ᠣᠷᠳᠣᠰ ᠬᠣᠲᠠ  ᠶᠢᠨ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶ᠎ᠠ ᠬᠣᠲᠠ  ᠶᠢᠨ ᠰᠢᠭᠤᠳ ᠬᠠᠷᠢᠶ᠎ᠠ ᠪᠠᠶᠢᠭᠤᠯᠤᠯᠭ ᠠ  ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠵᠢᠯᠲᠠᠨ ᠤ᠋ ᠲᠠᠮᠢᠷ ᠤ᠋ᠨ ᠴᠤᠭᠯᠠᠭᠠᠨ ᠳ᠋ᠤ᠌ ᠣᠷᠤᠯᠴᠠᠪᠠ
2023.09.28 ᠲᠣᠰ ᠥᠷᠲᠡᠭᠡᠨ᠎ᠦ ᠨᠠᠢᠷᠠᠭᠤᠯᠤᠭᠴᠢ

《 ᠪᠡᠶ ᠡ  ᠶᠢᠨ ᠲᠠᠮᠢᠷ ᠤᠨ ᠬᠥᠳᠡᠯᠭᠡᠭᠡᠨ ᠦ ᠴᠣᠭ ᠵᠢᠪᠬᠤᠭ᠎ᠠ 》 ᠶᠢ ᠳᠡᠯᠭᠡᠨ ᠦᠵᠡᠭᠦᠯᠵᠦ ᠰᠢᠭᠦᠬᠦ ᠬᠣᠷᠢᠶᠠᠨ ᠤ ᠴᠣᠭ ᠵᠢᠪᠬᠤᠭ᠎ᠠ ᠨᠢ ᠪᠡᠶ ᠡ  ᠶᠢᠨ ᠲᠠᠮᠢᠷ ᠤᠨ ᠬᠥᠳᠡᠯᠭᠡᠭᠡᠨ ᠳᠦ ᠥᠩᠭᠡ ᠭᠢᠯᠪᠠᠭ᠎ᠠ ᠨᠡᠮᠡᠷᠢᠯᠡᠪᠡ — ᠣᠷᠳᠣᠰ ᠬᠣᠲᠠ  ᠶᠢᠨ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶ᠎ᠠ ᠬᠣᠲᠠ  ᠶᠢᠨ ᠰᠢᠭᠤᠳ ᠬᠠᠷᠢᠶ᠎ᠠ ᠪᠠᠶᠢᠭᠤᠯᠤᠯᠭ ᠠ  ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠵᠢᠯᠲᠠᠨ ᠤ᠋ ᠲᠠᠮᠢᠷ ᠤ᠋ᠨ ᠴᠤᠭᠯᠠᠭᠠᠨ ᠳ᠋ᠤ᠌ ᠣᠷᠤᠯᠴᠠᠪᠠ

 

    ᠳᠤᠯᠠᠭᠠᠨ ᠬᠤᠳᠠ ᠳᠤ ᠨᠠᠮᠤᠷ  ᠤᠨ ᠢᠷᠠᠭᠤ ᠰᠠᠢᠬᠠᠨ ᠂ ᠤᠷᠤᠯᠳᠤᠭᠠᠨ ᠤ᠋ ᠲᠠᠯᠠᠪᠠᠢ ᠨᠠᠮᠤᠷ ᠤ᠋ᠨ ᠰᠠᠯᠬᠢ ᠰᠡᠷᠴᠢᠭᠢᠨᠠᠨ᠎ᠠ ᠃ 9 ᠰᠠᠷ᠎ᠠ ᠶ᠋ᠢᠨ 25 ᠤ᠋ ᠡᠳᠦᠷ ᠂ ᠬᠣᠲᠠ ᠶ᠋ᠢᠨ ᠰᠢᠭᠤᠳ ᠬᠠᠷᠢᠶ᠎ᠠ ᠪᠠᠢᠭᠤᠯᠤᠯᠭ᠎ᠠ ᠶ᠋ᠢᠨ ᠠᠵᠢᠯ ᠤ᠋ᠨ ᠵᠥᠪᠯᠡᠯ ᠂ ᠬᠣᠲᠠ ᠶ᠋ᠢᠨ ᠰᠤᠷᠭᠠᠨ ᠬᠥᠮᠦᠵᠢᠯ ᠪᠡᠶ᠎ᠡ ᠲᠠᠮᠢᠷ ᠤ᠋ᠨ ᠲᠣᠪᠴᠢᠶ᠎ᠠ ᠂  ᠬᠣᠲᠠ ᠶ᠋ᠢᠨ ᠠᠵᠢᠯᠴᠢᠨ ᠤ᠋ ᠶᠡᠷᠦᠩᠬᠡᠢ ᠡᠪᠯᠡᠯ ᠡᠴᠡ ᠭᠣᠣᠯᠯᠠᠨ ᠡᠷᠬᠢᠯᠡᠵᠦ ᠂ ᠬᠣᠲᠠ ᠶ᠋ᠢᠨ ᠪᠡᠶ᠎ᠡ ᠲᠠᠮᠢᠷ ᠤ᠋ᠨ ᠦᠢᠯᠡᠰ ᠤ᠋ᠨ ᠬᠥᠭᠵᠢᠯᠲᠡ ᠶ᠋ᠢᠨ ᠲᠥᠪ ᠂ ᠬᠣᠲᠠ ᠶ᠋ᠢᠨ ᠪᠡᠶ᠎ᠡ ᠶ᠋ᠢᠨ ᠲᠠᠮᠢᠷ ᠤ᠋ᠨ ᠱᠠᠩᠨᠠᠯᠲᠤ ᠰᠤᠭᠤᠯᠤᠭ᠎ᠠ ᠶ᠋ᠢᠨ ᠬᠠᠮᠢᠶᠠᠷᠤᠯᠲᠠ ᠶ᠋ᠢᠨ ᠲᠥᠪ ᠡᠴᠡ ᠳᠠᠭᠠᠭᠠᠴᠢᠯᠠᠨ ᠡᠷᠬᠢᠯᠡᠭᠰᠡᠨ ᠬᠣᠲᠠ ᠶ᠋ᠢᠨ ᠰᠢᠭᠤᠳ ᠬᠠᠷᠢᠶ᠎ᠠ ᠪᠠᠢᠭᠤᠯᠤᠯᠭ᠎ᠠ ᠶ᠋ᠢᠨ ᠠᠷᠪᠠᠨ ᠵᠢᠷᠭᠤᠳᠤᠭᠠᠷ ᠬᠤᠭᠤᠴᠠᠭᠠᠨ ᠤ᠋ ᠠᠵᠢᠯᠲᠠᠨ ᠠᠵᠢᠯᠴᠢᠨ ᠤ᠋ ᠪᠡᠶ᠎ᠡ ᠲᠠᠮᠢᠷ ᠤ᠋ᠨ ᠴᠤᠭᠯᠠᠭᠠᠨ ᠬᠣᠲᠠ ᠶ᠋ᠢᠨ ᠪᠡᠶ᠎ᠡ ᠲᠠᠮᠢᠷ ᠤ᠋ᠨ ᠲᠠᠯᠠᠪᠠᠢ ᠳ᠋ᠤ᠌ ᠵᠢᠩᠬᠢᠨᠢ ᠪᠡᠷ ᠡᠬᠢᠯᠡᠵᠦ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 30 ᠭᠠᠷᠤᠢ ᠲᠠᠮᠢᠷᠴᠢᠨ ᠡᠬᠢᠯᠡᠯᠲᠡ ᠶ᠋ᠢᠨ ᠶᠣᠰᠣᠯᠠᠯ ᠳ᠋ᠤ᠌ ᠣᠷᠣᠯᠴᠠᠵᠠᠢ ᠃

 

 

    ᠲᠤᠰ ᠤᠳᠠᠭᠠᠨ ᠤ᠋ ᠤᠷᠤᠯᠳᠤᠭᠠᠨ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 60 ᠭᠠᠷᠤᠢ ᠲᠠᠮᠢᠷᠴᠢᠨ 8 ᠤᠷᠤᠯᠳᠤᠭᠠᠨ ᠤ᠋ ᠲᠥᠷᠥᠯ ᠵᠦᠢᠯ ᠂ 3 ᠳᠤᠷ᠎ᠠ ᠰᠣᠨᠢᠷᠬᠠᠯᠲᠤ ᠲᠥᠷᠥᠯ ᠵᠦᠢᠯ ᠤ᠋ᠨ ᠤᠷᠤᠯᠳᠤᠭᠠᠨ ᠳ᠋ᠤ᠌ ᠣᠷᠣᠯᠴᠠᠵᠤ ᠂ ᠤᠷᠤᠯᠳᠤᠭᠠᠨ ᠳ᠋ᠤ᠌ ᠣᠷᠣᠯᠴᠠᠭᠰᠠᠨ ᠺᠠᠳ᠋ᠷ ᠴᠠᠭᠳᠠᠭ᠎ᠠ 《 ᠠᠮᠤᠷ ᠲᠦᠪᠰᠢᠨ ᠢ᠋ ᠲᠡᠷᠢᠭᠦᠨ ᠳ᠋ᠦ᠍ ᠲᠠᠯᠪᠢᠵᠤ ᠂ ᠨᠥᠬᠥᠷᠯᠡᠯ ᠢ᠋ ᠬᠣᠶᠠᠳᠤᠭᠠᠷ ᠲᠤ᠌ ᠲᠠᠯᠪᠢᠵᠤ ᠂ ᠤᠷᠤᠯᠳᠤᠭᠠᠨ ᠭᠤᠷᠪᠠᠳᠤᠭᠠᠷ ᠲᠤ᠌ ᠣᠷᠣᠬᠤ 》 ᠵᠣᠷᠢᠭ ᠰᠠᠨᠠᠭ᠎ᠠ ᠪᠠᠷ ᠰᠢᠭᠦᠬᠦ ᠬᠣᠷᠢᠶᠠᠨ ᠤ᠋ ᠺᠠᠳ᠋ᠷ ᠴᠠᠭᠳᠠᠭ᠎ᠠ ᠶ᠋ᠢᠨ ᠪᠦᠯᠬᠦᠮᠳᠡᠨ ᠬᠠᠮᠵᠢᠯᠴᠠᠵᠤ ᠂ ᠵᠣᠷᠢᠭᠲᠠᠢ ᠪᠠᠷ ᠲᠡᠷᠢᠭᠦᠨ ᠲᠡᠮᠡᠴᠡᠬᠦ᠂ ᠴᠣᠭ ᠵᠢᠪᠬᠤᠭ᠎ᠠ ᠪᠠᠳᠠᠷᠠᠩᠭᠤᠢ ᠂ ᠡᠷᠡᠭᠦᠯ ᠰᠠᠷᠠᠭᠤᠯ ᠥᠭᠡᠳᠡᠯᠡᠨ ᠲᠠᠪᠰᠢᠬᠤ ᠵᠣᠷᠢᠭ ᠰᠠᠨᠠᠭᠠᠨ ᠤ᠋ ᠳᠦᠷᠰᠦ ᠪᠠᠢᠳᠠᠯ ᠢ᠋ ᠭᠦᠢᠴᠡᠳ ᠢᠯᠡᠷᠡᠭᠦᠯᠵᠡᠢ ᠃

    ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠤᠰ ᠤᠳᠠᠭᠠᠨ ᠤ᠋ ᠲᠠᠮᠢᠷ ᠤ᠋ᠨ ᠴᠤᠭᠯᠠᠭᠠᠨ ᠢ᠋ᠶ᠋ᠠᠷ ᠠᠵᠠ ᠲᠣᠬᠢᠶᠠᠯ ᠪᠣᠯᠭᠠᠨ ᠂ ᠤᠷᠤᠯᠳᠤᠭᠠᠨ ᠤ᠋ ᠳᠤᠮᠳᠠᠬᠢ ᠪᠦᠯᠬᠦᠮ ᠨᠡᠢᠲᠡ ᠶ᠋ᠢᠨ ᠨᠢᠭᠲᠠᠷᠠᠯ ᠤ᠋ᠨ ᠬᠦᠴᠦᠨ ᠢ᠋ ᠰᠢᠭᠦᠨ ᠲᠠᠰᠤᠯᠬᠤ ᠭᠦᠢᠴᠡᠳᠬᠡᠬᠦ ᠠᠵᠢᠯ ᠢ᠋ ᠰᠠᠢᠲᠤᠷ ᠬᠢᠬᠦ ᠶ᠋ᠢᠨ ᠪᠠᠷᠠᠭᠳᠠᠰᠢ ᠦᠭᠡᠢ ᠬᠥᠳᠡᠯᠭᠡᠭᠴᠢ ᠬᠦᠴᠦᠨ ᠪᠠ ᠣᠮᠣᠭ ᠲᠡᠭᠦᠯᠳᠡᠷ ᠤᠷᠮ᠎ᠠ ᠵᠣᠷᠢᠭ ᠪᠣᠯᠭᠠᠨ ᠬᠤᠪᠢᠷᠠᠭᠤᠯᠵᠤ ᠂ ᠨᠡᠩ ᠪᠢᠯᠬᠠᠮ᠎ᠠ ᠬᠠᠯᠠᠭᠤᠨ ᠰᠡᠳᠬᠢᠯᠭᠡ ᠂ ᠨᠡᠩ ᠣᠮᠣᠭ ᠲᠡᠭᠦᠯᠳᠡᠷ ᠲᠡᠮᠡᠴᠡᠯ ᠤ᠋ᠨ ᠵᠣᠷᠢᠭ ᠢ᠋ᠶ᠋ᠠᠷ ᠬᠣᠢᠰᠢᠳᠠ ᠶ᠋ᠢᠨ ᠠᠵᠢᠯ ᠳ᠋ᠤ᠌ ᠣᠷᠣᠭᠤᠯᠵᠤ ᠂ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠴᠢᠷᠮᠠᠢᠨ ᠠᠬᠢᠭᠤᠯᠤᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )