠲᠥᠯᠥᠭᠡ ᠂ 9 ᠰᠠᠷ᠎ᠠ ᠶ᠋ᠢᠨ 21 ᠦ᠌ ᠦᠳᠡ ᠶ᠋ᠢᠨ ᠡᠮᠦᠨ᠎ᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠶᠠᠷᠢᠶ᠎ᠠ ᠥᠭᠦᠯᠡᠯ ᠤ᠋ᠨ ᠵᠠᠮ ᠢ᠋ ᠥᠷᠭᠡᠳᠬᠡᠵᠦ ᠬᠦᠴᠦ ᠪᠡᠨ ᠬᠠᠮᠲᠤᠳᠬᠠᠨ ᠬᠠᠤᠯᠢ ᠴᠠᠭᠠᠵᠠ ᠶ᠋ᠢᠨ ᠠᠵᠢᠯ ᠮᠡᠷᠭᠡᠵᠢᠯ ᠤ᠋ᠨ ᠬᠠᠮᠲᠤ ᠶ᠋ᠢᠨ ᠴᠣᠭᠴᠠ ᠶ᠋ᠢ ᠪᠠᠢᠭᠤᠯᠬᠤ 》 ᠰᠠᠨᠠᠯ ᠬᠤᠷᠢᠶᠠᠬᠤ ᠵᠢᠴᠢ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠦᠨᠡᠯᠡᠯᠲᠡ ᠶ᠋ᠢᠨ ᠰᠠᠭᠤᠳᠠᠯ ᠤ᠋ᠨ ᠬᠤᠷᠠᠯ  ᠢ᠋ ᠵᠣᠬᠢᠶᠠᠨ ᠪᠠᠢᠭᠤᠯᠤᠨ ᠬᠤᠷᠠᠯᠳᠤᠭᠤᠯᠪᠠ ᠃ ᠬᠤᠷᠠᠯ  ᠳ᠋ᠤ ᠣᠷᠳᠣᠰ ᠬᠣᠲᠠ ᠶ᠋ᠢᠨ 5 ᠠᠯᠪᠠᠨ ᠭᠡᠷᠡᠴᠢᠯᠡᠭᠡ ᠶ᠋ᠢᠨ ᠪᠠᠢᠭᠤᠯᠤᠮᠵᠢ ᠪᠠ 20 ᠬᠠᠤᠯᠢᠴᠢ ᠶ᠋ᠢᠨ ᠬᠡᠷᠡᠭ ᠡᠷᠬᠢᠯᠡᠬᠦ ᠭᠠᠵᠠᠷ ᠢ᠋ ᠤᠷᠢᠨ ᠬᠤᠷᠠᠯ ᠳ᠋ᠤ᠌ ᠣᠷᠣᠯᠴᠠᠭᠤᠯᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠂ ᠬᠣᠲᠠ ᠶ᠋ᠢᠨ ᠬᠠᠤᠯᠢ ᠴᠠᠭᠠᠵᠠ ᠶ᠋ᠢᠨ ᠲᠣᠪᠴᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠲᠣᠪᠴᠢᠶᠠᠨ ᠳᠠᠷᠤᠭ᠎ᠠ ᠭᠣᠣ ᠹᠧᠩ ᠂ ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠶ᠋ᠢᠨ ᠳᠡᠳ᠋ ᠱᠦᠵᠢ ᠯᠢᠦ ᠵᠧᠨ ᠬᠠᠢ ᠂ ᠳᠥᠷᠪᠡᠳᠦᠭᠡᠷ ᠬᠤᠭᠤᠴᠠᠭᠠᠨ ᠤ᠋ ᠬᠥᠨᠳᠡᠯᠡᠨ ᠡᠴᠡ ᠲᠠᠰᠤᠯᠬᠤ ᠵᠥᠪᠯᠡᠯ ᠤ᠋ᠨ ᠳᠡᠳ᠋ ᠨᠠᠷᠢᠨ ᠪᠢᠴᠢᠭ ᠤ᠋ᠨ ᠳᠠᠷᠤᠭ᠎ᠠ ᠪᠥᠭᠡᠳ ᠬᠡᠷᠡᠭ ᠢ᠋ ᠰᠢᠭᠦᠬᠦ ᠬᠡᠯᠲᠡᠰ ᠤ᠋ᠨ ᠳᠠᠷᠤᠭ᠎ᠠ ᠵᠢᠶᠠ ᠵᠧᠨ ᠢᠦᠢ ᠬᠤᠷᠠᠯ ᠳ᠋ᠤ᠌ ᠣᠷᠣᠯᠴᠠᠵᠤ ᠶᠠᠷᠢᠶ᠎ᠠ ᠲᠠᠯᠪᠢᠵᠠᠢ ᠃

    ᠬᠤᠷᠠᠯ ᠠ᠋ᠴᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠨᠡ ᠵᠢᠯ ᠡᠴᠡ ᠨᠠᠰᠢᠬᠢ ᠭᠣᠣᠯᠳᠠᠯᠭ᠎ᠠ ᠲᠠᠢ ᠠᠵᠢᠯ ᠤ᠋ᠨ ᠪᠠᠢᠳᠠᠯ ᠢ᠋ ᠵᠠᠷᠯᠠᠨ ᠮᠡᠳᠡᠭᠳᠡᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠤ᠋ᠨ ᠪᠠᠢᠳᠠᠯ ᠂ ᠳᠡᠯᠡᠬᠡᠢ ᠶ᠋ᠢᠨ ᠪᠠᠩᠬᠢ ᠶ᠋ᠢᠨ 《 ᠠᠵᠤ ᠠᠬᠤᠢᠯᠠᠯ ᠤ᠋ᠨ ᠪᠠᠢᠴᠠᠭᠠᠯᠲᠠ 》 ᠶ᠋ᠢ ᠤᠭᠲᠤᠬᠤ ᠠᠵᠢᠯ ᠤ᠋ᠨ ᠪᠡᠯᠡᠳᠬᠡᠯ ᠪᠠᠢᠳᠠᠯ ᠪᠣᠯᠤᠨ ᠬᠠᠮᠢᠶ᠎ᠠ ᠪᠥᠬᠥᠢ ᠤᠴᠢᠷ ᠢ᠋ ᠲᠠᠨᠢᠯᠴᠠᠭᠤᠯᠵᠠᠢ ᠃

    ᠣᠷᠳᠣᠰ ᠤ᠋ᠨ ᠬᠥᠨᠳᠡᠯᠡᠨ ᠡᠴᠡ ᠲᠠᠰᠤᠯᠬᠤ ᠵᠥᠪᠯᠡᠯ ᠪᠠ ᠠᠯᠪᠠᠨ ᠭᠡᠷᠡᠴᠢᠯᠡᠭᠡ ᠶ᠋ᠢᠨ ᠪᠠᠢᠭᠤᠯᠤᠮᠵᠢ ᠂ ᠬᠠᠤᠯᠢᠴᠢ ᠶ᠋ᠢᠨ ᠬᠡᠷᠡᠭ ᠡᠷᠬᠢᠯᠡᠬᠦ ᠭᠠᠵᠠᠷ ᠤ᠋ᠨ ᠲᠥᠯᠥᠭᠡᠯᠡᠭᠴᠢ ᠶ᠋ᠢᠨ ᠶᠠᠷᠢᠶ᠎ᠠ ᠲᠠᠯᠪᠢᠬᠤ ᠭᠣᠭᠴᠤᠭᠠᠨ ᠳ᠋ᠤ᠌ ᠂ ᠲᠥᠯᠥᠭᠡᠯᠡᠭᠴᠢᠳ ᠡᠨᠡ ᠤᠳᠠᠭᠠᠨ ᠤ᠋ ᠰᠠᠭᠤᠳᠠᠯ ᠤ᠋ᠨ ᠬᠤᠷᠠᠯ ᠨᠢ ᠮᠠᠰᠢ ᠴᠢᠬᠤᠯᠠᠲᠠᠢ ᠂ ᠮᠠᠰᠢ 《 ᠰᠡᠳᠬᠢᠯ ᠲᠠᠯᠪᠢᠭᠰᠠᠨ 》 ᠮᠥᠷᠲᠡᠭᠡᠨ ᠣᠢᠷ᠎ᠠ ᠶ᠋ᠢᠨ ᠵᠢᠯ ᠡᠴᠡ ᠨᠠᠰᠢᠬᠢ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠭᠦᠢᠴᠡᠳᠬᠡᠬᠦ ᠠᠵᠢᠯ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠢ᠋ ᠭᠦᠢᠴᠡᠳ ᠵᠥᠪᠰᠢᠶᠡᠷᠡᠵᠦ ᠂ ᠣᠨᠴᠠᠭᠠᠢᠯᠠᠨ 《 ᠭᠤᠷᠪᠠᠨ ᠲᠠᠯ᠎ᠠ ᠶ᠋ᠢᠨ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠂ 《 ᠨᠢᠭᠡ ᠥᠷᠲᠡᠭᠡ ᠮᠠᠶᠢᠭ 》 ᠂ 《 ᠵᠠᠬᠢᠶᠠᠯᠠᠭ᠎ᠠ ᠶ᠋ᠢᠨ ᠬᠡᠯᠪᠡᠷᠢ 》 ᠤ᠋ᠨ ᠵᠠᠷᠭᠤ ᠶ᠋ᠢᠨ ᠦᠢᠯᠡᠴᠢᠯᠡᠭᠡ ᠂ 《 ᠮᠢᠨᠦ ᠬᠡᠷᠡᠭ ᠢ᠋ ᠲᠠᠰᠤᠯᠤᠨ ᠰᠢᠢᠳᠪᠦᠷᠢᠯᠡᠬᠦ 》 ᠵᠡᠷᠭᠡ ᠠᠵᠢᠯᠯᠠᠭ᠎ᠠ ᠶ᠋ᠢ ᠳᠡᠭᠡᠳᠦ ᠬᠡᠮᠵᠢᠶ᠎ᠡ ᠪᠡᠷ ᠦᠨᠡᠯᠡᠵᠡᠢ ᠃ ᠲᠥᠯᠥᠭᠡᠯᠡᠭᠴᠢᠳ ᠬᠠᠤᠯᠢ ᠴᠠᠭᠠᠵᠠ ᠶ᠋ᠢᠨ ᠲᠤᠬᠠᠢᠯᠠᠭᠰᠠᠨ ᠠᠵᠢᠯ ᠤ᠋ᠨ ᠬᠠᠮᠲᠤ ᠶ᠋ᠢᠨ ᠴᠣᠭᠴᠠ ᠶ᠋ᠢ ᠪᠠᠢᠭᠤᠯᠬᠤ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠳ᠋ᠦ᠍ ᠪᠣᠳᠠᠲᠠᠢ ᠠᠵᠢᠯᠯᠠᠭ᠎ᠠ ᠶ᠋ᠢ ᠡᠷᠬᠢᠮᠯᠡᠬᠦ ᠂ ᠪᠣᠯᠤᠮᠵᠢᠲᠤ ᠴᠢᠨᠠᠷ ᠢ᠋ᠶ᠋ᠠᠷ ᠥᠨᠳᠥᠷ ᠠᠷᠭ᠎ᠠ ᠬᠡᠮᠵᠢᠶ᠎ᠡ ᠨᠤᠭᠦᠳ ᠢ᠋ ᠳᠤᠷᠠᠳᠤᠨ ᠭᠠᠷᠭᠠᠪᠠ ᠂ ᠵᠢᠱ᠌ᠢᠶᠡᠯᠡᠪᠡᠯ ᠄ ᠬᠠᠤᠯᠢᠴᠢ ᠶ᠋ᠢᠨ ᠬᠡᠷᠡᠭ ᠡᠷᠬᠢᠯᠡᠬᠦ ᠭᠠᠵᠠᠷ ᠢ᠋ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ  ᠳ᠋ᠤ  ᠤᠯᠠᠮ ᠠᠷᠪᠢᠨ ᠣᠷᠤᠯᠴᠠᠭᠤᠯᠵᠤ ᠂ ᠠᠯᠪᠠᠨ ᠭᠡᠷᠡᠴᠢᠯᠡᠭᠡ ᠶ᠋ᠢᠨ ᠪᠠᠢᠭᠤᠯᠤᠮᠵᠢ ᠢ᠋ ᠰᠢᠭᠦᠨ ᠲᠠᠰᠤᠯᠬᠤ ᠭᠦᠢᠴᠡᠳᠬᠡᠬᠦ ᠪᠥᠬᠥ ᠶᠠᠪᠤᠴᠠ ᠳ᠋ᠤ᠌ ᠣᠷᠣᠯᠴᠠᠭᠤᠯᠬᠤ ᠂ ᠳᠠᠮᠫᠤᠷᠠᠯ ᠤ᠋ᠨ ᠬᠠᠮᠢᠶᠠᠷᠤᠭᠴᠢ ᠶ᠋ᠢᠨ ᠳᠠᠮᠫᠤᠷᠠᠭᠤᠯᠬᠤ ᠶᠠᠪᠤᠴᠠ ᠳ᠋ᠠᠬᠢ ᠦᠢᠯᠡᠳᠦᠯ ᠢ᠋ ᠤᠯᠠᠮ ᠨᠢᠭᠡ ᠠᠯᠬᠤᠮ ᠪᠠᠳᠠᠷᠠᠭᠤᠯᠬᠤ ᠵᠡᠷᠭᠡ ᠳ᠋ᠦ᠍ ᠨᠡᠩ ᠢᠯᠡᠭᠦᠦ ᠣᠷᠣᠯᠴᠠᠭᠤᠯᠪᠠ ; ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠳ᠋ᠤ᠌ ᠮᠠᠰᠢ ᠣᠯᠠᠨ ᠪᠤᠰᠤᠳᠴᠢ ᠂ ᠦᠨᠡᠨᠴᠢ ᠰᠠᠨᠠᠯ ᠪᠠ ᠰᠠᠨᠠᠭᠤᠯᠭ᠎ᠠ ᠳᠤᠷᠠᠳᠴᠠᠢ ᠃

    ᠯᠢᠦ ᠵᠧᠨ ᠬᠠᠢ ᠳᠡᠳ᠋ ᠱᠦᠵᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠶᠠᠷᠢᠯᠴᠠᠬᠤ ᠬᠤᠷᠠᠯ ᠤ᠋ᠨ ᠬᠡᠯᠪᠡᠷᠢ ᠪᠡᠷ  ᠦᠨᠡᠨ ᠰᠠᠨᠠᠯ ᠢ᠋ ᠰᠣᠨᠣᠰᠴᠤ ᠂ ᠵᠢᠩᠬᠢᠨᠢ ᠰᠠᠨᠠᠯ ᠢ᠋ ᠰᠣᠨᠣᠰᠬᠤ ᠶ᠋ᠢ ᠭᠦᠢᠴᠡᠳ ᠨᠤᠲᠠᠯᠠᠭᠰᠠᠨ ᠮᠥᠷᠲᠡᠭᠡᠨ ᠲᠤᠰ ᠤᠳᠠᠭᠠᠨ ᠤ᠋ ᠰᠠᠭᠤᠳᠠᠯ ᠤ᠋ᠨ ᠬᠤᠷᠠᠯ ᠪᠣᠯ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠠᠵᠢᠯᠯᠠᠭ᠎ᠠ ᠶ᠋ᠢᠨ ᠲᠤᠬᠠᠢ ᠰᠠᠢᠨ ᠦᠢᠯᠡᠳᠦᠯᠭᠡ ᠮᠥᠨ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠤ᠋ᠨ ᠬᠢᠷᠢ ᠲᠦᠪᠰᠢᠨ ᠢ᠋ ᠳᠡᠭᠡᠭᠰᠢᠯᠡᠭᠦᠯᠬᠦ ᠬᠦᠴᠦᠲᠡᠢ ᠠᠷᠭ᠎ᠠ ᠬᠡᠮᠵᠢᠶ᠎ᠡ ᠮᠥᠨ ᠭᠡᠵᠦ ᠵᠢᠭᠠᠵᠤ ᠭᠠᠷᠭᠠᠪᠠ ᠃ ᠡᠭᠦᠨ ᠦ᠌ ᠬᠠᠮᠲᠤ ᠂ ᠯᠢᠦ ᠵᠧᠨ ᠬᠠᠢ ᠪᠦᠬᠦ ᠬᠣᠲᠠ ᠶ᠋ᠢᠨ ᠬᠠᠤᠯᠢ ᠴᠠᠭᠠᠵᠠ ᠶ᠋ᠢᠨ ᠠᠵᠢᠯᠲᠠᠨ ᠳ᠋ᠤ᠌ ᠪᠣᠳᠠᠲᠠᠢ ᠱᠠᠭᠠᠷᠳᠠᠯᠭ᠎ᠠ ᠳᠤᠷᠠᠳᠴᠠᠢ ᠄ ᠨᠢᠭᠡ ᠳ᠋ᠦ᠍ ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ᠋ ᠴᠢᠩᠭᠠᠳᠬᠠᠵᠤ ᠂ ᠣᠨᠴᠠᠭᠠᠢᠯᠠᠨ ᠵᠠᠰᠠᠭ ᠤ᠋ᠨ ᠣᠷᠳᠣᠨ ᠤ᠋ ᠡᠷᠬᠡ ᠲᠤᠰᠢᠶᠠᠯᠲᠤ ᠰᠠᠯᠠᠭ᠎ᠠ ᠮᠥᠴᠢᠷ ᠲᠡᠢ ᠬᠠᠮᠵᠢᠯᠴᠠᠨ ᠬᠠᠤᠯᠢ ᠲᠦᠭᠡᠮᠡᠯᠵᠢᠭᠦᠯᠬᠦ ᠬᠥᠮᠦᠵᠢᠯ ᠢ᠋ ᠥᠷᠨᠢᠭᠦᠯᠬᠦ ᠬᠡᠷᠡᠭᠲᠡᠢ ︔ ᠬᠣᠶᠠᠷ ᠲᠤ᠌ ᠣᠯᠠᠨ ᠨᠡᠢᠲᠡ ᠶ᠋ᠢᠨ ᠬᠠᠤᠯᠢ ᠴᠠᠭᠠᠵᠠ ᠶ᠋ᠢᠨ ᠦᠢᠯᠡᠴᠢᠯᠡᠭᠡ ᠶ᠋ᠢ ᠰᠢᠯᠢᠳᠡᠭᠵᠢᠭᠦᠯᠵᠦ ᠂ ᠬᠠᠤᠯᠢ ᠴᠠᠭᠠᠵᠠ ᠶ᠋ᠢᠨ ᠠᠵᠢᠯᠲᠠᠳ ᠤ᠋ᠨ ᠲᠤᠰ ᠪᠡᠶ᠎ᠡ ᠶ᠋ᠢᠨ ᠲᠤᠬᠠᠢᠯᠠᠭᠰᠠᠨ ᠠᠵᠢᠯ ᠤ᠋ᠨ ᠬᠡᠪ ᠪᠣᠯᠪᠠᠰᠤᠷᠠᠯ ᠪᠠ ᠲᠤᠬᠠᠢᠯᠠᠭᠰᠠᠨ ᠠᠵᠢᠯ ᠤ᠋ᠨ ᠬᠢᠷᠢ ᠲᠦᠪᠰᠢᠨ ᠢ᠋ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ; ᠭᠤᠷᠪᠠ ᠳ᠋ᠤ᠌ ᠂ ᠬᠠᠤᠯᠢ ᠳ᠋ᠤ᠌ ᠬᠣᠯᠪᠣᠭᠳᠠᠭᠰᠠᠨ ᠵᠠᠷᠭᠤ ᠵᠠᠭᠠᠯᠳᠤᠯᠭ᠎ᠠ ᠳ᠋ᠤ᠌ ᠬᠣᠯᠪᠣᠭᠳᠠᠭᠰᠠᠨ ᠲᠦᠭᠰᠢᠭᠦᠷᠢ ᠶ᠋ᠢ ᠪᠠᠢᠴᠠᠭᠠᠨ ᠰᠢᠢᠳᠪᠦᠷᠢᠯᠡᠬᠦ ᠠᠵᠢᠯ ᠢ᠋ ᠴᠢᠩᠭᠠᠳᠬᠠᠵᠤ ᠂ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠳ᠋ᠤ᠌ ᠬᠢᠨᠠᠯᠲᠠ ᠲᠠᠯᠪᠢᠵᠤ ᠵᠢᠯᠣᠭᠣᠳᠬᠤ ᠪᠠᠨ ᠴᠢᠩᠭᠠᠳᠭ᠍ᠠᠬᠤ ᠬᠡᠷᠡᠭᠲᠡᠢ ᠃

    ᠭᠣᠣ ᠹᠧᠩ ᠢᠯᠡᠷᠬᠡᠢᠯᠡᠬᠦ ᠳ᠋ᠡᠭᠡᠨ ᠂ ᠰᠢᠭᠦᠭᠴᠢ ᠂ ᠬᠥᠨᠳᠡᠯᠡᠨ ᠡᠴᠡ ᠲᠠᠰᠤᠯᠤᠭᠴᠢ ᠂ ᠬᠠᠤᠯᠢᠴᠢ ᠂ ᠠᠯᠪᠠᠨ ᠭᠡᠷᠡᠴᠢᠯᠡᠭᠴᠢ ᠪᠣᠯ ᠪᠦᠷ ᠬᠠᠤᠯᠢ ᠴᠠᠭᠠᠵᠠ ᠶ᠋ᠢᠨ ᠦᠢᠯᠡᠰ ᠤ᠋ᠨ ᠦᠢᠯᠡᠳᠦᠯᠭᠡᠵᠢᠭᠦᠯᠦᠭᠴᠢ ᠂ ᠠᠬᠢᠭᠤᠯᠤᠭᠴᠢ ᠪᠠ ᠬᠠᠮᠠᠭᠠᠯᠠᠭᠴᠢ ᠮᠥᠨ ᠂ ᠪᠥᠬᠥ ᠬᠣᠲᠠ ᠶ᠋ᠢᠨ ᠬᠠᠤᠯᠢ ᠴᠠᠭᠠᠵᠠ ᠶ᠋ᠢᠨ ᠠᠵᠢᠯᠲᠠᠨ ᠤ᠋ ᠨᠡᠢᠭᠡᠮ ᠤ᠋ᠨ ᠲᠣᠭᠲᠠᠭᠤᠨ ᠢ᠋ ᠬᠠᠮᠠᠭᠠᠯᠠᠬᠤ ᠂ ᠨᠡᠢᠭᠡᠮ ᠤ᠋ᠨ ᠵᠥᠷᠢᠴᠡᠯ ᠢ᠋ ᠨᠠᠮᠳᠠᠭᠤᠯᠬᠤ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠤ᠋ᠨ ᠲᠠᠯ᠎ᠠ ᠪᠠᠷ ᠬᠢ ᠭᠠᠷᠭᠠᠯᠲᠠ ᠶ᠋ᠢ ᠨᠤᠲᠠᠯᠠᠬᠤ ᠶ᠋ᠢᠨ ᠬᠠᠮᠲᠤ ᠲᠤᠰ ᠤᠳᠠᠭᠠᠨ ᠤ᠋ ᠰᠠᠭᠤᠳᠠᠯ ᠤ᠋ᠨ ᠬᠤᠷᠠᠯ ᠢ᠋ᠶ᠋ᠠᠷ ᠳᠠᠮᠵᠢᠨ ᠂ ᠠᠳᠠᠯᠢ ᠪᠤᠰᠤ ᠬᠦᠷᠢᠶ᠎ᠡ ᠬᠡᠪᠴᠢᠶᠡᠨ ᠦ᠌ ᠬᠠᠤᠯᠢ ᠴᠠᠭᠠᠵᠠ ᠶ᠋ᠢᠨ ᠠᠵᠢᠯᠲᠠᠨ ᠪᠦᠷ ᠬᠠᠮᠲᠤ ᠪᠠᠷ ᠲᠠᠪᠰᠢᠬᠤ ᠶ᠋ᠢ ᠬᠦᠰᠡᠵᠦ ᠪᠠᠢᠨ᠎ᠠ ᠭᠡᠵᠡᠢ ᠃

    ᠰᠦ ᠯᠢ ᠵᠢᠶᠦ᠋ᠨ ᠢᠯᠡᠷᠬᠡᠢᠯᠡᠬᠦ ᠳ᠋ᠡᠭᠡᠨ ᠂ ᠲᠤᠰ ᠤᠳᠠᠭᠠᠨ ᠤ᠋ ᠰᠠᠭᠤᠳᠠᠯ ᠤ᠋ᠨ ᠬᠤᠷᠠᠯ ᠨᠢ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠣᠢᠰᠢᠳᠠ ᠶ᠋ᠢᠨ ᠬᠠᠤᠯᠢ ᠴᠠᠭᠠᠵᠠ ᠶ᠋ᠢᠨ ᠲᠤᠬᠠᠢᠯᠠᠭᠰᠠᠨ ᠠᠵᠢᠯ ᠤ᠋ᠨ ᠬᠠᠮᠲᠤ ᠶ᠋ᠢᠨ ᠴᠣᠭᠴᠠ ᠶ᠋ᠢᠨ ᠪᠠᠢᠭᠤᠯᠤᠯᠲᠠ ᠶ᠋ᠢ ᠠᠬᠢᠭᠤᠯᠵᠤ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ  ᠳ᠋ᠦ᠍ ᠰᠡᠳᠬᠢᠴᠡ ᠪᠠ ᠰᠡᠩᠬᠡᠷᠡᠭᠦᠯᠦᠯ ᠬᠠᠩᠭᠠᠭᠰᠠᠨ ᠪᠠᠢᠨ᠎ᠠ ᠃ ᠣᠳᠣᠬᠠᠨ ᠳ᠋ᠤ᠌ ᠶᠠᠭ ᠰᠠᠢᠬᠠᠨ ᠣᠷᠳᠣᠰ ᠬᠣᠲᠠ ᠬᠣᠶᠠᠷ ᠶᠡᠬᠡ ᠶᠠᠪᠤᠳᠠᠯ ᠢ᠋ ᠰᠠᠢᠲᠤᠷ ᠡᠷᠬᠢᠯᠡᠵᠦ ᠂ 《 ᠭᠤᠷᠪᠠᠨ ᠳᠥᠷᠪᠡ 》 ᠢ᠋ᠢᠨ ᠬᠠᠷᠠᠯᠲᠠ ᠶ᠋ᠢᠨ ᠡᠭᠦᠷᠭᠡ ᠶ᠋ᠢ ᠪᠡᠶᠡᠯᠡᠭᠦᠯᠬᠦ ᠶ᠋ᠢ ᠲᠦᠯᠬᠢᠨ ᠠᠬᠢᠭᠤᠯᠬᠤ ᠵᠠᠩᠭᠢᠯᠠᠭ᠎ᠠ ᠶ᠋ᠢᠨ ᠴᠠᠭ ᠦᠶ᠎ᠡ ᠪᠠᠢᠵᠤ ᠂ 《 ᠬᠠᠤᠯᠢ ᠪᠠᠷ ᠵᠠᠰᠠᠬᠤ 》 ᠢ᠋ᠢᠨ ᠦᠢᠯᠡᠴᠢᠯᠡᠭᠴᠢᠳ ᠂ ᠪᠠᠲᠤᠯᠠᠭᠴᠢ ᠶ᠋ᠢᠨ ᠬᠤᠪᠢ ᠳ᠋ᠤ᠌ ᠂ ᠰᠡᠳᠬᠢᠯ ᠢ᠋ᠶ᠋ᠡᠨ ᠨᠢᠭᠲᠠᠷᠠᠭᠤᠯᠤᠨ ᠬᠦᠴᠦᠨ ᠢ᠋ᠶ᠋ᠡᠨ ᠲᠥᠪᠯᠡᠷᠡᠭᠦᠯᠵᠦ ᠂ ᠬᠥᠭᠵᠢᠯᠲᠡ ᠶ᠋ᠢ ᠬᠠᠮᠲᠤᠪᠠᠷ ᠲᠥᠰᠦᠪᠯᠡᠵᠦ ᠂ ᠶᠡᠬᠡ ᠲᠠᠯ᠎ᠠ ᠳ᠋ᠤ᠌ ᠦᠢᠯᠡᠴᠢᠯᠡᠬᠦ ᠶ᠋ᠢᠨ ᠲᠠᠯ᠎ᠠ ᠪᠠᠷ ᠴᠢᠨᠠᠷ ᠰᠠᠢᠲᠠᠢ ᠬᠥᠭᠵᠢᠯᠲᠡ ᠶ᠋ᠢ ᠬᠠᠪᠰᠤᠷᠤᠨ ᠠᠬᠢᠭᠤᠯᠬᠤ ᠲᠠᠯ᠎ᠠ ᠪᠠᠷ ᠬᠠᠷᠢᠯᠴᠠᠨ ᠬᠦᠴᠦ ᠲᠠᠯᠪᠢᠵᠤ ᠂ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠠᠷᠢᠯᠭᠠᠬᠤ ᠲᠠᠯ᠎ᠠ ᠪᠠᠷ ᠵᠢᠷᠭᠠᠯ ᠵᠣᠪᠠᠯᠠᠩ ᠢ᠋ᠶ᠋ᠠᠨ ᠬᠠᠮᠲᠤᠳᠬᠠᠨ ᠂ ᠲᠤᠬᠠᠢ ᠶ᠋ᠢᠨ ᠬᠥᠮᠦᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠬᠠᠮᠠᠭᠠᠯᠠᠬᠤ ᠲᠠᠯ᠎ᠠ ᠪᠠᠷ ᠰᠡᠳᠬᠢᠯ ᠨᠢᠭᠡᠳᠴᠦ ᠂ ᠠᠵᠢᠯ ᠮᠡᠷᠭᠡᠵᠢᠯ ᠤ᠋ᠨ ᠬᠠᠮᠲᠤ ᠶ᠋ᠢᠨ ᠴᠣᠭᠴᠠ ᠶ᠋ᠢ ᠪᠠᠢᠭᠤᠯᠬᠤ《 ᠳᠣᠲᠣᠨᠣ ᠠᠷᠢᠭᠤᠨ 》 ᠬᠠᠷᠢᠴᠠᠭᠠᠨ ᠤ ᠲᠠᠯ᠎ᠠ ᠪᠠᠷ ᠠᠳᠠᠯᠢ ᠳᠠᠪᠲᠠᠮᠵᠢ ᠲᠠᠢ ᠬᠠᠮᠲᠤᠪᠠᠷ  ᠬᠡᠯᠪᠡᠯᠵᠡᠵᠦ ᠂ ᠦᠵᠡᠯ ᠰᠠᠨᠠᠭ᠎ᠠ ᠣᠢᠯᠠᠭᠠᠭᠳᠠᠬᠤᠨ ᠂  ᠤᠷᠤᠰᠤᠮ᠎ᠠ ᠰᠢᠯᠤᠭᠤᠨ ᠠᠵᠢᠯ ᠤ᠋ᠨ ᠲᠣᠭᠲᠠᠴᠠ ᠂ ᠪᠦᠲᠦᠮᠵᠢᠲᠡᠢ ᠬᠢᠨᠠᠯᠲᠠ ᠬᠠᠮᠢᠶᠠᠷᠤᠯᠲᠠ ᠬᠢᠬᠦ ᠪᠡᠷ ᠳᠠᠮᠵᠢᠨ ᠂ ᠬᠠᠷᠢᠯᠴᠠᠨ ᠬᠦᠨᠳᠦᠳᠬᠡᠬᠦ ᠂ ᠢᠯᠡ ᠲᠣᠳᠣ ᠠᠵᠢᠯ ᠤ᠋ᠨ ᠣᠷᠴᠢᠨ ᠲᠣᠭᠣᠷᠢᠨ ᠢ᠋ ᠢᠳᠡᠪᠬᠢᠲᠡᠢ ᠪᠣᠢ ᠪᠣᠯᠭᠠᠵᠤ ᠂ ᠨᠡᠩ ᠥᠨᠳᠥᠷ ᠬᠢᠷᠢ ᠲᠦᠪᠰᠢᠨ ᠲᠡᠢ ᠣᠷᠳᠣᠰ ᠂ ᠬᠠᠤᠯᠢ ᠪᠠᠷ ᠵᠠᠰᠠᠬᠤ ᠣᠷᠳᠣᠰ ᠤ᠋ᠨ ᠪᠦᠲᠦᠭᠡᠨ ᠪᠠᠢᠭᠤᠯᠤᠯᠲᠠ ᠶ᠋ᠢ ᠲᠦᠯᠬᠢᠨ ᠠᠬᠢᠭᠤᠯᠬᠤ ᠳ᠋ᠤ᠌ ᠨᠡᠩ ᠶᠡᠬᠡ ᠬᠦᠴᠦᠨ  ᠨᠡᠮᠡᠷᠢᠯᠡᠬᠦ ᠬᠡᠷᠡᠭᠲᠡᠢ ᠃ ᠳᠠᠷᠠᠭ᠎ᠠ ᠠᠯᠬᠤᠮ ᠳ᠋ᠤ᠌ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠬᠤᠷᠠᠯ ᠳ᠋ᠤ᠌ ᠣᠷᠣᠯᠴᠠᠭᠰᠠᠨ ᠤᠳᠤᠷᠢᠳᠤᠯᠭ᠎ᠠ ᠂ ᠬᠠᠤᠯᠢ ᠴᠠᠭᠠᠵᠠ ᠶ᠋ᠢᠨ ᠡᠲᠡᠭᠡᠳ ᠤ᠋ᠨ ᠠᠳᠠᠯᠢ ᠲᠡᠭᠰᠢ ᠪᠡᠷ ᠳᠤᠷᠠᠳᠤᠭᠰᠠᠨ ᠰᠠᠨᠠᠯ ᠪᠠ ᠰᠠᠨᠠᠭᠤᠯᠭ᠎ᠠ ᠳ᠋ᠤ᠌ ᠠᠰᠠᠭᠤᠳᠠᠯ ᠢ᠋ ᠡᠮᠬᠢᠯᠡᠬᠦ ᠠᠵᠢᠯ ᠢ᠋ ᠰᠠᠢᠲᠤᠷ ᠠᠳᠬᠤᠵᠤ ᠂ ᠨᠢᠭᠡᠳ ᠨᠢᠭᠡ ᠪᠡᠷ ᠪᠠᠢᠴᠠᠭᠠᠨ ᠴᠡᠭᠴᠡᠯᠡᠨ ᠰᠠᠢᠵᠢᠷᠠᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠯᠠᠪᠳᠠᠭᠤᠨ ᠪᠠᠲᠤᠲᠠᠢ ᠪᠣᠯᠬᠤ ᠶ᠋ᠢ ᠠᠬᠢᠭᠤᠯᠬᠤ ᠬᠡᠷᠡᠭᠲᠡᠢ ᠃ ᠣᠷᠳᠣᠰ ᠬᠣᠲᠠ ᠶ᠋ᠢᠨ 《ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ 》 ᠢ᠋ ᠪᠠᠢᠭᠤᠯᠬᠤ ᠬᠠᠤᠯᠢ ᠴᠠᠭᠠᠵᠠ ᠶ᠋ᠢᠨ ᠬᠡᠷᠡᠭᠴᠡᠭᠡ ᠱᠠᠭᠠᠷᠳᠠᠯᠭ᠎ᠠ ᠳ᠋ᠤ᠌ ᠪᠦᠬᠦ ᠲᠠᠯ᠎ᠠ ᠪᠠᠷ ᠬᠠᠨᠳᠤᠵᠤ ᠂ ᠲᠤᠰᠬᠠᠢᠵᠢᠭᠰᠠᠨ ᠂ ᠣᠨᠣᠪᠴᠢᠲᠠᠢ ᠂ ᠴᠢᠨᠠᠷ ᠰᠠᠢᠲᠠᠢ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠲᠦᠪᠰᠢᠨ ᠢ᠋ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠰᠢᠯᠢᠳᠡᠭ ᠰᠠᠢᠨ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠪᠣᠳᠠᠲᠤ ᠪᠦᠲᠦᠮᠵᠢ ᠪᠡᠷ ᠮᠠᠨ ᠤ᠋ ᠬᠣᠲᠠ ᠶ᠋ᠢᠨ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭᠵᠢᠯᠲᠡ ᠶ᠋ᠢ  ᠬᠠᠮᠠᠭᠠᠯᠠᠬᠤ ᠬᠡᠷᠡᠭᠲᠡᠢ ᠭᠡᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )