ᠴᠢᠨᠠᠷ ᠰᠠᠢᠲᠠᠢ ᠠᠬᠢᠭᠤᠯᠬᠤ ᠭᠣᠣᠯ ᠰᠡᠳᠦᠪᠲᠦ ᠬᠥᠮᠦᠵᠢᠯ ᠪᠣᠳᠠᠲᠤ ᠠᠵᠢᠯᠯᠠᠭ᠎ᠠ ᠦᠷ᠎ᠡ ᠪᠦᠲᠦᠮᠵᠢ ᠣᠯᠪᠠ
2023.10.07 ᠲᠣᠰ ᠥᠷᠲᠡᠭᠡᠨ᠎ᠦ ᠨᠠᠢᠷᠠᠭᠤᠯᠤᠭᠴᠢ

ᠴᠢᠨᠠᠷ ᠰᠠᠢᠲᠠᠢ ᠠᠬᠢᠭᠤᠯᠬᠤ ᠭᠣᠣᠯ ᠰᠡᠳᠦᠪᠲᠦ ᠬᠥᠮᠦᠵᠢᠯ ᠪᠣᠳᠠᠲᠤ ᠠᠵᠢᠯᠯᠠᠭ᠎ᠠ ᠦᠷ᠎ᠡ ᠪᠦᠲᠦᠮᠵᠢ ᠣᠯᠪᠠ — ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠢ᠋ᠢᠨ ᠨᠠᠮ ᠤ᠋ᠨ ᠳᠤᠭᠤᠢᠯᠠᠩ ( ᠥᠷᠭᠡᠳᠬᠡᠭᠰᠡᠨ )  ᠬᠤᠷᠠᠯ ᠬᠤᠷᠠᠯᠳᠤᠭᠤᠯᠵᠤ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠤ᠋ᠨ ᠠᠵᠢᠯ ᠢ᠋ ᠲᠣᠬᠢᠷᠠᠭᠤᠯᠤᠨ ᠪᠠᠢᠷᠢᠯᠠᠭᠤᠯᠪᠠ

 

    9 ᠳ᠋ᠤᠭᠡᠷ ᠰᠠᠷ᠎ᠠ ᠶ᠋ᠢᠨ 18  ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠂ ᠲᠥᠪ ᠂ ᠥᠪᠡᠷᠲᠡᠭᠡᠨ ᠵᠠᠰᠠᠬᠤ ᠣᠷᠣᠨ ᠤ᠋ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠨᠢᠭᠡᠳᠦᠭᠡᠷ ᠪᠦᠯᠦᠭ ᠤ᠋ᠨ ᠳ᠋ᠦᠩᠨᠡᠯᠲᠡ ᠵᠢᠴᠢ ᠬᠣᠶᠠᠳᠤᠭᠠᠷ ᠪᠦᠯᠦᠭ ᠤ᠋ᠨ ᠪᠠᠢᠷᠢᠯᠠᠭᠤᠯᠤᠯᠲᠠ ᠶ᠋ᠢᠨ ᠬᠤᠷᠠᠯ ᠵᠢᠴᠢ ᠪᠥᠬᠥ ᠬᠣᠲᠠ ᠶ᠋ᠢᠨ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ ᠲᠤᠤᠱᠯᠠᠭᠤᠯᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠲᠠᠯ᠎ᠠ ᠪᠠᠷ ᠳᠠᠢᠴᠢᠯᠠᠯᠲᠠ ᠪᠠᠢᠷᠢᠯᠠᠭᠤᠯᠤᠯᠲᠠ ᠬᠢᠵᠡᠢ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠡᠯ᠎ᠡ ᠰᠠᠯᠠᠭ᠎ᠠ ᠮᠥᠴᠢᠷ ᠤ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠤᠯᠴᠠᠪᠠ ᠃

 

 

    ᠬᠤᠷᠠᠯ ᠨᠢ ᠲᠥᠪ ᠂ ᠥᠪᠡᠷᠲᠡᠭᠡᠨ ᠵᠠᠰᠠᠬᠤ ᠣᠷᠣᠨ ᠤ᠋ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠤ᠋ᠨ ᠨᠢᠭᠡᠳᠦᠭᠡᠷ ᠪᠦᠯᠦᠭ ᠤ᠋ᠨ ᠳ᠋ᠦᠩᠨᠡᠯᠲᠡ ᠵᠢᠴᠢ ᠬᠣᠶᠠᠳᠤᠭᠠᠷ ᠪᠦᠯᠦᠭ ᠤ᠋ᠨ ᠪᠠᠢᠷᠢᠯᠠᠭᠤᠯᠤᠯᠲᠠ ᠶ᠋ᠢᠨ ᠬᠤᠷᠠᠯ ᠤ᠋ᠨ ᠵᠣᠷᠢᠭ ᠰᠠᠨᠠᠭ᠎ᠠ ᠂ ᠣᠷᠳᠣᠰ ᠬᠣᠲᠠ ᠶ᠋ᠢᠨ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠪᠠ ︔ 《 ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ ᠶ᠋ᠢ ᠭᠦᠨᠵᠡᠭᠡᠢ ᠥᠷᠨᠢᠭᠦᠯᠬᠦ ᠲᠤᠬᠠᠢ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠬᠡᠷᠡᠭᠵᠢᠭᠦᠯᠬᠦ ᠲᠥᠰᠦᠯ 》 ᠢ᠋ ᠤᠩᠰᠢᠨ ᠨᠡᠢᠲᠡᠯᠡᠪᠡ ᠃

    ᠬᠤᠷᠠᠯ ᠠ᠋ᠴᠠ ᠵᠢᠭᠠᠵᠤ ᠭᠠᠷᠭᠠᠭᠰᠠᠨ ᠨᠢ ᠂  ᠰᠢᠶᠠᠨ ᠭᠠᠵᠠᠷ ᠤ᠋ᠨ ᠳᠡᠰ ᠡᠴᠡ ᠳᠡᠭᠡᠭᠰᠢᠬᠢ ᠤᠳᠤᠷᠢᠳᠬᠤ ᠺᠠᠳ᠋ᠷ ᠢ᠋ᠶ᠋ᠠᠷ ᠭᠣᠣᠯᠳᠠᠯᠭ᠎ᠠ ᠪᠣᠯᠭᠠᠨ ᠪᠦᠬᠦ ᠨᠠᠮ ᠳ᠋ᠤ᠌ ᠭᠣᠣᠯ ᠰᠡᠳᠦᠪᠲᠦ ᠬᠥᠮᠦᠵᠢᠯ ᠢ᠋ ᠭᠦᠨᠵᠡᠭᠡᠢ ᠥᠷᠨᠢᠭᠦᠯᠬᠦ ᠪᠣᠯ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠲᠤᠤᠱᠯᠠᠭᠤᠯᠬᠤ ᠂ ᠪᠦᠬᠦ ᠨᠠᠮ ᠤ᠋ᠨ ᠨᠥᠬᠥᠳ ᠢ᠋ ᠳᠠᠢᠴᠢᠯᠠᠨ ᠨᠠᠮ ᠤ᠋ᠨ ᠭᠣᠣᠯ ᠡᠭᠦᠷᠭᠡ ᠶ᠋ᠢ ᠪᠡᠶᠡᠯᠡᠭᠦᠯᠬᠦ ᠶ᠋ᠢᠨ ᠲᠥᠯᠥᠭᠡ ᠪᠦᠯᠬᠦᠮᠳᠡᠨ ᠲᠡᠮᠡᠴᠡᠬᠦ ᠶ᠋ᠢᠨ ᠲᠥᠯᠥᠭᠡ ᠬᠢᠭᠰᠡᠨ ᠴᠢᠬᠤᠯᠠ ᠶᠡᠬᠡ ᠪᠠᠢᠷᠢᠯᠠᠭᠤᠯᠤᠯᠲᠠ ᠮᠥᠨ ᠂ ᠰᠢᠨ᠎ᠡ ᠴᠠᠭ ᠦᠶ᠎ᠡ ᠶ᠋ᠢᠨ ᠨᠠᠮ ᠤ᠋ᠨ ᠪᠠᠢᠭᠤᠯᠤᠯᠲᠠ ᠶ᠋ᠢᠨ ᠠᠭᠤᠤ ᠶᠡᠬᠡ ᠰᠢᠨ᠎ᠡ ᠢᠨᠵᠧᠨᠧᠷᠢᠩ ᠢ᠋ ᠭᠦᠨᠵᠡᠭᠡᠢ ᠲᠦᠯᠬᠢᠨ ᠠᠬᠢᠭᠤᠯᠬᠤ ᠴᠢᠬᠤᠯᠠ ᠶᠡᠬᠡ ᠪᠠᠢᠷᠢᠯᠠᠭᠤᠯᠤᠯᠲᠠ ᠮᠥᠨ ᠃ ᠬᠡᠪ ᠳᠠᠭᠤᠷᠢᠶᠠᠯ ᠪᠣᠯᠬᠤ ᠡᠷᠴᠢᠮ ᠢ᠋ᠶ᠋ᠡᠨ ᠴᠢᠩᠭᠠᠳᠬᠠᠵᠤ ᠂ ᠬᠠᠷᠢᠭᠤᠴᠠᠯᠭ᠎ᠠ ᠪᠠᠨ ᠡᠭᠦᠷᠭᠡᠯᠡᠨ ᠂ ᠥᠨᠳᠥᠷ ᠵᠣᠭᠰᠣᠴᠠ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷ ᠲᠠᠢ ᠭᠣᠣᠯ ᠰᠡᠳᠦᠪᠲᠦ ᠰᠤᠷᠭᠠᠨ ᠬᠥᠮᠦᠵᠢᠯ ᠢ᠋ ᠰᠠᠢᠲᠤᠷ ᠥᠷᠨᠢᠭᠦᠯᠵᠦ ᠂ ᠡᠯ᠎ᠡ ᠲᠥᠷᠥᠯ ᠤ᠋ᠨ ᠠᠵᠢᠯ ᠦᠢᠯᠡᠰ ᠤ᠋ᠨ ᠶᠠᠰᠤ ᠴᠢᠨᠠᠷ ᠢ᠋ᠶ᠋ᠠᠨ ᠳᠡᠭᠡᠭᠰᠢᠯᠡᠭᠦᠯᠦᠨ ᠦᠷ᠎ᠡ ᠠᠰᠢᠭ ᠢ᠋ᠶ᠋ᠠᠨ ᠨᠡᠮᠡᠭᠳᠡᠭᠦᠯᠬᠦ ᠶ᠋ᠢ ᠲᠠᠰᠤᠷᠠᠯᠲᠠ ᠦᠭᠡᠢ ᠠᠬᠢᠭᠤᠯᠵᠤ ᠂ ᠦᠨᠡᠨ ᠢ᠋ ᠪᠠᠷᠢᠮᠲᠠᠯᠠᠨ ᠪᠣᠳᠠᠲᠠᠢ ᠶ᠋ᠢ ᠡᠷᠬᠢᠮᠯᠡᠵᠦ ᠂ ᠪᠣᠳᠠᠲᠠᠢ ᠶ᠋ᠢ ᠡᠭᠦᠷᠭᠡᠯᠡᠬᠦ ᠬᠦᠴᠦᠯᠡᠨ ᠴᠢᠷᠮᠠᠢᠬᠤ ᠣᠪᠣᠷ ᠪᠠᠢᠳᠠᠯ ᠢ᠋ᠶ᠋ᠠᠷ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢᠨ ᠰᠢᠨ᠎ᠡ ᠬᠠᠭᠤᠳᠠᠰᠤ ᠶ᠋ᠢ ᠪᠢᠴᠢᠭᠯᠡᠬᠦ ᠬᠡᠷᠡᠭᠲᠡᠢ ᠭᠡᠪᠡ ᠃

    ᠬᠤᠷᠠᠯ ᠠ᠋ᠴᠠ ᠴᠢᠩᠭᠠᠳᠭ᠍ᠠᠭᠰᠠᠨ ᠨᠢ ᠂ ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠶ᠋ᠢᠨ ᠴᠢᠬᠤᠯᠠ ᠶᠡᠬᠡ ᠠᠴᠢ ᠬᠣᠯᠪᠣᠭᠳᠠᠯ ᠢ᠋ ᠭᠦᠨᠵᠡᠭᠡᠢ ᠲᠠᠨᠢᠬᠤ ᠬᠡᠷᠡᠭᠲᠡᠢ ᠭᠡᠪᠡ ᠃ 《 ᠬᠣᠶᠠᠷ ᠢ᠋ ᠲᠣᠭᠲᠠᠭᠠᠬᠤ 》 ᠶ᠋ᠢ ᠡᠷᠡᠰ ᠴᠢᠩᠭ᠎ᠠ ᠬᠦᠷᠢᠶᠡᠯᠡᠨ ᠂ 《 ᠬᠣᠶᠠᠷ ᠢ᠋ ᠬᠠᠮᠠᠭᠠᠯᠠᠬᠤ 》 ᠢ᠋ᠢᠨ ᠥᠨᠳᠦᠷᠴᠡ ᠶ᠋ᠢ ᠡᠷᠡᠰ ᠪᠡᠶᠡᠯᠡᠭᠦᠯᠬᠦ ᠂ ᠶᠡᠷᠦᠩᠬᠡᠢ ᠱᠦᠵᠢ ᠶ᠋ᠢᠨ ᠥᠪᠥᠷ ᠮᠣᠩᠭᠣᠯ ᠳ᠋ᠤ᠌ ᠲᠠᠯᠪᠢᠭᠰᠠᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠨᠠᠢᠳᠠᠪᠤᠷᠢᠵᠢᠭᠤᠯᠬᠤ ᠂ ᠬᠣᠶᠠᠷ ᠶᠡᠬᠡ ᠶᠠᠪᠤᠳᠠᠯ ᠢ᠋ ᠴᠢᠷᠮᠠᠢᠨ ᠰᠠᠢᠲᠤᠷ ᠬᠢᠬᠦ ᠂ 《  ᠭᠤᠷᠪᠠᠨ ᠳᠥᠷᠪᠡ 》 ᠶ᠋ᠢᠨ ᠬᠠᠷᠠᠯᠲᠠ ᠶ᠋ᠢᠨ ᠡᠭᠦᠷᠭᠡ ᠶ᠋ᠢ ᠳᠡᠭᠡᠳᠦ ᠬᠡᠮᠵᠢᠶ᠎ᠡ ᠪᠣᠯ ᠪᠡᠶᠡᠯᠡᠭᠦᠯᠬᠦ  ᠂ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠭᠦᠨᠵᠡᠭᠡᠢ ᠲᠦᠯᠬᠢᠨ ᠠᠬᠢᠭᠤᠯᠬᠤ ᠂ ᠨᠠᠮ ᠤ᠋ᠨ ᠪᠠᠢᠭᠤᠯᠤᠯᠲᠠ ᠶ᠋ᠢ ᠳᠡᠭᠡᠳᠦ ᠬᠡᠮᠵᠢᠶ᠎ᠡ ᠪᠡᠷ ᠴᠢᠩᠭᠠᠳᠬᠠᠨ ᠰᠠᠢᠵᠢᠷᠠᠭᠤᠯᠬᠤ ᠂ ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠶ᠋ᠢᠨ ᠴᠢᠬᠤᠯᠠ ᠶᠡᠬᠡ ᠠᠴᠢ ᠬᠣᠯᠪᠣᠭᠳᠠᠯ ᠢ᠋ ᠭᠦᠨᠵᠡᠭᠡᠢ ᠣᠢᠯᠠᠭᠠᠬᠤ ᠬᠡᠷᠡᠭᠲᠡᠢ ᠃ ᠶᠡᠷᠦᠩᠬᠡᠢ ᠱᠦᠵᠢ ᠰᠢ ᠵᠢᠨ ᠫᠢᠩ ᠤ᠋ᠨ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠲᠤᠬᠠᠢ ᠠᠯᠢ ᠣᠯᠠᠨ ᠴᠢᠬᠤᠯᠠ ᠶᠠᠷᠢᠶ᠎ᠠ ᠂ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠪᠣᠯᠤᠨ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠬᠢᠨᠠᠮᠠᠭᠠᠢ ᠰᠤᠷᠤᠯᠴᠠᠵᠤ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠥᠷᠥ ᠶ᠋ᠢᠨ ᠡᠭᠦᠷᠭᠡᠯᠡᠯ ᠢ᠋ᠶ᠋ᠡᠨ ᠴᠢᠩᠭᠠᠳᠬᠠᠵᠤ ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠡᠷ ᠭᠣᠣᠯ ᠰᠡᠳᠦᠪᠲᠦ ᠬᠥᠮᠦᠵᠢᠯ ᠢ᠋ ᠰᠠᠢᠲᠤᠷ ᠥᠷᠨᠢᠭᠦᠯᠬᠦ ᠬᠡᠷᠡᠭᠲᠡᠢ ᠃

    ᠬᠣᠶᠠᠷ ᠲᠤ᠌ ᠬᠠᠷᠠᠯᠲᠠ ᠡᠭᠦᠷᠭᠡ ᠳ᠋ᠦ᠍ ᠠᠩᠬᠠᠷᠤᠯ ᠢ᠋ᠶ᠋ᠠᠨ ᠲᠥᠪᠯᠡᠷᠡᠭᠦᠯᠵᠦ ᠂ ᠭᠣᠣᠯ ᠰᠡᠳᠦᠪᠲᠦ ᠬᠥᠮᠦᠵᠢᠯ ᠤ᠋ᠨ ᠠᠵᠢᠯ ᠥᠷᠨᠢᠭᠦᠯᠬᠦ ᠵᠠᠩᠭᠢᠯᠠᠭ᠎ᠠ ᠶ᠋ᠢᠨ ᠭᠣᠣᠯᠳᠠᠯᠭ᠎ᠠ ᠶ᠋ᠢ ᠦᠨᠡᠨᠬᠦ ᠡᠵᠡᠮᠰᠢᠬᠦ ᠬᠡᠷᠡᠭᠲᠡᠢ ᠃ 《 ᠦᠵᠡᠯ ᠰᠠᠨᠠᠭ᠎ᠠ ᠶ᠋ᠢ ᠰᠤᠷᠤᠯᠴᠠᠬᠤ ᠂ ᠨᠠᠮᠴᠢ ᠴᠢᠨᠠᠷ ᠢ᠋ ᠴᠢᠩᠭᠠᠳᠬᠠᠬᠤ ᠂ ᠦᠢᠯᠡᠳᠦᠯᠭᠡ ᠶ᠋ᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠢᠭᠤᠯᠬᠤ 》ᠶᠡᠷᠦᠩᠬᠡᠢ ᠱᠠᠭᠠᠷᠳᠠᠯᠭ᠎ᠠ ᠶ᠋ᠢᠨ ᠲᠣᠭᠣᠷᠢᠨ ᠳ᠋ᠤ᠌ 《 ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠵᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠵᠤ ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ 》 ᠴᠢᠬᠤᠯᠠ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ ᠣᠨᠣᠯ ᠤ᠋ᠨ ᠰᠤᠷᠤᠯᠴᠠᠯᠭ᠎ᠠ ᠪᠠᠷ ᠲᠠᠷᠢᠬᠢᠨ ᠳᠠᠭᠠᠨ ᠣᠷᠤᠭᠤᠯᠵᠤ ᠰᠡᠳᠭᠢᠯ ᠳ᠋ᠡᠭᠡᠨ ᠬᠠᠳᠠᠩᠰᠢᠭᠤᠯᠤᠨ ᠂ ᠪᠠᠲᠤ ᠢᠲᠡᠭᠡᠵᠦ ᠦᠨᠡᠨᠴᠢ ᠪᠡᠷ ᠬᠡᠷᠡᠭᠵᠢᠭᠦᠯᠦᠨ ᠂ ᠪᠠᠶᠢᠴᠠᠭᠠᠨ ᠰᠤᠳᠤᠯᠤᠯᠲᠠ ᠬᠢᠬᠦ ᠳᠦ ᠪᠡᠶ᠎ᠡ ᠪᠡᠷ ᠢᠶᠡᠨ ᠣᠷᠤᠯᠴᠠᠨ ᠰᠡᠳᠬᠢᠯ ᠢᠶᠡᠷ ᠢᠶᠡᠨ ᠬᠢᠵᠦ ᠂ ᠭᠦᠨᠵᠡᠭᠡᠶ ᠪᠥᠭᠡᠳ ᠪᠣᠳᠠᠲᠠᠶ  ᠶᠢ ᠡᠷᠬᠢᠮᠯᠡᠵᠦ ᠂ ᠬᠥᠭᠵᠢᠯᠲᠡ ᠶᠢ ᠠᠬᠢᠭᠤᠯᠤᠨ ᠂ ᠵᠣᠷᠢᠭᠲᠠᠶ ᠪᠠᠷ ᠬᠦᠴᠢᠷ ᠪᠡᠷᠬᠡ ᠶᠢ ᠰᠢᠪᠲᠤᠯᠵᠤ ᠂ ᠵᠣᠷᠢᠭᠲᠠᠶ ᠪᠠᠷ ᠰᠠᠶᠢᠨ ᠠᠵᠢᠯ ᠬᠢᠵᠦ ᠂ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ᠂ ᠪᠠᠶᠢᠩᠭᠤ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠶᠢᠴᠠᠭᠠᠨ ᠦᠵᠡᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠴᠡᠭᠴᠡᠯᠡᠨ ᠰᠠᠶᠢᠵᠢᠷᠠᠭᠤᠯᠬᠤ ᠶᠢ ᠪᠠᠶᠢᠴᠠᠭᠠᠨ ᠦᠵᠡᠬᠦ᠂ ᠲᠦᠷᠢᠮ ᠲᠣᠭᠲᠠᠭᠠᠯ ᠲᠣᠭᠲᠠᠭᠠᠬᠤ ᠵᠡᠷᠭᠡ ᠲᠠᠪᠤᠨ ᠵᠦᠢᠯ ᠦᠨ ᠭᠣᠣᠯᠳᠠᠯᠭ᠎ᠠ ᠲᠠᠶ ᠠᠷᠭ᠎ᠠ ᠬᠡᠮᠵᠢᠢ᠎ᠡ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠡᠳᠬᠢᠯ ᠢᠶᠡᠨ ᠨᠢᠭᠡᠳᠬᠡᠨ ᠰᠦᠭ ᠰᠦᠨᠡᠰᠦ ᠶᠢ ᠱᠤᠭᠤᠵᠤ ᠦᠨᠳᠦᠰᠦ ᠶᠢ ᠪᠡᠬᠢᠵᠢᠭᠦᠯᠬᠦ᠂ ᠵᠠᠩ ᠰᠤᠷᠲᠠᠯ ᠢ ᠳᠠᠪᠲᠠᠨ ᠪᠣᠯᠪᠠᠰᠤᠷᠠᠭᠤᠯᠵᠤ ᠦᠨᠡᠨᠴᠢ ᠰᠢᠳᠤᠷᠭᠤ ᠶᠢ ᠴᠢᠩᠭᠠᠳᠬᠠᠬᠤ᠂ ᠪᠣᠳᠠᠲᠠᠢ ᠠᠵᠢᠯᠯᠠᠵᠤ ᠡᠭᠦᠷᠭᠡᠯᠡᠨ ᠬᠥᠭᠵᠢᠯᠲᠡ ᠶᠢ ᠠᠬᠢᠭᠤᠯᠬᠤ᠂ ᠵᠣᠷᠢᠯᠲᠠ ᠶᠢ ᠦᠢᠯᠡᠳᠦᠯᠭᠡᠵᠢᠭᠦᠯᠦᠨ ᠠᠷᠠᠳ ᠲᠤ ᠪᠤᠶᠠᠨ ᠦᠢᠯᠡᠳᠬᠦ᠂ ᠠᠷᠢᠭᠤᠨ ᠴᠢᠬᠡᠴᠢ ᠪᠡᠷ ᠨᠡᠶᠢᠲᠡ ᠶᠢᠨ ᠲᠥᠯᠥᠭᠡ ᠵᠢᠳᠬᠦᠵᠦ ᠰᠢᠨ᠎ᠡ ᠰᠤᠷᠲᠠᠯ ᠢ ᠪᠤᠢ ᠪᠣᠯᠭᠠᠬᠤ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃

    ᠭᠤᠷᠪᠠ ᠳ᠋ᠤ᠌ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠴᠢᠩᠭᠠᠳᠬᠠᠵᠤ ᠂ ᠭᠣᠣᠯ ᠰᠡᠳᠦᠪᠲᠦ ᠬᠥᠮᠦᠵᠢᠯ ᠤ᠋ᠨ ᠪᠣᠳᠠᠲᠤ ᠦᠷ᠎ᠡ ᠪᠦᠲᠦᠮᠵᠢ ᠣᠯᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃ ᠤᠳᠤᠷᠢᠳᠤᠯᠭ᠎ᠠ ᠲᠦᠷᠦᠭᠦᠯᠡᠨ ᠬᠢᠬᠦ ᠶ᠋ᠢ ᠡᠬᠢᠨ ᠡᠴᠡ ᠨᠢ ᠳᠠᠭᠤᠰᠲᠠᠯ᠎ᠠ ᠲᠤᠤᠱᠯᠠᠭᠤᠯᠵᠤ ᠂ ᠤᠳᠤᠷᠢᠳᠬᠤ ᠪᠠᠭ ᠤ᠋ᠨ ᠪᠦᠷᠢᠯᠳᠦᠬᠦᠨ ᠨᠠᠷ ᠰᠠᠨᠠᠭᠠᠴᠢᠯᠠᠭ᠎ᠠ ᠠ᠋ᠴᠠ ᠪᠠᠨ ᠪᠣᠳᠣᠯᠬᠢᠯᠠᠨ ᠲᠥᠯᠥᠪᠯᠡᠭᠡ ᠪᠡᠨ ᠲᠦᠯᠬᠢᠨ ᠠᠬᠢᠭᠤᠯᠵᠤ ᠂ 《 ᠨᠢᠭᠡ ᠠᠵᠢᠯ ᠤ᠋ᠨ ᠪᠠᠢᠷᠢ ᠳ᠋ᠤ᠌ ᠬᠣᠶᠠᠷ ᠬᠠᠷᠢᠭᠤᠴᠠᠯᠭ᠎ᠠ ᠲᠠᠢ ᠪᠠᠢᠬᠤ 》 ᠶ᠋ᠢ ᠬᠢᠨᠠᠮᠠᠭᠠᠢ ᠭᠦᠢᠴᠡᠳᠬᠡᠨ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠤᠳᠤᠷᠢᠳᠬᠤ ᠳᠤᠭᠤᠢᠯᠠᠩ ᠤ᠋ᠨ ᠠᠯᠪᠠᠨ ᠭᠡᠷ ᠨᠢ ᠠᠵᠢᠯ ᠤ᠋ᠨ ᠨᠢᠭᠡᠳᠦᠯᠲᠡᠢ ᠲᠥᠯᠥᠪᠯᠡᠬᠦ ᠶ᠋ᠢ ᠴᠢᠩᠭᠠᠳᠬᠠᠵᠤ ᠂ ᠡᠯ᠎ᠡ ᠰᠠᠯᠠᠭ᠎ᠠ ᠮᠥᠴᠢᠷ ᠤ᠋ᠨ ᠬᠠᠷᠢᠭᠤᠴᠠᠯᠭᠠᠲᠠᠳ ᠨᠢ ᠱᠤᠭᠤᠮ ᠱᠤᠭᠤᠮ ᠤ᠋ᠨ ᠠᠵᠢᠯ ᠤ᠋ᠨ ᠲᠣᠭᠣᠷᠢᠨ ᠳ᠋ᠤ᠌ ᠦᠨᠡᠨᠬᠦ ᠠᠳᠬᠤᠵᠤ ᠂ ᠠᠭᠤᠰᠤᠯᠴᠠᠭᠤᠯᠤᠨ ᠬᠢᠵᠦ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠳᠤᠮᠳᠠ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠢᠬᠤ ᠬᠡᠷᠡᠭᠲᠡᠢ ᠃ ᠰᠠᠬᠢᠯᠭ᠎ᠠ ᠪᠠᠲᠤ ᠶᠣᠰᠣ ᠳᠦᠷᠢᠮ ᠢ᠋ ᠡᠬᠢᠨ ᠡᠴᠡ ᠨᠢ ᠳᠠᠭᠤᠰᠲᠠᠯ᠎ᠠ ᠲᠤᠤᠱᠯᠠᠭᠤᠯᠵᠤ ᠂ 《 ᠴᠢᠩᠭ᠎ᠠ 》 ᠪᠠ 《 ᠪᠣᠳᠠᠲᠠᠢ 》 ᠪᠠᠢᠬᠤ ᠪᠠᠷ ᠭᠣᠣᠯᠳᠠᠭᠤᠯᠤᠨ ᠂ ᠪᠢᠴᠢᠭ ᠮᠠᠲ᠋ᠧᠷᠢᠶᠠᠯ ᠤᠯᠠᠳᠠᠵᠤ ᠬᠤᠷᠠᠯ ᠴᠤᠭᠯᠠᠭ᠎ᠠ ᠣᠯᠠᠰᠢᠷᠠᠬᠤ ᠂ ᠡᠬᠡ ᠳᠠᠩᠰᠠ ᠠᠷᠪᠢᠳᠤᠭᠰᠠᠨ ᠠᠰᠠᠭᠤᠳᠠᠯ ᠢ᠋ ᠦᠷᠭᠦᠯᠵᠢᠯᠡᠨ ᠴᠡᠭᠴᠡᠯᠡᠨ ᠵᠠᠰᠠᠵᠤ ᠂ ᠤᠯᠤᠰ ᠲᠥᠷᠥ ᠶ᠋ᠢᠨ ᠪᠣᠭᠣᠮᠲᠠ ᠶ᠋ᠢ ᠰᠠᠢᠲᠤᠷ ᠠᠳᠬᠤᠵᠤ ᠂ 《 ᠳᠣᠣᠷ᠎ᠠ ᠳᠡᠰ  ᠪᠡᠷ ᠤᠯᠠᠢᠬᠤ 》 《 ᠳᠡᠭᠡᠳᠦ ᠳᠡᠰ ᠪᠡᠷ ᠬᠠᠷᠠᠯᠠᠬᠤ 》 ᠶ᠋ᠢᠨ ᠦᠵᠡᠭᠳᠡᠯ ᠢ᠋ ᠡᠷᠡᠰ ᠬᠣᠷᠢᠭᠯᠠᠵᠤ ᠂ ᠭᠣᠣᠯ ᠰᠡᠳᠦᠪᠲᠦ ᠬᠥᠮᠦᠵᠢᠯ ᠤ᠋ᠨ ᠤᠯᠤᠰ ᠲᠥᠷᠥ ᠶ᠋ᠢᠨ ᠴᠢᠨᠠᠷ ᠪᠠ ᠲᠥᠪ ᠴᠢᠩᠭ᠎ᠠ ᠴᠢᠨᠠᠷ ᠢ᠋ ᠪᠠᠲᠤᠯᠠᠬᠤ ᠬᠡᠷᠡᠭᠲᠡᠢ ᠃ ᠤᠬᠠᠭᠤᠯᠵᠤ ᠬᠥᠲᠥᠯᠦᠨ ᠵᠢᠯᠣᠭᠣᠳᠬᠤ ᠶ᠋ᠢ ᠢᠮᠠᠭᠲᠠ ᠲᠤᠤᠱᠯᠠᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠢ᠋ ᠥᠷᠨᠢᠭᠦᠯᠬᠦ ᠠᠷᠭ᠎ᠠ ᠪᠠᠷᠢᠯ ᠂ ᠠᠬᠢᠴᠠ ᠶ᠋ᠢᠨ ᠦᠷ᠎ᠡ ᠪᠦᠲᠦᠮᠵᠢ ᠂ ᠥᠪᠡᠷᠮᠢᠴᠡ ᠣᠨᠴᠠᠯᠢᠭ ᠪᠦᠬᠦᠢ ᠭᠢᠯᠠᠰ ᠴᠡᠭ ᠢ᠋ ᠭᠦᠨᠵᠡᠭᠡᠢ ᠤᠬᠠᠭᠤᠯᠵᠤ ᠂ ᠲᠡᠷᠢᠭᠦᠨ ᠦ᠌ ᠨᠡᠢᠲᠡᠯᠢᠭ ᠵᠢᠱ᠌ᠢᠶ᠎ᠡ ᠶ᠋ᠢ ᠰᠣᠩᠭᠣᠨ ᠤᠬᠠᠭᠤᠯᠵᠤ ᠶᠠᠷᠢᠶ᠎ᠠ ᠬᠡᠯᠡᠯᠴᠡᠭᠡᠨ ᠦ᠌ ᠪᠠᠢᠳᠠᠯ ᠢ᠋ ᠬᠢᠨᠠᠨ ᠡᠵᠡᠮᠳᠡᠬᠦ ᠪᠠ ᠶᠠᠷᠢᠶ᠎ᠠ ᠬᠡᠯᠡᠯᠴᠡᠭᠡᠨ ᠢ᠋ᠶ᠋ᠡᠷ ᠬᠥᠲᠥᠯᠦᠨ ᠵᠢᠯᠣᠭᠣᠳᠬᠤ ᠬᠠᠷᠢᠭᠤᠴᠠᠯᠭ᠎ᠠ ᠶ᠋ᠢ ᠪᠣᠳᠠᠲᠠᠢᠵᠢᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠢ᠋ ᠭᠦᠨᠵᠡᠭᠡᠢ ᠥᠷᠨᠢᠭᠦᠯᠬᠦ ᠳ᠋ᠦ᠍ ᠰᠠᠢᠨ ᠰᠠᠢᠬᠠᠨ ᠣᠷᠴᠢᠨ ᠠᠬᠤᠢ ᠶ᠋ᠢ ᠪᠣᠢ ᠪᠣᠯᠭᠠᠬᠤ ᠬᠡᠷᠡᠭᠲᠡᠢ ᠃ ᠨᠢᠭᠡᠳᠦᠯᠲᠡᠢ ᠲᠥᠯᠥᠪᠯᠡᠨ ᠨᠡᠢᠲᠡ ᠳ᠋ᠦ᠍ᠨᠢ ᠬᠠᠷᠠᠭᠠᠯᠵᠠᠬᠤ ᠶ᠋ᠢ ᠡᠬᠢᠨ ᠡᠴᠡ ᠨᠢ ᠳᠠᠭᠤᠰᠲᠠᠯ᠎ᠠ ᠲᠤᠤᠱᠯᠠᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠢ᠋ ᠡᠯ᠎ᠡ ᠵᠦᠢᠯ ᠤ᠋ᠨ ᠥᠭᠡᠷᠡᠴᠢᠯᠡᠯᠲᠡ ᠬᠥᠭᠵᠢᠯᠲᠡ ᠶ᠋ᠢᠨ ᠡᠭᠦᠷᠭᠡ ᠲᠡᠢ ᠤᠶᠠᠯᠳᠤᠭᠤᠯᠵᠤ ᠂ ᠨᠢᠭᠡ ᠴᠣᠭᠴᠠᠵᠢᠭᠤᠯᠤᠨ ᠨᠠᠢᠳᠠᠪᠤᠷᠢᠵᠢᠭᠤᠯᠵᠤ ᠂ ᠣᠨᠣᠯ ᠤ᠋ᠨ ᠰᠤᠷᠤᠯᠴᠠᠯᠭ᠎ᠠ ᠵᠢᠭᠠᠨ ᠵᠢᠯᠣᠭᠣᠳᠬᠤ ᠶ᠋ᠢ ᠴᠢᠩᠭᠠᠳᠬᠠᠵᠤ ᠂ ᠪᠠᠢᠴᠠᠭᠠᠨ ᠰᠤᠳᠤᠯᠤᠯᠲᠠ ᠶ᠋ᠢ ᠭᠦᠨᠵᠡᠭᠡᠢᠷᠡᠭᠦᠯᠦᠨ ᠠᠵᠢᠯ ᠤ᠋ᠨ ᠬᠦᠴᠢᠷ ᠰᠡᠳᠦᠪ ᠢ᠋ ᠰᠢᠢᠳᠪᠦᠷᠢᠯᠡᠵᠦ ᠂ ᠪᠠᠢᠴᠠᠭᠠᠨ ᠦᠵᠡᠬᠦ ᠴᠡᠭᠴᠡᠯᠡᠨ ᠰᠠᠢᠵᠢᠷᠠᠭᠤᠯᠬᠤ ᠠᠵᠢᠯ ᠤ᠋ᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠶᠠᠪᠤᠳᠠᠯ ᠢ᠋ ᠰᠠᠢᠲᠤᠷ ᠠᠳᠬᠤᠵᠤ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠤᠷᠮ᠎ᠠ ᠵᠣᠷᠢᠭ ᠢ᠋ ᠬᠥᠭᠵᠢᠭᠡᠬᠦ ᠪᠠ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠶ᠋ᠢ 《 ᠳᠣᠯᠣᠭᠠᠨ ᠶᠡᠬᠡ ᠢᠨᠵᠧᠨᠧᠷᠢᠩ 》 ᠢ᠋ ᠨᠠᠢᠳᠠᠪᠤᠷᠢᠵᠢᠭᠤᠯᠬᠤ ᠂ ᠰᠢᠭᠦᠬᠦ ᠬᠣᠷᠢᠶ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ  ᠭᠡᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )