ᠲᠥᠯᠥᠪᠵᠢᠭᠦᠯᠭᠡ ᠪᠠᠢᠷᠢᠯᠠᠭᠤᠯᠤᠯᠲᠠ ᠶ᠋ᠢ ᠴᠢᠩᠭᠠᠳᠬᠠᠵᠤ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢ ᠲᠦᠯᠬᠢᠨ ᠠᠬᠢᠭᠤᠯᠤᠶ᠎ᠠ — ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠮᠡᠳᠡᠭᠡ ᠵᠠᠩᠭᠢᠵᠢᠯᠲᠠ ᠶ᠋ᠢᠨ ᠭᠣᠣᠯᠳᠠᠯᠭ᠎ᠠ ᠲᠠᠢ ᠠᠵᠢᠯ ᠤ᠋ᠨ ᠲᠣᠬᠢᠷᠠᠭᠤᠯᠤᠯᠲᠠ ᠶ᠋ᠢᠨ ᠬᠤᠷᠠᠯ ᠬᠤᠷᠠᠯᠳᠤᠪᠠ
9 ᠰᠠᠷ᠎ᠠ ᠶ᠋ᠢᠨ 15 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠮᠡᠳᠡᠭᠡ ᠵᠠᠩᠭᠢᠵᠢᠯᠲᠠ ᠶ᠋ᠢᠨ ᠭᠣᠣᠯᠳᠠᠯᠭ᠎ᠠ ᠲᠠᠢ ᠠᠵᠢᠯ ᠤ᠋ᠨ ᠲᠣᠬᠢᠷᠠᠭᠤᠯᠤᠯᠲᠠ ᠶ᠋ᠢᠨ ᠬᠤᠷᠠᠯ ᠬᠢᠵᠦ ᠂ ᠤᠯᠤᠰ ᠲᠥᠷᠥ ᠬᠠᠤᠯᠢ ᠴᠠᠭᠠᠵᠠ ᠶ᠋ᠢᠨ ᠲᠣᠮᠣ ᠳ᠋ᠠᠢᠲ᠋ᠠ ᠶ᠋ᠢᠨ ᠣᠶᠤᠨᠴᠢᠯᠠᠭᠰᠠᠨ ᠲᠠᠪᠴᠠᠩ ᠤ᠋ᠨ ᠭᠦᠨᠵᠡᠭᠡᠢ ᠬᠡᠷᠡᠭᠯᠡᠬᠦ ᠪᠠ ᠣᠶᠤᠨᠲᠤ ᠰᠢᠭᠦᠬᠦ ᠬᠣᠷᠢᠶᠠᠨ ᠤ᠋ ᠲᠠᠭᠯᠠᠨ ᠮᠡᠳᠡᠭᠦᠯᠬᠦ ᠬᠤᠶᠠᠷ ᠭᠣᠣᠯᠳᠠᠯᠭ᠎ᠠ ᠲᠠᠢ ᠠᠵᠢᠯ ᠤ᠋ᠨ ᠲᠣᠭᠣᠷᠢᠨ ᠳ᠋ᠤ᠌ ᠪᠠᠢᠷᠢᠯᠠᠭᠤᠯᠤᠯᠲᠠ ᠪᠠ ᠠᠬᠢᠭᠤᠯᠤᠯᠲᠠ ᠬᠢᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠾᠧ ᠶᠠᠨ ᠴᠦᠨ ᠬᠤᠷᠠᠯ ᠳ᠋ᠤ᠌ ᠣᠷᠣᠯᠴᠠᠨ ᠶᠠᠷᠢᠶ᠎ᠠ ᠲᠠᠯᠪᠢᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠂ ᠮᠡᠳᠡᠭᠡ ᠵᠠᠩᠭᠢ ᠶ᠋ᠢᠨ ᠮᠡᠷᠭᠡᠵᠢᠯ ᠢ᠋ ᠬᠤᠪᠢᠳᠠᠨ ᠬᠠᠮᠢᠶᠠᠷᠴᠤ ᠪᠠᠢᠭ᠎ᠠ ᠳᠡᠳ᠋ ᠳᠠᠷᠤᠭ᠎ᠠ ᠂ ᠡᠷᠡᠭᠦᠦ ᠶ᠋ᠢᠨ ᠬᠡᠷᠡᠭ ᠤ᠋ᠨ ᠰᠢᠭᠦᠬᠦ ᠲᠢᠩᠬᠢᠮ ᠤ᠋ᠨ ᠳᠠᠷᠤᠭ᠎ᠠ ᠂ ᠮᠡᠳᠡᠭᠡ ᠵᠠᠩᠭᠢ ᠮᠡᠷᠭᠡᠵᠢᠯ ᠤ᠋ᠨ ᠭᠠᠵᠠᠷ ᠤ᠋ᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠠᠵᠢᠯᠲᠠᠳ ᠬᠤᠷᠠᠯ ᠳ᠋ᠤ᠌ ᠣᠷᠤᠯᠴᠠᠪᠠ ᠃
ᠬᠤᠷᠠᠯ ᠳᠡᠭᠡᠷ᠎ᠡ ᠂ ᠣᠢᠷ᠎ᠠ ᠶ᠋ᠢᠨ ᠬᠤᠭᠤᠴᠠᠭᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠲᠣᠮᠣ ᠳ᠋ᠠᠢᠲ᠋ᠠ ᠶ᠋ᠢᠨ ᠣᠶᠤᠨᠴᠢᠯᠠᠭᠰᠠᠨ ᠬᠡᠷᠡᠭᠯᠡᠭᠡᠨ ᠦ᠌ ᠲᠠᠪᠴᠠᠩ ᠢ᠋ ᠬᠡᠷᠡᠭᠯᠡᠭᠰᠡᠨ ᠪᠠᠢᠳᠠᠯ ᠪᠣᠯᠤᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ 2022 ᠣᠨ ᠤ᠋ ᠣᠶᠤᠨᠴᠢ ᠰᠢᠭᠦᠬᠦ ᠬᠣᠷᠢᠶᠠᠨ ᠤ᠋ ᠦᠨᠡᠯᠡᠭᠰᠡᠨ ᠦᠷ᠎ᠡ ᠳ᠋ᠦᠩ ᠢ᠋ ᠨᠡᠢᠲᠡᠯᠡᠪᠡ ᠃ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠤᠯᠤᠰ ᠲᠥᠷᠥ ᠬᠠᠤᠯᠢ ᠴᠠᠭᠠᠵᠠ ᠶ᠋ᠢᠨ ᠲᠣᠮᠣ ᠳ᠋ᠠᠢᠲ᠋ᠠ ᠶ᠋ᠢᠨ ᠲᠠᠪᠴᠠᠩ ᠢ᠋ ᠬᠡᠷᠡᠭᠯᠡᠭᠰᠡᠨ ᠪᠠᠢᠳᠠᠯ ᠂ ᠣᠷᠣᠰᠢᠵᠤ ᠪᠠᠢᠭ᠎ᠠ ᠠᠰᠠᠭᠤᠳᠠᠯ ᠂ ᠳᠠᠷᠠᠭᠠᠴᠢ ᠶ᠋ᠢᠨ ᠠᠯᠬᠤᠮ ᠤ᠋ᠨ ᠠᠵᠢᠯ ᠤ᠋ᠨ ᠲᠥᠯᠥᠪᠯᠡᠭᠡ ᠳ᠋ᠡᠭᠡᠨ ᠲᠤᠰ ᠲᠤᠰ ᠬᠠᠷᠢᠭᠤ ᠮᠡᠳᠡᠭᠦᠯᠦᠯᠲᠡ ᠬᠢᠵᠡᠢ ᠃
ᠬᠤᠷᠠᠯ ᠠ᠋ᠴᠠ ᠴᠢᠩᠭᠠᠳᠭ᠍ᠠᠭᠰᠠᠨ ᠨᠢ ᠂ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠤᠯᠤᠰ ᠲᠥᠷᠥ ᠶ᠋ᠢᠨ ᠡᠭᠦᠷᠭᠡᠯᠡᠯ ᠢ᠋ᠶ᠋ᠡᠨ ᠴᠢᠩᠭᠠᠳᠬᠠᠨ ᠂ ᠤᠯᠤᠰ ᠲᠥᠷᠥ ᠬᠠᠤᠯᠢ ᠴᠠᠭᠠᠵᠠ ᠶ᠋ᠢᠨ ᠲᠣᠮᠣ ᠳ᠋ᠠᠢᠲ᠋ᠠ ᠶ᠋ᠢᠨ ᠣᠶᠤᠨᠴᠢᠯᠠᠭᠰᠠᠨ ᠬᠡᠷᠡᠭᠯᠡᠬᠦ ᠲᠠᠪᠴᠠᠩ ᠤ᠋ᠨ ᠬᠡᠷᠡᠭᠯᠡᠯᠲᠡ ᠶ᠋ᠢ ᠨᠠᠮ ᠤ᠋ᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠬᠠᠷᠢᠴᠠᠯᠠᠰᠢ ᠥᠬᠡᠢ ᠤᠳᠤᠷᠢᠳᠤᠯᠭ᠎ᠠ ᠶ᠋ᠢ ᠪᠠᠷᠢᠮᠲᠠᠯᠠᠬᠤ ᠶ᠋ᠢᠨ ᠴᠢᠬᠤᠯᠠ ᠢᠯᠡᠷᠡᠯ ᠪᠣᠯᠭᠠᠵᠤ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 《 ᠪᠦᠬᠦ ᠣᠷᠣᠨ ᠤ᠋ ᠰᠢᠭᠦᠬᠦ ᠬᠣᠷᠢᠶ᠎ᠠ ᠤᠯᠤᠰ ᠲᠥᠷᠥ ᠬᠠᠤᠯᠢ ᠴᠠᠭᠠᠵᠠ ᠶ᠋ᠢᠨ ᠲᠣᠮᠣ ᠳ᠋ᠠᠢᠲ᠋ᠠ ᠶ᠋ᠢᠨ ᠣᠶᠤᠨᠴᠢᠯᠠᠭᠰᠠᠨ ᠬᠡᠷᠡᠭᠯᠡᠯᠲᠡ ᠢ᠋ᠢᠨ ᠲᠠᠪᠴᠠᠩ ᠢ᠋ ᠭᠦᠨᠵᠡᠭᠡᠢ ᠬᠡᠷᠡᠭᠯᠡᠵᠦ ᠡᠷᠡᠭᠦᠦ ᠶ᠋ᠢᠨ ᠬᠡᠷᠡᠭ ᠰᠢᠢᠳᠪᠦᠷᠢᠯᠡᠬᠦ ᠬᠡᠷᠡᠭᠵᠢᠭᠦᠯᠦᠯᠲᠡ ᠶ᠋ᠢᠨ ᠲᠥᠰᠦᠯ 》 ᠢ᠋ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠨᠡᠢᠲᠡᠯᠡᠭᠰᠡ ᠪᠠᠢᠳᠠᠯ ᠳ᠋ᠤ᠌ ᠴᠢᠭᠯᠡᠭᠦᠯᠦᠨ ᠵᠢᠭᠰᠠᠭᠠᠨ ᠪᠠᠢᠴᠠᠭᠠᠬᠤ ᠠᠵᠢᠯ ᠢ᠋ ᠪᠥᠬᠥ ᠲᠠᠯ᠎ᠠ ᠪᠠᠷ ᠥᠷᠨᠢᠭᠦᠯᠵᠦ ᠂ ᠥᠪᠡᠷ ᠢ᠋ ᠪᠡᠨ ᠪᠠᠢᠴᠠᠭᠠᠵᠤ ᠥᠪᠡᠰᠦᠪᠡᠨ ᠥᠭᠡᠷᠡᠴᠢᠯᠡᠬᠦ ᠶ᠋ᠢ ᠴᠢᠩᠭ᠎ᠠ ᠵᠢᠷᠤᠮᠯᠠᠨ ᠂ ᠲᠠᠪᠴᠠᠩ ᠤ᠋ᠨ ᠳᠦᠷᠢᠮᠵᠢᠯ ᠤ᠋ᠨ ᠰᠢᠯᠵᠢᠭᠦᠯᠦᠯᠲᠡ ᠶ᠋ᠢᠨ ᠬᠡᠷᠡᠭ ᠂ ᠲᠠᠪᠴᠠᠩ ᠤ᠋ᠨ ᠣᠷᠣᠵᠤ ᠵᠠᠯᠠᠷᠠᠭᠤᠯᠬᠤ ᠂ ᠰᠣᠯᠢᠬᠤ ᠵᠡᠷᠭᠡ ᠲᠤᠬᠠᠢᠯᠠᠭᠰᠠᠨ ᠠᠵᠢᠯ ᠤ᠋ᠨ ᠬᠡᠪ ᠤ᠋ᠨ ᠠᠵᠢᠯᠯᠠᠭ᠎ᠠ ᠶ᠋ᠢ ᠪᠠᠲᠤᠯᠠᠬᠤ ᠬᠡᠷᠡᠭᠲᠡᠢ ︔ ᠠᠰᠠᠭᠤᠳᠠᠯ ᠤ᠋ᠨ ᠬᠠᠷᠢᠭᠤ ᠲᠤᠰᠤᠯᠲᠠ ᠶ᠋ᠢ ᠴᠢᠩᠭᠠᠳᠬᠠᠵᠤ ᠂ ᠡᠷᠡᠭᠦᠦ ᠶ᠋ᠢᠨ ᠬᠡᠷᠡᠭ ᠢ᠋ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠠᠪᠤᠴᠠ ᠳ᠋ᠤ᠌ ᠢᠯᠡᠷᠡᠭᠰᠡᠨ ᠠᠰᠠᠭᠤᠳᠠᠯ ᠢ᠋ ᠪᠥᠬᠥ ᠲᠠᠯ᠎ᠠ ᠪᠠᠷ ᠡᠮᠬᠢᠯᠡᠨ ᠲᠢᠭᠯᠡᠵᠦ ᠂ ᠴᠠᠭ ᠲᠤᠬᠠᠢ ᠳ᠋ᠤᠨᠢ ᠴᠡᠭᠴᠡᠯᠡᠨ ᠰᠠᠢᠵᠢᠷᠠᠭᠤᠯᠵᠤ ᠂ ᠡᠬᠢ ᠪᠠᠶᠠᠯᠢᠭ ᠤ᠋ᠨ ᠬᠦᠴᠦᠨ ᠢ᠋ ᠡᠮᠬᠢᠯᠡᠨ ᠨᠡᠢᠯᠡᠭᠦᠯᠵᠦ ᠂ ᠭᠣᠣᠯᠳᠠᠯᠭ᠎ᠠ ᠲᠠᠢ ᠪᠣᠭᠣᠮᠲᠠ ᠰᠢᠪᠲᠤᠯᠵᠤ ᠂ ᠱᠤᠭᠤᠮ ᠂ ᠰᠠᠯᠠᠭ᠎ᠠ ᠮᠥᠴᠢᠷ ᠤ᠋ᠳ ᠢᠳᠡᠪᠬᠢᠲᠡᠢ ᠨᠡᠪᠲᠡᠷᠡᠯᠴᠡᠨ ᠬᠠᠮᠵᠢᠯᠴᠠᠵᠤ ᠂ ᠨᠡᠢᠯᠡᠯ ᠬᠦᠴᠦᠨ ᠢ᠋ ᠨᠢᠭᠲᠠᠷᠠᠭᠤᠯᠵᠤ ᠂ ᠠᠵᠢᠯ ᠤ᠋ᠨ ᠪᠦᠬᠦᠯᠢ ᠴᠣᠭᠴᠠ ᠪᠠᠷ ᠠᠬᠢᠭᠤᠯᠬᠤ ᠶ᠋ᠢ ᠪᠠᠲᠤᠯᠠᠵᠤ ᠂ ᠡᠷᠡᠭᠦᠦ ᠶ᠋ᠢᠨ ᠬᠡᠷᠡᠭ ᠢ᠋ ᠰᠦᠯᠵᠢᠶᠡᠨ ᠳᠡᠭᠡᠷ᠎ᠡ ᠭᠦᠢᠴᠡᠳᠬᠡᠬᠦ ᠳᠠᠩ ᠵᠠᠮᠲᠤ ᠳᠦᠷᠢᠮ ᠤ᠋ᠨ ᠠᠵᠢᠯ ᠤ᠋ᠨ ᠬᠠᠷᠠᠯᠲᠠ ᠶ᠋ᠢ ᠲᠡᠭᠦᠰ ᠠᠮᠵᠢᠯᠲᠠ ᠲᠠᠢ ᠪᠡᠶᠡᠯᠡᠭᠦᠯᠬᠦ ᠶ᠋ᠢ ᠦᠨᠡᠨᠬᠦ ᠪᠠᠲᠤᠯᠠᠬᠤ ᠬᠡᠷᠡᠭᠲᠡᠢ ; 2023 ᠣᠨ ᠤ᠋ ᠣᠶᠤᠨᠲᠤ ᠰᠢᠭᠦᠬᠦ ᠬᠣᠷᠢᠶ᠎ᠠ ᠶ᠋ᠢᠨ ᠪᠠᠢᠭᠤᠯᠤᠯᠲᠠ ᠳ᠋ᠤ᠌ ᠬᠡᠷᠡᠭᠯᠡᠬᠦ ᠦᠨᠡᠯᠡᠯᠲᠡ ᠶ᠋ᠢ ᠤᠷᠢᠳᠴᠢᠯᠠᠨ ᠲᠠᠭᠯᠠᠬᠤ ᠠᠵᠢᠯ ᠢ᠋ ᠰᠠᠢᠲᠤᠷ ᠬᠢᠵᠦ ᠂ ᠬᠡᠷᠡᠭᠯᠡᠭᠡ ᠲᠡᠢ ᠬᠣᠯᠪᠣᠭᠳᠠᠭᠰᠠᠨ ᠭᠦᠢᠴᠡᠳᠬᠡᠯ ᠲᠣᠭ᠎ᠠ ᠂ ᠵᠢᠱ᠌ᠢᠶᠡᠯᠡᠪᠡᠯ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠂ ᠰᠦᠯᠵᠢᠶᠡᠨ ᠳᠡᠭᠡᠷ᠎ᠡ ᠡᠶᠡᠳᠡᠭᠦᠯᠬᠦ ᠂ ᠡᠯᠧᠺᠲ᠋ᠷᠣᠨ ᠳᠠᠩᠰᠠ ᠡᠪᠬᠡᠮᠡᠯ ᠵᠡᠷᠭᠡ ᠶ᠋ᠢ ᠰᠠᠯᠠᠭ᠎ᠠ ᠮᠥᠴᠢᠷ ᠤ᠋ᠨ ᠬᠣᠭᠣᠷᠣᠨᠳᠣᠬᠢ ᠬᠠᠮᠵᠢᠯᠴᠠᠭ᠎ᠠ ᠶ᠋ᠢ ᠴᠢᠩᠭᠠᠳᠬᠠᠵᠤ ᠂ ᠨᠡᠢᠯᠡᠮᠡᠯ ᠬᠦᠴᠦᠨ ᠂ ᠬᠦᠷᠦᠯᠴᠡᠬᠦ ᠥᠬᠡᠢ ᠲᠠᠯ᠎ᠠ ᠶ᠋ᠢ ᠪᠦᠷᠢᠯᠳᠦᠭᠦᠯᠵᠦ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠪᠦᠬᠦᠯᠢ ᠴᠣᠭᠴᠠ ᠶ᠋ᠢᠨ ᠬᠢᠷᠢ ᠲᠦᠪᠰᠢᠨ ᠢ᠋ ᠲᠣᠭᠲᠠᠭᠤᠨ ᠢ᠋ᠶ᠋ᠠᠷ ᠤᠷᠤᠭᠰᠢᠯᠠᠬᠤ ᠶ᠋ᠢ ᠪᠠᠲᠤᠯᠠᠬᠤ ᠬᠡᠷᠡᠭᠲᠡᠢ ᠃
ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠤᠯᠤᠰ ᠲᠥᠷᠥ ᠬᠠᠤᠯᠢ ᠴᠠᠭᠠᠵᠠ ᠶ᠋ᠢᠨ ᠲᠣᠮᠣ ᠳ᠋ᠠᠢᠲ᠋ᠠ ᠶ᠋ᠢᠨ ᠲᠠᠪᠴᠠᠩ ᠤ᠋ᠨ ᠬᠡᠷᠡᠭᠯᠡᠯᠲᠡ ᠶ᠋ᠢ ᠦᠨᠡᠨᠬᠦ ᠴᠢᠩᠭᠠᠳᠬᠠᠵᠤ ᠂ ᠬᠢᠨᠠᠨ ᠵᠢᠯᠣᠭᠣᠳᠴᠤ ᠪᠠᠢᠴᠠᠭᠠᠬᠤ ᠪᠠᠨ ᠦᠷᠭᠦᠯᠵᠢᠯᠡᠨ ᠴᠢᠩᠭᠠᠳᠬᠠᠵᠤ ᠂ ᠠᠵᠢᠯ ᠤ᠋ᠨ ᠦᠷ᠎ᠡ ᠪᠦᠲᠦᠮᠵᠢ ᠪᠡᠨ ᠨᠠᠷᠢᠨ ᠬᠢᠨᠠᠮᠠᠭᠠᠢ ᠳ᠋ᠦᠩᠨᠡᠵᠦ ᠂ ᠴᠠᠭ ᠲᠤᠬᠠᠢ ᠳ᠋ᠤᠨᠢ ᠳᠡᠭᠡᠳᠦ ᠱᠠᠲᠤᠨ ᠤ᠋ ᠪᠠᠶ᠋ᠢᠭᠤᠯᠭ᠎ᠠ ᠳ᠋ᠤ᠌ ᠰᠠᠨᠠᠯ ᠰᠠᠨᠠᠭᠤᠯᠭ᠎ᠠ ᠶ᠋ᠢ ᠨᠢ ᠬᠠᠷᠢᠭᠤ ᠲᠤᠰᠬᠠᠵᠤ ᠂ ᠣᠶᠤᠨᠴᠢ ᠰᠢᠭᠦᠬᠦ ᠬᠣᠷᠢᠶ᠎ᠠ ᠶ᠋ᠢᠨ ᠲᠠᠭᠯᠠᠨ ᠮᠡᠳᠡᠭᠦᠯᠬᠦ ᠵᠡᠷᠭᠡ ᠡᠯ᠎ᠡ ᠵᠦᠢᠯ ᠤ᠋ᠨ ᠮᠡᠳᠡᠭᠡ ᠵᠠᠩᠭᠢᠵᠢᠯᠲᠠ ᠶ᠋ᠢᠨ ᠭᠣᠣᠯᠳᠠᠯᠭ᠎ᠠ ᠲᠠᠢ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢ ᠯᠠᠪᠳᠠᠭᠤᠨ ᠪᠠᠲᠤᠲᠠᠢ ᠠᠬᠢᠭᠤᠯᠵᠤ ᠂ ᠬᠠᠤᠯᠢ ᠭᠦᠢᠴᠡᠳᠭᠡᠬᠦ ᠬᠠᠤᠯᠢ ᠴᠠᠭᠠᠵᠠ ᠶ᠋ᠢᠨ ᠵᠢᠷᠤᠮᠵᠢᠭᠤᠯᠤᠯᠲᠠ ᠶ᠋ᠢᠨ ᠬᠢᠷᠢ ᠲᠦᠪᠰᠢᠨ ᠢ᠋ ᠦᠨᠡᠨᠬᠦ ᠳᠡᠭᠡᠭᠰᠢᠯᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ