ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠠᠩ ᠵᠢᠶᠦ᠋ᠨ ᠬᠣᠷᠢᠶᠠᠨ ᠳᠠᠷᠤᠭ᠎ᠠ ᠶ᠋ᠢᠨ ᠥᠪᠥᠷ ᠮᠣᠩᠭᠣᠯ ᠤ᠋ᠨ ᠰᠢᠭᠦᠬᠦ ᠬᠣᠷᠢᠶᠠᠨ ᠳ᠋ᠤ᠌ ᠬᠦᠷᠴᠦ ᠪᠠᠢᠴᠠᠭᠠᠨ ᠰᠤᠳᠤᠯᠤᠯᠲᠠ ᠬᠢᠭᠰᠡᠨ ᠶᠠᠷᠢᠶᠠᠨ ᠤ᠋ ᠵᠣᠷᠢᠭ ᠰᠠᠨᠠᠭ᠎ᠠ ᠶ᠋ᠢ ᠲᠤᠰᠬᠠᠢ ᠰᠡᠳᠦᠪ ᠢ᠋ᠢᠠᠷ ᠰᠤᠷᠤᠯᠴᠠᠨ ᠲᠤᠤᠱᠯᠠᠭᠤᠯᠪᠠ
9 ᠰᠠᠷ᠎ᠠ ᠶ᠋ᠢᠨ 13 ᠤ᠋ ᠡᠳᠦᠷ ᠡᠴᠡ 14 ᠦ᠌ ᠡᠳᠦᠷ ᠪᠣᠯᠲᠠᠯ᠎ᠠ ᠂ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠵᠠᠩ ᠵᠢᠶᠦ᠋ᠨ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠪᠠᠢᠴᠠᠭᠠᠨ ᠰᠤᠳᠤᠯᠬᠤ ᠳᠤᠭᠤᠢᠯᠠᠩ ᠶ᠋ᠢ ᠳᠠᠭᠠᠭᠤᠯᠤᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠪᠤᠭᠤᠲᠤ ᠂ ᠬᠥᠬᠡᠬᠣᠲᠠ ᠬᠣᠶᠠᠷ ᠭᠠᠵᠠᠷ ᠤ᠋ᠨ ᠰᠢᠭᠦᠬᠦ ᠬᠣᠷᠢᠶᠠᠨ ᠳ᠋ᠤ᠌ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠪᠡ ᠃ 9 ᠳ᠋ᠦ᠍ᠭᠡᠷ ᠰᠠᠷ᠎ᠠ ᠶ᠋ᠢᠨ 18 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠂ ᠵᠠᠩ ᠵᠢᠶᠦ᠋ᠨ ᠬᠣᠷᠢᠶᠠᠨ ᠳᠠᠷᠤᠭ᠎ᠠ ᠥᠪᠥᠷ ᠮᠣᠩᠭᠣᠯ ᠤ᠋ᠨ ᠰᠢᠭᠦᠬᠦ ᠬᠣᠷᠢᠶᠠᠨ ᠳ᠋ᠤ᠌ ᠬᠦᠷᠴᠦ ᠪᠠᠢᠴᠠᠭᠠᠨ ᠰᠤᠳᠤᠯᠤᠯᠲᠠ ᠬᠢᠭᠰᠡᠨ ᠵᠣᠷᠢᠭ ᠰᠠᠨᠠᠭ᠎ᠠ ᠶ᠋ᠢ ᠲᠤᠰᠬᠠᠢ ᠰᠡᠳᠦᠪ ᠢ᠋ᠶ᠋ᠡᠷ ᠰᠤᠷᠤᠯᠴᠠᠨ ᠲᠤᠤᠱᠯᠠᠭᠤᠯᠵᠠᠢ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠡᠯ᠎ᠡ ᠰᠠᠯᠠᠭ᠎ᠠ ᠮᠥᠴᠢᠷ ᠤ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠵᠠᠢ ᠃
ᠬᠤᠷᠠᠯ ᠳᠡᠭᠡᠷ᠎ᠡ ᠂ ᠵᠠᠩ ᠵᠢᠶᠦ᠋ᠨ ᠬᠣᠷᠢᠶᠠᠨ ᠳᠠᠷᠤᠭ᠎ᠠ ᠶ᠋ᠢᠨ ᠥᠪᠥᠷ ᠮᠣᠩᠭᠣᠯ ᠤ᠋ᠨ ᠰᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠭᠰᠡᠨ ᠶᠠᠷᠢᠶᠠᠨ ᠤ᠋ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠳᠠᠷᠤᠭ᠎ᠠ ᠵᠠᠩ ᠵᠢᠶᠦ᠋ᠨ ᠥᠪᠥᠷ ᠮᠣᠩᠭᠣᠯ ᠤ᠋ᠨ ᠰᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠭᠰᠡᠨ ᠶᠠᠷᠢᠶᠠᠨ ᠤ᠋ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠪᠠ ᠃
ᠬᠤᠷᠠᠯ ᠠ᠋ᠴᠠ ᠵᠢᠭᠠᠵᠤ ᠭᠠᠷᠭᠠᠭᠰᠠᠨ ᠨᠢ ᠂ ᠵᠠᠩ ᠵᠢᠶᠦ᠋ᠨ ᠬᠣᠷᠢᠶᠠᠨ ᠳᠠᠷᠤᠭ᠎ᠠ ᠶ᠋ᠢᠨ ᠪᠠᠢᠴᠠᠭᠠᠨ ᠰᠤᠳᠤᠯᠤᠯᠲᠠ ᠪᠠ ᠵᠢᠭᠠᠪᠤᠷᠢ ᠨᠢ ᠪᠦᠬᠦ ᠣᠷᠣᠨ ᠤ᠋ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠠᠵᠢᠯ ᠤ᠋ᠨ ᠣᠳᠣᠬᠢᠴᠢᠯᠠᠯᠲᠠ ᠶ᠋ᠢ ᠠᠬᠢᠭᠤᠯᠬᠤ ᠂ ᠴᠢᠨᠠᠷ ᠰᠠᠢᠲᠠᠢ ᠬᠥᠭᠵᠢᠯᠲᠡ ᠶ᠋ᠢ ᠪᠡᠶᠡᠯᠡᠭᠦᠯᠬᠦ ᠳ᠋ᠦ᠍ ᠴᠢᠬᠤᠯᠠ ᠠᠴᠢ ᠬᠣᠯᠪᠣᠭᠳᠠᠯ ᠲᠠᠢ ᠪᠥᠭᠡᠳ ᠯᠤᠲᠤ ᠶᠡᠬᠡ ᠵᠣᠷᠢᠭᠵᠢᠭᠤᠯᠤᠯ ᠪᠠᠢᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠴᠢᠨᠠᠷ ᠰᠠᠢᠲᠠᠢ ᠬᠥᠭᠵᠢᠯᠲᠡ ᠳ᠋ᠦ᠍ ᠤᠷᠤᠭᠰᠢᠯᠠᠬᠤ ᠴᠢᠭᠯᠡᠯ ᠢ᠋ ᠲᠣᠳᠣᠷᠬᠠᠢ ᠵᠢᠭᠠᠨ ᠥᠭᠴᠦ ᠂ ᠦᠨᠳᠦᠰᠦᠨ ᠵᠢᠷᠤᠮᠯᠠᠯ ᠢ᠋ ᠬᠠᠩᠭᠠᠵᠠᠢ ᠃ ᠬᠣᠶᠠᠳᠤᠭᠠᠷ ᠪᠦᠯᠦᠭ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠂ ᠪᠥᠬᠥ ᠤᠯᠤᠰ ᠤ᠋ᠨ ᠰᠢᠭᠦᠬᠦ ᠬᠣᠷᠢᠶᠠᠨ ᠤ᠋ ᠶᠡᠬᠡ ᠬᠠᠤᠯᠢ ᠶ᠋ᠢᠨ ᠲᠤᠰᠢᠶᠠᠯᠲᠠᠨ ᠤ᠋ ᠰᠤᠳᠤᠯᠤᠨ ᠶᠠᠷᠢᠯᠴᠠᠬᠤ ᠬᠤᠷᠠᠯ ᠤ᠋ᠨ ᠵᠣᠷᠢᠭ ᠰᠠᠨᠠᠭ᠎ᠠ ᠂ ᠵᠠᠩ ᠵᠢᠶᠦ᠋ᠨ ᠬᠣᠷᠢᠶᠠᠨ ᠳᠠᠷᠤᠭ᠎ᠠ ᠥᠪᠥᠷ ᠮᠣᠩᠭᠣᠯ ᠤ᠋ᠨ ᠰᠢᠭᠦᠬᠦ ᠬᠣᠷᠢᠶᠠᠨ ᠳ᠋ᠤ᠌ ᠬᠦᠷᠴᠦ ᠪᠠᠢᠴᠠᠭᠠᠨ ᠰᠤᠳᠤᠯᠤᠯᠲᠠ ᠬᠢᠭᠰᠡᠨ ᠶᠠᠷᠢᠶ᠎ᠠ ᠶ᠋ᠢᠨ ᠵᠣᠷᠢᠭ ᠰᠠᠨᠠᠭ᠎ᠠ ᠶ᠋ᠢ ᠠᠵᠢᠯ ᠪᠦᠷᠢ ᠳ᠋ᠦ᠍ ᠨᠠᠢᠳᠠᠪᠤᠷᠢᠵᠢᠭᠤᠯᠵᠤ ᠂ 《 ᠲᠥᠪ ᠭᠣᠣᠯᠴᠢ ᠬᠢᠭᠡᠳ ᠦᠷ᠎ᠡ ᠪᠦᠲᠦᠮᠵᠢᠲᠡᠢ 》 ᠠᠵᠢᠯ ᠤ᠋ᠨ ᠭᠣᠣᠯ ᠰᠡᠳᠦᠪ ᠤ᠋ᠨ ᠲᠣᠭᠣᠷᠢᠨ ᠳ᠋ᠤ᠌ ᠂ ᠬᠠᠤᠯᠢ ᠴᠠᠭᠠᠵᠠ ᠶ᠋ᠢᠨ ᠣᠢᠯᠠᠭᠠᠭᠳᠠᠬᠤᠨ ᠢ᠋ᠶ᠋ᠠᠨ ᠰᠢᠨᠡᠳᠬᠡᠵᠦ ᠂ ᠴᠢᠳᠠᠮᠠᠭᠠᠢ ᠬᠠᠤᠯᠢ ᠴᠠᠭᠠᠵᠠ ᠶ᠋ᠢᠨ ᠡᠭᠦᠷᠭᠡ ᠴᠢᠳᠠᠪᠤᠷᠢ ᠪᠠᠨ ᠪᠠᠳᠠᠷᠠᠭᠤᠯᠵᠤ ᠂ ᠰᠢᠭᠦᠨ ᠲᠠᠰᠤᠯᠬᠤ ᠠᠵᠢᠯ ᠤ᠋ᠨ ᠣᠳᠣᠬᠢᠴᠢᠯᠠᠯᠲᠠ ᠶ᠋ᠢ ᠪᠥᠬᠥ ᠬᠦᠴᠦᠨ ᠢ᠋ᠶ᠋ᠡᠷ ᠠᠬᠢᠭᠤᠯᠵᠤ ᠂ ᠰᠤᠷᠤᠯᠭ᠎ᠠ ᠶ᠋ᠢᠨ ᠦᠷ᠎ᠡ ᠪᠦᠲᠦᠭᠡᠯ ᠢ᠋ ᠶᠡᠬᠡ ᠲᠠᠯ᠎ᠠ ᠳ᠋ᠤ᠌ ᠦᠢᠯᠡᠴᠢᠯᠡᠬᠦ ᠂ ᠠᠷᠠᠳ ᠲᠦᠮᠡᠨ ᠦ᠌ ᠲᠥᠯᠥᠭᠡ ᠬᠠᠤᠯᠢ ᠪᠠᠷᠢᠬᠤ ᠪᠣᠳᠠᠲᠤ ᠦᠷ᠎ᠡ ᠪᠦᠲᠦᠮᠵᠢ ᠪᠣᠯᠭᠠᠨ ᠲᠠᠰᠤᠷᠠᠯᠲᠠ ᠦᠭᠡᠢ ᠬᠤᠪᠢᠷᠠᠭᠤᠯᠵᠤ ᠂ ᠪᠥᠬᠥ ᠬᠣᠷᠢᠶᠠᠨ ᠤ᠋ ᠡᠯ᠎ᠡ ᠵᠦᠢᠯ ᠤ᠋ᠨ ᠠᠵᠢᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠂ ᠳᠠᠬᠢᠨ ᠰᠢᠨ᠎ᠡ ᠳᠡᠭᠲᠡᠷ ᠲᠦ᠍ ᠭᠠᠷᠬᠤ ᠶ᠋ᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ ᠭᠡᠪᠡ᠃
ᠬᠤᠷᠠᠯ ᠠ᠋ᠴᠠ ᠱᠠᠭᠠᠷᠳᠠᠭᠰᠠᠨ ᠨᠢ ᠂ ᠨᠢᠭᠡ ᠳ᠋ᠦ᠍ ᠨᠠᠮ ᠤ᠋ᠨ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠤᠯᠤᠰ ᠲᠥᠷᠥ ᠶ᠋ᠢᠨ ᠰᠤᠷᠤᠯᠴᠠᠯᠭ᠎ᠠ ᠪᠠᠨ ᠴᠢᠩᠭᠠᠳᠬᠠᠵᠤ ᠂ ᠤᠯᠤᠰ ᠲᠥᠷᠥ ᠶ᠋ᠢᠨ ᠰᠠᠬᠢᠯᠭ᠎ᠠ ᠪᠠᠲᠤ ᠶ᠋ᠢ ᠴᠢᠩᠳᠠᠯᠠᠵᠤ ᠂ ᠤᠯᠤᠰ ᠲᠥᠷᠥ ᠶ᠋ᠢᠨ ᠪᠣᠯᠪᠠᠰᠤᠷᠠᠯ ᠢ᠋ᠶ᠋ᠠᠨ ᠴᠢᠩᠭᠠᠳᠬᠠᠨ ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶ᠋ᠢ ᠡᠷᠬᠢᠮᠯᠡᠬᠦ ᠦᠨᠳᠦᠰᠦᠨ ᠱᠠᠭᠠᠷᠳᠠᠯᠭ᠎ᠠ ᠶ᠋ᠢ ᠪᠣᠳᠠᠲᠤ ᠳ᠋ᠤ ᠨᠢ ᠨᠠᠢᠳᠠᠪᠤᠷᠢᠵᠢᠭᠤᠯᠵᠤ ᠂ 《 ᠳᠥᠷᠪᠡᠨ ᠤᠬᠠᠮᠰᠠᠷ 》 ᠢ᠋ᠢᠡᠨ ᠲᠠᠰᠤᠷᠠᠯᠲᠠ ᠦᠭᠡᠢ ᠨᠡᠮᠡᠭᠳᠡᠭᠦᠯᠦᠨ ᠂ 《 ᠳᠥᠷᠪᠡᠨ ᠢᠲᠡᠭᠡᠯ 》 ᠢ᠋ᠢᠡᠨ ᠪᠠᠲᠤᠳᠬᠠᠵᠤ ᠂ 《 ᠬᠣᠶᠠᠷ ᠢ᠋ ᠬᠠᠮᠠᠭᠠᠯᠠᠬᠤ 》 ᠶ᠋ᠢ ᠪᠡᠶᠡᠯᠡᠭᠦᠯᠵᠦ ᠂ 《 ᠬᠣᠶᠠᠷ ᠢ᠋ ᠲᠣᠭᠲᠠᠭᠠᠬᠤ 》 ᠶ᠋ᠢ ᠬᠦᠷᠢᠶᠡᠯᠡᠨ ᠂ ᠭᠣᠣᠯ ᠵᠦᠢᠯ ᠢ᠋ ᠬᠠᠮᠠᠭᠠᠯᠠᠵᠤ ᠂ ᠡᠷᠡᠰ ᠦᠨᠡᠨᠴᠢ ᠰᠢᠳᠤᠷᠭᠤ ᠪᠠᠢᠵᠤ ᠂ ᠨᠠᠮ ᠤ᠋ᠨ ᠵᠢᠯᠣᠭᠣᠳᠤᠯᠭ᠎ᠠ ᠶ᠋ᠢ ᠳᠠᠭᠠᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶ᠋ᠢ ᠡᠷᠡᠰ ᠪᠡᠶᠡᠯᠡᠭᠦᠯᠬᠦ ᠬᠡᠷᠡᠭᠲᠡᠢ ᠃ 《 ᠨᠢᠭᠡ ᠠᠵᠢᠯ ᠤ᠋ᠨ ᠪᠠᠢᠷᠢ ᠳ᠋ᠤ᠌ ᠬᠣᠶᠠᠷ ᠬᠠᠷᠢᠭᠤᠴᠠᠯᠭ᠎ᠠ ᠲᠠᠢ ᠪᠠᠢᠬᠤ 》 ᠶ᠋ᠢ ᠦᠨᠡᠨᠬᠦ ᠭᠦᠢᠴᠡᠳᠬᠡᠵᠦ ᠂ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠣᠯᠤᠨ ᠰᠢ ᠵᠢᠨ ᠫᠢᠩ ᠤ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠲᠤᠬᠠᠢᠯᠠᠭᠰᠠᠨ ᠠᠵᠢᠯ ᠳ᠋ᠤ᠌ ᠠᠭᠤᠰᠤᠯᠴᠠᠭᠤᠯᠵᠤ ᠂ ᠬᠡᠷᠡᠭ ᠰᠢᠢᠳᠪᠦᠷᠢᠯᠡᠬᠦ ᠪᠠᠢᠳᠠᠯ ᠪᠣᠯᠤᠨ ᠦᠵᠡᠯ ᠰᠠᠨᠠᠭ᠎ᠠ ᠲᠠᠨᠢᠯᠲᠠ ᠲᠠᠢ ᠤᠶᠠᠯᠳᠤᠭᠤᠯᠤᠨ ᠶᠠᠷᠢᠯᠴᠠᠭ᠎ᠠ ᠥᠷᠨᠢᠭᠦᠯᠵᠦ ᠂ ᠨᠠᠮ ᠤ᠋ᠨ ᠪᠠᠢᠭᠤᠯᠤᠯᠲᠠ ᠪᠠᠷ ᠰᠢᠭᠦᠨ ᠲᠠᠰᠤᠯᠬᠤ ᠶ᠋ᠢ ᠠᠬᠢᠭᠤᠯᠬᠤ ᠶ᠋ᠢ ᠦᠨᠡᠨᠬᠦ ᠪᠡᠶᠡᠯᠡᠭᠦᠯᠬᠦ ᠬᠡᠷᠡᠭᠲᠡᠢ ︔ ᠬᠠᠤᠯᠢ ᠪᠠᠷᠢᠬᠤ ᠵᠥᠪ ᠣᠢᠯᠠᠭᠠᠭᠳᠠᠬᠤᠨ ᠢ᠋ ᠪᠣᠢ ᠪᠣᠯᠭᠠᠵᠤ ᠂ ᠰᠢᠭᠦᠨ ᠲᠠᠰᠤᠯᠬᠤ ᠠᠵᠢᠯ ᠢ᠋ᠶ᠋ᠠᠷ ᠳᠠᠮᠵᠢᠭᠤᠯᠤᠨ ᠤᠯᠤᠰ ᠣᠷᠣᠨ ᠤ᠋ ᠠᠰᠢᠭ ᠲᠤᠰᠠ ᠂ ᠠᠷᠠᠳ ᠲᠦᠮᠡᠨ ᠦ᠌ ᠠᠰᠢᠭ ᠲᠤᠰᠠ ᠶ᠋ᠢ ᠬᠠᠮᠠᠭᠠᠯᠠᠵᠤ ᠂ ᠨᠠᠮ ᠤ᠋ᠨ ᠲᠥᠷᠥ ᠪᠠᠷᠢᠬᠤ ᠰᠠᠭᠤᠷᠢ ᠶ᠋ᠢ ᠪᠡᠬᠢᠵᠢᠭᠦᠯᠦᠨ ᠭᠦᠨᠵᠡᠭᠡᠢᠷᠡᠭᠦᠯᠬᠦ ᠬᠡᠷᠡᠭᠲᠡᠢ ᠃
ᠬᠣᠶᠠᠷ ᠲᠤ᠌ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠶ᠋ᠢ ᠪᠣᠳᠠᠲᠤ ᠳ᠋ᠤ ᠨᠢ ᠨᠠᠢᠳᠠᠪᠤᠷᠢᠵᠢᠭᠤᠯᠬᠤ ᠬᠡᠷᠡᠭᠲᠡᠢ ᠃ ᠰᠢᠭᠦᠨ ᠲᠠᠰᠤᠯᠬᠤ ᠬᠠᠮᠢᠶᠠᠷᠤᠯᠲᠠ ᠶ᠋ᠢᠨ ᠣᠳᠣᠬᠢᠴᠢᠯᠠᠯᠲᠠ ᠶ᠋ᠢ ᠰᠢᠰᠲ᠋ᠧᠮ ᠤ᠋ᠨ ᠦᠵᠡᠯᠲᠡ ᠪᠡᠷ ᠲᠦᠯᠬᠢᠨ ᠠᠬᠢᠭᠤᠯᠵᠤ ᠂ 《 ᠲᠥᠪ ᠭᠣᠣᠯᠴᠢ ᠬᠢᠭᠡᠳ ᠦᠷ᠎ᠡ ᠪᠦᠲᠦᠮᠵᠢᠲᠡᠢ 》ᠭᠣᠣᠯ ᠰᠡᠳᠦᠪ ᠢ᠋ ᠪᠣᠳᠠᠲᠠᠢ ᠠᠳᠬᠤᠵᠤ ᠂ ᠨᠢᠭᠡᠳᠦᠭᠡᠷ ᠬᠣᠶᠠᠳᠤᠭᠠᠷ ᠰᠢᠭᠦᠯᠲᠡ ᠶ᠋ᠢᠨ ᠰᠢᠭᠦᠨ ᠲᠠᠰᠤᠯᠤᠯᠲᠠ ᠶ᠋ᠢ ᠬᠦᠯᠢᠶᠡᠨ ᠵᠠᠷᠭᠤᠯᠳᠤᠬᠤ ᠪᠠᠨ ᠵᠣᠭᠰᠣᠭᠠᠬᠤ ᠨᠣᠷᠮ᠎ᠠ ᠶ᠋ᠢ ᠲᠥᠪᠯᠡᠷᠡᠭᠦᠯᠵᠦ ᠂ ᠬᠡᠷᠡᠭ ᠤ᠋ᠨ ᠬᠠᠷᠢᠴᠠᠯ ᠂ ᠭᠣᠮᠣᠳᠠᠯ ᠲᠣᠭᠠᠴᠢᠭᠰᠠᠨ ᠨᠣᠷᠮ᠎ᠠ ᠵᠡᠷᠭᠡ ᠨᠢ ᠠᠷᠠᠳ ᠣᠯᠠᠨ ᠤ᠋ ᠬᠠᠤᠯᠢ ᠴᠠᠭᠠᠵᠠ ᠶ᠋ᠢᠨ ᠠᠵᠢᠯ ᠤ᠋ᠨ ᠲᠤᠬᠠᠢ ᠰᠢᠭᠤᠳ ᠰᠡᠳᠬᠢᠭᠳᠡᠯ ᠤ᠋ᠨ ᠭᠦᠢᠴᠡᠳᠬᠡᠬᠦ ᠲᠣᠭ᠎ᠠ ᠶ᠋ᠢ ᠲᠤᠰᠬᠠᠵᠤ ᠂ ᠬᠠᠤᠯᠢ ᠴᠠᠭᠠᠵᠠ ᠶ᠋ᠢᠨ ᠬᠡᠷᠡᠭ ᠪᠣᠯᠭᠠᠬᠤ ᠢ᠋ᠢᠨ ᠳᠤᠮᠳᠠ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠮᠡᠳᠡᠷᠡᠭᠦᠯᠦᠨ᠎ᠡ ᠃ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠢᠷᠡᠯᠲᠡ ᠶ᠋ᠢ ᠵᠠᠰᠠᠬᠤ ᠵᠠᠭᠪᠤᠷ ᠤ᠋ᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠵᠦ ᠂ 《 ᠬᠡᠷᠪᠡ ᠪᠢ ᠵᠠᠷᠭᠤ ᠬᠢᠪᠡᠯ 》 ᠭᠡᠬᠦ ᠦᠵᠡᠯ ᠤᠬᠠᠮᠰᠠᠷ ᠢ᠋ᠶ᠋ᠠᠷ ᠬᠠᠤᠯᠢ ᠴᠠᠭᠠᠵᠠ ᠶ᠋ᠢᠨ ᠰᠢᠭᠦᠨ ᠲᠠᠰᠤᠯᠤᠯᠲᠠ ᠶ᠋ᠢᠨ ᠠᠵᠢᠯ ᠢ᠋ ᠰᠠᠢᠲᠤᠷ ᠬᠢᠵᠦ ᠂ ᠨᠡᠩ ᠣᠯᠠᠨ ᠰᠢᠨ᠎ᠡ ᠶ᠋ᠢ ᠡᠭᠦᠳᠬᠦ ᠠᠷᠭ᠎ᠠ ᠬᠡᠮᠵᠢᠶ᠎ᠡ ᠪᠡᠷ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠠᠵᠢᠯ ᠢ᠋ ᠪᠣᠳᠠᠲᠠᠢ ᠬᠢᠬᠦ ᠬᠡᠷᠡᠭᠲᠡᠢ ᠃ 《 ᠵᠠᠬᠢᠳᠠᠯ ᠪᠠᠢᠪᠠᠯ ᠵᠠᠪᠠᠯ ᠬᠠᠷᠢᠭᠤᠯᠬᠤ 》 ᠶ᠋ᠢ ᠨᠠᠢᠳᠠᠪᠤᠷᠢᠵᠢᠭᠤᠯᠵᠤ ᠂ ᠵᠠᠬᠢᠳᠠᠯ ᠰᠤᠷᠪᠤᠯᠵᠢᠯᠠᠯ ᠤ᠋ᠨ ᠳᠡᠰ ᠳᠠᠷᠠᠭᠠᠯᠠᠯ ᠢ᠋ ᠬᠣᠭᠣᠰᠣᠨ ᠡᠷᠭᠢᠯᠳᠦᠭᠦᠯᠬᠦ ᠡᠴᠡ ᠵᠠᠢᠯᠠᠰᠬᠢᠵᠦ ᠂ ᠵᠠᠷᠭᠤ ᠳ᠋ᠤ᠌ ᠬᠣᠯᠪᠣᠭᠳᠠᠬᠤ ᠵᠠᠬᠢᠳᠠᠯ ᠰᠤᠷᠪᠤᠯᠵᠢᠯᠠᠯ ᠢ᠋ ᠰᠡᠷᠭᠡᠢᠯᠡᠬᠦ ᠂ ᠬᠦᠯᠢᠶᠡᠨ ᠠᠪᠴᠤ ᠰᠢᠢᠳᠪᠦᠷᠢᠯᠡᠬᠦ ᠂ ᠭᠦᠢᠴᠡᠳᠬᠡᠬᠦ ᠂ ᠬᠢᠨᠠᠯᠲᠠ ᠲᠠᠯᠪᠢᠬᠤ ᠂ ᠰᠢᠢᠳᠪᠦᠷᠢᠯᠡᠬᠦ ᠠᠵᠢᠯ ᠢ᠋ ᠨᠢᠭᠡᠳᠦᠯᠲᠡᠢ ᠲᠥᠯᠥᠪᠯᠡᠨ ᠠᠬᠢᠭᠤᠯᠵᠤ ᠂ ᠵᠠᠷᠭᠤ ᠳ᠋ᠤ᠌ ᠬᠣᠯᠪᠣᠭᠳᠠᠬᠤ ᠵᠠᠬᠢᠳᠠᠯ ᠰᠤᠷᠪᠤᠯᠵᠢᠯᠠᠯ ᠤ᠋ᠨ ᠠᠰᠠᠭᠤᠳᠠᠯ ᠢ᠋ ᠬᠠᠤᠯᠢ ᠶᠣᠰᠣᠭᠠᠷ ᠳᠡᠰ ᠳᠠᠷᠠᠭᠠᠯᠠᠯ ᠶᠣᠰᠣᠭᠠᠷ ᠰᠢᠢᠳᠪᠦᠷᠢᠯᠡᠬᠦ ᠶ᠋ᠢ ᠦᠨᠡᠨᠬᠦ ᠪᠠᠲᠤᠯᠠᠬᠤ ᠬᠡᠷᠡᠭᠲᠡᠢ ᠃
ᠭᠤᠷᠪᠠ ᠳ᠋ᠤ᠌ ᠴᠠᠭᠳᠠᠭ᠎ᠠ ᠶ᠋ᠢ ᠴᠢᠩᠭ᠎ᠠ ᠵᠠᠰᠠᠬᠤ ᠶ᠋ᠢ ᠪᠣᠳᠠᠲᠠᠢ ᠳ᠋ᠤ ᠨᠢ ᠨᠠᠢᠳᠠᠪᠤᠷᠢᠵᠢᠭᠤᠯᠬᠤ ᠬᠡᠷᠡᠭᠲᠡᠢ ᠃ 《 ᠭᠤᠷᠪᠠᠨ ᠲᠣᠭᠲᠠᠭᠠᠯ 》 ᠢ᠋ ᠲᠤᠤᠱᠯᠠᠭᠤᠯᠤᠨ ᠭᠦᠢᠴᠡᠳᠭᠡᠬᠦ ᠶ᠋ᠢ ᠬᠦᠴᠦᠲᠡᠢ ᠠᠳᠬᠤᠵᠤ ᠂ 《 ᠠᠰᠠᠭᠤᠳᠠᠯ ᠪᠦᠬᠦᠨ ᠢ᠋ ᠵᠠᠪᠠᠯ ᠲᠡᠮᠳᠡᠭᠯᠡᠬᠦ 》 ᠶ᠋ᠢ ᠪᠡᠶᠡᠯᠡᠭᠦᠯᠵᠦ ᠂ ᠪᠣᠯᠪᠠᠰᠤᠷᠠᠭᠤᠯᠤᠨ ᠵᠢᠯᠣᠭᠣᠳᠬᠤ ᠪᠠᠨ ᠴᠢᠩᠭᠠᠳᠬᠠᠨ ᠂ ᠵᠥᠪ ᠪᠤᠷᠤᠭᠤ ᠲᠠᠯ᠎ᠠ ᠶ᠋ᠢᠨ ᠨᠡᠢᠲᠡᠯᠢᠭ ᠵᠢᠱ᠌ᠢᠶ᠎ᠡ ᠪᠡᠷ ᠰᠤᠷᠭᠠᠨ ᠬᠥᠮᠦᠵᠢᠭᠦᠯᠬᠦ ᠶ᠋ᠢ ᠰᠠᠢᠲᠤᠷ ᠬᠡᠷᠡᠭᠯᠡᠵᠦ ᠂ ᠪᠦᠬᠦ ᠺᠠᠳ᠋ᠷ ᠴᠠᠭᠳᠠᠭ᠎ᠠ ᠳ᠋ᠤ᠌ ᠵᠢᠱ᠌ᠢᠶ᠎ᠡ ᠦᠵᠡᠭᠦᠯᠬᠦ ᠬᠡᠷᠡᠭᠲᠡᠢ ᠃ ᠰᠢᠭᠦᠬᠦ ᠬᠣᠷᠢᠶᠠᠨ ᠤ᠋ ᠳᠠᠷᠤᠭ᠎ᠠ ᠂ ᠬᠠᠤᠯᠢ ᠶ᠋ᠢᠨ ᠲᠤᠰᠢᠶᠠᠯᠲᠠᠨ ᠤ᠋ ᠰᠢᠭᠦᠨ ᠲᠠᠰᠤᠯᠬᠤ ᠡᠷᠬᠡ ᠪᠠ ᠬᠠᠷᠢᠭᠤᠴᠠᠯᠭ᠎ᠠ ᠶ᠋ᠢᠨ ᠨᠠᠷᠢᠨ ᠳᠠᠩᠰᠠ ᠶ᠋ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ ᠂ ᠰᠢᠭᠦᠨ ᠲᠠᠰᠤᠯᠬᠤ ᠭᠦᠢᠴᠡᠳᠬᠡᠬᠦ ᠡᠷᠬᠡ ᠶ᠋ᠢᠨ ᠠᠵᠢᠯᠯᠠᠭᠠᠨ ᠤ᠋ ᠡᠯ᠎ᠡ ᠵᠠᠩᠭᠢᠯᠠᠭ᠎ᠠ ᠪᠠᠷ ᠭᠣᠣᠯᠯᠠᠭᠤᠯᠤᠨ ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠠᠶᠤᠯ ᠲᠦᠭᠰᠢᠭᠦᠷᠢ ᠶ᠋ᠢ ᠰᠡᠷᠭᠡᠢᠯᠡᠨ ᠬᠢᠵᠠᠭᠠᠷᠯᠠᠬᠤ ᠰᠢᠰᠲ᠋ᠸᠮ ᠢ᠋ ᠲᠡᠭᠦᠯᠳᠡᠷᠵᠢᠭᠦᠯᠵᠦ ᠂ ᠴᠥᠭᠡᠨ ᠲᠣᠭᠠᠨ ᠤ᠋ ᠂ ᠭᠣᠣᠯᠳᠠᠯᠭ᠎ᠠ ᠲᠠᠢ ᠵᠠᠩᠭᠢᠯᠠᠭ᠎ᠠ ᠶ᠋ᠢ ᠠᠳᠬᠤᠨ ᠠᠪᠴᠤ ᠬᠢᠵᠠᠭᠠᠷᠯᠠᠬᠤ ᠪᠠ ᠲᠡᠭᠦᠨ ᠳ᠋ᠦ᠍ ᠬᠢᠨᠠᠯᠲᠠ ᠲᠠᠯᠪᠢᠬᠤ ᠠᠵᠢᠯ ᠢ᠋ ᠴᠢᠩᠭ᠋ᠠᠳᠬᠠᠬᠤ ᠬᠡᠷᠡᠭᠲᠡᠢ ᠃ ᠺᠠᠳ᠋ᠷ ᠴᠠᠭᠳᠠᠭ᠎ᠠ ᠶ᠋ᠢᠨ ᠠᠮᠵᠢᠯᠲᠠ ᠪᠦᠲᠦᠮᠵᠢ ᠶ᠋ᠢ ᠬᠢᠨᠠᠨ ᠰᠢᠯᠭᠠᠬᠤ ᠳᠦᠷᠢᠮ ᠢ᠋ ᠲᠡᠭᠦᠯᠳᠡᠷᠵᠢᠭᠦᠯᠵᠦ ᠂ ᠬᠢᠨᠠᠨ ᠰᠢᠯᠭᠠᠭᠰᠠᠨ ᠦᠷ᠎ᠡ ᠳ᠋ᠦᠩ ᠢ᠋ ᠰᠠᠢᠲᠤᠷ ᠬᠡᠷᠡᠭᠯᠡᠵᠦ ᠂ ᠠᠵᠢᠯᠲᠠᠨ ᠤ᠋ ᠪᠠᠢᠷᠢ ᠶ᠋ᠢ ᠬᠠᠷᠢᠯᠴᠠᠨ ᠲᠣᠬᠢᠷᠠᠭᠤᠯᠬᠤ ᠂ ᠬᠥᠮᠦᠨ ᠦ᠌ ᠴᠢᠳᠠᠪᠤᠷᠢ ᠶ᠋ᠢ ᠭᠦᠢᠴᠡᠳ ᠬᠡᠷᠡᠭᠯᠡᠬᠦ ᠶ᠋ᠢ ᠠᠬᠢᠭᠤᠯᠬᠤ ᠬᠡᠷᠡᠭᠲᠡᠢ ᠃ ᠰᠢᠪᠠᠳᠠᠨ ᠪᠠᠢᠴᠠᠭᠠᠵᠤ ᠲᠣᠭᠣᠷᠢᠨ ᠪᠠᠢᠴᠠᠭᠠᠬᠤ ᠂ ᠲᠤᠰᠬᠠᠢ ᠲᠥᠷᠥᠯ ᠢ᠋ᠶ᠋ᠡᠷ ᠪᠠᠢᠴᠠᠭᠠᠬᠤ ᠂ ᠬᠡᠷᠡᠭ ᠢ᠋ ᠰᠢᠪᠠᠳᠠᠨ ᠭᠦᠢᠴᠡᠳᠬᠡᠬᠦ ᠵᠡᠷᠭᠡ ᠬᠡᠯᠪᠡᠷᠢ ᠶ᠋ᠢ ᠠᠪᠴᠤ ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢᠨ ᠬᠢᠨᠠᠯᠲᠠ ᠪᠠᠢᠴᠠᠭᠠᠯᠲᠠ ᠶ᠋ᠢ ᠴᠢᠩᠭᠠᠳᠬᠠᠵᠤ ᠂ ᠰᠢᠭᠦᠬᠦ ᠬᠣᠷᠢᠶᠠᠨ ᠤ᠋ ᠬᠠᠲᠠᠭᠤ ᠴᠢᠩᠭ᠎ᠠ ᠡᠩᠨᠡᠭᠡ ᠶ᠋ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠶ ᠭᠡᠪᠡ᠃
ᠦᠨᠡᠯᠡᠬᠦ 0ᠦᠨᠡᠯᠡᠯᠲᠡ᠎ᠲᠠᠢ