ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠵᠢᠨ ᠰᠢᠭᠦᠬᠦ ᠬᠣᠷᠢᠶ᠎ᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠦ᠋ᠨ ᠨᠢᠭᠡᠳᠦᠭᠡᠷ ᠬᠤᠭᠤᠴᠠᠭᠠᠨ ᠤ᠋ ᠨᠣᠮ ᠤᠩᠰᠢᠬᠤ ᠠᠩᠭᠢ ᠡᠬᠢᠯᠡᠯ᠎ᠡ ︕
ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠠᠵᠢᠯ ᠤ᠋ᠨ ᠱᠠᠭᠠᠷᠳᠠᠯᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠬᠤ ᠶᠢᠨ ᠲᠥᠯᠦᠭᠡ ᠂ ᠪᠦᠬᠦ ᠺᠠᠲᠷ ᠴᠠᠭᠳᠠᠭ᠎ᠠ ᠶ᠋ᠢ ᠬᠥᠲᠥᠯᠦᠨ ᠵᠢᠯᠣᠭᠣᠳᠴᠤ ᠪᠣᠳᠠᠲᠠᠢ ᠶᠢ ᠰᠤᠷᠤᠯᠴᠠᠵᠤ ᠪᠣᠳᠠᠲᠠᠢ ᠳᠦ ᠬᠡᠷᠡᠭᠯᠡᠬᠦ᠂ ᠴᠢᠩᠭ᠎ᠠ ᠠᠳᠬᠤᠵᠦ ᠰᠢᠷᠭᠠᠭᠤ ᠠᠵᠢᠯᠯᠠᠬᠤ ᠦᠢᠯᠡ ᠠᠵᠢᠯᠯᠠᠭ᠎ᠠ ᠪᠠ ᠬᠠᠯᠠᠭᠤᠨ ᠰᠡᠳᠬᠢᠯᠭᠡ ᠪᠡᠷ ᠂ 9 ᠰᠠᠷ᠎ᠠ ᠶ᠋ᠢᠨ 22 ᠤ᠋ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠠᠩᠬᠠᠳᠤᠭᠠᠷ ᠬᠤᠭᠤᠴᠠᠭᠠᠨ ᠤ᠋ ᠨᠣᠮ ᠤᠩᠰᠢᠬᠤ ᠠᠩᠭᠢ ᠰᠤᠷᠤᠯᠴᠠᠯᠭ᠎ᠠ ᠡᠬᠢᠯᠡᠪᠡ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠪᠣᠯᠤᠨ ᠪᠦᠬᠦ ᠺᠠᠲᠷ ᠴᠠᠭᠳᠠᠭ᠎ᠠ ᠬᠤᠷᠠᠯ ᠳ᠋ᠤ᠌ ᠣᠷᠣᠯᠴᠠᠵᠠᠢ ᠃
ᠰᠤᠷᠤᠯᠴᠠᠯᠭ᠎ᠠ ᠡᠬᠢᠯᠡᠬᠦ ᠶᠣᠰᠣᠯᠠᠯ ᠳᠡᠭᠡᠷ᠎ᠡ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠴᠢᠶᠠᠨ ᠡᠦ ᠶᠦᠨ ᠳᠠᠢᠴᠢᠯᠠᠯᠲᠠ ᠶ᠋ᠢᠨ ᠶᠠᠷᠢᠶ᠎ᠠ ᠲᠠᠯᠪᠢᠭᠰᠠᠨ ᠪᠥᠭᠡᠳ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠥᠷᠨᠢᠯᠲᠡ ᠳ᠋ᠦ᠍ ᠪᠣᠳᠠᠲᠠᠢ ᠱᠠᠭᠠᠷᠳᠠᠯᠭ᠎ᠠ ᠳᠤᠷᠠᠳᠴᠠᠢ ᠃ ᠨᠢᠭᠡ ᠳ᠋ᠦ᠍ ᠂ ᠣᠨᠣᠯ ᠤ᠋ᠨ ᠵᠡᠪᠰᠡᠭᠯᠡᠯ ᠢ᠋ᠶ᠋ᠡᠨ ᠴᠢᠩᠭ᠋ᠠᠳᠬᠠᠵᠤ ᠂ ᠣᠨᠣᠯ ᠤ᠋ᠨ ᠰᠤᠷᠤᠯᠴᠠᠯᠭ᠎ᠠ ᠶ᠋ᠢ ᠭᠣᠣᠯ ᠰᠡᠳᠦᠪᠲᠦ ᠬᠥᠮᠦᠵᠢᠯ ᠦ᠋ᠨ ᠡᠬᠢᠨ ᠡᠴᠡ ᠳᠠᠭᠤᠰᠲᠠᠯ᠎ᠠ ᠲᠤᠤᠱᠯᠠᠭᠤᠯᠵᠤ ᠂ ᠨᠠᠮ ᠤ᠋ᠨ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ ᠂ ᠭᠤᠷᠪᠠᠨ ᠬᠤᠷᠠᠯ ᠨᠢᠭᠡ ᠬᠢᠴᠢᠶᠡᠯ ᠂ ᠭᠣᠣᠯ ᠰᠡᠳᠦᠪᠲᠦ ᠨᠠᠮ ᠤ᠋ᠨ ᠡᠳᠦᠷ ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠪᠡᠷ ᠳᠠᠮᠵᠢᠭᠤᠯᠤᠨ ᠂ ᠣᠨᠣᠯ ᠤ᠋ᠨ ᠰᠤᠷᠤᠯᠴᠠᠯᠭ᠎ᠠ ᠶ᠋ᠢ ᠰᠤᠯᠠᠷᠠᠭᠤᠯᠤᠯ ᠥᠬᠡᠢ ᠠᠳᠭᠤᠬᠤ ᠬᠡᠷᠡᠭᠲᠡᠢ ᠃ ᠬᠣᠶᠠᠷ ᠲᠤ᠌ ᠂ ᠰᠤᠷᠤᠭᠰᠠᠨ ᠢᠶᠡᠨ ᠬᠡᠷᠡᠭᠯᠡᠬᠦ ᠶᠢ ᠪᠠᠷᠢᠮᠲᠠᠯᠠᠵᠦ ᠂ ᠣᠨᠣᠯ ᠤ᠋ᠨ ᠰᠤᠷᠤᠯᠴᠠᠯᠭ᠎ᠠ ᠶ᠋ᠢ ᠪᠠᠢᠴᠠᠭᠠᠨ ᠰᠤᠳᠤᠯᠤᠯᠲᠠ ᠬᠢᠬᠦ ᠂ ᠪᠠᠢᠴᠠᠭᠠᠨ ᠦᠵᠡᠵᠦ ᠴᠡᠭᠴᠡᠯᠡᠨ ᠥᠭᠡᠷᠡᠴᠢᠯᠡᠬᠦ ᠂ ᠬᠥᠭᠵᠢᠯᠲᠡ ᠶ᠋ᠢ ᠠᠬᠢᠭᠤᠯᠬᠤ ᠂ ᠳᠦᠷᠢᠮ ᠲᠣᠭᠲᠠᠭᠠᠯ ᠲᠣᠭᠲᠠᠭᠠᠬᠤ ᠶ᠋ᠢ ᠣᠷᠭᠠᠨᠢᠭ ᠢ᠋ᠶ᠋ᠠᠷ ᠤᠶᠠᠯᠳᠤᠭᠤᠯᠵᠤ ᠂ ᠨᠢᠭᠡ ᠴᠣᠭᠴᠠᠵᠢᠭᠤᠯᠤᠨ ᠠᠬᠢᠭᠤᠯᠵᠤ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠳᠣᠪᠣᠢᠯᠭᠠᠨ ᠂ ᠪᠠᠢᠴᠠᠭᠠᠨ ᠦᠵᠡᠵᠦ ᠴᠡᠭᠴᠡᠯᠡᠨ ᠥᠭᠡᠷᠡᠴᠢᠯᠡᠬᠦ ᠠᠵᠢᠯ ᠢ᠋ ᠰᠠᠢᠲᠤᠷ ᠬᠢᠵᠦ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠬᠦᠴᠢᠷ ᠠᠰᠠᠭᠤᠳᠠᠯ ᠢ᠋ ᠰᠢᠢᠳᠪᠦᠷᠢᠯᠡᠵᠦ ᠂ ᠠᠰᠠᠭᠤᠳᠠᠯ ᠢ᠋ ᠰᠢᠢᠳᠪᠦᠷᠢᠯᠡᠬᠦ ᠪᠡᠷ ᠴᠢᠷᠮᠠᠢᠬᠤ ᠬᠡᠷᠡᠭᠲᠡᠢ ᠃ ᠭᠤᠷᠪᠠ ᠳ᠋ᠤ᠌ ᠂ ᠦᠢᠯᠡ ᠠᠵᠢᠯᠯᠠᠭ᠎ᠠ ᠳ᠋ᠠᠭᠠᠨ ᠴᠢᠷᠮᠠᠢᠨ ᠬᠠᠷᠢᠭᠤᠴᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠠᠰᠢᠭᠲᠠᠢ ᠠᠵᠠ ᠲᠣᠬᠢᠶᠠᠯ ᠢ᠋ ᠡᠵᠡᠮᠳᠡᠨ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠪᠣᠳᠠᠲᠤ ᠪᠠᠢᠳᠠᠯ ᠳ᠋ᠤ᠌ ᠰᠠᠭᠤᠷᠢᠯᠠᠨ ᠂ ᠵᠣᠷᠢᠭᠲᠠᠢ ᠪᠠᠷ ᠰᠢᠨ᠎ᠡ ᠶ᠋ᠢ ᠡᠭᠦᠳᠴᠦ ᠂ ᠲᠡᠷᠢᠭᠦᠨ ᠦ᠌ ᠡᠩᠨᠡᠭᠡᠨ ᠳ᠋ᠦ᠍ ᠣᠷᠤᠬᠤ ᠪᠡᠷ ᠲᠡᠮᠡᠴᠡᠵᠦ ᠂ ᠵᠢᠱ᠌ᠢᠶᠡᠴᠢ ᠳᠠᠭᠤᠷᠢᠶᠠᠯ ᠪᠣᠯᠬᠤ ᠬᠠᠷᠢᠭᠤᠴᠠᠯᠭᠠᠲᠤ ᠡᠭᠦᠷᠭᠡᠯᠡᠯ ᠢ᠋ᠶ᠋ᠡᠷ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠦᠷ᠎ᠡ ᠪᠦᠲᠦᠭᠡᠯ ᠢ᠋ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠃
ᠰᠤᠷᠤᠯᠴᠠᠯᠭ᠎ᠠ ᠡᠬᠢᠯᠡᠬᠦ ᠶᠣᠰᠣᠯᠠᠯ ᠳᠠᠭᠤᠰᠤᠭᠰᠠᠨ ᠤ᠋ ᠳᠠᠷᠠᠭ᠎ᠠ ᠂ ᠴᠧᠩ ᠴᠤᠸᠠᠨ ᠤ᠋ ᠦᠨᠳᠦᠰᠦᠲᠡᠨ ᠦ᠌ ᠺᠠᠲᠷ ᠤ᠋ᠨ ᠳᠡᠭᠡᠳᠦ ᠰᠤᠷᠭᠠᠭᠤᠯᠢ ᠶ᠋ᠢᠨ ᠦᠨᠳᠦᠰᠦᠲᠡᠨ ᠦ᠌ ᠣᠨᠣᠯ ᠬᠢᠭᠡᠳ ᠦᠨᠳᠦᠰᠦᠲᠡᠨ ᠦ᠌ ᠲᠥᠷᠥ ᠶ᠋ᠢᠨ ᠪᠣᠳᠣᠯᠭ᠎ᠠ ᠶ᠋ᠢᠨ ᠵᠢᠭᠠᠨ ᠰᠤᠳᠤᠯᠬᠤ ᠲᠠᠰᠤᠭ ᠤ᠋ᠨ ᠳᠡᠳ᠋ ᠡᠷᠬᠢᠯᠡᠭᠴᠢ ᠯᠧᠢ ᠶᠦᠨ ᠪᠦᠬᠦ ᠺᠠᠲᠷ ᠴᠠᠭᠳᠠᠭ᠎ᠠ ᠳ᠋ᠤ᠌ 《 ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠵᠤ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠭᠰᠠᠨ ᠥᠪᠥᠷ ᠮᠣᠩᠭᠣᠯ ᠤ᠋ᠨ ᠰᠢᠨ᠎ᠡ ᠬᠠᠭᠤᠳᠠᠰᠤ ᠶ᠋ᠢ ᠴᠢᠷᠮᠠᠢᠨ ᠪᠢᠴᠢᠶ᠎ᠡ 》 ᠭᠡᠬᠦ ᠲᠤᠰᠬᠠᠢ ᠰᠡᠳᠦᠪᠲᠦ ᠲᠠᠢᠯᠤᠮᠵᠢ ᠬᠢᠵᠦ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠴᠠᠭ ᠦᠶ᠎ᠡ ᠶ᠋ᠢᠨ ᠠᠬᠤᠢ ᠪᠠᠢᠳᠠᠯ ᠂ ᠭᠣᠣᠯ ᠠᠭᠤᠯᠭ᠎ᠠ ᠂ ᠨᠠᠢᠳᠠᠯᠭ᠎ᠠ ᠶ᠋ᠢ ᠪᠠᠲᠤ ᠴᠡᠭᠡᠵᠢᠯᠡᠵᠦ ᠂ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠤ᠋ᠨ ᠲᠤᠬᠠᠢ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠭᠣᠣᠯ ᠰᠡᠳᠦᠪᠲᠦ ᠰᠤᠷᠭᠠᠨ ᠬᠥᠮᠦᠵᠢᠯ ᠢ᠋ ᠪᠦᠬᠦ ᠲᠠᠯ᠎ᠠ ᠪᠠᠷ ᠥᠷᠨᠢᠭᠦᠯᠬᠦ ᠭᠤᠷᠪᠠᠨ ᠲᠠᠯ᠎ᠠ ᠶ᠋ᠢ ᠠᠬᠢᠭᠤᠯᠵᠤ ᠂ ᠭᠦᠨᠵᠡᠭᠡᠢ ᠲᠣᠳᠤᠷᠬᠠᠢᠯᠠᠨ ᠲᠠᠢᠯᠪᠤᠷᠢᠯᠠᠨ ᠵᠠᠳᠠᠯᠤᠯᠲᠠ ᠬᠢᠵᠦ ᠂ ᠪᠦᠬᠦ ᠺᠠᠲᠷ ᠴᠠᠭᠳᠠᠭ᠎ᠠ ᠶ᠋ᠢ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢᠨ ᠲᠤᠬᠠᠢ ᠨᠡᠩ ᠭᠦᠨᠵᠡᠭᠡᠢ ᠣᠢᠯᠠᠭᠠᠯᠲᠠ ᠪᠠ ᠲᠠᠨᠢᠯᠲᠠ ᠲᠠᠢ ᠪᠤᠯᠭᠠᠵᠦ ᠂ ᠦᠵᠡᠯ ᠰᠠᠨᠠᠭᠠᠨ ᠤ᠋ ᠵᠡᠪᠰᠡᠭᠯᠡᠯ ᠢ᠋ ᠤᠯᠠᠮ ᠨᠢᠭᠡ ᠠᠯᠬᠤᠮ ᠴᠢᠩᠭᠠᠷᠠᠭᠤᠯᠵᠤ ᠂ ᠦᠵᠡᠯ ᠰᠠᠨᠠᠭᠠᠨ ᠤ᠋ ᠰᠠᠭᠤᠷᠢ ᠶ᠋ᠢ ᠪᠠᠲᠤ ᠪᠡᠬᠢ ᠴᠣᠭᠴᠠᠯᠠᠶ᠎ᠠ ᠭᠡᠰᠡᠨ ᠪᠠᠢᠨ᠎ᠠ ᠃
ᠦᠳᠡ ᠶ᠋ᠢᠨ ᠬᠣᠢᠨ᠎ᠠ ᠂ ᠪᠦᠬᠦ ᠨᠠᠮ ᠤ᠋ᠨ ᠭᠡᠰᠢᠭᠦᠨ ᠺᠠᠲᠷ ᠴᠠᠭᠳᠠᠭ᠎ᠠ ᠪᠡᠶ᠎ᠡ ᠪᠡᠨ ᠳᠠᠭᠠᠭᠠᠵᠤ ᠰᠤᠷᠤᠯᠴᠠᠬᠤ ᠬᠡᠯᠪᠡᠷᠢ ᠪᠡᠷ 《 ᠰᠢ ᠵᠢᠨ ᠫᠢᠩ ᠦ᠋ᠨ ᠵᠣᠬᠢᠶᠠᠯ ᠤ᠋ᠨ ᠲᠡᠭᠦᠪᠦᠷᠢ 》 ᠶᠢᠨ ᠨᠢᠭᠡᠳᠦᠭᠡᠷ ᠪᠣᠳᠢ ᠵᠡᠷᠭᠡ ᠠᠭᠤᠯᠭ᠎ᠠ ᠶ᠋ᠢ ᠰᠤᠷᠤᠯᠴᠠᠵᠠᠢ ᠃
ᠲᠤᠰ ᠤᠳᠠᠭ᠎ᠠ ᠶ᠋ᠢᠨ ᠨᠣᠮ ᠤᠩᠰᠢᠬᠤ ᠠᠩᠭᠢ ᠨᠢ 2 ᠡᠳᠦᠷ ᠦ᠋ᠨ ᠬᠤᠭᠤᠴᠠᠭ᠎ᠠ ᠲᠠᠢ ᠶᠠᠪᠤᠭᠳᠠᠵᠦ ᠂ 9 ᠰᠠᠷ᠎ᠠ ᠶ᠋ᠢᠨ 25 ᠤ᠋ ᠡᠳᠦᠷ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠪᠣᠯᠤᠨ ᠪᠦᠬᠦ ᠨᠠᠮ ᠤ᠋ᠨ ᠭᠡᠰᠢᠭᠦᠨ ᠺᠠᠲᠷ ᠴᠠᠭᠳᠠᠭ᠎ᠠ ᠨᠠᠷ ᠪᠠᠰᠠ ᠦᠷᠭᠦᠯᠵᠢᠯᠡᠨ ᠬᠠᠮᠲᠤ ᠶ᠋ᠢᠨ ᠰᠤᠷᠤᠯᠴᠠᠯᠭ᠎ᠠ ᠪᠠ ᠲᠥᠪᠯᠡᠷᠡᠭᠦᠯᠦᠨ ᠰᠤᠳᠤᠯᠤᠨ ᠶᠠᠷᠢᠯᠴᠠᠬᠤ ᠠᠷᠭ᠎ᠠ ᠪᠠᠷ ᠳᠠᠮᠵᠢᠨ ᠂ ᠶᠡᠷᠦᠩᠬᠡᠢ ᠱᠦᠵᠢ ᠰᠢ ᠵᠢᠨ ᠫᠢᠩ ᠦ᠋ᠨ ᠨᠠᠮ ᠤ᠋ᠨ ᠪᠠᠢᠭᠤᠯᠤᠯᠲᠠ ᠶ᠋ᠢᠨ ᠲᠤᠬᠠᠢ ᠴᠢᠬᠤᠯᠠ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠰᠤᠷᠤᠯᠴᠠᠯᠭ᠎ᠠ ᠪᠡᠷ ᠳᠠᠮᠵᠢᠨ ᠰᠦᠷ ᠰᠦᠯᠳᠡ ᠶ᠋ᠢ ᠱᠤᠭᠤᠬᠤ ᠂ ᠣᠶᠤᠨ ᠤᠬᠠᠭᠠᠨ ᠢ᠋ ᠨᠡᠮᠡᠭᠳᠡᠭᠦᠯᠬᠦ ᠂ ᠲᠥᠪ ᠰᠤᠷᠲᠠᠯ ᠂ ᠦᠢᠯᠡᠳᠦᠯᠭᠡ ᠪᠡᠨ ᠠᠬᠢᠭᠤᠯᠬᠤ ᠲᠤᠬᠠᠢ ᠱᠠᠭᠠᠷᠳᠠᠯᠭ᠎ᠠ ᠵᠢᠴᠢ ᠶᠡᠷᠦᠩᠬᠡᠢ ᠱᠦᠵᠢ ᠰᠢ ᠵᠢᠨ ᠫᠢᠩ ᠦ᠋ᠨ ᠵᠥᠪ ᠠᠵᠢᠯ ᠤ᠋ᠨ ᠠᠮᠵᠢᠯᠲᠠ ᠶ᠋ᠢᠨ ᠦᠵᠡᠯᠲᠡ ᠶ᠋ᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ ᠶ᠋ᠢ ᠭᠦᠨᠵᠡᠭᠡᠢ ᠰᠤᠷᠤᠯᠴᠠᠨ ᠰᠤᠳᠤᠯᠵᠤ ᠰᠠᠨᠠᠯ ᠢ᠋ᠶ᠋ᠠᠨ ᠰᠣᠯᠢᠯᠴᠠᠵᠤ ᠂ ᠰᠤᠷᠤᠯᠴᠠᠯᠭ᠎ᠠ ᠶ᠋ᠢᠨ ᠠᠭᠤᠯᠭ᠎ᠠ ᠨᠢ ᠲᠠᠷᠢᠬᠢ ᠲᠣᠯᠣᠭᠠᠢ ᠳ᠋ᠤ᠌ ᠬᠠᠳᠠᠩᠰᠢᠨ ᠂ ᠪᠣᠳᠠᠲᠤ ᠦᠷ᠎ᠡ ᠪᠦᠲᠦᠮᠵᠢ ᠣᠯᠬᠤ ᠶ᠋ᠢ ᠦᠨᠡᠨᠬᠦ ᠪᠠᠲᠤᠯᠠᠵᠠᠢ ᠃
ᠦᠨᠡᠯᠡᠬᠦ 0ᠦᠨᠡᠯᠡᠯᠲᠡ᠎ᠲᠠᠢ