ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ( ᠥᠷᠭᠡᠳᠬᠡᠭᠰᠡᠨ) ᠤᠨ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠨᠢᠭᠡᠳᠦᠭᠡᠷ ᠬᠤᠭᠤᠴᠠᠭᠠᠨ ᠤ᠋ ᠨᠣᠮ ᠤᠩᠰᠢᠬᠤ ᠠᠩᠭᠢ ᠶ᠋ᠢᠨ ᠲᠤᠰᠬᠠᠢ ᠰᠡᠳᠦᠪᠲᠦ ᠰᠤᠷᠤᠯᠴᠠᠯᠭ᠎ᠠ ᠶ᠋ᠢᠨ ᠬᠤᠷᠠᠯ ᠬᠢᠪᠡ
ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠠᠵᠢᠯ ᠤ᠋ᠨ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢ ᠲᠦᠯᠬᠢᠨ ᠠᠬᠢᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠨᠢᠭᠡᠳᠦᠭᠡᠷ ᠬᠤᠭᠤᠴᠠᠭᠠᠨ ᠤ᠋ ᠨᠣᠮ ᠤᠩᠰᠢᠬᠤ ᠠᠩᠭᠢ ᠶ᠋ᠢᠨ ᠵᠥᠪᠯᠡᠬᠦ ᠵᠦᠢᠯ ᠦ᠋ᠨ ᠲᠣᠬᠢᠷᠠᠭᠤᠯᠤᠯᠲᠠ ᠶᠣᠰᠣᠭᠠᠷ ᠂ 9 ᠰᠠᠷ᠎ᠠ ᠶ᠋ᠢᠨ 25 ᠤ᠋ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ ᠤ᠋ᠨ( ᠥᠷᠭᠡᠳᠬᠡᠭᠰᠡᠨ)ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠨᠢᠭᠡᠳᠦᠭᠡᠷ ᠬᠤᠭᠤᠴᠠᠭᠠᠨ ᠤ᠋ ᠨᠣᠮ ᠤᠩᠰᠢᠬᠤ ᠠᠩᠭᠢ ᠶ᠋ᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠪᠦᠷᠢᠯᠳᠦᠬᠦᠨ ᠪᠣᠯᠤᠨ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠪᠠ ᠃
ᠬᠤᠷᠠᠯ ᠳᠡᠭᠡᠷ᠎ᠡ ᠂ ᠶᠡᠷᠦᠩᠬᠡᠢ ᠱᠦᠵᠢ ᠰᠢ ᠵᠢᠨ ᠫᠢᠩ ᠦ᠋ᠨ ᠨᠠᠮ ᠤ᠋ᠨ ᠪᠠᠢᠭᠤᠯᠤᠯᠲᠠ ᠪᠠ ᠵᠣᠬᠢᠶᠠᠨ ᠪᠠᠢᠭᠤᠯᠬᠤ ᠠᠵᠢᠯ ᠳ᠋ᠤ᠌ ᠭᠠᠷᠭᠠᠭᠰᠠᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠵᠢᠨ ᠫᠢᠩ ᠦ᠋ᠨ ᠰᠦᠷ ᠰᠦᠯᠳᠡ ᠶ᠋ᠢ ᠱᠤᠭᠤᠬᠤ ᠂ ᠰᠤᠷᠤᠯᠴᠠᠯᠭ᠎ᠠ ᠪᠠᠷ ᠣᠶᠤᠨ ᠤᠬᠠᠭᠠᠨ ᠢ᠋ ᠨᠡᠮᠡᠭᠳᠡᠭᠦᠯᠬᠦ ᠂ ᠲᠥᠪ ᠰᠤᠷᠲᠠᠯ ᠢ᠋ ᠰᠤᠷᠤᠯᠴᠠᠬᠤ ᠂ ᠰᠤᠷᠤᠯᠴᠠᠯᠭ᠎ᠠ ᠪᠠᠷ ᠭᠣᠣᠯ ᠬᠦᠴᠦᠨ ᠢ᠋ ᠠᠬᠢᠭᠤᠯᠬᠤ ᠲᠤᠬᠠᠢ ᠴᠢᠬᠤᠯᠠ ᠱᠠᠭᠠᠷᠳᠠᠯᠭ᠎ᠠ ᠵᠡᠷᠭᠡ ᠠᠭᠤᠯᠭ᠎ᠠ ᠶ᠋ᠢ ᠲᠥᠪᠯᠡᠷᠡᠩᠭᠦᠢ ᠰᠤᠷᠤᠯᠴᠠᠵᠠᠢ ᠃ ᠬᠤᠷᠠᠯ ᠳ᠋ᠤ᠌ ᠣᠷᠣᠯᠴᠠᠭᠰᠠᠳ 《ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠲᠥᠪ ᠰᠤᠷᠲᠠᠯ ᠢ᠋ ᠰᠤᠷᠤᠯᠴᠠᠬᠤ ᠂ ᠰᠤᠷᠤᠯᠴᠠᠯᠭ᠎ᠠ ᠪᠠᠷ ᠭᠣᠣᠯ ᠪᠣᠯᠭᠠᠬᠤ ᠶ᠋ᠢ ᠠᠬᠢᠭᠤᠯᠬᠤ ᠴᠢᠬᠤᠯᠠ ᠱᠠᠭᠠᠷᠳᠠᠯᠭ᠎ᠠ ᠶ᠋ᠢᠨ ᠲᠣᠭᠣᠷᠢᠨ ᠳ᠋ᠤ᠌ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠪᠠᠢᠭᠤᠯᠤᠯᠲᠠ ᠶ᠋ᠢ ᠪᠥᠬᠥ ᠲᠠᠯ᠎ᠠ ᠪᠠᠷ ᠴᠢᠩᠭᠠᠳᠬᠠᠵᠤ᠂ ᠤᠯᠤᠰ ᠲᠥᠷᠥ ᠶ᠋ᠢᠨ ᠴᠢᠳᠠᠪᠤᠷᠢ ᠂ ᠰᠡᠳᠬᠢᠬᠦᠢ ᠶ᠋ᠢᠨ ᠴᠢᠳᠠᠪᠤᠷᠢ ᠂ ᠦᠢᠯᠡᠳᠦᠯᠭᠡ ᠶ᠋ᠢᠨ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ》ᠭᠣᠣᠯ ᠰᠡᠳᠦᠪ ᠦ᠋ᠨ ᠲᠣᠭᠣᠷᠢᠨ ᠳ᠋ᠤ᠌ ᠰᠤᠳᠤᠯᠤᠨ ᠶᠠᠷᠢᠯᠴᠠᠵᠤ ᠰᠠᠨᠠᠯ ᠢ᠋ᠶ᠋ᠠᠨ ᠰᠣᠯᠢᠯᠴᠠᠪᠠ ᠃
ᠬᠤᠷᠠᠯ ᠠ᠋ᠴᠠ ᠵᠢᠭᠠᠵᠤ ᠭᠠᠷᠭᠠᠭᠰᠠᠨ ᠨᠢ ᠂ ᠪᠦᠬᠦ ᠨᠠᠮ ᠤ᠋ᠨ ᠬᠡᠪᠴᠢᠶᠡᠨ ᠳ᠋ᠦ᠍ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠥᠷᠨᠢᠭᠦᠯᠬᠦ ᠲᠤᠬᠠᠢ ᠨᠠᠮ ᠤ᠋ᠨ ᠲᠥᠪ ᠬᠣᠷᠢᠶ᠎ᠠ ᠠ᠋ᠴᠠ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠵᠤ ᠂ ᠰᠢᠨ᠎ᠡ ᠴᠠᠭ ᠦᠶ᠎ᠡ ᠶ᠋ᠢᠨ ᠨᠠᠮ ᠤ᠋ᠨ ᠪᠠᠢᠭᠤᠯᠤᠯᠲᠠ ᠶ᠋ᠢᠨ ᠠᠭᠤᠤ ᠶᠡᠬᠡ ᠢᠨᠵᠧᠨᠧᠷᠢᠩ ᠢ᠋ ᠭᠦᠨᠵᠡᠭᠡᠢ ᠠᠬᠢᠭᠤᠯᠬᠤ ᠶ᠋ᠢᠨ ᠲᠥᠯᠥᠭᠡ ᠭᠠᠷᠭᠠᠭᠰᠠᠨ ᠴᠢᠬᠤᠯᠠ ᠶᠡᠬᠡ ᠪᠠᠢᠷᠢᠯᠠᠭᠤᠯᠤᠯᠲᠠ ᠪᠣᠯᠤᠨ᠎ᠠ ᠂ ᠤᠯᠤᠰ ᠲᠥᠷᠥ ᠶ᠋ᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ ᠂ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠬᠠᠨ ᠂ ᠪᠣᠳᠠᠲᠤ ᠠᠵᠢᠯᠯᠠᠭ᠎ᠠ ᠪᠠᠷ ᠢ᠋ᠶ᠋ᠠᠨ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠡᠯ᠎ᠡ ᠵᠦᠢᠯ ᠦ᠋ᠨ ᠠᠵᠢᠯ ᠢ᠋ ᠨᠠᠢᠳᠠᠪᠤᠷᠢᠵᠢᠭᠤᠯᠤᠨ ᠂ ᠪᠣᠳᠠᠲᠤ ᠦᠷ᠎ᠡ ᠪᠦᠲᠦᠮᠵᠢ ᠣᠯᠬᠤ ᠶ᠋ᠢ ᠠᠬᠢᠭᠤᠯᠬᠤ ᠬᠡᠷᠡᠭᠲᠡᠢ ᠃
ᠬᠤᠷᠠᠯ ᠠ᠋ᠴᠠ ᠱᠠᠭᠠᠷᠳᠠᠭᠰᠠᠨ ᠨᠢ ᠂ ᠨᠢᠭᠡ ᠳ᠋ᠦ᠍ ᠦᠵᠡᠯ ᠰᠠᠨᠠᠭ᠎ᠠ ᠶ᠋ᠢ ᠰᠤᠷᠤᠯᠴᠠᠵᠤ ᠂ ᠰᠤᠷᠤᠯᠴᠠᠯᠭ᠎ᠠ ᠪᠠᠷ ᠤᠷᠢᠳᠠᠯ ᠪᠣᠯᠭᠠᠬᠤ ᠂ ᠰᠤᠷᠤᠯᠴᠠᠯᠭ᠎ᠠ ᠪᠠᠷ ᠡᠬᠢᠯᠡᠯᠲᠡ ᠪᠣᠯᠭᠠᠬᠤ ᠶ᠋ᠢ ᠪᠠᠷᠢᠮᠲᠠᠯᠠᠵᠤ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠬᠤ ᠪᠠᠨ ᠭᠣᠣᠯ ᠰᠡᠳᠦᠪᠲᠦ ᠬᠥᠮᠦᠵᠢᠯ ᠦ᠋ᠨ ᠢᠮᠠᠭᠲᠠ ᠲᠤᠤᠱᠯᠠᠭᠤᠯᠵᠤ ᠂ ᠤᠭ ᠬᠡᠪ ᠢᠶᠡᠷ ᠨᠢ ᠰᠤᠷᠤᠯᠴᠠᠬᠤ᠂ ᠨᠡᠪᠲᠡᠷᠡᠲᠡᠯ᠎ᠡ ᠣᠢᠯᠠᠭᠠᠵᠤ ᠰᠤᠷᠤᠯᠴᠠᠬᠤ ᠂ ᠠᠰᠠᠭᠤᠳᠠᠯ ᠳ᠋ᠤ᠌ ᠴᠢᠭᠯᠡᠭᠦᠯᠦᠨ ᠰᠤᠷᠤᠯᠴᠠᠬᠤ᠂ ᠪᠣᠳᠠᠲᠤ ᠪᠠᠢᠳᠠᠯ ᠲᠠᠢ ᠤᠶᠠᠯᠳᠤᠭᠤᠯᠤᠨ ᠰᠤᠷᠤᠯᠴᠠᠬᠤ ᠰᠡᠳᠬᠢᠴᠡ ᠶ᠋ᠢ ᠪᠠᠷᠢᠮᠲᠠᠯᠠᠵᠤ ᠂ ᠪᠠᠢᠩᠭᠤ ᠰᠡᠳᠬᠢᠬᠦᠢ ᠲᠡᠢ ᠪᠠᠢᠬᠤ ᠂ ᠪᠠᠢᠩᠭᠤ ᠰᠤᠷᠤᠯᠴᠠᠨ ᠪᠠᠢᠩᠭᠤ ᠰᠢᠨᠡᠴᠢᠯᠡᠬᠦ᠂ ᠪᠠᠢᠩᠭᠤ ᠦᠢᠯᠡᠳᠦᠯᠭᠡᠵᠢᠭᠦᠯᠵᠦ ᠪᠠᠢᠩᠭᠤ ᠬᠢᠬᠦ ᠶᠢ ᠴᠢᠷᠮᠠᠢᠨ ᠪᠡᠶᠡᠯᠡᠭᠦᠯᠬᠦ ᠬᠡᠷᠡᠭᠲᠡᠢ᠃
ᠬᠣᠶᠠᠷ ᠲᠤ᠌ ᠂ ᠨᠠᠮᠴᠢ ᠴᠢᠨᠠᠷ ᠢ᠋ᠶ᠋ᠠᠨ ᠴᠢᠩᠭᠠᠳᠬᠠᠵᠤ ᠂ ᠦᠨᠡᠨᠬᠦ ᠢᠲᠡᠭᠡᠵᠦ ᠂ ᠦᠨᠡᠨ ᠰᠤᠷᠤᠯᠴᠠᠵᠤ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠦᠨᠡᠨᠬᠦ ᠣᠢᠯᠠᠭᠠᠵᠤ ᠂ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠦᠵᠡᠯ ᠰᠠᠨᠠᠭᠠᠨ ᠤ᠋ ᠲᠠᠯ᠎ᠠ ᠪᠠᠷ ᠤᠭ ᠦᠨᠳᠦᠰᠦ ᠡᠴᠡ ᠨᠢ ᠰᠢᠢᠳᠪᠦᠷᠢᠯᠡᠵᠦ ᠂ ᠤᠭ ᠦᠨᠳᠦᠰᠦ ᠶ᠋ᠢ ᠨᠢ ᠪᠡᠬᠢᠵᠢᠭᠦᠯᠦᠨ ᠤᠭ ᠦᠨᠳᠦᠰᠦ ᠶ᠋ᠢ ᠨᠢ ᠪᠣᠢᠵᠢᠭᠤᠯᠵᠤ ᠂ ᠰᠤᠷᠤᠯᠴᠠᠯᠭ᠎ᠠ ᠶ᠋ᠢᠨ ᠦᠷ᠎ᠡ ᠪᠦᠲᠦᠮᠵᠢ ᠶ᠋ᠢ ᠬᠦᠰᠡᠯᠡᠩ ᠢ᠋ᠶ᠋ᠡᠨ ᠪᠠᠲᠤᠳᠬᠠᠵᠤ ᠂ ᠨᠠᠮᠴᠢ ᠴᠢᠨᠠᠷ ᠢ᠋ᠶ᠋ᠠᠨ ᠳᠠᠪᠲᠠᠨ ᠪᠣᠯᠪᠠᠰᠤᠷᠠᠭᠤᠯᠵᠤ ᠂ ᠦᠢᠯᠡᠳᠦᠯᠭᠡ ᠪᠡᠨ ᠵᠢᠯᠣᠭᠣᠳᠴᠤ ᠂ ᠠᠵᠢᠯ ᠢ᠋ᠶ᠋ᠠᠨ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠃
ᠭᠤᠷᠪᠠ ᠳ᠋ᠤ᠌ ᠂ ᠦᠢᠯᠡᠳᠦᠯᠭᠡ ᠶ᠋ᠢ ᠴᠢᠬᠤᠯᠠᠴᠢᠯᠠᠵᠤ ᠂ ᠰᠤᠷᠤᠭᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠲᠤᠪᠤᠢᠯᠭᠠᠵᠤ ᠂ ᠪᠠᠢᠴᠠᠭᠠᠨ ᠦᠵᠡᠵᠦ ᠴᠡᠭᠴᠡᠯᠡᠨ ᠰᠠᠢᠵᠢᠷᠠᠭᠤᠯᠬᠤ ᠶ᠋ᠢ ᠰᠠᠢᠲᠤᠷ ᠬᠢᠵᠦ ᠂ ᠥᠪᠡᠷ ᠢ᠋ ᠪᠡᠨ ᠵᠢᠭᠰᠠᠭᠠᠨ ᠣᠷᠣᠭᠤᠯᠵᠤ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠠᠵᠢᠯ ᠢ᠋ᠶ᠋ᠠᠨ ᠳᠡᠯᠭᠡᠵᠦ ᠂ ᠬᠦᠷᠦᠯᠴᠡᠬᠦ ᠦᠭᠡᠢ ᠲᠠᠯ᠎ᠠ ᠪᠠᠨ ᠨᠥᠬᠥᠪᠥᠷᠢᠯᠡᠨ ᠂ ᠪᠠᠭᠤᠷᠠᠢ ᠲᠠᠯ᠎ᠠ ᠪᠠᠨ ᠴᠢᠩᠭᠠᠳᠬᠠᠵᠤ ᠂ ᠰᠤᠷᠤᠯᠴᠠᠯᠭ᠎ᠠ ᠶ᠋ᠢ ᠳᠠᠭᠠᠵᠤ ᠤᠷᠤᠭᠰᠢᠯᠠᠬᠤ ᠂ ᠲᠠᠨᠢᠯᠲᠠ ᠪᠠ ᠠᠵᠢᠯᠯᠠᠭ᠎ᠠ ᠤᠷᠤᠭᠰᠢᠯᠠᠭᠤᠯᠬᠤ ᠶ᠋ᠢ ᠦᠨᠡᠨ ᠬᠦ᠌ ᠪᠡᠶᠡᠯᠡᠭᠦᠯᠬᠦ ᠬᠡᠷᠡᠭᠲᠡᠢ ᠃
ᠳᠥᠷᠪᠡ ᠳ᠋ᠦ᠍ ᠂ ᠰᠢᠨ᠎ᠡ ᠭᠠᠪᠢᠶ᠎ᠠ ᠪᠠᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ 《 ᠬᠠᠤᠯᠢ ᠴᠠᠭᠠᠵᠠ ᠶ᠋ᠢᠨ ᠴᠢᠨᠠᠷ ᠴᠢᠨᠰᠠᠭ᠎ᠠ ᠢ᠋ ᠳᠡᠭᠡᠭᠰᠢᠯᠡᠭᠦᠯᠬᠦ ᠣᠨ 》ᠪᠣᠯᠤᠨ《 ᠳᠣᠯᠣᠭᠠᠨ ᠶᠡᠬᠡ ᠢᠨᠵᠧᠨᠧᠷᠢᠩ 》 ᠢ᠋ᠶ᠋ᠡᠷ ᠠᠳᠬᠤᠴᠠ ᠪᠣᠯᠭᠠᠵᠤ ᠂ ᠴᠢᠷᠮᠠᠢᠨ ᠡᠭᠦᠷᠭᠡᠯᠡᠵᠦ ᠂ ᠪᠠᠢᠷᠢ ᠲᠠᠪᠰᠢᠨ ᠲᠡᠷᠢᠭᠦᠨ ᠦ᠌ ᠡᠩᠨᠡᠭᠡᠨ ᠳ᠋ᠦ᠍ ᠣᠷᠣᠵᠤ ᠂ ᠠᠵᠢᠯ ᠤ᠋ᠨ ᠬᠦᠴᠢᠷ ᠠᠰᠠᠭᠤᠳᠠᠯ ᠢ᠋ ᠰᠢᠢᠳᠪᠦᠷᠢᠯᠡᠬᠦ ᠰᠢᠨ᠎ᠡ ᠰᠡᠳᠬᠢᠴᠡ ᠂ ᠰᠢᠨ᠎ᠡ ᠬᠡᠪ ᠵᠠᠭᠪᠤᠷ ᠂ ᠰᠢᠨ᠎ᠡ ᠠᠷᠭ᠎ᠠ ᠂ ᠰᠢᠨ᠎ᠡ ᠠᠷᠭ᠎ᠠ ᠠᠪᠴᠠᠯ ᠢ᠋ ᠭᠦᠨᠵᠡᠭᠡᠢ ᠪᠣᠳᠣᠯᠬᠢᠯᠠᠨ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠦᠷ᠎ᠡ ᠪᠦᠲᠦᠭᠡᠯ ᠢ᠋ ᠪᠥᠬᠥ ᠬᠣᠲᠠ ᠶ᠋ᠢᠨ ᠰᠢᠭᠦᠬᠦ ᠬᠣᠷᠢᠢ ᠠ ᠶᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠃
ᠦᠨᠡᠯᠡᠬᠦ 0ᠦᠨᠡᠯᠡᠯᠲᠡ᠎ᠲᠠᠢ