【ᠠᠵᠢᠯ ᠤ᠋ᠨ ᠪᠠᠢᠳᠠᠯ】ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠢ᠋ᠢᠨ ᠴᠠᠭᠳᠠᠭ᠎ᠠ ᠶ᠋ᠢᠨ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢ ᠳᠡᠭᠡᠭᠰᠢᠯᠡᠭᠦᠯᠬᠦ ᠪᠣᠯᠪᠠᠰᠤᠷᠠᠯ ᠤ᠋ᠨ ᠠᠩᠭᠢ ᠳ᠋ᠤ᠌ ᠪᠣᠳᠠᠲᠤ ᠲᠡᠢᠨ ᠦ᠌ ᠴᠠᠭᠳᠠᠭᠠᠨ ᠪᠠᠢᠳᠠᠯ ᠤ᠋ᠨ ᠰᠣᠷᠢᠯᠲᠠ ᠥᠷᠨᠢᠭᠦᠯᠪᠡ
2023.09.28 ᠲᠣᠰ ᠥᠷᠲᠡᠭᠡᠨ᠎ᠦ ᠨᠠᠢᠷᠠᠭᠤᠯᠤᠭᠴᠢ

    ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠠᠤᠯᠢ ᠴᠠᠭᠠᠵᠠ ᠢ᠋ᠢᠨ ᠴᠠᠭᠳᠠᠭ᠎ᠠ ᠶ᠋ᠢᠨ ᠬᠠᠤᠯᠢ ᠬᠡᠷᠡᠭᠵᠢᠭᠦᠯᠬᠦ ᠶ᠋ᠢ ᠵᠢᠷᠤᠮᠵᠢᠭᠤᠯᠬᠤ ᠪᠠᠢᠭᠤᠯᠤᠯᠲᠠ ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ ᠂ ᠬᠠᠤᠯᠢ ᠴᠠᠭᠠᠵᠠ ᠢ᠋ᠢᠨ  ᠴᠠᠭᠳᠠᠭ᠎ᠠ ᠶ᠋ᠢᠨ ᠭᠡᠨᠡᠳᠲᠡ ᠶ᠋ᠢᠨ ᠬᠡᠷᠡᠭ ᠢ᠋ ᠠᠷᠭᠠᠴᠠᠨ ᠰᠢᠢᠳᠪᠦᠷᠢᠯᠡᠬᠦ ᠶᠡᠷᠦᠩᠬᠡᠢᠯᠡᠭᠰᠡᠨ ᠴᠢᠳᠠᠪᠤᠷᠢ ᠶ᠋ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠥᠨᠳᠥᠷ ᠬᠡᠪ ᠴᠢᠨᠠᠷ ᠲᠠᠢ ᠂ ᠲᠤᠰᠬᠠᠢᠵᠢᠭᠰᠠᠨ ᠬᠠᠤᠯᠢ ᠴᠠᠭᠠᠵᠠ ᠢ᠋ᠢᠨ ᠴᠠᠭᠳᠠᠭ᠎ᠠ ᠶ᠋ᠢᠨ ᠡᠩᠨᠡᠭᠡ ᠶ᠋ᠢ ᠴᠢᠷᠮᠠᠢᠨ ᠪᠠᠢᠭᠤᠯᠬᠤ ᠶ᠋ᠢᠨ ᠲᠤᠰᠠᠳᠠ ᠂ 9 ᠰᠠᠷ᠎ᠠ ᠶ᠋ᠢᠨ 22 ᠤ᠋ ᠡᠳᠦᠷ ᠂ ᠬᠠᠤᠯᠢ ᠴᠠᠭᠠᠵᠠ ᠢ᠋ᠢᠨ ᠴᠠᠭᠳᠠᠭ᠎ᠠ ᠶ᠋ᠢᠨ ᠬᠠᠤᠯᠢ ᠪᠠᠷᠢᠬᠤ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢ ᠳᠡᠭᠡᠭᠰᠢᠯᠡᠭᠦᠯᠬᠦ ᠪᠣᠯᠪᠠᠰᠤᠷᠠᠯ ᠤ᠋ᠨ ᠠᠩᠭᠢ ᠪᠠᠢᠩᠭᠤ ᠶ᠋ᠢᠨ ᠴᠠᠭᠳᠠᠭ᠎ᠠ ᠶ᠋ᠢᠨ ᠪᠠᠢᠳᠠᠯ ᠢ᠋ ᠰᠢᠢᠳᠪᠦᠷᠢᠯᠡᠬᠦ ᠲᠤᠰᠬᠠᠢ ᠰᠡᠳᠦᠪᠲᠦ ᠪᠣᠯᠪᠠᠰᠤᠷᠠᠯ ᠢ᠋ ᠥᠷᠨᠢᠭᠦᠯᠪᠡ ᠃  

 

 

    ᠪᠣᠯᠪᠠᠰᠤᠷᠠᠯ ᠤ᠋ᠨ ᠬᠤᠷᠠᠯ ᠨᠢ ᠥᠪᠥᠷ ᠮᠣᠩᠭᠣᠯ ᠤ᠋ᠨ ᠴᠠᠭᠳᠠᠭ᠎ᠠ ᠶ᠋ᠢᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠶ᠋ᠢᠨ ᠴᠠᠭᠳᠠᠭᠠᠨ ᠤ᠋ ᠶᠠᠪᠤᠳᠠᠯ ᠢ᠋ ᠵᠢᠯᠣᠭᠣᠳᠬᠤ ᠪᠠ ᠪᠠᠢᠯᠳᠤᠬᠤ ᠠᠷᠭ᠎ᠠ ᠶ᠋ᠢᠨ ᠲᠤᠰᠬᠠᠢ ᠮᠡᠷᠭᠡᠵᠢᠯ ᠤ᠋ᠨ ᠫᠷᠣᠹᠧᠰᠰᠣᠷ ᠰᠢᠶᠣᠤ ᠴᠦᠨ ᠮᠢᠩ ᠢ᠋ ᠤᠷᠢᠵᠤ ᠺᠠᠳ᠋ᠷ ᠴᠠᠭᠳᠠᠭ᠎ᠠ ᠳ᠋ᠤ᠌ 《  ᠬᠠᠤᠯᠢ ᠴᠠᠭᠠᠵᠠ ᠢ᠋ᠢᠨ ᠴᠠᠭᠳᠠᠭ᠎ᠠ ᠶ᠋ᠢᠨ ᠲᠤᠬᠠᠢ ᠶ᠋ᠢᠨ ᠲᠠᠯᠠᠪᠠᠢ ᠶ᠋ᠢ ᠰᠢᠢᠳᠪᠦᠷᠢᠯᠡᠬᠦ ᠬᠠᠮᠤᠭ ᠪᠠᠭ᠎ᠠ ᠪᠠᠢᠯᠳᠤᠭᠠᠨ  》ᠭᠡᠬᠦ ᠰᠡᠳᠦᠪ ᠢ᠋ᠶ᠋ᠡᠷ ᠲᠤᠰᠬᠠᠢ ᠰᠡᠳᠦᠪ ᠤ᠋ᠨ ᠣᠨᠣᠯ ᠤ᠋ᠨ ᠲᠠᠢᠯᠤᠮᠵᠢ ᠬᠢᠯᠭᠡᠵᠡᠢ ᠃ ᠣᠨᠣᠯ ᠤ᠋ᠨ ᠬᠢᠴᠢᠶᠡᠯ ᠳᠠᠭᠤᠰᠤᠭᠰᠠᠨ ᠤ᠋ ᠳᠠᠷᠠᠭ᠎ᠠ ᠂ ᠪᠣᠯᠪᠠᠰᠤᠷᠠᠯ ᠳ᠋ᠤ᠌  ᠣᠷᠤᠯᠴᠠᠭᠰᠠᠨ ᠰᠤᠷᠤᠭᠴᠢᠳ ᠳᠤᠭᠤᠢᠯᠠᠩ ᠬᠤᠪᠢᠶᠠᠨ ᠪᠣᠳᠠᠲᠤ ᠲᠡᠢᠨ ᠦ᠌ ᠪᠠᠢᠳᠠᠯ ᠤ᠋ᠨ ᠰᠣᠷᠢᠯᠲᠠ ᠶ᠋ᠢ ᠵᠣᠬᠢᠶᠠᠨ ᠪᠠᠢᠭᠤᠯᠤᠨ ᠥᠷᠨᠢᠭᠦᠯᠪᠡ ᠃ ᠲᠤᠰ ᠤᠳᠠᠭᠠᠨ ᠤ᠋ ᠰᠣᠷᠢᠯᠲᠠ ᠨᠢ ᠴᠠᠭᠳᠠᠭᠠᠨ ᠤ᠋ ᠪᠣᠳᠠᠲᠠᠢ ᠠᠵᠢᠯᠯᠠᠭ᠎ᠠ ᠪᠠ ᠪᠣᠳᠠᠲᠤ ᠳᠠᠢᠨ ᠤ᠋ ᠮᠡᠷᠭᠡᠵᠢᠯ ᠤ᠋ᠨ ᠱᠠᠭᠠᠷᠳᠠᠯᠭ᠎ᠠ ᠶ᠋ᠢᠨ ᠲᠣᠭᠣᠷᠢᠨ ᠳ᠋ᠤ᠌ ᠰᠢᠭᠦᠬᠦ ᠲᠢᠩᠬᠢᠮ ᠂ ᠵᠠᠬᠢᠳᠠᠯ ᠰᠤᠷᠪᠤᠯᠵᠢᠯᠠᠭ᠎ᠠ ᠶ᠋ᠢᠨ ᠲᠠᠯᠠᠪᠤᠷ ᠂ ᠠᠮᠤᠷ ᠲᠦᠪᠰᠢᠨ ᠦ᠌ ᠪᠠᠢᠴᠠᠭᠠᠯᠲᠠ ᠶ᠋ᠢᠨ ᠲᠠᠯᠠᠪᠤᠷ ᠵᠡᠷᠭᠡ ᠣᠷᠣᠨ ᠪᠦᠰᠡ ᠳ᠋ᠦ᠍ ᠲᠤᠰ ᠲᠤᠰ ᠲᠣᠬᠢᠷᠠᠭᠤᠯᠵᠤ ᠂ ᠲᠤᠬᠠᠢ ᠶ᠋ᠢᠨ ᠬᠥᠮᠦᠨ ᠦ᠌ ᠤᠷᠮ᠎ᠠ ᠰᠡᠳᠬᠢᠯᠭᠡ ᠳᠣᠭᠳᠣᠯᠤᠭᠠᠳ ᠬᠠᠤᠯᠢ ᠴᠠᠭᠠᠵᠠ ᠶ᠋ᠢᠨ ᠰᠢᠭᠦᠨ ᠲᠠᠰᠤᠯᠤᠯᠲᠠ ᠶ᠋ᠢᠨ ᠡᠮᠬᠢ ᠳᠢᠭᠯᠢᠮ ᠢ᠋ ᠳᠠᠭᠠᠷᠢᠵᠤ ᠂ ᠰᠢᠭᠦᠭᠴᠢ ᠵᠢᠴᠢ ᠪᠤᠰᠤᠳ ᠬᠠᠤᠯᠢ ᠴᠠᠭᠠᠵᠠ ᠶ᠋ᠢᠨ ᠠᠵᠢᠯᠲᠠᠨ ᠢ᠋ ᠳᠠᠭᠠᠷᠢᠯᠲᠠ ᠬᠢᠵᠦ ᠂ ᠬᠣᠬᠢᠷᠠᠭᠤᠯᠤᠭᠰᠠᠨ ᠪᠠᠢᠳᠠᠯ ᠢ᠋ ᠭᠦᠢᠴᠡᠳ ᠳᠡᠯᠭᠡᠨ ᠦᠵᠡᠭᠦᠯᠵᠡᠢ ᠃ ᠪᠣᠯᠪᠠᠰᠤᠷᠠᠯ ᠳᠠᠭᠤᠰᠤᠭᠰᠠᠨ ᠤ᠋ ᠳᠠᠷᠠᠭ᠎ᠠ ᠂ ᠰᠢᠶᠣᠤ ᠴᠦᠨ ᠮᠢᠩ ᠫᠷᠣᠹᠧᠰᠰᠣᠷ ᠸᠢᠳᠢᠦ᠋ ᠪᠤᠴᠠᠭᠠᠨ ᠲᠠᠯᠪᠢᠨ ᠦᠵᠡᠭᠦᠯᠬᠦ ᠬᠡᠯᠪᠡᠷᠢ ᠪᠡᠷ ᠡᠯ᠎ᠡ ᠳᠤᠭᠤᠢᠯᠠᠩ ᠤ᠋ᠨ ᠴᠠᠭᠳᠠᠭ᠎ᠠ ᠶ᠋ᠢᠨ ᠪᠠᠢᠳᠠᠯ ᠢ᠋ ᠰᠢᠢᠳᠪᠦᠷᠢᠯᠡᠭᠰᠡᠨ ᠪᠠᠢᠳᠠᠯ ᠢ᠋ ᠨᠢᠭᠡᠳ ᠨᠢᠭᠡ ᠪᠡᠷ ᠦᠨᠡᠯᠡᠨ ᠲᠣᠭᠲᠠᠭᠠᠬᠤ ᠶ᠋ᠢᠨ ᠬᠠᠮᠲᠤ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠪᠠᠢᠳᠠᠯ ᠢ᠋ ᠰᠢᠢᠳᠪᠦᠷᠢᠯᠡᠬᠦ ᠶᠠᠪᠤᠴᠠ ᠶ᠋ᠢ ᠵᠢᠷᠤᠮᠵᠢᠭᠤᠯᠬᠤ ᠶ᠋ᠢᠨ ᠠᠴᠢ ᠬᠣᠯᠪᠣᠭᠳᠠᠯ ᠂ ᠴᠠᠭᠳᠠᠭ᠎ᠠ ᠶ᠋ᠢᠨ ᠪᠠᠢᠳᠠᠯ ᠢ᠋ ᠰᠢᠢᠳᠪᠦᠷᠢᠯᠡᠬᠦ ᠦᠶ᠎ᠡ ᠶ᠋ᠢᠨ ᠠᠩᠬᠠᠷᠬᠤ ᠵᠦᠢᠯᠡᠰ ᠪᠣᠯᠤᠨ ᠴᠠᠭᠳᠠᠭ᠎ᠠ ᠶ᠋ᠢᠨ ᠪᠠᠭᠠᠵᠢ ᠬᠡᠷᠡᠭᠯᠡᠬᠦ ᠶᠠᠪᠤᠴᠠ ᠵᠡᠷᠭᠡ ᠣᠯᠠᠨ ᠲᠠᠯ᠎ᠠ ᠪᠠᠷ ᠨᠠᠷᠢᠨ ᠲᠣᠳᠣᠷᠬᠠᠢ ᠲᠠᠢᠯᠪᠤᠷᠢᠯᠠᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠂ ᠬᠠᠪᠰᠤᠷᠤᠨ ᠭᠦᠢᠴᠡᠳᠬᠡᠬᠦ ᠂ ᠠᠮᠤᠷ ᠲᠦᠪᠰᠢᠨ ᠦ᠌ ᠪᠠᠢᠴᠠᠭᠠᠯᠲᠠ ᠬᠢᠬᠦ ᠂ ᠭᠡᠨᠡᠳᠲᠡ ᠡᠭᠦᠰᠦᠭᠰᠡᠨ ᠬᠡᠷᠡᠭ ᠢ᠋ ᠰᠢᠢᠳᠪᠦᠷᠢᠯᠡᠬᠦ ᠳ᠋ᠦ᠍ ᠬᠠᠤᠯᠢ ᠬᠡᠷᠡᠭᠵᠢᠭᠦᠯᠬᠦ ᠮᠠᠷᠭᠤᠯᠳᠤᠭᠠᠨ ᠠᠮᠠᠷᠬᠠᠨ ᠪᠣᠢ ᠪᠣᠯᠬᠤ ᠂ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠠᠮᠢ ᠨᠠᠰᠤ ᠶ᠋ᠢ ᠭᠡᠮᠲᠦᠭᠡᠬᠦ ᠠᠵᠢᠯ ᠤ᠋ᠨ ᠵᠠᠩᠭᠢᠯᠠᠭ᠎ᠠ ᠪᠣᠯᠤᠨ ᠬᠠᠤᠯᠢ ᠬᠡᠷᠡᠭᠵᠢᠭᠦᠯᠬᠦ ᠬᠦᠴᠢᠷᠲᠡᠢ ᠴᠢᠭ ᠢ᠋ ᠵᠠᠳᠠᠯᠤᠨ ᠰᠣᠯᠢᠯᠴᠠᠵᠤ ᠂ ᠲᠤᠬᠠᠢ ᠶ᠋ᠢᠨ ᠲᠠᠯᠠᠪᠠᠢ ᠶ᠋ᠢᠨ ᠬᠠᠤᠯᠢ ᠬᠡᠷᠡᠭᠵᠢᠭᠦᠯᠬᠦ ᠦᠨᠳᠦᠰᠦᠨ ᠠᠵᠢᠯᠯᠠᠬᠤ ᠳᠦᠷᠢᠮ ᠲᠣᠭᠲᠠᠭᠠᠯ ᠢ᠋ ᠲᠣᠳᠣᠷᠬᠠᠢᠯᠠᠵᠤ ᠂ ᠴᠠᠭᠳᠠᠭᠠᠨ ᠤ᠋ ᠶᠠᠪᠤᠳᠠᠯ ᠤ᠋ᠨ ᠠᠵᠢᠯ ᠤ᠋ᠨ ᠵᠠᠩᠭᠢᠯᠠᠭ᠎ᠠ ᠨᠢᠭᠡᠪᠦᠷᠢ ᠨᠢ ᠴᠥᠮ ᠵᠢᠷᠤᠮᠯᠠᠬᠤ ᠳᠦᠷᠢᠮ ᠲᠡᠢ ᠪᠠᠢᠬᠤ ᠶ᠋ᠢ ᠦᠨᠡᠨᠬᠦ ᠪᠠᠲᠤᠯᠠᠪᠠ ᠃

     ᠲᠤᠰ ᠤᠳᠠᠭᠠᠨ ᠤ᠋ ᠪᠣᠯᠪᠠᠰᠤᠷᠠᠯ ᠤ᠋ᠨ ᠠᠭᠤᠯᠭ᠎ᠠ ᠨᠢ ᠡᠯᠪᠡᠭ ᠪᠠᠶᠠᠯᠢᠭ ᠂ ᠪᠣᠳᠠᠲᠤ ᠪᠠᠢᠯᠳᠤᠭᠠᠨ ᠤ᠋ ᠴᠢᠨᠠᠷ ᠢ᠋ᠶ᠋ᠠᠷ ᠴᠢᠩᠭ᠎ᠠ ᠪᠠᠢᠵᠤ ᠂ ᠪᠣᠯᠪᠠᠰᠤᠷᠠᠯ ᠳ᠋ᠤ᠌ ᠣᠷᠣᠯᠴᠠᠬᠤ ᠬᠥᠮᠦᠰ ᠤ᠋ᠨ ᠪᠣᠯᠪᠠᠰᠤᠷᠠᠯ ᠤ᠋ᠨ ᠢᠳᠡᠪᠬᠢᠵᠢᠯ ᠢ᠋ ᠭᠦᠢᠴᠡᠳ ᠳᠠᠢᠴᠢᠯᠠᠨ ᠂ ᠨᠡᠯᠢᠶᠡᠳ ᠰᠠᠢᠨ ᠪᠣᠯᠪᠠᠰᠤᠷᠠᠯ ᠤ᠋ᠨ ᠦᠷ᠎ᠡ ᠪᠦᠲᠦᠮᠵᠢ ᠣᠯᠤᠭᠰᠠᠨ ᠪᠠᠢᠨ᠎ᠠ ᠃ ᠰᠣᠷᠢᠯᠲᠠ ᠳ᠋ᠤ᠌ ᠣᠷᠣᠯᠴᠠᠭᠰᠠᠨ ᠺᠠᠳ᠋ᠷ ᠴᠠᠭᠳᠠᠭ᠎ᠠ ᠨᠠᠷ ᠂ ᠬᠢᠴᠢᠶᠡᠯ ᠨᠢ ᠪᠣᠳᠠᠲᠤ ᠶᠠᠪᠤᠳᠠᠯ ᠳ᠋ᠤ᠌ ᠣᠢᠷᠠᠳᠬᠤ ᠂ ᠰᠠᠢᠲᠤᠷ ᠲᠠᠢᠯᠪᠤᠷᠢᠯᠠᠬᠤ ᠂ ᠣᠨᠣᠯ ᠤ᠋ᠨ ᠵᠢᠯᠣᠭᠣᠳᠬᠤ ᠂ ᠪᠣᠳᠠᠲᠠᠢ ᠣᠷᠣᠯᠴᠠᠬᠤ ᠵᠡᠷᠭᠡ ᠲᠠᠯ᠎ᠠ ᠪᠠᠷ ᠮᠠᠰᠢ ᠴᠢᠩᠬ᠎ᠠ ᠬᠠᠤᠯᠢ ᠬᠡᠷᠡᠭᠵᠢᠭᠦᠯᠬᠦ ᠴᠠᠭᠳᠠᠭ᠎ᠠ ᠶ᠋ᠢᠨ ᠪᠣᠳᠠᠲᠠᠢ ᠪᠠᠢᠯᠳᠤᠬᠤ ᠤᠬᠠᠮᠰᠠᠷ ᠂ ᠲᠦᠭᠰᠢᠭᠦᠷᠢ ᠶ᠋ᠢᠨ ᠤᠬᠠᠮᠰᠠᠷ ᠪᠣᠯᠤᠨ ᠬᠠᠷᠢᠭᠤᠴᠠᠯᠭ᠎ᠠ ᠶ᠋ᠢᠨ ᠤᠬᠠᠮᠰᠠᠷ ᠢ᠋ ᠴᠢᠩᠭ᠋ᠠᠳᠬᠠᠬᠤ ᠪᠠᠷ ᠪᠠᠷᠠᠬᠤ ᠥᠬᠡᠢ ᠪᠠᠰᠠ ᠠᠮᠤᠷ ᠲᠦᠪᠰᠢᠨ ᠦ᠌ ᠬᠠᠮᠢᠶᠠᠷᠤᠯᠲᠠ ᠂ ᠬᠠᠮᠲᠤ ᠨᠢᠭᠡᠴᠡ ᠶ᠋ᠢᠨ ᠬᠠᠮᠵᠢᠯᠴᠠᠭ᠎ᠠ ᠪᠣᠯᠤᠨ ᠪᠠᠴᠢᠮ ᠪᠠᠢᠳᠠᠯ ᠢ᠋ ᠠᠷᠭᠠᠴᠠᠬᠤ ᠴᠢᠳᠠᠪᠤᠷᠢ ᠶ᠋ᠢ ᠳᠡᠭᠡᠭᠰᠢᠯᠡᠭᠦᠯᠵᠦ ᠂ ᠪᠣᠯᠪᠠᠰᠤᠷᠠᠯ ᠳ᠋ᠤ᠌ ᠣᠷᠣᠯᠴᠠᠭᠰᠠᠨ ᠰᠤᠷᠤᠭᠴᠢᠳ ᠶᠡᠬᠡ ᠬᠡᠮᠵᠢᠶᠡᠨ ᠦ᠌ ᠠᠰᠢᠭ ᠬᠦᠷᠲᠡᠭᠰᠡᠨ ᠪᠠᠢᠨ᠎ᠠ ᠭᠡᠪᠡ ᠃

    ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠭᠡᠨᠡᠳᠲᠡ ᠶ᠋ᠢᠨ ᠬᠡᠷᠡᠭ ᠢ᠋ ᠰᠢᠢᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ ᠂ ᠬᠠᠮᠢᠶ᠎ᠠ ᠪᠦᠬᠦᠢ ᠪᠣᠳᠠᠲᠤ ᠲᠡᠢᠨ ᠦ᠌ ᠰᠣᠷᠢᠯᠲᠠ ᠪᠠ ᠪᠣᠯᠪᠠᠰᠤᠷᠠᠯ ᠢ᠋ᠶ᠋ᠠᠨ ᠴᠢᠩᠭᠠᠳᠬᠠᠬᠤ ᠠᠵᠢᠯ ᠢ᠋ ᠪᠠᠢᠩᠭᠤ ᠶ᠋ᠢᠨ ᠴᠢᠨᠠᠷᠲᠠᠢ ᠥᠷᠨᠢᠭᠦᠯᠵᠦ ᠂ ᠪᠦᠬᠦ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠲᠤᠬᠠᠢᠯᠠᠭᠰᠠᠨ ᠠᠵᠢᠯ ᠤ᠋ᠨ ᠬᠢᠷᠢ ᠬᠡᠮᠵᠢᠶ᠎ᠡ ᠪᠠ ᠪᠣᠳᠠᠲᠤ ᠲᠡᠢᠨ ᠦ᠌ ᠴᠢᠳᠠᠪᠤᠷᠢ ᠶ᠋ᠢ ᠳᠡᠭᠡᠭᠰᠢᠯᠡᠭᠦᠯᠵᠦ ᠂ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠳ᠋ᠦ᠍ ᠨᠡᠩ ᠪᠠᠲᠤ ᠴᠢᠩᠭ᠎ᠠ ᠴᠠᠭᠳᠠᠭᠠᠨ ᠤ᠋ ᠶᠠᠪᠤᠳᠠᠯ ᠤ᠋ᠨ ᠪᠠᠲᠤᠯᠠᠭ᠎ᠠ ᠬᠠᠩᠭᠠᠬᠤ ᠪᠣᠯᠤᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )