ᠬᠦᠢᠴᠡᠳᠬᠡᠯᠭᠡᠬᠦ ᠪᠡᠷ ᠭᠤᠶᠤᠴᠢᠯᠠᠭᠴᠢ ᠪᠣᠯᠬᠤ ᠱᠠᠨᠰᠢ ᠶ᠋ᠢᠨ ᠨᠢᠭᠡᠨ ᠪᠠᠷᠢᠯᠭ᠎ᠠ ᠶ᠋ᠢᠨ ᠺᠣᠮᠫᠠᠨᠢ ᠪᠣᠯᠤᠨ ᠭᠦᠢᠴᠡᠳᠬᠡᠭᠳᠡᠭᠴᠢ ᠨᠢ ᠬᠠᠩᠭᠢᠨ ᠬᠤᠰᠢᠭᠤᠨ ᠤ᠋ ᠨᠢᠭᠡᠨ ᠭᠡᠷ ᠪᠠᠢᠰᠢᠩ ᠭᠠᠵᠠᠷ ᠬᠥᠷᠥᠩᠭᠡ ᠶ᠋ᠢᠨ ᠺᠣᠮᠫᠠᠨᠢ ᠶ᠋ᠢᠨ ᠪᠦᠲᠦᠭᠡᠨ ᠪᠠᠢᠭᠤᠯᠤᠯᠲᠠ ᠶ᠋ᠢᠨ ᠪᠠᠷᠢᠯᠭ᠎ᠠ ᠶ᠋ᠢᠨ ᠭᠡᠷ᠎ᠡ ᠶ᠋ᠢᠨ ᠵᠢᠭᠤᠷᠠᠯᠳᠤᠭᠠᠨ ᠤ᠋ ᠬᠡᠷᠡᠭ ᠦ᠋ᠨ ᠳᠤᠮᠳᠠ ᠂ ᠯᠢ ᠣᠪᠣᠭᠲᠤ ᠂ ᠵᠠᠩ ᠣᠪᠣᠭᠲᠤ ᠂ ᠸᠠᠩ ᠣᠪᠣᠭᠲᠤ ᠵᠡᠷᠭᠡ ᠬᠡᠳᠦᠨ ᠠᠷᠪᠠᠨ ᠭᠡᠷ ᠬᠤᠳᠠᠯᠳᠤᠨ ᠠᠪᠤᠭᠰᠠᠳ ᠬᠡᠷᠡᠭ ᠦ᠋ᠨ ᠭᠠᠳᠠᠨᠠᠬᠢ ᠬᠥᠮᠦᠨ ᠪᠣᠯᠤᠭᠰᠠᠨ ᠤ ᠬᠤᠪᠢ ᠳᠦ ᠂ ᠭᠦᠢᠴᠡᠳᠬᠡᠬᠦ ᠣᠨᠳᠣᠣ ᠰᠠᠨᠠᠯ ᠳᠤᠷᠠᠳᠴᠤ ᠂ ᠪᠠᠢᠴᠠᠭᠠᠨ ᠪᠢᠲᠡᠭᠦᠮᠵᠢᠯᠡᠭᠰᠡᠨ ᠭᠦᠢᠴᠡᠳᠬᠡᠭᠳᠡᠭᠴᠢ ᠶ᠋ᠢᠨ ᠬᠠᠩᠭᠢᠨ ᠬᠤᠰᠢᠭᠤᠨ ᠤ᠋ ᠨᠢᠭᠡᠨ ᠭᠡᠷ ᠪᠠᠢᠰᠢᠩ ᠭᠠᠵᠠᠷ ᠬᠥᠷᠥᠩᠭᠡ ᠶ᠋ᠢᠨ ᠺᠣᠮᠫᠠᠨᠢ ᠶ᠋ᠢᠨ ᠨᠡᠷ᠎ᠡ ᠳᠣᠣᠷᠠᠬᠢ ᠬᠡᠳᠦᠨ ᠠᠷᠪᠠᠨ ᠬᠤᠪᠢ ᠨᠠᠭᠤᠷ ᠤ᠋ᠨ ᠦᠵᠡᠮᠵᠢ ᠶᠢᠨ ᠵᠤᠰᠠᠯᠠᠩ ᠤ᠋ᠨ ᠭᠠᠵᠠᠷ ᠤ᠋ᠨ ᠭᠦᠢᠴᠡᠳᠬᠡᠬᠦ ᠠᠵᠢᠯᠯᠠᠭ᠎ᠠ ᠶ᠋ᠢ ᠵᠣᠭᠰᠣᠭᠠᠬᠤ ᠪᠠᠷ ᠭᠤᠶᠤᠴᠢᠯᠠᠭᠰᠠᠨ ᠪᠠᠢᠨ᠎ᠠ ᠃
ᠬᠢᠨᠠᠨ ᠪᠠᠢᠴᠠᠭᠠᠭᠰᠠᠨ ᠢ᠋ᠶ᠋ᠠᠷ ᠂ ᠬᠡᠷᠡᠭ ᠦ᠋ᠨ ᠭᠠᠳᠠᠨᠠᠬᠢ ᠬᠥᠮᠦᠨ ᠬᠡᠳᠦᠢᠪᠡᠷ ᠭᠡᠷ ᠪᠠᠢᠰᠢᠩ ᠤ᠋ᠨ ᠵᠣᠭᠣᠰ ᠢ᠋ ᠨᠢᠭᠡᠨᠲᠡ ᠳᠤᠰᠢᠶᠠᠭᠰᠠᠨ ᠭᠡᠷᠡᠴᠢ ᠪᠠᠷᠢᠮᠲᠠ ᠬᠠᠩᠭᠠᠭᠰᠠᠨ ᠪᠣᠯᠪᠠᠴᠤ ᠪᠠᠩᠬᠢ ᠶ᠋ᠢᠨ ᠳᠠᠩᠰᠠ ᠰᠢᠯᠵᠢᠭᠦᠯᠬᠦ ᠭᠡᠷᠡᠴᠢ ᠪᠠᠷᠢᠮᠲᠠ ᠵᠡᠷᠭᠡ ᠳᠤᠰᠠᠯᠠᠬᠤ ᠭᠡᠷᠡᠴᠢ ᠪᠠᠷᠢᠮᠲᠠ ᠬᠠᠩᠭᠠᠭᠰᠠᠨ ᠥᠬᠡᠢ ︔ ᠭᠡᠷ ᠪᠠᠢᠰᠢᠩ ᠭᠠᠵᠠᠷ ᠰᠢᠷᠣᠢ ᠶ᠋ᠢᠨ ᠬᠥᠷᠥᠩᠭᠡ ᠶ᠋ᠢᠨ ᠺᠣᠮᠫᠠᠨᠢ ᠲᠠᠢ ᠲᠣᠭᠲᠠᠭᠠᠭᠰᠠᠨ 《 ᠵᠣᠭᠣᠰ ᠤᠷᠢᠳᠴᠢᠯᠠᠨ ᠬᠤᠷᠢᠶᠠᠬᠤ ᠬᠡᠯᠡᠯᠴᠡᠭᠡᠷ 》 ᠢ᠋ ᠬᠠᠩᠭᠠᠭᠰᠠᠨ ᠪᠣᠯᠪᠠᠴᠤ ᠲᠤᠰ ᠬᠡᠯᠡᠯᠴᠡᠭᠡᠷ ᠨᠢ ᠲᠠᠸᠠᠷ ᠤ᠋ᠨ ᠭᠡᠷ ᠪᠠᠢᠰᠢᠩ ᠤ᠋ᠨ ᠬᠤᠳᠠᠯᠳᠤᠭᠠᠨ ᠤ᠋ ᠭᠡᠷ᠎ᠡ ᠶ᠋ᠢᠨ ᠴᠢᠬᠤᠯᠠ ᠨᠥᠬᠥᠴᠡᠯ ᠳ᠋ᠦ᠍ ᠨᠡᠢᠴᠡᠬᠦ ᠦᠭᠡᠢ ᠪᠠᠢᠵᠦ ᠲᠠᠸᠠᠷ ᠤ᠋ᠨ ᠭᠡᠷ ᠪᠠᠢᠰᠢᠩ ᠤ᠋ᠨ ᠬᠤᠳᠠᠯᠳᠤᠭᠠᠨ ᠤ᠋ ᠭᠡᠷ᠎ᠡ ᠭᠡᠵᠦ ᠦᠵᠡᠵᠦ ᠪᠣᠯᠬᠤ ᠦᠭᠡᠢ ᠃ ᠬᠡᠷᠡᠭ ᠦ᠋ᠨ ᠭᠠᠳᠠᠨᠠᠬᠢ ᠬᠥᠮᠦᠨ ᠦ᠌ ᠬᠠᠩᠭᠠᠭᠰᠠᠨ ᠭᠡᠷᠡᠴᠢ ᠪᠠᠷᠢᠮᠲᠠ ᠨᠢ ᠬᠠᠤᠯᠢ ᠳ᠋ᠤ᠌ ᠲᠣᠭᠲᠠᠭᠠᠭᠰᠠᠨ ᠴᠢᠬᠤᠯᠠ ᠨᠥᠬᠥᠴᠡᠯ ᠳ᠋ᠦ᠍ ᠨᠡᠢᠴᠡᠬᠦ ᠦᠭᠡᠢ ᠪᠣᠯᠬᠣᠷ ᠬᠡᠷᠡᠭ ᠦ᠋ᠨ ᠭᠠᠳᠠᠨᠠᠬᠢ ᠬᠥᠮᠦᠨ ᠦ᠌ ᠭᠤᠶᠤᠴᠢᠯᠠᠯ ᠢ᠋ ᠨᠢᠴᠤᠭᠠᠬᠤ ᠪᠡᠷ ᠬᠢᠨᠠᠨ ᠳᠠᠰᠤᠯᠪᠠ ᠃
ᠰᠢᠭᠦᠬᠦ ᠲᠤᠰᠢᠶᠠᠯᠲᠠᠨ ᠤ᠋ ᠳᠠᠢᠯᠪᠥᠷᠢᠯᠠᠭᠰᠠᠨ
ᠪᠢ ᠵᠣᠭᠣᠰ ᠢ᠋ᠶ᠋ᠠᠨ ᠥᠭᠭᠦᠭᠡᠳ ᠭᠡᠷ ᠬᠤᠳᠠᠯᠳᠤᠨ ᠠᠪᠤᠭᠰᠠᠨ ᠪᠠᠢᠳᠠᠯ᠎ᠠ ᠂ ᠶᠠᠭᠤᠨ ᠳᠦ ᠪᠤᠰᠤᠳ ᠬᠥᠮᠦᠨ ᠦ᠌ ᠥᠷᠢᠲᠦᠭᠰᠡᠨ ᠥᠷᠢ ᠡᠴᠡ ᠪᠤᠯᠵᠦ ᠠᠷᠠᠳ ᠤ᠋ᠨ ᠰᠢᠭᠦᠬᠦ ᠬᠣᠷᠢᠶ᠎ᠠ ᠳᠦ ᠪᠠᠢᠴᠠᠭᠠᠨ ᠪᠢᠳᠡᠭᠦᠮᠵᠢᠯᠡᠭᠳᠡᠭᠰᠡᠨ ᠪᠤᠢ ︖ ᠬᠡᠷᠡᠭ ᠦ᠋ᠨ ᠭᠠᠳᠠᠨᠠᠬᠢ ᠬᠥᠮᠦᠨ ᠳ᠋ᠦ᠍ ᠲᠤᠯᠭᠠᠷᠠᠵᠤ ᠪᠠᠢᠭ᠎ᠠ ᠡᠢᠮᠦᠷᠬᠦ ᠰᠡᠵᠢᠭᠯᠡᠯ ᠪᠠ ᠬᠦᠴᠢᠷ ᠠᠰᠠᠭᠤᠳᠠᠯ ᠢ᠋ ᠬᠡᠷᠬᠢᠨ ᠰᠢᠢᠳᠪᠦᠷᠢᠯᠡᠪᠡᠯ ᠵᠣᠬᠢᠬᠤ ᠪᠣᠢ ?《 ᠠᠷᠠᠳ ᠤ᠋ᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠡᠴᠡ ᠠᠷᠠᠳ ᠤᠨ ᠰᠢᠭᠦᠬᠦ ᠬᠣᠷᠢᠶᠠᠨ ᠤ᠋ ᠭᠦᠢᠴᠡᠳᠬᠡᠬᠦ ᠣᠨᠳᠣᠣ ᠰᠠᠨᠠᠯ ᠪᠠ ᠳᠠᠬᠢᠨ ᠵᠥᠪᠯᠡᠬᠦ ᠬᠡᠷᠡᠭ ᠢ᠋ ᠰᠢᠢᠳᠪᠦᠷᠢᠯᠡᠬᠦ ᠠᠰᠠᠭᠤᠳᠠᠯ ᠤ᠋ᠳ ᠤ᠋ᠨ ᠲᠤᠬᠠᠢ ᠲᠣᠭᠲᠠᠭᠠᠯ 》 ᠤ᠋ᠨ ᠬᠣᠷᠢᠨ ᠨᠠᠢ᠍ᠮᠠᠳᠤᠭᠠᠷ ᠵᠤᠷᠪᠤᠰ ᠂ ᠬᠣᠷᠢ ᠶᠢᠰᠦᠳᠦᠭᠡᠷ ᠵᠤᠷᠪᠤᠰ ᠳ᠋ᠦ᠍ ᠡᠭᠦᠨ ᠦ᠌ ᠲᠤᠬᠠᠢ ᠲᠣᠭᠲᠠᠭᠠᠯ ᠭᠠᠷᠭᠠᠵᠠᠢ ᠃
《 ᠠᠷᠠᠳ ᠤ᠋ᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠡᠴᠡ ᠠᠷᠠᠳ ᠤᠨ ᠰᠢᠭᠦᠬᠦ ᠬᠣᠷᠢᠶᠠᠨ ᠤ᠋ ᠭᠦᠢᠴᠡᠳᠬᠡᠬᠦ ᠣᠨᠳᠣᠣ ᠰᠠᠨᠠᠯ ᠪᠠ ᠳᠠᠬᠢᠨ ᠵᠥᠪᠯᠡᠬᠦ ᠬᠡᠷᠡᠭ ᠢ᠋ ᠰᠢᠢᠳᠪᠦᠷᠢᠯᠡᠬᠦ ᠠᠰᠠᠭᠤᠳᠠᠯ ᠤ᠋ᠳ ᠤ᠋ᠨ ᠲᠤᠬᠠᠢ ᠲᠣᠭᠲᠠᠭᠠᠯ 》 ᠤ᠋ᠨ ᠬᠣᠷᠢᠨ ᠨᠠᠢ᠍ᠮᠠᠳᠤᠭᠠᠷ ᠵᠤᠷᠪᠤᠰ ᠳ᠋ᠦ᠍ ᠄ ᠵᠣᠭᠣᠰ ᠮᠥᠩᠭᠥᠨ ᠦ᠌ ᠠᠪᠴᠠᠭᠠᠨ ᠤ ᠡᠷᠬᠡ ᠶᠢ ᠭᠦᠢᠴᠡᠳᠬᠡᠬᠦ ᠳᠤᠮᠳᠠ ᠂ ᠬᠤᠳᠠᠯᠳᠤᠨ ᠠᠪᠤᠭᠴᠢ ᠨᠢ ᠭᠦᠢᠴᠡᠳᠬᠡᠭᠳᠡᠭᠴᠢ ᠶ᠋ᠢᠨ ᠨᠡᠷ᠎ᠡ ᠪᠡᠷ ᠳᠠᠩᠰᠠᠯᠠᠭᠤᠯᠤᠭᠰᠠᠨ ᠦᠯᠦ ᠬᠥᠳᠡᠯᠬᠦ ᠬᠥᠷᠥᠩᠭᠡ ᠳ᠋ᠦ᠍ ᠣᠨᠳᠣᠣ ᠰᠠᠨᠠᠯ ᠳᠤᠷᠠᠳᠴᠤ ᠂ ᠳᠣᠣᠷ᠎ᠠ ᠵᠢᠭᠰᠠᠭᠠᠭᠰᠠᠨ ᠪᠠᠢᠳᠠᠯ ᠳ᠋ᠤ᠌ ᠨᠡᠢᠴᠡᠬᠦ ᠪᠥᠭᠡᠳ ᠲᠡᠭᠦᠨ ᠦ᠌ ᠡᠷᠬᠡ ᠨᠢ ᠭᠦᠢᠴᠡᠳᠬᠡᠬᠦ ᠶ᠋ᠢ ᠦᠭᠡᠢᠰᠬᠡᠵᠦ ᠴᠢᠳᠠᠪᠠᠯ ᠂ ᠠᠷᠠᠳ ᠤ᠋ᠨ ᠰᠢᠭᠦᠬᠦ ᠬᠣᠷᠢᠶ᠎ᠠ ᠳᠡᠮᠵᠢᠬᠦ ᠬᠡᠷᠡᠭᠲᠡᠢ᠄
( ᠨᠢᠭᠡ ) ᠠᠷᠠᠳ ᠤ᠋ᠨ ᠰᠢᠭᠦᠬᠦ ᠬᠣᠷᠢᠶ᠎ᠠ ᠪᠠᠢᠴᠠᠭᠠᠨ ᠪᠢᠲᠡᠭᠦᠮᠵᠢᠯᠡᠬᠦ ᠡᠴᠡ ᠡᠮᠦᠨ᠎ᠡ ᠨᠢᠭᠡᠨᠲᠡ ᠬᠠᠤᠯᠢ ᠶᠣᠰᠣᠨ ᠳᠦ ᠨᠡᠢᠴᠡᠭᠰᠡᠨ ᠬᠦᠴᠦᠨ ᠲᠡᠢ ᠬᠤᠳᠠᠯᠳᠤᠭᠠᠨ ᠤ ᠭᠡᠷ᠎ᠡ ᠳᠤᠭᠳᠠᠭᠰᠠᠨ ᠪᠠᠢᠬᠤ ᠬᠡᠷᠡᠭᠳᠡᠢ ;
( ᠬᠣᠶᠠᠷ ) ᠠᠷᠠᠳ ᠤ᠋ᠨ ᠰᠢᠭᠦᠬᠦ ᠬᠣᠷᠢᠶ᠎ᠠ ᠪᠠᠢᠴᠠᠭᠠᠨ ᠪᠢᠲᠡᠭᠦᠮᠵᠢᠯᠡᠬᠦ ᠡᠴᠡ ᠡᠮᠦᠨ᠎ᠡ ᠨᠢᠭᠡᠨᠲᠡ ᠬᠠᠤᠯᠢ ᠶᠣᠰᠣᠭᠠᠷ ᠲᠤᠰ ᠦᠯᠦ ᠬᠥᠳᠡᠯᠬᠦ ᠬᠥᠷᠥᠩᠭᠡ ᠶ᠋ᠢ ᠥᠮᠴᠢᠯᠡᠭᠰᠡᠨ ᠪᠠᠢᠬᠤ ᠬᠡᠷᠡᠭᠲᠡᠢ ;
( ᠭᠤᠷᠪᠠ ) ᠲᠥᠯᠦᠪᠦᠷᠢ ᠮᠥᠩᠭᠦ ᠶᠢ ᠪᠦᠬᠦᠨ ᠢ ᠳᠤᠰᠢᠶᠠᠭᠰᠠᠨ ᠪᠤᠶᠤ ᠭᠡᠷ᠎ᠡ ᠳ᠋ᠦ᠍ ᠪᠣᠯᠵᠣᠨ ᠲᠣᠭᠲᠠᠭᠰᠠᠨ ᠶᠣᠰᠣᠭᠠᠷ ᠬᠡᠰᠡᠭ ᠲᠥᠯᠦᠪᠦᠷᠢ ᠮᠥᠩᠭᠥ ᠶ᠋ᠢ ᠨᠢᠭᠡᠨᠲᠡ ᠦᠭᠭᠦᠭᠰᠡᠨ ᠪᠥᠭᠡᠳ ᠦᠯᠡᠳᠡᠭᠰᠡᠨ ᠲᠥᠯᠦᠪᠦᠷᠢ ᠮᠥᠩᠭᠦ ᠢ᠋ ᠠᠷᠠᠳ ᠤ᠋ᠨ ᠰᠢᠭᠦᠬᠦ ᠬᠣᠷᠢᠶᠠᠨ ᠤ᠋ ᠱᠠᠭᠠᠷᠳᠠᠯᠭ᠎ᠠ ᠶᠣᠰᠣᠭᠠᠷ ᠲᠤᠰᠢᠶᠠᠵᠤ ᠭᠦᠢᠴᠡᠳᠭᠡᠭᠰᠡᠨ ᠪᠠᠢᠬᠤ ᠬᠡᠷᠡᠭᠲᠡᠢ ;
( ᠳᠥᠷᠪᠡ ) ᠬᠤᠳᠠᠯᠳᠤᠨ ᠠᠪᠤᠭᠴᠢ ᠶ᠋ᠢᠨ ᠲᠤᠰ ᠪᠡᠶ᠎ᠡ ᠶ᠋ᠢᠨ ᠰᠢᠯᠲᠠᠭᠠᠨ ᠠ᠋ᠴᠠ ᠪᠣᠯᠵᠤ ᠡᠷᠦᠬᠡ ᠠᠮᠠ ᠰᠣᠯᠢᠬᠤ ᠳᠡᠩᠰᠡᠯᠡᠯᠲᠡ ᠦᠯᠦ ᠬᠢᠭᠰᠡᠨ ᠃ ᠡᠨᠡᠬᠦ ᠵᠤᠷᠪᠤᠰ ᠬᠠᠦᠯᠢ ᠳᠤᠭᠳᠠᠭᠠᠯ ᠨᠢ ᠬᠡᠷᠡᠭ ᠦ᠋ᠨ ᠭᠠᠳᠠᠨᠠᠬᠢ ᠬᠥᠮᠦᠨ ᠦ᠌ ᠡᠩ ᠦ᠋ᠨ ᠬᠤᠳᠠᠯᠳᠤᠨ ᠠᠪᠤᠭᠴᠢ ᠶ᠋ᠢᠨ ᠬᠤᠪᠢ ᠪᠠᠷ ᠡᠳ᠋ᠯᠡᠬᠦ ᠪᠣᠳᠠᠰ ᠤ᠋ᠨ ᠡᠷᠬᠡ ᠶ᠋ᠢᠨ ᠲᠤᠬᠠᠢ ᠬᠠᠤᠯᠢ ᠳ᠋ᠤ᠌ ᠲᠣᠭᠲᠠᠭᠠᠭᠰᠠᠨ ᠬᠠᠮᠠᠭᠠᠯᠠᠯ ᠪᠣᠯᠤᠨ᠎ᠠ ᠂ ᠬᠡᠷᠡᠭ ᠦ᠋ᠨ ᠭᠠᠳᠠᠨᠠᠬᠢ ᠬᠥᠮᠦᠨ ᠦ᠌ ᠬᠤᠳᠠᠯᠳᠤᠨ ᠠᠪᠤᠭᠰᠠᠨ ᠲᠠᠸᠠᠷ ᠤ᠋ᠨ ᠭᠡᠷ ᠨᠢ ᠳᠡᠭᠡᠷ᠎ᠡ ᠳᠤᠷᠠᠳᠤᠭᠰᠠᠨ ᠲᠣᠭᠲᠠᠭᠠᠯ ᠤ᠋ᠨ ᠳᠥᠷᠪᠡᠨ ᠵᠤᠷᠪᠤᠰ ᠢ᠋ ᠬᠠᠩᠭᠠᠪᠠᠯ ᠰᠠᠶᠢ ᠭᠦᠢᠴᠡᠳᠬᠡᠬᠦ ᠶᠢ ᠦᠭᠡᠢᠰᠭᠡᠬᠦ ᠵᠣᠷᠢᠯᠭ᠎ᠠ ᠳ᠋ᠤ᠌ ᠬᠦᠷᠴᠦ ᠴᠢᠳᠠᠨ᠎ᠠ ᠭᠡᠵᠦ ᠬᠠᠤᠯᠢ ᠳ᠋ᠤ᠌ ᠲᠣᠭᠲᠠᠭᠠᠭᠰᠠᠨ ᠶᠤᠮ ᠃
《 ᠠᠷᠠᠳ ᠤ᠋ᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠡᠴᠡ ᠠᠷᠠᠳ ᠤᠨ ᠰᠢᠭᠦᠬᠦ ᠬᠣᠷᠢᠶᠠᠨ ᠤ᠋ ᠭᠦᠢᠴᠡᠳᠬᠡᠬᠦ ᠣᠨᠳᠣᠣ ᠰᠠᠨᠠᠯ ᠪᠠ ᠳᠠᠬᠢᠨ ᠵᠥᠪᠯᠡᠬᠦ ᠬᠡᠷᠡᠭ ᠢ᠋ ᠰᠢᠢᠳᠪᠦᠷᠢᠯᠡᠬᠦ ᠠᠰᠠᠭᠤᠳᠠᠯ ᠤ᠋ᠳ ᠤ᠋ᠨ ᠲᠤᠬᠠᠢ ᠲᠣᠭᠲᠠᠭᠠᠯ 》 ᠤ᠋ᠨ ᠬᠣᠷᠢ ᠶᠢᠰᠦᠳᠦᠭᠡᠷ ᠵᠤᠷᠪᠤᠰ ᠳ᠋ᠦ᠍ ᠄ ᠵᠣᠭᠣᠰ ᠮᠥᠩᠭᠥᠨ ᠦ᠌ ᠠᠪᠴᠠᠭᠠᠨ ᠤ᠋ ᠡᠷᠬᠡ ᠶᠢ ᠭᠦᠢᠴᠡᠳᠬᠡᠬᠦ ᠳᠤᠮᠳᠠ ᠂ ᠬᠤᠳᠠᠯᠳᠤᠨ ᠠᠪᠤᠭᠴᠢ ᠨᠢ ᠭᠦᠢᠴᠡᠳᠬᠡᠬᠦ ᠭᠡᠷ ᠪᠠᠢᠰᠢᠩ ᠭᠠᠵᠠᠷ ᠰᠢᠷᠣᠢ ᠶ᠋ᠢᠨ ᠬᠥᠷᠥᠩᠭᠡ ᠶ᠋ᠢ ᠨᠡᠭᠡᠭᠡᠨ ᠠᠰᠢᠭᠯᠠᠬᠤ ᠠᠵᠤ ᠠᠬᠤᠢᠯᠠᠯ ᠤ᠋ᠨ ᠨᠡᠷ᠎ᠡ ᠪᠡᠷ ᠳᠠᠩᠰᠠᠯᠠᠭᠤᠯᠤᠭᠰᠠᠨ ᠲᠠᠸᠠᠷ ᠤ᠋ᠨ ᠣᠷᠣᠨ ᠰᠠᠭᠤᠴᠠ ᠳ᠋ᠤ᠌ ᠣᠨᠳᠣᠣ ᠰᠠᠨᠠᠯ ᠳᠤᠷᠠᠳᠴᠤ ᠂ ᠳᠣᠣᠷ᠎ᠠ ᠵᠢᠭᠰᠠᠭᠠᠭᠰᠠᠨ ᠪᠠᠢᠳᠠᠯ ᠳ᠋ᠤ᠌ ᠨᠡᠢᠴᠡᠬᠦ ᠪᠥᠭᠡᠳ ᠲᠡᠭᠦᠨ ᠦ᠌ ᠡᠷᠬᠡ ᠨᠢ ᠭᠦᠢᠴᠡᠳᠬᠡᠬᠦ ᠶ᠋ᠢ ᠦᠭᠡᠢᠰᠬᠡᠵᠦ ᠴᠢᠳᠠᠪᠠᠯ᠂ ᠠᠷᠠᠳ ᠤ᠋ᠨ ᠰᠢᠭᠦᠬᠦ ᠬᠣᠷᠢᠶ᠎ᠠ ᠳᠡᠮᠵᠢᠬᠦ ᠬᠡᠷᠡᠭᠲᠡᠢ ᠄
( ᠨᠢᠭᠡ ) ᠠᠷᠠᠳ ᠤ᠋ᠨ ᠰᠢᠭᠦᠬᠦ ᠬᠣᠷᠢᠶ᠎ᠠ ᠪᠠᠢᠴᠠᠭᠠᠨ ᠪᠢᠲᠡᠭᠦᠮᠵᠢᠯᠡᠬᠦ ᠡᠴᠡ ᠡᠮᠦᠨ᠎ᠡ ᠨᠢᠭᠡᠨᠲᠡ ᠬᠠᠤᠯᠢ ᠶᠣᠰᠣᠨ ᠤ᠋ ᠬᠦᠴᠦᠨ ᠲᠡᠢ ᠬᠤᠳᠠᠯᠳᠤᠭᠠᠨ ᠤ᠋ ᠭᠡᠷ᠎ᠡ ᠳᠤᠭᠳᠠᠭᠰᠠᠨ ᠪᠠᠢᠬᠤ ᠬᠡᠷᠡᠭᠲᠡᠢ ;
( ᠬᠣᠶᠠᠷ ) ᠬᠤᠳᠠᠯᠳᠤᠨ ᠠᠪᠤᠭᠰᠠᠨ ᠲᠠᠸᠠᠷ ᠤ᠋ᠨ ᠭᠡᠷ ᠪᠠᠢᠰᠢᠩ ᠨᠢ ᠣᠷᠣᠰᠢᠨ ᠰᠠᠭᠤᠬᠤ ᠳ᠋ᠤ᠌ ᠬᠡᠷᠡᠭᠯᠡᠬᠦ ᠪᠥᠭᠡᠳ ᠬᠤᠳᠠᠯᠳᠤᠨ ᠠᠪᠬᠤ ᠬᠥᠮᠦᠨ ᠦ᠌ ᠨᠡᠷ᠎ᠡ ᠳᠣᠣᠷ᠎ᠠ ᠣᠷᠣᠰᠢᠨ ᠰᠠᠭᠤᠬᠤ ᠳ᠋ᠤ᠌ ᠬᠡᠷᠡᠭᠯᠡᠬᠦ ᠪᠤᠰᠤᠳ ᠭᠡᠷ ᠪᠠᠢᠰᠢᠩ ᠥᠬᠡᠢ ᠪᠠᠢᠳᠠᠯ ᠳᠣᠣᠷ᠎ᠠ ;
( ᠭᠤᠷᠪᠠ ) ᠨᠢᠭᠡᠨᠲᠡ ᠳᠤᠰᠢᠶᠠᠭᠰᠠᠨ ᠲᠥᠯᠦᠪᠦᠷᠢ ᠮᠥᠩᠭᠥ ᠨᠢ ᠭᠡᠷ᠎ᠡ ᠳ᠋ᠦ᠍ ᠪᠣᠯᠵᠣᠨ ᠲᠣᠭᠲᠠᠭᠰᠠᠨ ᠶᠡᠷᠦᠩᠬᠡᠢ ᠦᠨ᠎ᠡ ᠶ᠋ᠢᠨ 50 % ᠠ᠋ᠴᠠ ᠬᠡᠲᠦᠷᠡᠭᠰᠡᠨ ᠪᠠᠢᠳᠠᠯ ᠳᠣᠣᠷ᠎ᠠ ᠃ ᠡᠨᠡ ᠬᠦ᠌ ᠵᠤᠷᠪᠤᠰ ᠬᠠᠤᠯᠢ ᠳᠤᠭᠳᠠᠭᠠᠯ ᠨᠢ ᠲᠠᠸᠠᠷ ᠤ᠋ᠨ ᠭᠡᠷ ᠪᠠᠢᠰᠢᠩ ᠤ᠋ᠨ ᠬᠡᠷᠡᠭᠯᠡᠭᠴᠢᠳ ᠦ᠋ᠨ ᠣᠷᠣᠰᠢᠨ ᠲᠣᠭᠲᠠᠨᠢᠬᠤ ᠡᠷᠬᠡ ᠶ᠋ᠢ ᠬᠠᠮᠠᠭᠠᠯᠠᠵᠤ᠂ ᠬᠡᠷᠡᠭ ᠦ᠋ᠨ ᠭᠠᠳᠠᠨᠠᠬᠢ ᠬᠥᠮᠦᠨ ᠬᠡᠷᠪᠡ ᠳᠡᠭᠡᠷ᠎ᠡ ᠳᠤᠷᠠᠳᠤᠭᠰᠠᠨ ᠭᠤᠷᠪᠠᠨ ᠵᠤᠷᠪᠤᠰ ᠨᠥᠬᠥᠴᠡᠯ ᠢ᠋ ᠬᠠᠩᠭᠠᠪᠠᠯ ᠠᠷᠠᠳ ᠤ᠋ᠨ ᠰᠢᠭᠦᠬᠦ ᠬᠣᠷᠢᠶᠠᠨ ᠠ᠋ᠴᠠ ᠠᠯᠪᠠᠳᠠᠯᠭ᠎ᠠ ᠪᠠᠷ ᠭᠦᠢᠴᠡᠳᠬᠡᠬᠦ ᠶ᠋ᠢ ᠦᠭᠡᠢᠰᠬᠡᠬᠦ ᠵᠣᠷᠢᠯᠭ᠎ᠠ ᠳ᠋ᠤ᠌ ᠬᠦᠷᠴᠦ ᠪᠣᠯᠤᠨ᠎ᠠ ᠃
ᠡᠩ ᠦ᠋ᠨ ᠣᠷᠣᠨ ᠰᠠᠭᠤᠴᠠ ᠬᠤᠳᠠᠯᠳᠤᠨ ᠠᠪᠤᠭᠴᠢ ᠪᠣᠯᠤᠭᠰᠠᠨ ᠤ᠋ ᠬᠤᠪᠢ ᠳ᠋ᠤ᠌ ᠂ ᠡᠢᠮᠦᠷᠬᠦ ᠠᠰᠠᠭᠤᠳᠠᠯ ᠭᠠᠷᠬᠤ ᠶ᠋ᠢ ᠬᠡᠷᠬᠢᠨ ᠰᠡᠷᠭᠡᠢᠯᠡᠬᠦ ᠪᠣᠢ ? ᠬᠡᠷᠪᠡ ᠭᠡᠷ ᠪᠠᠢᠰᠢᠩ ᠠᠷᠠᠳ ᠤ᠋ᠨ ᠰᠢᠭᠦᠬᠦ ᠬᠣᠷᠢᠶ᠎ᠠ ᠪᠠᠢᠴᠠᠭᠠᠨ ᠪᠢᠳᠡᠭᠦᠮᠵᠢᠯᠡᠭᠰᠡᠨ ᠪᠠᠢᠪᠠᠯ ᠂ ᠥᠪᠡᠷ ᠦ᠋ᠨ ᠡᠷᠬᠡ ᠪᠡᠨ ᠬᠡᠷᠬᠢᠨ ᠲᠡᠳᠬᠦᠮᠵᠢ ᠣᠯᠪᠠᠯ ᠵᠣᠬᠢᠬᠤ ᠪᠣᠢ ?
ᠡᠩ ᠲᠡᠷᠢᠭᠦᠨ ᠳ᠋ᠦ᠍ ᠂ ᠭᠡᠷ ᠬᠤᠳᠠᠯᠳᠤᠨ ᠠᠪᠬᠤ ᠠ᠋ᠴᠠ ᠡᠮᠦᠨ᠎ᠡ ᠭᠡᠷ ᠭᠠᠵᠠᠷ ᠤ᠋ᠨ ᠬᠥᠷᠥᠩᠭᠡ ᠶ᠋ᠢᠨ ᠠᠵᠤ ᠠᠬᠤᠢᠯᠠᠯ ᠤ᠋ᠨ ᠬᠠᠮᠢᠶ᠎ᠠ ᠪᠦᠬᠦᠢ ᠭᠡᠷᠡᠴᠢ ᠦᠨᠡᠮᠯᠡᠯ ᠢ᠋ ᠨᠠᠷᠢᠨ ᠬᠢᠨᠠᠮᠠᠭᠠᠢ ᠬᠠᠷᠭᠤᠭᠤᠯᠬᠤ ᠬᠡᠷᠡᠭᠲᠡᠢ ᠂ ᠡᠨᠡ ᠪᠣᠯ ᠬᠣᠵᠢᠮ ᠨᠡᠷ᠎ᠡ ᠬᠠᠯᠠᠬᠤ ᠳᠠᠩᠰᠠᠯᠠᠯ ᠢ᠋ ᠤᠷᠤᠭᠰᠢᠲᠠᠢ ᠭᠦᠢᠴᠡᠳᠬᠡᠵᠦ ᠴᠢᠳᠠᠬᠤ ᠡᠰᠡᠬᠦ ᠶ᠋ᠢᠨ ᠵᠠᠩᠭᠢᠯᠠᠭ᠎ᠠ ᠪᠣᠯᠤᠨ᠎ᠠ ︔ ᠭᠠᠷ ᠳᠠᠮᠵᠢᠭᠰᠠᠨ ᠭᠡᠷ ᠪᠠᠢᠰᠢᠩ ᠬᠤᠳᠠᠯᠳᠤᠨ ᠠᠪᠬᠤ ᠳ᠋ᠤ᠌ ᠂ ᠭᠡᠷ ᠪᠠᠢᠰᠢᠩ ᠬᠤᠳᠠᠯᠳᠤᠭᠴᠢ ᠪᠤᠰᠤᠳ ᠠᠵᠤ ᠠᠬᠤᠢ ᠶ᠋ᠢᠨ ᠵᠢᠭᠤᠷᠠᠯᠳᠤᠭᠠᠨ ᠪᠠᠢᠬᠤ ᠡᠰᠡᠬᠦ ᠂ ᠬᠤᠳᠠᠯᠳᠤᠨ ᠠᠪᠤᠭᠰᠠᠨ ᠭᠡᠷ ᠪᠠᠢᠰᠢᠩ ᠪᠠᠢᠴᠠᠭᠠᠨ ᠪᠢᠲᠡᠭᠦᠮᠵᠢᠯᠡᠬᠦ ᠪᠠᠢᠳᠠᠯ ᠂ ᠪᠠᠷᠢᠴᠠᠭᠠᠯᠠᠬᠤ ᠵᠡᠷᠭᠡ ᠪᠠᠢᠳᠠᠯ ᠣᠷᠣᠰᠢᠵᠤ ᠪᠠᠢᠬᠤ ᠡᠰᠡᠬᠦ ᠶ᠋ᠢ ᠬᠢᠨᠠᠮᠠᠭᠠᠢ ᠣᠢᠯᠠᠭᠠᠨ ᠂ ᠬᠡᠷᠪᠡ ᠭᠡᠷ ᠪᠠᠢᠰᠢᠩ ᠢ᠋ ᠪᠠᠢᠴᠠᠭᠠᠨ ᠪᠢᠲᠡᠭᠦᠮᠵᠢᠯᠡᠬᠦ ᠪᠤᠶᠤ ᠪᠠᠷᠢᠴᠠᠭᠠᠯᠠᠭᠰᠠᠨ ᠢ᠋ ᠮᠡᠳᠡᠵᠦ ᠪᠠᠢᠭᠠᠳ ᠬᠤᠳᠠᠯᠳᠤᠨ ᠠᠪᠤᠭᠰᠠᠨ ᠪᠠᠢᠪᠠᠯ ᠂ ᠭᠡᠷ ᠪᠠᠢᠰᠢᠩ ᠬᠤᠳᠠᠯᠳᠤᠨ ᠠᠪᠤᠭᠴᠢ ᠨᠢ ᠬᠣᠢᠰᠢᠳᠠ ᠡᠷᠦᠬᠡ ᠠᠮᠠ ᠰᠣᠯᠢᠬᠤ ᠳᠡᠩᠰᠡᠯᠡᠯᠲᠡ ᠬᠢᠵᠦ ᠳᠡᠢᠯᠬᠦ ᠦᠭᠡᠢ ᠦᠶ᠎ᠡ ᠳᠦ ᠵᠣᠬᠢᠬᠤ ᠪᠤᠷᠤᠭᠤ ᠲᠠᠢ ᠭᠡᠰᠡᠨ ᠢ᠋ ᠬᠠᠷᠠᠭᠤᠯᠵᠤ ᠪᠣᠢ ᠃ ᠳᠠᠷᠠᠭ᠎ᠠ ᠳ᠋ᠤᠨᠢ ᠭᠡᠷ ᠪᠠᠢᠰᠢᠩ ᠬᠤᠳᠠᠯᠳᠤᠨ ᠠᠪᠬᠤ ᠳ᠋ᠠᠭᠠᠨ ᠬᠣᠯᠪᠣᠭᠳᠠᠯ ᠪᠦᠬᠦᠢ ᠪᠢᠴᠢᠭ᠌ ᠮᠠᠲ᠋ᠸᠷᠢᠶᠠᠯ ᠂ ᠫᠢᠶᠣᠣ ᠪᠠᠷᠢᠮᠲᠠ ᠶ᠋ᠢ ᠰᠠᠢᠲᠤᠷ ᠦᠯᠡᠳᠡᠭᠡᠬᠦ ᠬᠡᠷᠡᠭᠲᠡᠢ ᠂ ᠵᠢᠱ᠌ᠢᠶᠡᠯᠡᠪᠡᠯ ᠭᠡᠷ ᠪᠠᠢᠰᠢᠩ ᠬᠤᠳᠠᠯᠳᠤᠨ ᠠᠪᠤᠭᠰᠠᠨ ᠪᠠᠷᠢᠮᠲᠠ ᠂ ᠫᠢᠶᠣᠣ ᠪᠠᠷᠢᠮᠲᠠ ᠂ ᠪᠠᠩᠬᠢ ᠶ᠋ᠢᠨ ᠵᠣᠭᠣᠰ ᠭᠠᠷᠭᠠᠵᠤ ᠠᠪᠬᠤ ᠂ ᠵᠣᠭᠣᠰ ᠭᠤᠪᠢᠭᠤᠯᠬᠤ ᠂ ᠳᠠᠩᠰᠠ ᠰᠢᠯᠵᠢᠭᠦᠯᠬᠦ ᠭᠡᠷᠡᠴᠢ ᠪᠠᠷᠢᠮᠲᠠ ᠵᠡᠷᠭᠡ ᠳᠤᠰᠠᠯᠠᠮᠵᠢ ᠭᠡᠷᠡᠴᠢ ᠮᠠᠲ᠋ᠸᠷᠢᠶᠠᠯ ᠢ᠋ ᠰᠠᠢᠲᠤᠷ ᠬᠠᠳᠠᠭᠠᠯᠠᠬᠤ ᠬᠡᠷᠡᠭᠲᠡᠢ ; ᠳᠠᠬᠢᠪᠠᠯ ᠂ 《 ᠪᠠᠭ᠎ᠠ ᠠᠰᠢᠭ ᠲᠤ᠌ ᠰᠢᠨᠤᠬᠠᠢᠷᠠᠵᠤ ᠶᠡᠬᠡ ᠶᠢ ᠠᠯᠳᠠᠬᠤ 》 ᠶ᠋ᠢ ᠡᠷᠬᠡᠪᠰᠢ ᠴᠡᠭᠡᠵᠢᠯᠡᠵᠦ ᠂ ᠲᠦᠷ ᠴᠠᠭ ᠤ᠋ᠨ ᠬᠢᠮᠳᠠᠷᠠᠯ ᠪᠡ ᠲᠦᠷ ᠴᠠᠭ ᠤ᠋ᠨ ᠳᠥᠭᠥᠮ ᠲᠦᠳᠡ ᠶ᠋ᠢ ᠬᠥᠷᠳᠡᠬᠦ ᠳᠦ ᠰᠢᠨᠤᠬᠠᠢᠷᠠᠵᠤ ᠪᠣᠯᠬᠤ ᠦᠭᠡᠢ ᠂ ᠭᠡᠷ ᠪᠠᠢᠰᠢᠩ ᠭᠠᠵᠠᠷ ᠬᠥᠷᠥᠩᠭᠡ ᠶ᠋ᠢᠨ ᠺᠣᠮᠫᠠᠨᠢ ᠲᠠᠢ ᠬᠠᠦᠯᠢ ᠶᠣᠰᠤᠨ ᠤ ᠲᠠᠸᠠᠷ ᠤ᠋ᠨ ᠭᠡᠷ ᠪᠠᠢᠰᠢᠩ ᠤᠨ ᠬᠤᠳᠠᠯᠳᠤᠭᠠᠨ ᠤ ᠭᠡᠷ᠎ᠡ ᠲᠣᠭᠲᠠᠬᠤ ᠶ᠋ᠢᠨ ᠬᠠᠮᠲᠤ ᠴᠠᠭ ᠲᠤᠬᠠᠢ ᠳ᠋ᠤᠨᠢ ᠭᠡᠷ ᠪᠠᠢᠰᠢᠩ ᠥᠮᠴᠢᠯᠡᠬᠦ ᠳᠠᠩᠰᠠ ᠰᠢᠯᠵᠢᠭᠦᠯᠬᠦ ᠭᠠᠷᠳᠠᠮ ᠭᠦᠢᠴᠡᠳᠬᠡᠬᠦ ᠬᠡᠷᠡᠭᠲᠡᠢ ᠃ ᠬᠠᠮᠤᠭ ᠰᠡᠭᠦᠯ ᠳ᠋ᠦ᠍ ᠂ ᠥᠪᠡᠷ ᠦ᠋ᠨ ᠬᠤᠳᠠᠯᠳᠤᠨ ᠠᠪᠤᠭᠰᠠᠨ ᠭᠡᠷ ᠪᠠᠢᠰᠢᠩ ᠨᠢ ᠭᠡᠷ ᠤᠨ ᠡᠵᠡᠨ ᠭᠠᠵᠠᠷ ᠬᠥᠷᠥᠩᠭᠡ ᠶ᠋ᠢᠨ ᠠᠵᠤ ᠠᠬᠤᠢᠯᠠᠯ ᠤ᠋ᠨ ᠠᠵᠤ ᠠᠬᠤᠢ ᠶ᠋ᠢᠨ ᠵᠢᠭᠤᠷᠠᠯᠳᠤᠭᠠᠨ ᠡᠴᠡ ᠪᠤᠯᠵᠦ ᠠᠷᠠᠳ ᠤ᠋ᠨ ᠰᠢᠭᠦᠬᠦ ᠬᠣᠷᠢᠶ᠎ᠠ ᠳᠦ ᠪᠠᠢᠴᠠᠭᠠᠨ ᠪᠢᠲᠡᠭᠦᠮᠵᠢᠯᠡᠵᠦ ᠪᠠᠢᠬᠤ ᠶ᠋ᠢ ᠣᠯᠵᠤ ᠮᠡᠳᠡᠪᠡᠯ ᠂ ᠥᠪᠡᠷ ᠦ᠋ᠨ ᠡᠷᠬᠡ ᠠᠰᠢᠭ ᠢ᠋ᠶ᠋ᠠᠨ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠬᠠᠮᠠᠭᠠᠯᠠᠵᠤ ᠂ ᠴᠠᠭ ᠲᠤᠬᠠᠢ ᠳ᠋ᠤᠨᠢ ᠬᠠᠮᠢᠶ᠎ᠠ ᠪᠦᠬᠦᠢ ᠰᠢᠭᠦᠬᠦ ᠬᠣᠷᠢᠶᠠᠨ ᠳ᠋ᠤ᠌ ᠭᠦᠢᠴᠡᠳᠬᠡᠬᠦ ᠶ᠋ᠢᠨ ᠣᠨᠳᠣᠣ ᠰᠠᠨᠠᠯ ᠳᠤᠷᠠᠳᠴᠤ ᠂ ᠭᠦᠢᠴᠡᠳᠬᠡᠬᠦ ᠶ᠋ᠢᠨ ᠣᠨᠳᠣᠣ ᠰᠠᠨᠠᠯ ᠨᠢ ᠨᠢᠴᠤᠭᠠᠭᠳᠠᠭᠰᠠᠨ ᠪᠠᠢᠪᠠᠯ ᠂ ᠪᠠᠰᠠ ᠭᠦᠢᠴᠡᠳᠬᠡᠬᠦ ᠶ᠋ᠢᠨ ᠣᠨᠳᠣᠣ ᠰᠠᠨᠠᠯ ᠤ᠋ᠨ ᠵᠠᠭᠠᠯᠳᠤᠯᠭ᠎ᠠ ᠶ᠋ᠢᠨ ᠵᠢᠷᠤᠮ ᠢ᠋ᠶ᠋ᠠᠷ ᠳᠠᠮᠵᠢᠨ ᠡᠷᠬᠡ ᠶᠢ ᠵᠣᠷᠢᠬᠤ ᠬᠡᠷᠡᠭᠲᠡᠢ᠃
ᠦᠨᠡᠯᠡᠬᠦ 0ᠦᠨᠡᠯᠡᠯᠲᠡ᠎ᠲᠠᠢ